ᠡᠨᠡ ᠵᠢᠯ ᠥᠪᠥᠷ ᠮᠣᠩᠭᠤᠯ 531 ᠲᠦᠮᠡᠨ ᠰᠤᠷᠤᠭᠴᠢ ᠳᠤ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠣᠯᠭᠤᠪᠠ
ᠨᠡᠶᠢᠲᠡᠯᠡᠭᠰᠡᠨ ᠴᠠᠭ᠄
2017-12-26
       ᠤᠳᠤᠬᠠᠨ ᠪᠤᠯᠳᠠᠯ᠎ᠠ ᠮᠠᠨ ᠤ ᠤᠷᠤᠨ ᠤ 531 ᠲᠦᠮᠡᠨ ᠰᠤᠷᠤᠭᠴᠢ ︵ᠤᠳᠠᠭ᠎ᠠ︶ ᠡᠯ᠎ᠡ ᠱᠠᠳᠤᠨ ᠤ ᠡᠯ᠎ᠠ ᠲᠦᠷᠦᠯ ᠤᠨ ᠲᠡᠳᠬᠦᠮᠵᠢ ᠶᠢ ᠬᠦᠷᠳᠡᠵᠤ᠂ ᠪᠦᠬᠦ ᠲᠡᠳᠬᠦᠮᠵᠢ ᠶᠢᠨ ᠮᠦᠩᠬᠦ 60.6 ᠳ᠋ᠦᠩᠰᠢᠭᠤᠷ ᠲᠦᠬᠦᠷᠢᠭ ᠲᠤ ᠬᠦᠷᠴᠦ᠂ ᠨᠢᠳᠤᠨᠤᠨ ᠤ 56.1 ᠳ᠋ᠦᠩᠰᠢᠭᠤᠷ ᠲᠦᠬᠦᠷᠢᠭ ᠠᠴᠠ 4.5 ᠳ᠋ᠦᠩᠰᠢᠭᠤᠷ ᠲᠦᠬᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 8.02% ᠳᠤ ᠬᠦᠷᠴᠡᠢ᠃ ᠡᠬᠦᠨ ᠳᠤ ᠡᠳ᠋ ᠤᠨ ᠵᠠᠰᠠᠭ ᠤᠨ ᠪᠡᠯᠡ ᠤᠷᠤᠭᠤᠯᠤᠯᠳᠠ 49. 8 ᠳ᠋ᠦᠩᠰᠢᠭᠤᠷ ᠲᠦᠬᠦᠷᠢᠭ ᠲᠤ ᠬᠦᠷᠴᠦ᠂ ᠪᠦᠬᠦ ᠲᠡᠳᠬᠦᠮᠵᠢ ᠶᠢᠨ ᠮᠦᠩᠬᠦ ᠶᠢᠨ 82.2% ᠢ ᠡᠵᠡᠯᠡᠪᠡ᠃        ᠡᠨᠡ ᠵᠢᠯ ᠪᠦᠬᠦ ᠤᠷᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠦᠩᠬᠦ 14.3 ᠳ᠋ᠦᠩᠰᠢᠭᠤᠷ ᠲᠦᠬᠦᠷᠢᠭ ᠲᠤ ᠬᠦᠷᠴᠦ᠂ 19.1 ᠤᠶᠤᠳᠠᠨ ︵ᠤᠳᠠᠭ᠎ᠠ︶ ᠳᠤ ᠠᠰᠢᠭ ᠬᠦᠷᠳᠡᠬᠡᠪᠡ︔ ᠡᠩ ᠤᠨ ᠵᠢᠩᠬᠢᠨᠢ ᠠᠩᠬᠢ᠂ ᠳᠤᠰᠬᠠᠢ ᠮᠡᠷᠬᠡᠵᠢᠯ ᠤᠨ ᠰᠤᠷᠭᠠᠨ ᠬᠦᠮᠦᠵᠢᠯ ᠳᠤ ᠨᠠᠶᠢᠳᠠᠪᠤᠷᠢᠵᠢᠭᠤᠯᠤᠭᠰᠠᠨ ᠪᠡᠯᠡ ᠮᠦᠩᠬᠦ 12.3 ᠳ᠋ᠦᠩᠰᠢᠭᠤᠷ ᠲᠦᠬᠦᠷᠢᠭ ᠲᠤ ᠬᠦᠷᠴᠦ᠂ 16.8 ᠲᠦᠮᠡᠨ ᠬᠦᠮᠦᠨ ︵ᠤᠳᠠᠭ᠎ᠠ︶ ᠳᠤ ᠠᠰᠢᠭ ᠬᠦᠷᠳᠡᠬᠡᠪᠡ︔ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠳᠤ ᠨᠠᠶᠢᠳᠠᠪᠤᠷᠢᠵᠢᠭᠤᠯᠤᠭᠰᠠᠨ ᠪᠡᠯᠡ ᠮᠦᠩᠬᠦ 6.84 ᠳ᠋ᠦᠩᠰᠢᠭᠤᠷ ᠲᠦᠬᠦᠷᠢᠭ ᠲᠤ ᠬᠦᠷᠴᠦ᠂ 42.5 ᠲᠦᠮᠡᠨ ᠬᠦᠮᠦᠨ ︵ᠤᠳᠠᠭ᠎ᠠ︶ ᠳᠤ ᠠᠰᠢᠭ ᠬᠦᠷᠳᠡᠬᠡᠵᠠᠢ︔ ᠡᠩ ᠤᠨ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ᠳᠤ ᠨᠠᠶᠢᠳᠠᠪᠤᠷᠢᠵᠢᠭᠤᠯᠤᠭᠰᠠᠨ ᠪᠡᠯᠡ ᠮᠦᠩᠬᠦ 14.27 ᠳ᠋ᠦᠩᠰᠢᠭᠤᠷ ᠲᠦᠬᠦᠷᠢᠭ ᠲᠤ ᠬᠦᠷᠴᠦ᠂ 65.6 ᠲᠦᠮᠡᠨ ᠬᠦᠮᠦᠨ ︵ᠤᠳᠠᠭ᠎ᠠ︶ ᠳᠤ ᠠᠰᠢᠭ ᠬᠦᠷᠳᠡᠬᠡᠪᠡ︔         ᠠᠯᠪᠠᠨ ᠵᠢᠷᠤᠮ ᠤᠨ ᠰᠤᠷᠭᠠᠨ ᠬᠦᠮᠦᠵᠢᠯ ᠳᠤ ᠨᠠᠶᠢᠳᠠᠪᠤᠷᠢᠵᠢᠭᠤᠯᠤᠭᠰᠠᠨ ᠪᠡᠯᠡ ᠮᠦᠩᠬᠦ 12.9 ᠳ᠋ᠦᠩᠰᠢᠭᠤᠷ ᠲᠦᠬᠦᠷᠢᠭ ᠲᠤ ᠬᠦᠷᠴᠦ᠂ ᠪᠠᠰᠠ 3.96 ᠳ᠋ᠦᠩᠰᠢᠭᠤᠷ ᠲᠦᠬᠦᠷᠢᠭ ᠳᠤᠬᠢᠷᠠᠭᠤᠯᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠳᠤ ᠪᠠᠶᠢᠭ᠎ᠠ 195.1 ᠲᠦᠮᠡᠨ ᠰᠤᠷᠤᠭᠴᠢ ᠳᠤ ᠰᠦᠢᠳᠬᠡᠯ ᠬᠤᠷᠢᠶᠠᠬᠤ ᠦᠬᠡᠢ ᠪᠠᠷ ᠰᠤᠷᠬᠤ ᠪᠢᠴᠢᠭ ᠳᠠᠷᠬᠠᠭᠠᠵᠤ᠂ 5.34 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠪᠠᠷ ᠪᠠᠶᠢᠷᠢ ᠳᠤ ᠰᠠᠭᠤᠭ᠎ᠠ 55.4 ᠲᠦᠮᠡᠨ ᠰᠤᠷᠤᠭᠴᠢ ᠶᠢᠨ ᠠᠮᠢᠳᠤᠷᠠᠯ ᠤᠨ ᠰᠦᠢᠳᠬᠡᠯ ᠢ ᠨᠦᠬᠦᠪᠦᠷᠢᠯᠡᠭᠰᠠᠨ ᠪᠠᠶᠢᠨ᠎ᠠ᠃ ᠡᠬᠦᠨ ᠳᠤ ᠪᠠᠶᠢᠷᠢ ᠳᠤ ᠰᠠᠭᠤᠭ᠎ᠠ ᠰᠤᠷᠤᠭᠴᠢ ᠶᠢᠨ ᠪᠠᠶᠢᠷᠢ ᠶᠢᠨ ᠰᠦᠢᠳᠬᠡᠯ ᠢ 6000 ᠲᠦᠮᠡᠨ ᠲᠦᠬᠦᠷᠢᠭ ᠬᠡᠯᠳᠦᠷᠢᠬᠦᠯᠵᠦ᠂ 53.8 ᠲᠦᠮᠡᠨ ᠰᠤᠷᠤᠭᠴᠢ ᠳᠤ ᠠᠰᠢᠭ ᠬᠦᠷᠳᠡᠬᠡᠪᠡ︔ ᠤᠯᠤᠰ ᠤᠨ ᠳᠡᠰ ᠤᠨ ᠶᠠᠳᠠᠭᠤ ᠬᠦᠴᠢᠷᠳᠡᠯᠳᠡᠢ 31 ᠬᠤᠰᠢᠭᠤ ᠰᠢᠶᠠᠨ ᠳᠤ ︽ᠰᠢᠮ᠎ᠡ ᠳᠡᠵᠢᠬᠡᠯ ᠢ ᠰᠠᠶᠢᠵᠢᠷᠠᠭᠤᠯᠬᠤ ᠲᠦᠯᠦᠪᠯᠡᠭᠡ︾ ᠶᠢ ᠬᠡᠷᠡᠭᠵᠢᠬᠦᠯᠤᠨ 2.3 ᠳ᠋ᠦᠩᠰᠢᠭᠤᠷ ᠲᠦᠬᠦᠷᠢᠭ ᠨᠠᠶᠢᠳᠠᠪᠤᠷᠢᠵᠢᠭᠤᠯᠵᠤ᠂ 28.3 ᠲᠦᠮᠡᠨ ᠰᠤᠷᠤᠭᠴᠢ ᠳᠤ ᠠᠰᠢᠭ ᠬᠦᠷᠳᠡᠬᠡᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ 1.54 ᠳ᠋ᠦᠩᠰᠢᠭᠤᠷ ᠨᠠᠶᠢᠳᠠᠪᠤᠷᠢᠵᠢᠭᠤᠯᠵᠤ᠂ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠬᠡᠦᠬᠡᠳ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠦ ᠪᠠᠶᠢᠭ᠎ᠠ ᠬᠡᠷ ᠪᠦᠯᠢ ᠶᠢᠨ ᠬᠡᠦᠬᠡᠳ᠂ ᠦᠨᠦᠴᠢᠨ ᠬᠡᠦᠬᠡᠳ ᠪᠤᠯᠤᠨ ᠵᠡᠮᠳᠡᠭ ᠬᠡᠦᠬᠡᠳ ᠢ ᠳᠡᠮᠵᠢᠨ ᠳᠤᠰᠠᠯᠠᠵᠠᠢ᠃         ᠮᠠᠨ ᠤ ᠤᠷᠤᠨ ᠨᠢᠬᠡᠨᠳᠡ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠳᠡᠬᠡᠳᠤ ᠵᠡᠷᠬᠡ ᠶᠢᠨ ᠰᠤᠷᠭᠠᠨ ᠬᠦᠮᠦᠵᠢᠯ ᠪᠠ ᠠᠰᠫᠢᠷᠠᠨᠲ ᠤᠨ ᠰᠤᠷᠭᠠᠨ ᠬᠦᠮᠦᠵᠢᠯ ᠬᠦᠷᠳᠡᠯᠡᠬᠢ ᠡᠯ᠎ᠡ ᠱᠠᠳᠤᠨ ᠤ ᠰᠤᠷᠭᠠᠨ ᠬᠦᠮᠦᠵᠢᠯ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠯᠳᠦᠬᠦᠯᠵᠦ᠂ ᠡᠯ᠎ᠠ ᠱᠠᠳᠤᠨ ᠤ ᠰᠤᠷᠭᠠᠨ ᠬᠦᠮᠦᠵᠢᠯ᠂ ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠵᠢᠴᠢ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠳᠡᠢ ᠰᠤᠷᠤᠭᠴᠢ ᠶᠢ ᠪᠦᠬᠦᠨ ᠢ ᠪᠦᠷᠬᠦᠬᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号