ᠮᠠᠨ ᠤ ᠣᠷᠣᠨ ᠤ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠬᠡᠷᠡᠭᠵᠢᠭᠦᠯᠦᠯᠲᠡ ᠶᠢᠨ ᠨᠣᠷᠮ᠎ᠠ 96.7% ᠳᠤ ᠬᠦᠷᠪᠡ
ᠨᠡᠶᠢᠲᠡᠯᠡᠭᠰᠡᠨ ᠴᠠᠭ᠄
2017-12-26
          ᠤᠳᠤᠬᠠᠨ ᠳᠤ᠂ ᠮᠠᠨ ᠤ ᠣᠷᠣᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ︽ᠨᠣᠭᠤᠭᠠᠨ ᠪᠦᠷᠢᠳᠦ ᠭᠡᠷ ᠣᠷᠣᠨ︾ ᠠᠵᠢᠯ ᠤᠨ ᠦᠷᠲᠡᠭᠡ ᠶᠢ 213 ᠪᠠᠶᠢᠭᠤᠯᠵᠤ᠂ ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠣᠭᠠᠬᠤ ᠡᠷᠡᠭᠦᠯᠵᠢᠭᠦᠯᠬᠦ ᠬᠡᠷᠡᠭᠵᠢᠭᠦᠯᠦᠯᠲᠡ ᠶᠢᠨ ᠨᠤᠷᠮ᠎ᠠ 96.7% ᠳᠤ ᠬᠦᠷᠪᠡ᠃ ᠣᠶᠢᠯᠠᠭᠠᠭᠰᠠᠨ ᠢᠶᠠᠷ᠂ ᠮᠠᠨ ᠤ ᠣᠷᠣᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠠᠵᠢᠯ ᠢ ᠦᠷᠨᠢᠭᠦᠯᠦᠭᠰᠡᠨ ᠠᠴᠠ ᠨᠠᠰᠢ᠂ ᠮᠠᠨ ᠤ ᠣᠷᠣᠨ ᠤ ᠡᠯ᠎ᠡ ᠱᠠᠲᠤᠨ ᠤ ᠬᠤᠤᠷ ᠴᠠᠭᠠᠵᠠᠯᠠᠬᠤ ᠰᠠᠯᠠᠭ᠎ᠠ ᠮᠦᠴᠢᠷ ᠤᠳ ᠵᠠᠰᠠᠯᠲᠠ ᠶᠢ ᠨᠡᠶᠢᠭᠡᠮᠴᠢᠯᠡᠬᠦ᠂ ᠠᠷᠭ᠎ᠠ ᠬᠡᠮᠵᠢᠶ᠎ᠡ ᠶᠢ ᠳᠦᠷᠢᠮᠵᠢᠭᠦᠯᠬᠦ᠂ ᠪᠦᠲᠦᠭᠡᠨ ᠪᠠᠶᠢᠭᠤᠯᠤᠯᠲᠠ ᠶᠢ ᠪᠠᠷᠢᠮᠵᠢᠶᠠᠵᠢᠭᠤᠯᠬᠤ᠂ ᠠᠵᠢᠯ ᠢ ᠴᠤᠪᠤᠷᠠᠯ ᠲᠠᠢ ᠪᠤᠯᠭᠠᠬᠤ᠂ ᠡᠩᠨᠡᠭᠡ ᠶᠢ ᠲᠤᠰᠬᠠᠶᠢᠵᠢᠭᠤᠯᠬᠤ᠂ ᠰᠠᠭᠤᠷᠢ ᠶᠢ ᠵᠠᠩᠭᠢᠵᠢᠭᠤᠯᠬᠤ ᠵᠡᠷᠭᠡ ︽ᠵᠢᠷᠭᠤᠭᠠᠨ ᠲᠦᠢᠯᠲᠦ ᠲᠤᠯᠭᠠᠭᠤᠷᠢ︾ ᠶᠢᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠠᠵᠢᠯ ᠤᠨ ᠬᠡᠪ ᠵᠠᠭᠪᠤᠷ ᠢ ᠪᠠᠶᠢᠭᠤᠯᠵᠤ᠂ ︽ᠲᠠᠪᠤᠨ ᠭᠡᠷ ᠳᠥᠷᠪᠡᠨ ᠨᠢᠭᠡᠳᠦᠯᠲᠡᠶ ᠪᠠᠶᠢᠬᠤ︾ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ︽ᠨᠣᠭᠤᠭᠠᠨ ᠪᠦᠷᠢᠳᠦ ᠭᠡᠷ ᠣᠷᠣᠨ︾ ᠤ ᠠᠵᠢᠯ ᠤᠨ ᠦᠷᠳᠡᠭᠡ ᠶᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠲᠤᠭᠲᠠᠭᠠᠵᠤ᠂ ᠪᠣᠳᠠᠲᠠᠶ ᠪᠠᠶᠢᠳᠠᠯ ᠳᠠᠭᠠᠨ ᠲᠤᠬᠢᠷᠠᠭᠤᠯᠤᠨ᠂ ᠥᠪᠡᠷᠮᠢᠴᠡ ᠣᠨᠴᠠᠯᠢᠭ ᠪᠦᠬᠦᠢ ︽ᠨᠣᠭᠤᠭᠠᠨ ᠪᠦᠷᠢᠳᠦ ᠭᠡᠷ ᠤᠷᠤᠨ︾ ᠢᠨᠵᠧᠨᠧᠷᠢᠩ ᠢ ᠡᠭᠦᠳᠴᠦ᠂ ᠬᠤᠣᠷ ᠲᠠᠲᠠᠭᠴᠢ ᠬᠦᠮᠦᠰ ᠢ ᠰᠤᠷᠭᠠᠨ ᠬᠥᠮᠦᠵᠢᠭᠦᠯᠵᠦ ᠠᠪᠤᠷᠠᠬᠤ᠂ ᠡᠮᠴᠢᠯᠡᠵᠦ ᠡᠷᠡᠭᠦᠯᠵᠢᠭᠦᠯᠬᠦ᠂ ᠬᠠᠪᠰᠤᠷᠤᠨ ᠲᠡᠳᠬᠦᠵᠦ ᠠᠵᠢᠯ ᠤᠯᠭᠤᠬᠤ ᠵᠡᠷᠭᠡ ᠲᠠᠯ᠎ᠠ ᠪᠠᠷ ᠰᠤᠷᠤᠯᠴᠠᠭᠤᠰᠢᠲᠠᠢ ᠳᠡᠯᠭᠡᠷᠡᠭᠦᠯᠦᠰᠢᠲᠠᠢ ᠲᠤᠷᠰᠢᠯᠭ᠎ᠠ ᠶᠢ ᠪᠤᠢ ᠪᠤᠯᠭᠠᠪᠠ᠃ ᠤᠳᠤᠬᠠᠨ ᠳᠤ᠂ ᠮᠠᠨ ᠤ ᠣᠷᠣᠨ ᠤᠯᠤᠰ ᠤᠨ ᠲᠡᠰ ᠤᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠵᠢᠱᠢᠶ᠎ᠠ ᠦᠵᠡᠭᠦᠯᠬᠦ ᠴᠢᠭ᠋ ᠬᠤᠶᠠᠷ᠂ ᠵᠢᠱᠢᠶ᠎ᠠ ᠦᠵᠡᠭᠦᠯᠬᠦ ᠨᠢᠭᠡᠴᠡ ᠨᠢᠭᠡ ᠶᠢ ᠪᠠᠶᠢᠭᠤᠯᠵᠤ᠂ ᠪᠥᠬᠦ ᠣᠷᠣᠨ ᠤ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ︽ᠨᠣᠭᠤᠭᠠᠨ ᠪᠦᠷᠢᠳᠦ ᠭᠡᠷ ᠣᠷᠣᠨ︾ ᠤ ᠠᠵᠢᠯ ᠤᠨ ᠦᠷᠳᠡᠭᠡ ᠶᠢᠨ ᠳᠤᠲᠤᠷ᠎ᠠ ᠠᠴᠠ 18 ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ︽ᠨᠣᠭᠤᠭᠠᠨ ᠪᠦᠷᠢᠳᠦ ᠭᠡᠷ ᠣᠷᠣᠨ︾ ᠤ ᠠᠵᠢᠯ ᠤᠨ ᠦᠷᠲᠡᠭᠡ ᠪᠠᠷ ᠦᠨᠡᠯᠡᠭᠳᠡᠪᠡ᠃           ᠤᠶᠢᠯᠠᠭᠠᠭᠰᠠᠨ ᠢᠶᠠᠷ᠂ ᠮᠠᠨ ᠤ ᠣᠷᠣᠨ 2018 ᠤᠨ ᠤ ᠰᠢᠶᠠᠨ ᠪᠠᠯᠭᠠᠰᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠶᠢ ᠪᠦᠷᠢᠨ ᠪᠦᠷᠬᠦᠭᠦᠯᠬᠦ ᠬᠠᠷᠠᠯᠲᠠ ᠶᠢ ᠲᠤᠭᠲᠠᠭᠠᠵᠤ᠂ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠭᠦᠯᠬᠦ ᠠᠵᠢᠯ ᠢ ᠵᠢᠷᠤᠮᠵᠢᠭᠤᠯᠬᠤ᠂ ᠵᠠᠩᠭᠢᠵᠢᠭᠤᠯᠬᠤ᠂ ᠨᠡᠶᠢᠭᠡᠮᠴᠢᠯᠡᠬᠦ᠂ ᠲᠤᠰᠬᠠᠶᠢᠵᠢᠭᠤᠯᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号