ᠦᠪᠦᠷ ᠮᠤᠩᠭᠤᠯ ᠤᠨ ᠰᠤᠷᠤᠯᠭ᠎ᠠ ᠶᠢ ᠲᠤᠰᠠᠯᠠᠬᠤ ᠢᠳᠡᠬᠡᠮᠵᠢᠳᠤ ᠵᠢᠬᠡᠯᠡᠯᠬᠡ ᠶᠢ ᠳᠤᠭᠳᠠᠭᠰᠠᠨ ᠬᠤᠭᠤᠴᠠᠭᠠᠨ ᠳᠤ ᠬᠤᠷᠢᠶᠠᠭᠰᠠᠨ ᠨᠤᠷᠮ᠎ᠠ 99.99% ᠳᠤ ᠬᠦᠷᠴᠦ ᠪᠦᠬᠦ ᠤᠯᠤᠰ ᠤᠨ ᠲᠡᠷᠢᠬᠦᠨ ᠡᠩᠨᠡᠬᠡᠨ ᠳᠤ ᠤᠷᠤᠪᠠ
ᠨᠡᠶᠢᠲᠡᠯᠡᠭᠰᠡᠨ ᠴᠠᠭ᠄
2017-12-26
       2016 ᠤᠨ ᠤ ᠵᠢᠯ ᠤᠨ ᠡᠴᠦᠰ ᠪᠤᠯᠳᠠᠯ᠎ᠠ᠂ ᠮᠠᠨ ᠤ ᠤᠷᠤᠨ ᠤ ᠰᠤᠷᠤᠭᠴᠢ ᠶᠢᠨ ᠢᠷᠡᠯᠳᠡ ᠶᠢᠨ ᠤᠷᠤᠨ ᠤ ᠰᠤᠷᠤᠯᠭ᠎ᠠ ᠶᠢ ᠲᠤᠰᠠᠯᠠᠬᠤ ᠢᠳᠡᠬᠡᠮᠵᠢᠳᠤ ᠵᠢᠬᠡᠯᠡᠯᠬᠡ ᠶᠢ ᠲᠤᠭᠲᠠᠭᠰᠠᠨ ᠬᠤᠭᠤᠴᠠᠭᠠᠨ ᠳᠤ ᠬᠤᠷᠢᠶᠠᠭᠰᠠᠨ ᠡᠯ᠎ᠡ ᠲᠦᠷᠦᠯ ᠤᠨ ᠬᠦᠢᠴᠡᠳᠭᠡᠯ ᠲᠤᠭ᠎ᠠ ᠪᠦᠬᠦ ᠤᠯᠤᠰ ᠤᠨ ᠲᠡᠷᠢᠬᠦᠨ ᠡᠩᠨᠡᠭᠡᠨ ᠳᠤ ᠤᠷᠤᠪᠠ᠃        ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠤᠯᠭ᠎ᠠ ᠶᠢ ᠳᠤᠰᠠᠯᠠᠬᠤ ᠵᠢᠬᠡᠯᠡᠯᠬᠡ ᠶᠢᠨ ᠠᠵᠢᠯ ᠨᠢ ︽ᠵᠠᠰᠠᠭ ᠤᠨ ᠤᠷᠳᠤᠨ ᠭᠤᠤᠯ ᠤᠳᠤᠷᠢᠳᠴᠤ᠂ ᠡᠳ᠋ ᠤᠨ ᠵᠠᠰᠠᠭ ᠬᠦᠦ ᠲᠦᠯᠦᠬᠦ᠂ ᠤᠯᠤᠰ ᠤᠨ ᠨᠡᠬᠡᠬᠡᠨ ᠬᠦᠭᠵᠢᠬᠦᠯᠦᠯᠳᠡ ᠶᠢᠨ ᠪᠠᠩᠬᠢ ᠪᠡᠯᠡ ᠲᠤᠬᠢᠷᠠᠭᠤᠯᠬᠤ᠂ ᠰᠤᠷᠭᠠᠨ ᠬᠦᠮᠦᠵᠢᠯ ᠤᠨ ᠪᠠᠶᠢᠭᠤᠯᠭ᠎ᠠ ᠵᠤᠬᠢᠶᠠᠨ ᠪᠠᠶᠢᠭᠤᠯᠬᠤ᠂ ᠬᠤᠰᠢᠭᠤ ᠰᠢᠶᠠᠨ ᠤ ᠬᠢᠨ ᠬᠦᠢᠴᠡᠳᠭᠡᠬᠦ᠂ ᠶᠡᠭᠡ ᠳᠡᠭᠡᠲᠦ ᠰᠤᠷᠭᠠᠭᠤᠯᠢ ᠬᠠᠮᠵᠢᠯᠴᠠᠬᠤ᠂ ᠰᠤᠷᠤᠭᠴᠢ ᠠᠰᠢᠭ ᠬᠦᠷᠳᠡᠬᠦ︾ ᠠᠵᠢᠯ ᠤᠨ ᠳᠤᠭᠳᠠᠴᠠ ᠶᠢ ᠪᠦᠷᠢᠯᠳᠦᠬᠦᠯᠪᠡ᠃ ᠤᠳᠤᠬᠠᠨ ᠪᠤᠯᠳᠠᠯ᠎ᠠ᠂ ᠪᠦᠬᠦ ᠤᠷᠤᠨ ᠤᠯᠤᠰ ᠤᠨ ᠨᠡᠬᠡᠬᠡᠨ ᠬᠦᠭᠵᠢᠬᠦᠯᠦᠯᠳᠡ ᠶᠢᠨ ᠪᠠᠩᠬᠢ ᠠᠴᠠ ᠰᠤᠷᠤᠭᠴᠢ ᠶᠢᠨ ᠢᠷᠡᠯᠳᠡ ᠶᠢᠨ ᠤᠷᠤᠨ ᠳᠤ ᠲᠠᠯᠪᠢᠬᠤ ᠰᠤᠷᠤᠯᠭ᠎ᠠ ᠶᠢ ᠳᠤᠰᠠᠯᠠᠬᠤ ᠢᠳᠡᠬᠡᠮᠵᠢᠳᠤ ᠵᠢᠬᠡᠯᠡᠯᠬᠡ ᠶᠢ ᠨᠡᠶᠢᠲᠡ 57 ᠳ᠋ᠦᠩᠰᠢᠭᠤᠷ ᠲᠦᠬᠦᠷᠢᠭ ᠲᠠᠯᠪᠢᠵᠤ᠂ 96 ᠲᠦᠮᠡᠨ ᠰᠤᠷᠤᠭᠴᠢ ᠳᠤ ᠠᠰᠢᠭ ᠬᠦᠷᠳᠡᠬᠡᠪᠡ᠃ 2016 ᠤᠨ ᠤ ᠵᠢᠯ ᠤᠨ ᠡᠴᠦᠰ ᠪᠤᠯᠳᠠᠯ᠎ᠠ᠂ ᠵᠢᠬᠡᠯᠡᠯᠬᠡ ᠶᠢᠨ ᠡᠬᠡ ᠮᠦᠩᠬᠦ ᠪᠠᠨ 15 ᠳ᠋ᠦᠩᠰᠢᠭᠤᠷ ᠲᠦᠬᠦᠷᠢᠭ ᠬᠤᠷᠢᠶᠠᠵᠤ᠂ ᠵᠢᠬᠡᠯᠡᠯᠬᠡ ᠶᠢᠨ ᠡᠬᠡ ᠮᠦᠩᠬᠦ ᠶᠢ ᠳᠤᠭᠳᠠᠭᠰᠠᠨ ᠴᠠᠭ ᠲᠠᠭᠠᠨ ᠬᠤᠷᠢᠶᠠᠭᠰᠠᠨ ᠨᠤᠷᠮ᠎ᠠ 99.99% ᠳᠤ ᠬᠦᠷᠴᠦ᠂ 1.64 ᠳ᠋ᠦᠩᠰᠢᠭᠤᠷ ᠲᠦᠬᠦᠷᠢᠭ ᠤᠨ ᠬᠦᠦ ᠮᠦᠩᠬᠦ ᠬᠤᠷᠢᠶᠠᠵᠠᠢ᠃        ᠤᠶᠢᠯᠠᠭᠠᠭᠰᠠᠨ ᠢᠶᠠᠷ᠂ ᠰᠤᠷᠤᠯᠭ᠎ᠠ ᠶᠢ ᠳᠤᠰᠠᠯᠠᠬᠤ ᠢᠳᠡᠬᠡᠮᠵᠢᠳᠤ ᠵᠢᠬᠡᠯᠡᠯᠬᠡ ᠨᠢ ᠮᠠᠨ ᠤ ᠤᠷᠤᠨ ᠤ ᠶᠡᠭᠡ ᠳᠡᠭᠡᠲᠦ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢ ᠳᠤᠰᠠᠯᠠᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠤᠯᠪᠠ᠃ ᠪᠦᠷᠢᠨ ᠪᠤᠰᠤ ᠪᠦᠷᠢᠳᠬᠡᠯ ᠢᠶᠠᠷ᠂ ᠮᠠᠨ ᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ 70% ᠶᠢᠨ ᠬᠡᠷ ᠪᠦᠯᠢ ᠨᠢ ᠬᠦᠴᠢᠷᠳᠡᠯᠳᠡᠢ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠪᠤᠯᠤᠨ ᠠᠮᠢᠳᠤᠷᠠᠯ ᠤᠨ ᠰᠦᠢᠳᠬᠡᠯ ᠨᠢ ᠰᠤᠷᠤᠯᠭ᠎ᠠ ᠶᠢ ᠳᠤᠰᠠᠯᠠᠬᠤ ᠵᠢᠬᠡᠯᠡᠯᠬᠡ ᠠᠴᠠ ᠢᠷᠡᠯᠳᠡ ᠲᠠᠢ ᠶᠤᠮ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号