2017ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2017/2/27
         2017 ᠤᠨ ᠤ 1 ᠰᠠᠷ᠎ᠡ ᠶᠢᠨ 12 ᠤ ᠡᠳᠤᠷ ᠯᠢᠨᠰᠢ ᠰᠢᠶᠡᠨ ᠤ ᠠᠷᠪᠠᠨ ᠵᠢᠷᠭᠤᠳᠤᠭᠠᠷ ᠬᠤᠭᠤᠴᠠᠭᠠᠨ‌‍ᠣ ᠠᠷᠡᠳ   ᠤᠨ ᠲᠦᠯᠦᠬᠡᠯᠡᠭᠴᠢᠳ   ᠤᠨ ᠶᠡᠭᠡ ᠬᠤᠷᠡᠯ ‍ᠤᠨ‌ᠵᠢᠷᠭᠤᠳᠤᠭᠠᠷ ᠬᠤᠷᠡᠯᠳᠤᠭᠠᠨ ᠲᠡᠭᠡᠷ᠎ᠡ                                     ᠰᠢᠶᠡᠨ ᠤ ᠠᠷᠡᠳ ᠤᠨ ᠵᠠᠰᠠᠭ ᠤᠨ ᠤᠷᠳᠤᠨ ᠤ ᠤᠷᠤᠯᠠᠭᠴᠢ ᠰᠢᠶᠡᠨ ᠤ ᠲᠠᠷᠤᠭ᠎ᠠ                                                                ᠹᠦ᠋ ᠱᠸᠦ ᠯᠢᠲᠦᠯᠦᠬᠡᠯᠡᠭᠴᠢᠳ ᠡ᠄        ᠤᠳᠤ ᠪᠢ ᠰᠢᠶᠡᠨ ᠤ ᠠᠷᠡᠳ ᠤᠨ ᠵᠠᠰᠠᠭ ᠤᠨ ᠤᠷᠳᠤᠨ ᠤ ᠡᠮᠤᠨ᠎ᠡ ᠠᠴᠠ ᠶᠡᠭᠡ ᠬᠤᠷᠡᠯ ᠳᠤ ᠠᠵᠢᠯ ᠤᠨ ᠢᠯᠡᠳᠬᠡᠯ ᠬᠢᠶ᠎ᠠ᠂ ᠰᠢᠶᠡᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠠ ᠤᠷᠤᠯᠴᠠᠭᠰᠡᠳ ᠤᠨ ᠰᠠᠨᠠᠯ ᠢᠶᠠᠨ ᠲᠤᠷᠡᠳᠬᠤ ᠶᠢ ᠬᠦᠰᠡᠵᠤ ᠪᠠᠶᠢᠨ᠎ᠠ᠃         ᠨᠢᠬᠡ᠂  ᠦᠡᠭᠭᠡᠷᠡᠭᠰᠡᠨ ᠨᠢᠭᠡ ᠵᠢᠯ ᠤᠨ ᠠᠵᠢᠯ ᠤᠨ ᠲᠤᠪᠴᠢᠬᠠᠨ ᠡᠷᠬᠢᠴᠡᠬᠦᠯᠦᠯ        ᠦᠡᠭᠭᠡᠷᠡᠭᠰᠡᠨ  ᠨᠢᠭᠡ  ᠵᠢᠯ ᠪᠣᠯ ︽ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ︾ ᠶᠢᠨ ᠡᠬᠢᠯᠡᠯᠲᠡ ᠶᠢᠨ  ᠵᠢᠯ ᠮᠦᠨ᠂ ᠰᠢᠶᠡᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠡ᠂ ᠰᠢᠶᠡᠨ ᠤ ᠵᠠᠰᠠᠭ ᠤᠨ ᠤᠷᠳᠤᠨ ᠨᠢ ᠪᠦᠬᠦ ᠰᠢᠶᠡᠨ ᠤ ᠦᠨᠳᠤᠰᠤᠳᠡᠨ ᠨᠦᠭᠦᠳ ᠤᠨ ᠠᠷᠡᠳ ᠲᠦᠮᠡᠨ ᠳᠤ ᠲᠦᠰᠢᠭᠯᠡᠨ᠂ ᠠᠯᠢᠪᠠ ᠬᠦᠴᠢᠷ ᠢ ᠢᠯᠠᠨ ᠳᠠᠪᠠᠵᠦ  ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠵᠤᠬᠢᠴᠠᠨ᠂ ᠦᠢᠯᠡᠴᠢᠯᠡᠯᠭᠡᠨ   ᠤ ᠲᠠᠯ᠎ᠠ ᠶᠢᠨ ᠦᠭᠡᠷᠡᠴᠢᠯᠡᠯᠲᠡ ᠶᠢ ᠴᠢᠩᠭ᠎ᠠ ᠠᠥᠨᠬᠤᠵᠤ᠂   ᠬᠦᠭᠵᠢᠯᠲᠡ   ᠶᠢᠨ ᠬᠤᠷᠳᠤᠴᠠ ᠶᠢ ᠨᠡᠮᠡᠭᠳᠡᠭᠦᠯᠬᠦ ᠭᠤᠤᠯ  ᠱᠤᠭᠤᠮ   ᠢ ᠦᠷᠭᠦᠯᠵᠢᠯᠡᠨ ᠪᠠᠲᠤᠯᠠᠵᠤ᠂ ᠠᠵᠤ ᠠᠬᠤᠢ  ᠶᠢᠨ ᠲᠤᠭᠲᠠᠭᠤᠨ ᠬᠦᠭᠵᠢᠯᠲᠡ ᠶᠢ ᠪᠡᠶᠡᠯᠡᠭᠦᠯᠦᠨ᠂  ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ  ᠠᠷᠡᠳ   ᠤᠨ  ᠲᠦᠯᠦᠬᠡᠯᠡᠭᠴᠢᠳ   ᠤᠨ ᠶᠡᠭᠡ ᠬᠤᠷᠡᠯ ᠤᠨ ᠲᠠᠪᠤᠳᠤᠭᠠᠷ  ᠬᠤᠷᠡᠯᠳᠤᠭᠠᠨ‌‍ᠲ᠋ᠡᠭᠡᠷ᠎ᠡ ᠲᠤᠭᠲᠠᠭᠠᠭᠰᠠᠨ ᠬᠠᠷᠠᠯᠲᠠ  ᠪᠠᠨ ᠨᠡᠯᠢᠶᠡᠥᠨ ᠰᠠᠶᠢᠨ  ᠪᠡᠶᠡᠯᠡᠭᠦᠯᠵᠠᠢ᠃ ᠤᠷᠤᠨ ᠭᠠᠵᠡᠷ ᠤᠨ ᠦᠢᠯᠡᠳᠪᠤᠷᠢᠯᠠᠯ ᠤᠨ ᠶᠡᠷᠦᠩᠬᠡᠢ ᠦᠷᠳᠡᠭ ᠢ 74.9 ᠳ᠋ᠦᠩᠰᠢᠭᠤᠷ ᠲᠦᠬᠦᠷᠢᠭ ᠲᠤ ᠬᠦᠷᠬᠡᠵᠦ᠂ ᠦᠰᠦᠯᠲᠡ ᠶᠢᠨ ᠨᠤᠷᠮ᠎ᠠ ᠨᠢ11% ᠬᠦᠷᠴᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 86.3 ᠳ᠋ᠦᠩᠰᠢᠭᠤᠷ ᠲᠦᠬᠦᠷᠢᠭ ᠲᠤ ᠬᠦᠷᠭᠡᠵᠦ᠂ ᠦᠰᠦᠯᠲᠡ ᠶᠢᠨ ᠨᠤᠷᠮ᠎ᠠ   ᠨᠢ21%᠂ ᠤᠷᠤᠨ ᠨᠤᠳᠤᠭ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ  ᠶᠢ 3.83 ᠳ᠋ᠦᠩᠰᠢᠭᠤᠷ ᠲᠦᠬᠦᠷᠢᠭ ᠲᠤ ᠬᠦᠷᠭᠡᠵᠦ  ᠂ ᠦᠰᠦᠯᠲᠡ ᠶᠢᠨ ᠨᠤᠷᠮ᠎ᠠ   ᠨᠢ 6.6%  ᠂ ᠤᠷᠤᠨ ᠨᠤᠲᠤᠭ ᠤᠨ ᠡᠳ᠋ ᠶᠢᠨ  ᠵᠠᠰᠠᠭ ᠤᠨ ᠭᠠᠷᠭᠠᠯᠲᠠ ᠨᠢ36.1 ᠳ᠋ᠦᠩᠰᠢᠭᠤᠷ ᠪᠠᠶᠢᠵᠤ᠂ ᠦᠰᠦᠯᠲᠡ   ᠶᠢᠨ ᠨᠤᠷᠮ᠎ᠠ  ᠨᠢ32%᠂  ᠨᠡᠶᠢᠭᠡᠮ ᠤᠨ ᠬᠡᠷᠡᠭᠯᠡᠬᠡᠨ ᠤ ᠰᠤᠯᠠ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 31 ᠳ᠋ᠦᠩᠰᠢᠭᠤᠷ ᠲᠦᠬᠦᠷᠢᠭ ᠪᠡᠶᠡᠯᠡᠬᠦᠯᠤᠨ᠂ ᠦᠰᠦᠯᠲᠡ ᠶᠢᠨ ᠨᠤᠷᠮ᠎ᠠ   ᠨᠢ15%᠂ ᠬᠤᠳᠠ ᠪᠠᠯᠭᠠᠰᠤ ᠬᠢᠬᠡᠳ ᠬᠦᠳᠡᠭᠡ ᠲᠤᠰᠬᠤᠨ  ᠤ ᠪᠠᠶᠢᠩᠭᠤ ᠰᠠᠭᠤᠷᠢᠰᠢᠭ᠎ᠠ ᠰᠠᠭᠤᠭᠠᠯᠢᠴᠢᠳ ᠤᠨ ᠬᠦᠮᠤᠨ ᠨᠢᠬᠡᠪᠤᠷᠢ ᠶᠢᠨ ᠡᠵᠡᠮᠳᠡᠵᠤ ᠪᠤᠯᠬᠤᠶᠢᠴᠡ ᠤᠷᠤᠯᠭ᠎ᠠ ᠶᠢ ᠲᠤᠰ ᠲᠤᠰ 24482 ᠲᠦᠬᠦᠷᠢᠭ ᠪᠠ 8264 ᠲᠦᠬᠦᠷᠢᠭ ᠲᠤ ᠬᠦᠷᠬᠡᠵᠤ᠂ ᠲᠤᠰ ᠪᠦᠷᠢ ᠶᠢᠨ ᠦᠰᠦᠯᠲᠡ ᠶᠢᠨ ᠨᠤᠷᠮ᠎ᠠ ᠨᠢ11% ᠪᠠ12%᠃    ᠨᠢᠭᠡ ᠵᠢᠯ ᠤᠨ ᠲᠤᠷᠰᠢᠳᠠ ᠮᠠᠨ ᠤ ᠬᠢᠭᠰᠡᠨ ᠠᠵᠢᠯ ᠭᠡᠪᠡᠯ  ᠄       ︵ᠨᠢᠭᠡ︶  ᠪᠦᠲᠦᠮᠵᠢᠲᠠᠢ ᠪᠡᠯᠡ ᠤᠷᠤᠭᠤᠯᠤᠲᠠ ᠶᠢ ᠦᠷᠭᠦᠯᠵᠢᠯᠡᠨ ᠦᠷᠭᠡᠥᠨᠬᠡᠵᠦ᠂ ᠠᠵᠦ ᠠᠬᠤᠢ ᠶᠢᠨ ᠶᠡᠷᠦᠩᠬᠡᠢ ᠬᠡᠮᠵᠢᠶ᠎ᠠ ᠶᠢ ᠴᠢᠷᠮᠠᠶᠢᠨ  ᠳᠡᠭᠡᠭᠰᠢᠯᠡᠭᠦᠯᠪᠠ       ᠪᠦᠬᠦ ᠵᠢᠯ ᠳᠤ5000 ᠲᠦᠮᠡ ᠠᠴᠠ ᠳᠡᠭᠡᠭᠰᠢ ᠭᠤᠤᠯᠳᠤᠯᠭ᠎ᠠ ᠲᠠᠢ ᠲᠦᠷᠦᠯ ᠵᠦᠢᠯ 50 ᠪᠠᠶᠢᠵᠦ᠂ 59ᠳ᠋ᠦᠩᠰᠢᠭᠤᠷ ᠶᠢᠨ ᠪᠡᠯᠡ ᠤᠷᠤᠭᠤᠯᠤᠯᠲᠠ ᠶᠢ ᠪᠡᠶᠡᠯᠡᠭᠦᠯᠵᠤ᠂ ᠨᠢᠳᠦᠨᠤᠨ ᠤ ᠠᠳᠠᠯᠢ ᠬᠤᠭᠤᠴᠭᠠᠨ ᠠᠴᠠ30%  ᠪᠠᠷ ᠨᠡᠮᠡᠭᠳᠡᠵᠤ᠂ ᠵᠢᠯ ᠤᠨ ᠡᠬᠢᠨ ᠤ ᠬᠠᠷᠠᠯᠲᠠ ᠪᠠᠨ ᠳᠠᠪᠠᠭᠤᠯᠤᠨ  ᠪᠡᠶᠡᠯᠡᠭᠦᠯᠵᠠᠢ᠃ ᠹᠦ᠋ ᠴᠢᠶᠠᠩ ᠬᠠᠶᠢᠯᠤᠰᠢ ᠶᠢᠨ ᠤᠲᠤᠭ᠎ᠠ ᠲᠤᠭᠤᠰᠤ ᠶᠢ  ᠶᠡᠷᠦᠩᠬᠡᠶᠢᠯᠡᠨ ᠠᠰᠢᠭᠯᠠᠬᠤ᠂ ᠾᠧᠩ ᠭᠤᠸᠠᠩ ᠳ᠋ᠠ ᠬᠢᠲᠠᠥᠨ ᠡᠮ ᠦᠢᠯᠡᠥᠨᠬᠦ᠂ ᠵᠦᠩ ᠲᠢᠶᠠᠨ ᠯᠢ ᠦᠨᠳᠦᠷ ᠴᠡᠪᠡᠷᠴᠢᠲᠦ ᠠᠷᠰᠸᠡ ᠪᠤᠯᠪᠠᠰᠤᠷᠠᠭᠤᠯᠬᠤ ᠵᠡᠷᠭᠡ ᠲᠦᠷᠥᠯ ᠵᠤᠶᠢᠯ ᠶᠢᠨ ᠭᠤᠤᠯ ᠴᠤᠭᠴᠠᠲᠤ  ᠪᠠᠶᠢᠭᠤᠯᠤᠯᠲᠠ ᠨᠢ ᠳᠠᠭᠤᠰᠴᠠᠢ  ᠃ ᠪᠠᠢ ᠬᠦᠢ ᠱᠧᠩ ᠢᠳᠡᠭᠡᠨ ᠤ ᠤᠬᠢ ᠶᠢ ᠤᠯᠠᠮ ᠨᠢᠭᠡ ᠠᠯᠬᠤᠮ ᠪᠤᠯᠪᠠᠰᠤᠷᠠᠭᠤᠯᠬᠤ ᠲᠦᠷᠤᠯ ᠵᠤᠶᠢᠯ ᠶᠢ ᠡᠬᠢᠯᠡᠨ ᠪᠠᠶᠢᠭᠤᠯᠵᠠᠢ  ᠃ ᠠᠷᠢᠯᠵᠢᠶᠠᠴᠢᠨ ᠤᠷᠢᠵᠤ ᠪᠡᠯᠠ  ᠤᠷᠤᠭᠤᠯᠬᠤ ᠲᠦᠷᠦᠯ ᠵᠤᠶᠢᠯ ᠨᠢ 46 ᠵᠦᠢᠯ ᠪᠠᠶᠢᠵᠤ᠂ ᠡᠭᠦᠨ ᠳᠤ ᠳ᠋ᠦᠩᠰᠢᠭᠤᠷ‌‍ᠲ᠋ᠦ᠋ᠭᠦᠷᠢᠭ ᠡᠴᠠ‌‍ᠲ᠋ᠡᠭᠡᠭᠰᠢᠬᠢ ᠪᠡᠯᠠ ᠤᠷᠤᠭᠤᠯᠤᠲᠠ 27ᠵᠦᠢᠯ᠂ ᠪᠦᠬᠦ ᠠᠷᠢᠯᠵᠢᠶᠠᠴᠢᠨ ᠤᠷᠢᠵᠤ ᠪᠡᠯᠡ‌ᠤᠷᠤᠭᠤᠯᠭᠰᠠᠨ‌ᠮᠦ᠋ᠡᠭᠭᠦ ᠨᠢ42.7ᠳ᠋ᠦᠩᠰᠢᠭᠤᠷ  ᠳᠤ ᠬᠦᠷᠴᠠᠢ᠃ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠪᠠ  ︽ᠡᠪᠦᠯ ᠤᠨ ᠤᠯᠠᠷᠢᠯ ᠤᠨ ᠰᠢᠪᠳᠤᠯᠤᠯᠳᠠ ᠶᠢᠨ  ᠠᠵᠢᠯᠯᠠᠭ᠎ᠠ︾  ᠶᠢᠨ ᠲᠦᠷᠦᠯ ᠵᠦᠢᠯ   ᠤᠨ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠶᠠᠨ ᠪᠠᠶᠢᠭᠤᠯᠤᠭᠲᠠᠭᠰᠠᠨ110 ᠵᠢᠯ ᠤᠨ ᠤᠢ ᠳᠤ ᠵᠤᠷᠢᠭᠤᠯᠤᠭᠰᠠᠨ ︽700 ᠡᠳᠦᠷ ᠤᠨ ᠳᠦᠷᠦᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠭᠡ ᠪᠠᠶᠢᠯᠳᠤᠭᠠᠨ︾  ᠂1000 ᠲᠦᠮᠡᠨ ᠲᠦᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠲᠠ ᠶᠢ 150 ᠵᠦᠢᠯ ᠪᠤᠯᠭᠠᠬᠤ᠂ ᠡᠭᠦᠨ ᠳᠤ ᠳ᠋ᠦᠩᠰᠢᠭᠤᠷ ᠲᠦᠬᠦᠷᠢᠭ ᠠᠴᠠ ᠳᠡᠭᠡᠭᠰᠢᠬᠢ  ᠲᠦᠷᠦᠯ ᠵᠦᠢᠯ ᠨᠢ79  ᠪᠤᠯᠭᠠᠬᠤ ᠪᠠᠷ ᠲᠤᠯᠤᠪᠯᠡᠬᠦ᠂ ᠵᠧᠩ ᠪᠠᠩ᠂ ᠳ᠋ᠧ ᠴᠢᠩ ᠶᠤᠸᠠᠨ᠂ ᠳ᠋ᠠ ᠮᠦᠦ ᠴᠠᠩ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠵᠠᠢ᠃      ︵ᠬᠤᠶᠠᠷ︶ ᠡᠯ᠎ᠡ ᠲᠦᠷᠦᠯ ᠤᠨ ᠬᠠᠷᠭᠠᠯᠵᠢᠯᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠵᠦ ᠠᠬᠤᠢ ᠶᠢᠨ ᠦᠰᠦᠯᠲᠡ ᠶᠢ ᠦᠨᠡᠨᠬᠦ  ᠪᠠᠲᠤᠯᠠᠵᠠᠢ       ᠠᠵᠤ ᠦᠢᠯᠡᠥᠨᠪᠦᠷᠢ ᠪᠠ ᠠᠵᠤ ᠠᠬᠤᠶᠢᠯᠠᠯ ᠶᠢᠨ ᠠᠵᠢᠯᠯᠠᠬᠤ ᠶᠢ ᠤᠨᠴᠠᠭᠠᠶᠢᠯᠠᠨ ᠲᠤᠬᠢᠷᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠶᠢᠨ  ᠠᠵᠢᠯ ᠶᠢᠨ ᠠᠬᠢᠴᠠ ᠶᠢ ᠨᠦᠯᠦᠭᠡᠯᠡᠬᠦ ᠪᠠᠶᠢᠳᠠᠯ ᠠᠴᠠ  ᠵᠠᠶᠢᠯᠠᠰᠬᠢᠵᠠᠢ᠃ ᠪᠠᠰᠠ ᠵᠠᠷᠢᠮ ᠠᠵᠦ ᠠᠬᠤᠶᠢᠯᠠᠯ ᠶᠢᠨ ᠬᠦᠭᠵᠢᠯᠲᠡ   ᠳᠤ ᠬᠡᠷᠡᠭᠰᠡᠬᠦ  6185 ᠲᠦᠮᠡᠨ  ᠲᠦᠭᠦᠷᠢᠭ ᠵᠢᠨ‌‍ᠪᠡᠯᠡ ᠮᠦᠡᠭᠭᠦ ᠶᠢ ᠴᠢᠷᠮᠠᠶᠢᠨ ᠤᠯᠵᠦ᠂ 3ᠴᠠᠬᠢᠯᠭᠠᠨ ᠤ ᠬᠡᠷᠡᠭᠴᠡᠭᠡ  ᠶᠡᠬᠡᠲᠠᠢ ᠠᠵᠤ ᠠᠬᠤᠶᠢᠯᠠᠯ ᠳᠤ  ᠰᠢᠭᠤᠥᠨ ᠴᠠᠬᠢᠯᠭᠠᠨ  ᠬᠠᠨᠭ᠍ᠭᠠᠬᠤ ᠲᠦᠷᠦ ᠶᠢᠨ  ᠪᠤᠳᠤᠯᠭ᠎ᠠ ᠶᠢᠨ ᠬᠠᠷᠭᠠᠯᠵᠢᠯᠠᠯ   ᠢ ᠬᠦᠷᠲᠡᠵᠦ᠂ ᠵᠢᠯ ᠤᠨ ᠴᠠᠬᠢᠯᠭᠠᠨ ᠵᠠᠷᠤᠴᠠᠭᠤᠯᠤᠭᠰᠠᠨ ᠬᠡᠮᠵᠢᠶ᠎ᠡ ᠨᠢ7000 ᠲᠥᠮᠡᠨ ᠭᠷᠠᠳᠦ᠋ᠰ ᠳᠤ ᠬᠦᠷᠴᠦ᠂ ᠠᠵᠦ ᠠᠬᠤᠢ ᠶᠢᠨ ᠦᠷᠲᠡᠭ ᠢ 945 ᠲᠦᠮᠡᠨ ᠲᠦᠭᠦᠷᠢᠭ  ᠠᠷᠪᠢᠯᠠᠵᠠᠢ᠃ ᠯᠢ ᠲᠦᠸᠧ ᠠᠭᠤᠷᠬᠠᠢ᠂ ᠪᠠᠢ ᠬᠦᠢ ᠱᠧᠩ ᠪᠦᠯᠦᠭᠯᠡᠯ ᠨᠢ ᠮᠦᠨ ᠡᠳ᠋ ᠶᠢᠨ ᠵᠠᠰᠠᠭ ᠲᠤ ᠬᠤᠪᠢ ᠨᠡᠮᠡᠭᠦᠷᠢ ᠪᠠᠨ ᠦᠵᠡᠭᠦᠯᠦᠭᠰᠡᠨ ᠪᠠᠶᠢᠨ᠎ᠠ᠃ ᠪᠠᠢ ᠬᠦᠢ  ᠱᠧᠩ ᠪᠦᠯᠦᠭᠡᠯᠡᠯ ‍ᠤᠨ‌‍ᠰᠢᠨ᠎ᠡ ᠭᠤᠷᠪᠠᠨ ᠬᠠᠪᠲᠠᠰᠤ‌ᠨᠢ ᠠᠮᠵᠢᠯᠲᠠ ᠲᠠᠢ ᠪᠠᠷ ᠰᠲ᠋ᠤᠺ   ᠤᠨ ᠵᠠᠬ᠎ᠠ ᠳᠤ ᠭᠠᠷᠴᠤ᠂ ᠭᠤᠤᠯ ᠬᠠᠪᠲᠠᠰᠤ ᠶᠢᠨ ᠰᠲ᠋ᠤᠺ ‍ᠤᠨ‌ᠵᠠᠬ᠎ᠠ  ᠳᠤ ᠭᠠᠷᠬᠤ ᠳᠤ ᠳᠡᠪᠢᠰᠭᠡᠷ ᠬᠤᠭᠤᠴᠠᠭ᠎ᠠ ᠪᠤᠯᠤᠭᠰᠠᠨ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠬᠢᠵᠠᠭᠠᠷ ᠠᠴᠠ ᠳᠡᠭᠡᠭᠰᠢᠬᠢ ᠠᠵᠦ ᠦᠢᠯᠡᠳᠪᠦᠷᠢ2 ᠪᠠᠶᠢᠵᠤ᠂ ᠨᠡᠶᠢᠲᠡ33 ᠪᠤᠯᠵᠠᠢ᠃ ᠪᠦᠬᠦ ᠵᠢᠯ ᠤᠨ ᠠᠵᠤ ᠦᠢᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ ᠨᠢ2.6ᠳ᠋ᠦᠩᠰᠢᠭᠤᠷ ᠴᠠᠭ ᠪᠦᠷᠢ ᠺᠢᠯᠦᠸᠠᠲ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ   ᠠᠴᠠ10% ᠪᠠᠷ  ᠨᠡᠮᠡᠭᠳᠡᠵᠠᠢ᠃ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ130ᠳ᠋ᠦᠩᠰᠢᠭᠤᠷ  ᠲᠦᠭᠦᠷᠢᠭ ᠬᠦᠷᠴᠦ᠂ ᠭᠤᠷᠪᠠᠨ ᠵᠢᠯ ᠳᠠᠷᠠᠭᠠᠯᠠᠨ ᠨᠡᠮᠡᠭᠳᠡᠯ   ᠤᠨ ᠨᠤᠷᠮ᠎ᠠ ᠨᠢ ᠪᠦᠬᠦ ᠬᠤᠲᠠ ᠳᠤ ᠲᠡᠷᠢᠭᠦᠯᠦᠭᠰᠡᠨ ᠪᠠᠶᠢᠨ᠎ᠠ᠃ᠠᠵᠤ ᠦᠢᠯᠡᠳᠪᠦᠷᠢ ᠶᠢᠨ ᠲᠤᠭᠤᠷᠢᠭ‌‍ᠤᠨ‌ᠦᠢᠯᠡᠳᠬᠦᠨ ᠤ ᠦᠷᠲᠡᠭ᠂ ᠪᠤᠷᠤᠯᠠᠭᠤᠯᠭ᠎ᠠ ᠶᠢᠨ ᠤᠷᠤᠯᠭ᠎ᠠ ᠨᠢ ᠳᠦᠷᠪᠡᠨ ᠵᠢᠯ ᠳᠠᠷᠠᠭᠠᠯᠠᠨ‌ᠵᠠᠭᠤᠨ‌‍ᠳᠦ᠋ᠩᠰᠢᠭᠤᠷ ᠲᠦᠭᠦᠷᠢᠭ ᠡᠴᠠ‌‍ᠲ᠋ᠡᠭᠡᠭᠰᠢ ᠪᠠᠶᠢᠬᠤ  ᠶᠢ ᠪᠠᠲᠤᠯᠠᠵᠤ᠂ 1200ᠰᠢᠨ᠎ᠡ ᠠᠵᠢᠯ ᠤᠨ ᠪᠠᠶᠢᠷᠢ ᠬᠠᠨᠭ᠍ᠭᠠᠵᠠᠢ᠃ ᠤᠯᠠᠨ ᠵᠦᠢᠯ ᠤᠨ ᠠᠷᠭ᠎ᠠ ᠠᠪᠴᠢᠯ ᠪᠠᠷ ᠳᠠᠮᠵᠢᠵᠤ ᠭᠠᠨᠭ᠌ ᠤᠨ ᠪᠠᠶᠢᠳᠠᠯ ᠲᠠᠢ  ᠲᠡᠮᠡᠴᠡᠵᠦ᠂ ᠡᠯ᠎ᠡ ᠵᠤᠶᠢᠯ ᠤᠨ ᠭᠤᠤᠯᠳᠠᠯᠭ᠎ᠠ ᠲᠠᠢ ᠬᠠᠷᠭᠠᠯᠵᠠᠯᠭ᠎ᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ ᠠᠮᠤ ᠪᠤᠳᠠᠭ᠎ᠠ ᠶᠢᠨ ᠤᠨᠠᠯᠲᠠ ᠶᠢ4.85ᠳ᠋ᠦᠩᠰᠢᠭᠤᠷ ᠵᠢᠩ ᠳᠤ ᠬᠦᠷᠭᠡᠵᠦ᠂ ᠭᠡᠷ ᠤᠨ ᠲᠡᠵᠢᠭᠡᠪᠦᠷᠢ ᠶᠢᠨ ᠪᠦᠬᠦ ᠲᠤᠭ᠎ᠠ ᠶᠢ127.8 ᠲᠦᠮᠡ ᠳᠤ ᠬᠦᠷᠭᠡᠵᠠᠢ᠃ ᠭᠤᠷᠪᠠᠳᠤᠭᠠᠷ  ᠠᠵᠤ ᠦᠢᠯᠡᠰ ᠤᠨ ᠨᠡᠮᠡᠭᠳᠡᠯ ᠦᠷᠲᠡᠭ31.6ᠳ᠋ᠦᠩᠰᠢᠭᠤᠷ ᠲᠦᠬᠦᠷᠢᠭ ᠪᠠᠶᠢᠵᠤ  ᠂ ᠨᠢᠳᠤᠨᠤᠨ ᠤ ᠠᠳᠠᠯᠢ ᠬᠤᠭᠤᠴᠠᠭᠠᠨ ᠠᠴᠠ10% ᠪᠠᠷ  ᠨᠡᠮᠡᠭᠳᠡᠵᠠᠢ᠃ ᠪᠠᠷᠠᠭᠠᠨ ᠤ  ᠭᠦᠢᠯᠡᠭᠡᠭᠡᠨ ᠤ ᠲᠤᠭᠤᠷᠢᠭ ᠤᠨ ᠨᠠᠷᠢᠨ ᠲᠦᠰᠦᠪ ᠲᠤᠭᠲᠠᠭᠠᠯ‌ᠢ ᠵᠠᠰᠠᠵᠤ ᠡᠮᠬᠢᠯᠡᠬᠦ ᠠᠵᠢᠯ ᠳᠠᠭᠤᠰᠴᠤ᠂13 ᠠᠵᠤ ᠠᠬᠤᠶᠢᠯᠠᠯ ᠰᠢᠨ᠎ᠡ ᠪᠠᠷ  ᠨᠡᠮᠡᠭᠳᠡᠵᠦ᠂4ᠳ᠋ᠦᠩᠰᠢᠭᠤᠷ ᠲᠦᠬᠦᠷᠢᠭ  ᠪᠡᠯᠡ ᠤᠷᠤᠭᠤᠯᠤᠯᠲᠠ ᠶᠢ ᠪᠡᠶᠡᠯᠡᠭᠦᠯᠵᠠᠢ᠃ ᠮᠦᠡᠭᠭᠦᠨ  ᠭᠦᠢᠯᠭᠡᠭᠡᠨ ᠤ ᠪᠠᠶᠢᠭᠤᠯᠤᠮᠵᠢ ᠶᠢ ᠤᠳᠤᠷᠢᠳᠤᠨ ᠪᠤᠳᠠᠲᠤ ᠠᠵᠤ ᠠᠬᠤᠶᠢᠯᠠᠯ   ᠳᠤ ᠢᠲᠡᠭᠡᠮᠵᠢ ᠶᠢᠨ ᠵᠢᠭᠡᠯᠡᠯᠭᠡ ᠲᠠᠯᠪᠢᠬᠤ ᠬᠦᠴᠦᠯᠡᠴᠡ ᠪᠠᠨ ᠴᠢᠩᠭᠠᠥᠨᠬᠠᠨ᠂ ᠨᠡᠶᠢᠲᠡ43.7ᠳ᠋ᠦᠩᠰᠢᠭᠤᠷ ᠲᠦᠬᠦᠷᠢᠭ  ᠵᠢᠨ‌ᠢᠲᠡᠭᠡᠮᠵᠢ ᠶᠢᠨ ᠵᠢᠭᠡᠯᠡᠯᠭᠡ ᠲᠠᠯᠪᠢᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 63% ᠬᠦᠷᠴᠠᠢ᠃       ︵ᠭᠤᠷᠪᠠ︶ ᠠᠵᠦ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢ ᠲᠦᠷᠭᠡᠥᠬᠡᠵᠦ᠂ ᠠᠵᠤ ᠠᠬᠤᠢ  ᠶᠢᠨ ᠳᠡᠰ ᠳᠡᠪᠰᠢᠯᠲᠡ ᠶᠢ ᠲᠦᠯᠬᠢᠨ ᠠᠬᠢᠭᠤᠯᠵᠢ        ᠤᠷᠴᠢᠯ ᠬᠡᠯᠪᠡᠷᠢ ᠶᠢᠨ ᠠᠵᠦ ᠦᠢᠯᠡᠥᠨᠪᠦᠷᠢ ᠠᠵᠦ ᠠᠬᠤᠢ ᠶᠢᠨ ᠰᠢᠰᠲ᠋ᠧᠮ ᠢ ᠴᠤᠭᠴᠠᠯᠠᠨ ᠪᠠᠶᠢᠭᠤᠯᠬᠤ᠃   ᠪᠠᠢ ᠬᠦᠢ ᠱᠧᠩ ᠬᠦᠬᠦᠷ ᠦᠭᠡᠶᠢᠳᠡᠭᠦᠯᠬᠦ ᠮᠡᠷᠭᠡᠵᠢᠯ   ᠢ ᠦᠭᠡᠷᠡᠴᠢᠯᠡᠵᠦ ᠰᠢᠨᠡᠥᠬᠡᠬᠦ  ᠪᠠ ᠢᠯᠴᠢ ᠪᠠᠷ ᠨᠢ ᠴᠠᠬᠢᠯᠭᠠᠨ ᠭᠠᠷᠭᠠᠬᠤ᠂ ᠷᠦᠨ ᠸᠠᠨ ᠺᠠᠩ ᠲᠤᠭᠤᠰᠬᠠᠨ ᠤ ᠰᠢᠷᠢᠰ ᠪᠦᠲᠦᠭᠡᠭᠳᠡᠭᠦᠨ᠂ ᠬᠤᠸᠠ ᠼᠧᠨ  ᠽᠧᠮᠧᠨ᠋ᠲ ᠦᠢᠯᠡᠥᠨᠬᠦ ᠮᠡᠷᠭᠡᠵᠢᠯ   ᠢ ᠦᠭᠡᠷᠡᠴᠢᠯᠡᠵᠦ ᠰᠢᠨᠡᠥᠬᠡᠬᠦ ᠠᠵᠢᠯ ᠳᠠᠭᠤᠰᠴᠤ  ᠬᠡᠷᠡᠭᠯᠡᠯᠲᠡ ᠳ᠋ᠥ‌ᠤᠷᠤᠵᠠᠢ᠃ ᠠᠵᠤ ᠦᠢᠯᠡᠥᠨᠪᠦᠷᠢ ᠵᠢᠨ‌‍ᠲ᠋ᠤᠭᠤᠷᠢᠭ ‍ᠤᠨ‌ᠠᠶᠤᠯᠲᠤ ᠪᠤᠬᠢᠷ ᠬᠠᠶᠠᠭᠳᠠᠮᠠᠯ ᠢ  ᠰᠢᠢᠥᠨᠪᠦᠷᠢᠯᠡᠬᠦ ᠭᠠᠵᠠᠷ ᠬᠡᠷᠡᠭᠯᠡᠯᠲᠡ ᠳᠤ ᠤᠷᠤᠵᠤ᠂  ᠪᠤᠬᠢᠷ ᠤᠰᠤ ᠴᠡᠪᠡᠷᠰᠢᠭᠦᠯᠬᠦ ᠲᠤᠤᠷᠵᠢᠯ‌ᠢ ᠡᠬᠢᠯᠡᠨ ᠪᠠᠶᠢᠭᠤᠯᠠᠵᠠᠢ᠃ ᠰᠢᠨ᠎ᠡ ᠬᠡᠯᠪᠡᠷᠢ ᠶᠢᠨ ᠡᠨᠧᠷᠭᠢ ᠶᠢ ᠨᠡᠭᠡᠭᠡᠨ ᠠᠰᠢᠭᠯᠠᠬᠤ ᠦᠢᠯᠡᠰ ᠢ ᠲᠦᠯᠬᠢᠨ ᠠᠬᠢᠭᠤᠯᠵᠠᠢ᠃ ᠰᠢᠨ᠎ᠡ ᠪᠠᠷ  ᠨᠡᠮᠭᠳᠡᠭᠰᠡᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠤ ᠬᠠᠳᠠᠭᠠᠯᠮᠵᠢ ᠶᠢ2.1 ᠲᠦᠮᠡᠨ ᠺᠢᠯᠥᠸᠠᠲ ᠨᠡᠮᠡᠵᠦ᠂ ᠳ᠋ᠠ ᠲᠠᠩ ᠤᠨ3 ᠲᠦᠮᠡᠨ ᠺᠢᠯᠤᠸᠠᠲ  ‍ᠤᠨ‌‍ᠭᠡᠷᠡᠯ ᠤᠨ ᠡᠨᠧᠷᠭᠢ ᠶᠢᠨ ᠲᠦᠷᠦᠯ ᠵᠦᠢᠯ ᠢ ᠡᠬᠢᠯᠡᠨ ᠪᠠᠶᠢᠭᠤᠯᠵᠠᠢ᠃ ᠯᠢᠨᠰᠢ ᠰᠢᠶᠠᠨ ᠤ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠨᠢ ᠤᠯᠤᠰ ᠤᠨ  ︽ ᠠᠷᠪᠠᠨ  ᠭᠤᠷᠪᠠᠳᠤᠭᠠᠷ ᠲᠠᠪᠤᠨ ᠵᠢᠯ︾  ᠤᠨ  ᠰᠠᠯᠬᠢᠨ‌‍ᠬᠦ᠋ᠴᠦ ᠪᠠᠷ ᠴᠠᠬᠢᠯᠭᠠᠨ ᠭᠠᠷᠭᠠᠬᠤ ᠬᠦᠭᠵᠢᠭᠦᠯᠦᠯᠲᠡ ᠶᠢᠨ ᠲᠦᠯᠦᠪᠵᠢᠭᠦᠯᠦᠯᠲᠡ‌‍ᠳᠥ ᠤᠷᠤᠵᠠᠢ᠃ ᠮᠠᠯ ᠠᠵᠤ ᠠᠬᠤᠢ ᠶᠢᠨ ︽5531︾ ᠢᠨᠵᠧᠨ᠋ᠷᠢᠩ ᠶᠢ ᠬᠡᠷᠡᠭᠵᠢᠭᠦᠯᠵᠤ᠂ ᠪᠠᠶᠢᠭᠤᠯᠤᠮᠵᠢ ᠶᠢᠨ ᠳᠠᠷᠢᠶᠠᠯᠠᠩ  ᠂ ᠠᠯᠠᠰᠢᠨ ᠦᠬᠡᠷ ᠲᠡᠵᠢᠭᠡᠬᠦ ᠵᠡᠷᠭᠡ 8  ᠭᠤᠤᠯᠯᠠᠭᠴᠢ ᠠᠵᠦ ᠠᠬᠤᠢ ᠶᠢᠨ ᠬᠦᠭᠵᠢᠯᠲᠡ ᠶᠢ ᠠᠬᠢᠭᠤᠯᠬᠤ ᠶᠢ  ᠲᠦᠷᠭᠡᠥᠨᠬᠡᠵᠠᠢ᠃11 ᠰᠠᠭᠤᠷᠢ ᠤᠳᠤᠬᠢᠴᠢᠯᠠᠭᠰᠠᠨ ᠲᠠᠷᠢᠶᠠᠯᠠᠩ ᠮᠠᠯ ᠠᠵᠦ ᠠᠬᠤᠢ ᠶᠢᠨ ᠲᠤᠭᠤᠷᠢᠭ ᠢ ᠡᠬᠢᠯᠡᠨ  ᠪᠠᠶᠢᠭᠤᠯᠵᠠᠢ᠃ ᠰᠢᠬᠢᠷ ᠯᠤᠤᠪᠠᠩ ᠤᠨ ᠲᠠᠷᠢᠮᠠᠯ ᠤᠨ ᠲᠠᠯᠠᠪᠠᠢ12 ᠲᠦᠮᠡᠨ ᠮᠤ᠋ ᠶᠢ ᠳᠠᠪᠠᠵᠠᠢ᠃ ᠮᠠᠯ ᠤᠨ ᠠᠰᠢᠭ ᠰᠢᠮ᠎ᠡ ᠶᠢ ᠲᠤᠬᠠᠢ  ᠶᠢᠨ ᠭᠠᠵᠠᠷ ᠳᠤ ᠨᠢ ᠠᠰᠢᠭᠯᠠᠬᠤ ᠬᠡᠮᠵᠢᠶ᠎ᠡ ᠨᠢ41% ᠬᠦᠷᠴᠠᠢ᠃ ᠬᠡᠪᠴᠢᠶᠡᠵᠢᠭᠰᠡᠨ ᠭᠠᠵᠠᠷ ᠰᠢᠷᠤᠢ ᠶᠢᠨ ᠰᠢᠯᠵᠢᠭᠦᠯᠦᠯᠲᠡ ᠨᠢ36 ᠲᠦᠮᠡᠨ ᠮᠤ᠋ ᠬᠦᠷᠴᠠᠢ᠃ ᠲᠠᠷᠢᠶᠠᠴᠢᠥᠨ ᠤᠨ ᠲᠤᠰᠬᠠᠢ ᠬᠤᠷᠰᠢᠶᠠᠵᠢᠯ ᠨᠢ3.2 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ ᠳᠠᠭᠠᠭᠤᠯᠵᠤ᠂ ᠤᠯᠤᠰ ᠤᠨ ᠳᠡᠰ ᠤᠨ  ᠵᠢᠱᠢᠶᠡᠴᠢ ᠬᠤᠷᠰᠢᠶᠠᠵᠢᠯ 5 ᠳᠤ ᠬᠦᠷᠴᠠᠢ᠃ ᠦᠢᠯᠡᠴᠢᠯᠡᠬᠦ ᠦᠢᠯᠡᠰ ᠤᠨ ᠪᠠᠶᠢᠳᠠᠯ ᠤᠯᠠᠮ ᠪᠠᠶᠠᠯᠢᠭᠵᠢᠵᠤ᠂ ᠦᠰᠦᠯᠲᠡ ᠶᠢᠨ ᠪᠠᠶᠢᠳᠠᠯ ᠡᠷᠡᠭᠦᠯ ᠲᠤᠭᠲᠠᠭᠤᠨ ᠪᠠᠶᠢᠨ᠎ᠠ᠃ ᠰᠢᠨ᠎ᠡ   ᠪᠠᠷ ᠨᠡᠮᠡᠭᠳᠡᠭᠰᠡᠨ ᠵᠠᠬ᠎ᠠ  ᠳᠡᠯᠭᠡᠭᠦᠷ ᠶᠢᠨ ᠭᠤᠤᠯ ᠴᠤᠭᠴᠠ2122 ᠡᠷᠦᠬᠡ ᠪᠠᠶᠢᠵᠤ᠂ ᠯᠢᠨᠰᠢ ᠰᠢᠶᠠᠨ ᠤ  ᠠᠷᠠᠯᠵᠢᠶ᠎ᠠ ᠬᠤᠳᠠᠯᠳᠤᠭ᠎ᠠ   ᠤ ᠪᠠᠷᠠᠭᠠᠨ ᠤ ᠭᠦᠢᠯᠡᠭᠡᠭᠡᠨ ᠤ ᠨᠡᠶᠢᠭᠡᠮᠯᠩ ᠪᠠᠶᠢᠭᠤᠯᠤᠭᠳᠠᠵᠤ  ᠂ ᠪᠠᠷᠠᠭᠠᠨ ᠤ ᠭᠦᠢᠯᠭᠡᠭᠡᠨ ᠤ ᠺᠤᠮᠫᠠᠨᠢ32 ᠳᠤ ᠬᠦᠷᠴᠦ᠂ ᠲᠦᠷᠭᠡᠨ  ᠭᠤᠪᠢᠭᠤᠯᠭ᠎ᠠ ᠶᠢᠨ ᠬᠤᠯᠪᠤᠭᠠᠲᠤ ᠠᠵᠤ ᠠᠬᠤᠶᠢᠯᠠᠯ11 ᠪᠠᠶᠢᠵᠤ᠂ ᠪᠦᠬᠦ ᠵᠢᠯ ᠳᠤ110 ᠲᠦᠮᠡᠨ ᠬᠤᠪᠢ ᠲᠦᠷᠭᠡᠨ ᠭᠤᠪᠢᠭᠤᠯᠭ᠎ᠠ  ᠬᠦᠷᠭᠡᠵᠦ᠂ ᠨᠢᠳᠤᠨᠤᠨ ᠤ ᠠᠳᠠᠯᠢ ᠬᠤᠭᠤᠴᠠᠭᠠᠨ ᠠᠴᠠ25% ᠪᠠᠷ ᠨᠡᠮᠡᠭᠳᠡᠭᠰᠡᠨ ᠪᠠᠶᠢᠨ᠎ᠠ᠃ ᠤᠯᠤᠰ ᠤᠨ ᠡᠯᠧᠺᠲᠷᠤᠨ ᠬᠤᠳᠠᠯᠳᠤᠭ᠎ᠠ ᠶᠢ ᠬᠦᠳᠡᠭᠡ ᠳᠤᠰᠬᠤᠨ ᠳᠤ ᠬᠦᠷᠭᠡᠬᠦ ᠵᠢᠱᠢᠶᠡᠴᠢ ᠰᠢᠶᠠᠨ ‍ᠣ‌ᠡᠩᠨᠡᠭᠡᠨ ᠳᠤ ᠵᠢᠭᠰᠠᠭᠠᠭᠳᠠᠵᠦ᠂ᠡᠯᠧᠺᠲᠷᠤᠨ ᠬᠤᠳᠠᠯᠳᠤᠭᠠᠨ ᠤ ᠭᠤᠤᠯ ᠴᠤᠭᠴᠠ21 ᠡᠷᠤᠬᠡ ᠪᠤᠯᠲᠠᠯ᠎ᠠ  ᠬᠦᠭᠵᠢᠵᠠᠢ᠃ ᠰᠢᠨ᠎ᠡ  ᠪᠠᠷ  ᠪᠠᠶᠢᠭᠤᠯᠵᠤ ᠪᠠᠶᠢᠭ᠎ᠠ ᠦ᠋ — ᠶᠥᠩ ᠵᠢᠭᠤᠯᠴᠢᠯᠠᠯ ‍ᠤᠨ‌‍ᠱᠤᠭᠤᠮ   ᠨᠢ ᠯᠢᠨᠰᠢ ᠰᠢᠶᠠᠨ ᠪᠠ ᠠᠰᠬᠠᠲᠤ ᠶᠢᠨ ᠵᠤᠭᠠᠴᠠᠯ ᠤᠨ ᠤᠷᠤᠨ ᠢ ᠬᠤᠯᠪᠤᠵᠠᠢ᠃     ︵ᠳᠦᠷᠪᠡ︶ ᠰᠠᠭᠤᠷᠢ ᠲᠦᠬᠦᠭᠡᠷᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠦᠴᠦ ᠳᠠᠯᠪᠢᠵᠦ᠂ ᠲᠠᠰᠤᠷᠤᠯᠲᠠ ᠦᠭᠡᠢ ᠬᠦᠭᠵᠢᠯᠲᠡ ᠳᠤ ᠪᠠᠲᠤᠯᠠᠭ᠎ᠠ ᠬᠠᠨᠭ᠍ᠭᠠᠵᠠᠢ       ᠳ᠋ᠦᠩ ᠲᠠᠢ ᠽᠢ ᠤᠰᠤᠨ ᠴᠦᠭᠦᠷᠡᠮ ᠨᠢ ᠤᠰᠤᠨ ᠠᠰᠢᠭᠯᠠᠯᠲᠠ ᠶᠢᠨ ᠶᠠᠮᠤᠨ ᠤ ᠵᠦᠪᠰᠢᠶᠡᠷᠡᠯ ᠢ ᠤᠯᠵᠦ᠂ ᠤᠯᠤᠰ ᠤᠨ ᠦᠭᠡᠷᠡᠴᠢᠯᠡᠯᠲᠡ ᠬᠦᠭᠵᠢᠭᠦᠯᠥᠯᠲᠡ ᠶᠢᠨ  ᠵᠦᠪᠯᠡᠯ ᠳᠤ ᠡᠷᠡᠮᠵᠢᠯᠡᠨ᠂ ᠠᠵᠢᠯ ᠡᠬᠢᠯᠡᠬᠦ ᠪᠠᠷ ᠪᠡᠯᠡᠬᠡᠨ‌‍ᠪᠤᠯᠤᠭᠠᠥᠨ ᠪᠠᠶᠢᠨ᠎ᠠ᠃ ᠨᠢᠰᠬᠡᠯ   ᠤᠨ ᠲᠠᠯᠠᠪᠤᠷ   ᠤᠨ ᠰᠠᠯᠪᠤᠷᠢ  ᠱᠤᠭᠤᠮ ᠨᠢ ᠤᠷᠢᠥᠨᠴᠢᠯᠠᠨ ᠲᠦᠰᠦᠪᠯᠡᠬᠦ ᠪᠠ ᠰᠢᠨᠵᠢᠯᠡᠬᠦ ᠶᠠᠪᠤᠴᠠ ᠶᠢ ᠦᠡᠭᠭᠡᠷᠡᠭᠡᠵᠦ᠂ ᠤᠯᠤᠰ ᠤᠨ ᠠᠭᠠᠷ ᠠᠶᠠᠯᠠᠯ ᠤᠨ ᠲᠤᠪᠴᠢᠶ᠎ᠠ ᠶᠢᠨ ᠳᠤᠮᠳᠠ ᠤᠷᠲᠦ ᠬᠤᠭᠤᠴᠭᠠᠨ ᠤ ᠬᠦᠭᠵᠢᠭᠦᠯᠦᠯᠲᠡ ᠶᠢᠨ ᠲᠦᠰᠦᠪ ᠤᠨ ᠵᠦᠪᠰᠢᠶᠡᠷᠡᠭᠦᠯᠬᠦ ᠠᠯᠬᠤᠮ ᠳᠤ ᠬᠦᠷᠦᠭᠡᠥᠨ ᠪᠠᠶᠢᠨ᠎ᠠ᠃ ᠵᠢᠢ ᠲᠥᠩ ᠲᠡᠮᠦᠷ ᠵᠠᠮ ᠤᠨ ᠦᠷᠭᠡᠥᠨᠬᠡᠨ ᠵᠠᠰᠠᠬᠤ ᠪᠠ ᠲᠡᠮᠦᠷ ᠵᠠᠮ ᠤᠨ ᠡᠮᠦᠨᠡᠰᠢ ᠰᠢᠯᠵᠢᠭᠦᠯᠬᠦ ᠢᠨᠵᠧᠨ᠋ᠷᠢᠩ ᠨᠢ ᠤᠯᠤᠰ  ᠶᠢᠨ  ᠬᠠᠮᠢᠭ᠎ᠠ ᠪᠦᠬᠦᠢ ᠪᠠᠶᠢᠭᠤᠯᠤᠯᠭ᠎ᠠ ᠶᠢᠨ ᠵᠦᠪᠰᠢᠶᠡᠷᠡᠯ ᠢ ᠤᠯᠵᠠᠢ᠃303 ᠤᠯᠤᠰ ᠤᠨ ᠵᠠᠮ ᠤᠨ ᠯᠢᠨᠰᠢ ᠠᠴᠠ ᠳ᠋ᠠᠪᠠᠨ ᠬᠦᠷᠬᠦ ᠨᠢᠭᠡᠳᠦᠭᠡᠷ ᠳᠡᠰ ᠤᠨ ᠵᠠᠮ ᠲᠡᠷᠭᠡ ᠨᠡᠪᠲᠡᠷᠡᠪᠡ᠃306 ᠤᠯᠤᠰ ᠤᠨ ᠵᠠᠮ ᠤᠨ ᠯᠢᠨᠰᠢ ᠠᠴᠠ ᠳᠠᠭᠠᠴᠠᠨ ᠪᠤᠯᠠᠭ ᠬᠦᠷᠬᠦ ᠵᠠᠮ᠂204 ᠮᠤᠵᠢ   ᠶᠢᠨ ᠳᠡᠰ ᠤᠨ ᠵᠠᠮ  ᠨᠢᠭᠡᠳᠦᠭᠡᠷ ᠬᠠᠷᠠᠯᠲᠠ‌‍ᠬᠡᠰᠡᠭ ᠤᠨ ᠨᠢᠭᠡᠳᠦᠭᠡᠷ ᠳᠡᠰ ᠤᠨ ᠵᠠᠮ ᠤᠨ ᠰᠠᠭᠤᠷᠢ ᠶᠢ ᠲᠠᠯᠪᠢᠵᠠᠢ᠃ ᠳ᠋ᠠᠨ —ᠰᠢ ᠦᠨᠳᠦᠷ  ᠬᠤᠷᠳᠤᠴᠠᠲᠦ ᠵᠠᠮ ᠤᠨ ᠯᠢᠨᠰᠢ   ᠳᠠᠬᠢ ᠬᠡᠰᠡᠭ ᠤᠨ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠃ ᠠᠵᠤ ᠦᠢᠯᠡᠥᠨᠪᠦᠷᠢ ᠶᠢᠨ ᠲᠤᠭᠤᠷᠢᠭ ᠤᠨ ᠦᠷᠭᠡᠥᠨᠬᠡᠬᠦ  ᠳᠤ ᠬᠡᠷᠡᠭᠰᠡᠬᠦ8000 ᠮᠤ᠋ ᠭᠠᠵᠠᠷ ᠢ ᠴᠤᠭᠯᠠᠭᠤᠯᠬᠤ ᠠᠵᠢᠯ ᠡᠬᠢᠯᠡᠪᠡ᠃ ᠳ᠋ᠦᠩ ᠲᠠᠢ ᠽᠢ ᠠᠵᠤ ᠦᠢᠯᠡᠥᠨᠪᠦᠷᠢ ᠶᠢᠨ ᠲᠤᠭᠤᠷᠢᠭ ᠨᠢ ᠯᠢᠨᠰᠢ ᠰᠢᠶᠠᠨ ‍ᠣ‌ᠠᠵᠤ ᠦᠢᠯᠡᠥᠨᠪᠦᠷᠢ ᠶᠢᠨ ᠲᠤᠭᠤᠷᠢᠭ ᠶᠢᠨ ᠪᠦᠬᠦ ᠲᠠᠯ᠎ᠠ ᠶᠢᠨ ᠲᠦᠯᠦᠪᠵᠢᠭᠦᠯᠭᠡ   ᠳᠤ ᠤᠷᠤᠪᠠ᠃ ᠠᠵᠤ ᠦᠢᠯᠡᠥᠨᠪᠦᠷᠢ ᠶᠢᠨ ᠲᠤᠭᠤᠷᠢᠭ  ᠂ ᠬᠤᠲᠠ ᠶᠢᠨ ᠤᠶᠢᠷ᠎ᠠ ᠬᠠᠪᠢ ᠳᠠᠬᠢ150 ᠲᠡᠭᠰᠢ ᠳᠦᠷᠪᠡᠯᠵᠢᠨ  ᠺᠢᠯᠦᠮᠧᠲᠷ ᠤᠰᠤᠨ ᠤ ᠡᠬᠢ ᠰᠤᠷᠪᠤᠯᠵᠢ ᠳᠤ ᠬᠢᠨᠠᠨ ᠰᠢᠯᠭᠠᠯᠲᠠ ᠬᠢᠬᠦ ᠠᠵᠢᠯ  ᠡᠬᠢᠯᠡᠵᠦ᠂  ᠡᠯ᠎ᠡ ᠲᠦᠷᠦᠯ ᠤᠨ ᠢᠨᠵᠧᠨ᠋ᠷᠢᠩ ᠤᠨ ᠡᠬᠢᠯᠡᠬᠦ ᠪᠠ ᠬᠤᠲᠠ ᠶᠢᠨ ᠪᠦᠲᠦᠭᠡᠨ ᠪᠠᠶᠢᠭᠤᠯᠤᠯᠲᠠ ᠳᠤ ᠤᠷᠢᠳᠠᠴᠢ ᠨᠦᠭᠦᠴᠡᠯ   ᠬᠠᠨᠭ᠍ᠭᠠᠭᠰᠠᠨ ᠪᠠᠶᠢᠨ᠎ᠠ᠃ ᠬᠤᠲᠠ ᠶᠢᠨ ᠵᠠᠮ ᠱᠤᠭᠤᠮ ᠢ ᠦᠭᠡᠷᠡᠴᠢᠯᠡᠬᠦ ᠪᠠ ᠤᠰᠤᠨ ᠰᠢᠰᠲ᠋ᠧᠮ ᠢ ᠦᠭᠡᠷᠡᠴᠢᠯᠡᠨ ᠵᠠᠰᠠᠬᠤ ᠠᠵᠢᠯ ᠡᠬᠢᠯᠡᠵᠦ᠂2.8 ᠲᠦᠮᠡᠨ ᠲᠡᠭᠰᠢ ᠳᠦᠷᠪᠡᠯᠵᠢᠨ ᠮᠧᠲᠷ ᠬᠤᠲᠠ ᠶᠢᠨ ᠵᠡᠭᠡᠯᠢ ᠭᠤᠳᠤᠮᠵᠢ ᠶᠢ ᠵᠠᠰᠠᠨ ᠦᠭᠡᠷᠡᠴᠢᠯᠡᠵᠦ᠂ ᠡᠭᠦᠨ ᠤ ᠵᠡᠷᠭᠡᠪᠡᠷ ᠭᠤᠤᠯ ᠵᠠᠮ ᠱᠤᠭᠤᠮ ᠤᠨ ᠦᠨᠳᠦᠷ ᠳᠤᠤᠷ᠎ᠠ ᠬᠦᠴᠦᠳᠡᠯᠲᠦ ᠴᠠᠬᠢᠯᠭᠠᠨ᠂ ᠤᠰᠤ ᠭᠠᠳᠠᠭᠰᠢᠯᠠᠭᠤᠯᠬᠤ ᠰᠢᠰᠲ᠋ᠧᠮ  ᠂ ᠤᠰᠤᠨ  ᠰᠢᠰᠲ᠋ᠧᠮ ᠢ  ᠴᠡᠪᠡᠷᠯᠡᠵᠦ ᠦᠭᠡᠷᠡᠴᠢᠯᠡᠬᠦ ᠪᠠ ᠭᠤᠤᠯ ᠴᠤᠭᠴᠠ  ᠶᠢ ᠲᠦᠰᠦᠪᠯᠡᠬᠤ ᠠᠵᠢᠯ ᠢ ᠬᠠᠮᠲᠦ ᠳᠤ ᠨᠢ ᠶᠠᠪᠤᠭᠳᠠᠭᠤᠯᠵᠠᠢ᠃ ᠴᠧᠩ ᠨᠠᠨ ᠰᠢᠨ᠎ᠡ ᠲᠤᠭᠤᠷᠢᠭ ᠳᠤ 5 ᠵᠤᠷᠪᠤᠰ ᠵᠠᠮ‌ᠵᠠᠰᠠᠵᠠᠢ᠃ ᠠᠮᠢᠳᠤᠷᠠᠯ ᠤᠨ ᠬᠤᠭ ᠨᠤᠪᠰᠢ ᠶᠢ ᠬᠤᠤᠷ ᠦᠭᠡᠶᠢᠳᠡᠭᠦᠯᠬᠦ ᠭᠠᠵᠠᠷ ᠨᠢ ᠤᠯᠤᠰ   ᠤᠨ ᠬᠢᠨᠠᠨ ᠰᠢᠯᠭᠠᠯᠲᠠ ᠶᠢ ᠦᠡᠭᠭᠡᠷᠡᠵᠦ᠂ ᠠᠮᠢᠳᠤᠷᠠᠯ ᠤᠨ ᠪᠤᠬᠢᠷ ᠤᠰᠤ ᠶᠢ ᠴᠡᠪᠡᠷᠰᠢᠭᠦᠯᠬᠦ ᠭᠠᠵᠠᠷ ᠨᠢ ᠨᠠᠶᠢᠳᠠᠵᠤ ᠬᠠᠮᠢᠶᠠᠷᠠᠭᠤᠯᠤᠨ ᠠᠵᠢᠯᠯᠠᠵᠤ ᠡᠬᠢᠯᠡᠵᠠᠢ᠃ ᠭᠤᠤᠯᠳᠠᠯᠭᠠᠲᠤ ᠤᠷᠤᠨ ᠤ ᠨᠤᠭᠤᠭᠠᠷᠠᠭᠤᠯᠤᠯᠲᠠ‌‍ᠶᠢᠨ ᠬᠡᠮᠵᠢᠶ᠎ᠡ ᠨᠢ 6 ᠲᠦᠮᠡᠨ ᠮᠤ᠋ ᠳᠤ ᠬᠦᠷᠴᠦ᠂2.2 ᠲᠦᠮᠡᠨ ᠮᠤ᠋‌ᠮᠤᠳᠤ ᠲᠠᠷᠢᠵᠦ᠂3.2 ᠲᠦᠮᠡᠨ ᠮᠤ᠋ ᠲᠠᠷᠢᠶᠠᠯᠠᠬᠤ ᠶᠢ ᠵᠤᠭᠰᠤᠵᠤ‌ᠮᠤᠳᠤ ᠵᠢ‌‍ᠰᠡᠷᠭᠦᠭᠡᠭᠰᠡᠨ ᠪᠠᠶᠢᠨ᠎ᠠ᠃  ᠵᠡᠭᠦᠨ ᠠᠭᠤᠯᠠᠨ ‍ᠣ‌ᠠᠮᠢ ᠠᠬᠤᠢ ᠪᠠᠷ ᠶᠠᠳᠠᠭᠤ ᠶᠢ ᠲᠡᠥᠨᠬᠦᠬᠦ ᠲᠤᠭᠤᠷᠢᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠢ‌ᠡᠬᠢᠯᠡᠨ ᠪᠠᠶᠢᠭᠤᠯᠵᠠᠢ᠃ ︽ᠠᠷᠪᠠ ᠶᠢ ᠪᠦᠷᠬᠦᠭᠦᠯᠬᠦ ᠢᠨᠵᠧᠨ᠋ᠷᠢᠩ︾ ᠦᠡᠳᠦᠰᠦᠨ ᠳᠤ ᠪᠠᠨ ᠳᠠᠭᠤᠰᠴᠤ᠂88% ᠰᠠᠭᠤᠭᠠᠯᠢ ᠲᠤᠰᠬᠤᠨ᠂ 97% ᠶᠢᠨ ᠬᠦᠳᠡᠭᠡ ᠲᠤᠰᠬᠤᠨ ᠤ ᠦᠷᠭᠦᠯᠵᠢ ᠰᠠᠭᠤᠭ᠎ᠠ ᠬᠦᠮᠦᠨ ᠠᠮᠠ᠂ ᠬᠦᠳᠡᠭᠡ ᠲᠤᠰᠬᠤᠨ ᠤ ᠰᠢᠪᠠᠷ ᠪᠠᠶᠢᠰᠢᠩ ᠰᠢᠪᠠᠷ ᠬᠡᠷᠡᠮ ᠶᠢ ᠦᠭᠡᠷᠡᠴᠢᠯᠡᠬᠦ᠂ ᠤᠰᠤ ᠴᠠᠬᠢᠯᠭᠠᠨ ᠨᠡᠪᠲᠡᠷᠡᠭᠦᠯᠬᠦ᠂ ᠵᠡᠭᠡᠯᠢ ᠭᠤᠳᠤᠮᠵᠢ ᠶᠢ ᠬᠠᠲᠠᠷᠠᠭᠤᠯᠵᠤ ᠳᠡᠪᠢᠰᠬᠦ ᠵᠡᠷᠭᠡ ᠡᠯ᠎ᠡ ᠲᠦᠷᠦᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢ  ᠬᠠᠮᠤᠷᠠᠵᠦ᠂ ᠬᠦᠳᠡᠭᠡ ᠲᠤᠰᠬᠤᠨ ᠤ ᠳᠦᠷᠢ ᠳᠦᠷᠬᠦ ᠨᠢ ᠶᠡᠭᠡ ᠪᠠᠷ ᠬᠤᠪᠢᠷᠠᠭᠰᠠᠨ ᠪᠠᠶᠢᠨ᠎ᠠ᠃           ︵ᠲᠠᠪᠤ︶ ᠯᠠᠪᠳᠠᠭᠤᠨ ᠪᠤᠳᠠᠲᠠᠢ ᠪᠠᠷ ᠬᠦᠨᠳᠦ  ᠴᠢᠬᠤᠯᠠ ᠬᠦᠷᠢᠶᠡᠨ ᠳᠠᠬᠢ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠷᠭᠦᠯᠵᠢᠯᠡᠨ ᠬᠦᠭᠵᠢᠬᠦ ᠳᠤ ᠠᠮᠢᠵᠢᠷᠠᠯ ᠬᠦᠴᠦᠨ ᠢ ᠤᠯᠭᠤᠵᠠᠢ        ᠰᠢᠶᠠᠨ ᠤ ᠳᠡᠰ ᠤᠨ ᠡᠷᠬᠡ ᠪᠠ ᠡᠭᠦᠷᠭᠡ ᠶᠢᠨ ᠵᠢᠭᠰᠠᠭᠠᠯᠲᠠ‌‍ᠪᠠ ᠵᠠᠭᠤᠴᠢ ᠦᠢᠯᠡᠴᠢᠯᠡᠯ ᠶᠢᠨ ᠬᠠᠮᠢᠶ᠎ᠠ ᠪᠦᠬᠦᠢ ᠠᠭᠤᠯᠭ᠎ᠠ ᠶᠢᠨ ᠵᠢᠭᠰᠠᠭᠠᠯᠲᠠ ᠶᠢ ᠵᠤᠬᠢᠶᠠᠵᠤ ᠳᠠᠭᠤᠰᠪᠠ᠃ ᠠᠯᠪᠠᠲᠠᠨ ᠤ ᠠᠵᠢᠯ ᠤᠨ ᠪᠠᠶᠢᠷᠢ ᠵᠢᠴᠢ ᠠᠵᠢᠯ  ᠤᠨ ᠲᠤᠰᠢᠶᠠᠯ ᠪᠠ ᠬᠡᠷᠬᠢᠮ ᠬᠠᠮᠲᠤᠥᠨᠬᠠᠬᠤ ᠠᠵᠢᠯ ᠢ ᠭᠠᠷᠳᠠᠨ ᠬᠢᠬᠦ ᠶᠢᠨ ᠬᠠᠮᠲᠦ ᠠᠯᠪᠠᠨ ᠪᠠᠶᠢᠭᠤᠯᠭ᠎ᠠ ᠶᠢᠨ  ᠨᠠᠰᠤᠵᠢᠯ ᠤᠨ ᠳᠠᠭᠠᠥᠨᠬᠠᠯ ᠳᠤ ᠦᠭᠡᠷᠡᠴᠢᠯᠡᠯᠲᠡ  ᠬᠢᠵᠠᠢ᠃ ᠠᠯᠪᠠᠨ ᠤ ᠲᠡᠷᠭᠡᠨ ᠤ ᠳᠦᠷᠢᠮ ᠲᠤᠭᠲᠠᠭᠠᠯ ᠳᠤ ᠦᠭᠡᠷᠡᠴᠢᠯᠡᠯᠲᠡ ᠬᠢᠬᠦ ᠠᠵᠢᠯ ᠦᠷᠭᠦᠯᠵᠢᠯᠡᠨ ᠲᠤᠭᠲᠠᠭᠤᠨ ᠢᠶᠠᠷ  ᠶᠠᠪᠤᠭᠳᠠᠵᠠᠢ᠃ ᠬᠤᠲᠠ ᠶᠢᠨ ᠰᠠᠭᠤᠭᠠᠯᠢ ᠠᠷᠠᠥᠨ  ᠤᠨ ᠡᠮ ᠡᠮᠨᠡᠯᠭᠡ ᠶᠢᠨ ᠳᠠᠭᠠᠥᠨᠬᠠᠯ ᠶᠢᠨ ᠳᠦᠷᠢᠮ ᠢ ᠨᠢᠭᠡᠳᠦᠯᠲᠠᠢ ᠪᠤᠯᠭᠠᠬᠤ᠂ ᠡᠮ ᠡᠮᠨᠡᠯᠭᠡ ᠶᠢᠨ ᠳᠠᠭᠠᠥᠨᠬᠠᠯ ᠪᠦᠬᠦᠨ ᠢ ᠬᠠᠮᠤᠷᠠᠬᠤ ᠵᠡᠷᠭᠡ ᠠᠵᠢᠯ ᠢ ᠬᠢᠵᠠᠢ᠃  ︽ᠬᠤᠳᠠᠯᠳᠤᠭ᠎ᠠ ᠦᠢᠯᠡᠴᠢᠯᠭᠡᠨ ᠤ ᠲᠠᠳᠠᠪᠤᠷᠢ ᠶᠢ  ᠨᠡᠮᠡᠭᠳᠡᠯ ᠤᠨ ᠲᠠᠲᠠᠪᠤᠷᠢ ᠪᠤᠯᠭᠠᠨ ᠦᠭᠡᠷᠡᠴᠢᠯᠡᠬᠦ︾ ᠶᠢ  ᠪᠦᠬᠦ ᠲᠠᠯ᠎ᠠ ᠪᠠᠷ ᠳᠠᠭᠤᠰᠬᠠᠵᠤ᠂ ᠶᠡᠷᠦᠩᠬᠡᠶᠢᠯᠡᠭᠰᠡᠨ ᠭᠠᠶᠢᠯᠢ ᠲᠠᠲᠠᠪᠤᠷᠢ  ᠶᠢ ᠵᠠᠰᠠᠬᠤ ᠲᠠᠪᠴᠠᠩ ᠢ‌ᠠᠰᠢᠭᠯᠠᠨ ᠬᠡᠷᠡᠭᠯᠡᠵᠠᠢ᠃ ᠪᠡᠯᠡ ᠤᠷᠤᠭᠤᠯᠬᠤ ᠪᠠ ᠪᠡᠯᠡ ᠴᠤᠭᠯᠠᠭᠤᠯᠬᠤ ᠲᠠᠪᠴᠠᠩ ᠶᠢᠨ ᠪᠠᠶᠢᠭᠤᠯᠤᠯᠲᠠ ᠶᠢ ᠲᠦᠷᠭᠡᠯᠡᠨ ᠬᠢᠵᠦ᠂ ᠤᠯᠤᠰ ᠤᠨ ᠦᠮᠴᠢᠯᠡᠯᠲᠦ ᠺᠤᠮᠫᠠᠨᠢ 6 ᠳᠤ ᠬᠦᠷᠴᠦ᠂ ᠲᠠᠷᠢᠶᠠᠯᠠᠬᠤ ᠮᠠᠯᠵᠢᠬᠤ ᠠᠵᠦ ᠦᠢᠯᠡᠰ ᠤᠨ ᠰᠠᠭᠤᠷᠢ ᠮᠦᠡᠭᠭᠦ᠂ ᠶᠠᠳᠠᠭᠤ ᠡᠴᠠ‌ᠠᠩᠭᠢᠵᠢᠷᠠᠬᠤ ᠰᠠᠭᠤᠷᠢ ᠮᠦᠡᠭᠭᠦ ᠶᠢ ᠪᠠᠶᠢᠭᠤᠯᠤᠨ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠶᠡᠭᠡ ᠪᠠᠷ ᠨᠡᠮᠡᠭᠳᠡᠭᠰᠡᠨ ᠪᠠᠶᠢᠨ᠎ᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠤᠷᠴᠢᠨ‌‍ᠲ᠋ᠤᠭᠤᠷᠢᠨ ᠢ ᠦᠭᠡᠷᠡᠴᠢᠯᠡᠨ ᠰᠠᠶᠢᠵᠢᠷᠠᠭᠤᠯᠬᠤ᠂ ᠦᠨᠳᠦᠰᠦᠨ ᠰᠠᠭᠤᠷᠢ ᠲᠦᠭᠦᠭᠡᠷᠦᠮᠵᠢ  ᠶᠢᠨ ᠪᠦᠲᠦᠭᠡᠨ ᠪᠠᠶᠢᠭᠤᠯᠤᠯᠲᠠ   ᠶᠢᠨ ᠪᠠᠲᠤᠯᠠᠭ᠎ᠠ ᠵᠡᠷᠭᠡ ᠬᠦᠷᠢᠶ᠎ᠡ ᠴᠠᠷ᠎ᠠ ᠳᠤ ᠪᠤᠳᠠᠲᠠᠢ ᠠᠵᠢᠯᠯᠠᠵᠤ ᠪᠠᠶᠢᠬᠤPPP ᠢᠨᠵᠢᠨᠧᠷᠢᠩ6 ᠪᠠᠶᠢᠵᠦ᠂ ᠪᠦᠬᠦ ᠪᠡᠯᠡ‌ᠤᠷᠤᠭᠤᠯᠤᠯᠲᠠ‌ᠨᠢ21.5ᠳ᠋ᠦᠩᠰᠢᠭᠤᠷ ᠲᠦᠬᠦᠷᠢᠭ ᠬᠦᠷᠴᠠᠢ᠃ ᠠᠵᠦ ᠠᠬᠤᠶᠢᠯᠠᠯ ᠤᠨ ︽ᠲᠠᠪᠤᠨ ᠦᠨᠡᠮᠯᠡᠬᠦ ᠵᠢ‌ᠨᠢᠭᠡ  ᠪᠤᠯᠭᠠᠬᠤ︾  ᠂ ᠬᠤᠪᠢ ᠶᠢᠨ ᠠᠵᠤ ᠠᠬᠤᠶᠢᠯᠲᠠᠨ ᠤ ︽ᠬᠤᠶᠠᠷ ᠦᠨᠡᠮᠯᠡᠬᠦ ᠶᠢ ᠨᠢᠭᠡ ᠪᠤᠯᠭᠠᠬᠤ  ︾ ᠵᠡᠷᠭᠡ ᠶᠢ ᠬᠡᠷᠡᠭᠵᠢᠭᠦᠯᠵᠠᠢ᠃  ᠬᠡᠪᠲᠡᠭᠡ ᠪᠤᠳᠠᠲᠤ  ᠬᠦᠷᠦᠩᠭᠡ ᠶᠢ ᠳᠠᠭᠰᠠᠯᠠᠬᠤ᠂ ᠤᠯᠠᠨ‌ᠦᠨᠡᠮᠯᠡᠬᠦ ᠶᠢ  ᠨᠢᠭᠡᠥᠨᠬᠡᠬᠦ ᠶᠢ ᠪᠡᠶᠡᠯᠭᠦᠯᠵᠤ᠂ ᠰᠦᠯᠵᠢᠶᠡᠨ ᠳᠡᠭᠡᠷ᠎ᠠ ᠬᠢᠨᠠᠨ ᠰᠢᠯᠭᠠᠨ᠎ᠠ᠃ ︽ᠬᠤᠤᠰ ᠲᠠᠰᠢᠷᠠᠮ ᠨᠢᠭᠡ ᠢᠯᠡ ᠨᠡᠶᠢᠲᠡᠯᠡᠬᠦ︾ ᠠᠵᠢᠯ ᠢ ᠬᠢᠵᠦ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠬᠡᠷᠡᠭ ᠤᠨ ᠳᠤᠮᠳᠠ ᠪᠠ ᠰᠡᠭᠦᠯ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠥᠨᠬᠠᠵᠠᠢ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠴᠢᠯᠠᠨ ᠡᠵᠡᠩᠨᠡᠬᠦ ᠡᠷᠬᠡ ᠳᠤᠳᠤᠷᠬᠠᠢ ᠪᠤᠯᠭᠠᠬᠤ ᠳ᠋ᠥ‌ᠦᠨᠡᠮᠯᠡᠬᠦ ᠭᠠᠷᠳᠠᠭᠤᠯᠬᠤ  ᠪᠠ ᠨᠤᠲᠤᠭ ᠪᠡᠯᠴᠢᠭᠡᠷ  ‍ᠤᠨ‌ᠡᠷᠬᠡ ᠶᠢ ᠳᠤᠳᠤᠷᠬᠠᠢ ᠪᠤᠯᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠠᠢ᠃ ᠤᠯᠤᠰ ᠤᠨ ᠦᠮᠴᠢᠯᠡᠲᠦ ᠰᠢᠭᠤᠲᠤ ᠤᠷᠤᠨ ᠪᠠ ᠪᠠᠭ᠎ᠠ ᠬᠡᠪᠴᠢᠶᠡᠨ ᠤ ᠤᠰᠤᠨ ᠠᠰᠢᠭᠯᠠᠲᠠ ᠶᠢᠨ ᠰᠢᠰᠲ᠋ᠧᠮ ᠤᠨ ᠬᠠᠮᠢᠶᠠᠷᠠᠬᠤ ᠲᠤᠭᠲᠠᠴᠠ   ᠶᠢᠨ ᠦᠭᠡᠷᠡᠴᠢᠯᠡᠯᠲᠡ‌ᠡᠷᠴᠢᠮᠲᠠᠢ ᠶᠠᠪᠤᠭᠳᠠᠵᠠᠢ᠃ ᠰᠢᠶᠠᠨ᠂ ᠰᠢᠶᠠᠩ᠂ ᠳᠤᠰᠬᠤᠨ ᠭᠤᠷᠪᠠᠨ ᠳᠡᠰ ᠤᠨ ᠠᠷᠠᠥᠨ‌‍ᠲ᠋ᠣ ᠳᠦᠭᠦᠮ  ᠦᠵᠡᠭᠦᠯᠬᠦ ᠦᠢᠯᠡᠴᠢᠯᠭᠡᠨ ᠤ ᠲᠤᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠠᠩᠬ᠎ᠠ ᠠᠯᠬᠤᠮ‌ᠤᠯᠠᠨ ᠲᠦᠮᠡᠨ ᠭᠡᠷ‌‍ᠲ᠋ᠡᠭᠡᠨ ᠠᠰᠠᠭᠤᠳᠠᠯ ᠢᠶᠠᠨ ᠰᠢᠢᠥᠨᠪᠦᠷᠢᠯᠡᠬᠦ ᠶᠢ  ᠪᠡᠶᠡᠯᠡᠭᠦᠯᠵᠢ᠃         ︵ ᠵᠢᠷᠭᠤᠭ᠎ᠠ︶ ᠪᠦᠬᠦ ᠬᠦᠴᠦ ᠪᠠᠷ ᠠᠷᠠᠥᠨ ᠤᠨ ᠠᠮᠢᠳᠤᠷᠠᠯ   ᠳᠤ ᠪᠠᠲᠤᠯᠠᠭ᠎ᠠ  ᠬᠠᠨᠭ᠍ᠭᠠᠬᠤ ᠶᠢᠨ ᠬᠠᠮᠲᠦ ᠠᠮᠢᠳᠤᠷᠠᠯ   ᠢ   ᠨᠢ  ᠦᠭᠡᠷᠡᠴᠢᠯᠡᠨ᠂ ᠨᠡᠶᠢᠭᠡᠮ ᠤᠨ ᠠᠵᠢᠯ ᠦᠢᠯᠡᠰ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠥᠨᠬᠠᠬᠤ ᠳᠤ ᠬᠦᠴᠦ ᠪᠠᠨ ᠲᠠᠯᠪᠢᠵᠠᠢ         ᠨᠠᠷᠢᠨ‌ᠤᠨᠤᠪᠴᠢᠲᠠᠢ ᠪᠠᠷ ᠶᠠᠳᠠᠭᠤ ᠶᠢ ᠲᠡᠥᠨᠬᠦᠬᠦ   ᠪᠠᠷ ᠭᠤᠤᠯᠯᠠᠨ᠂ ︽ᠲᠤᠪᠤᠶᠤᠭ︾  ᠬᠡᠯᠪᠡᠷᠢ ᠶᠢᠨ ᠶᠠᠳᠠᠭᠤ ᠶᠢ ᠲᠡᠥᠨᠬᠦᠬᠦ ᠬᠡᠪ  ᠵᠠᠭᠪᠤᠷ ᠢ ᠦᠭᠡᠷᠡᠴᠢᠯᠡᠨ᠂3 ᠶᠡᠭᠡ  ᠲᠦᠷᠦᠯ ᠤᠨ29 ᠵᠦᠢᠯ ᠤᠨ ᠠᠵᠦ ᠦᠢᠯᠡᠰ   ᠢ ᠶᠠᠳᠠᠭᠤ ᠶᠢ ᠲᠡᠥᠨᠬᠦᠬᠦ ᠠᠵᠦ ᠦᠢᠯᠡᠰ ᠪᠤᠯᠭᠠᠭᠰᠠᠨ‌‍ᠪᠠᠶᠢᠨ᠎ᠠ᠃ ᠪᠡᠭᠡᠵᠢᠩ—ᠦᠪᠦᠷ ᠮᠤᠩᠭᠤᠯ᠂ ᠵᠦᠩ ᠬᠤᠸᠠ᠂ ᠳ᠋ᠤᠺᠲ᠋ᠤᠷ ᠶᠢᠨ ᠦᠢᠯᠡᠴᠢᠯᠡᠭᠡᠨ ᠤ ᠪᠦᠯᠬᠦᠮ ᠵᠢᠨ‌ᠬᠠᠮᠲᠤᠷᠤᠯᠴᠠᠭ᠎ᠠ ᠵᠡᠷᠭᠡ ᠨᠢᠭᠡ ᠨᠢᠭᠡ ᠶᠢᠨ ᠬᠠᠷᠭᠠᠯᠵᠢᠯᠠᠯ ᠪᠦᠬᠦᠢ ᠶᠠᠳᠠᠭᠤ ᠶᠢ ᠲᠡᠥᠨᠬᠦᠬᠦ ᠠᠷᠭ᠎ᠠ ᠠᠪᠴᠢᠯ ᠠᠪᠴᠤ᠂ ᠨᠡᠶᠢᠲᠡ 26 ᠶᠠᠳᠠᠭᠤ ᠲᠤᠰᠬᠤᠨ ᠤ 7259 ᠬᠦᠮᠦᠨ ᠢ ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠨ᠎ᠠ᠃  ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠠᠭᠤᠷᠢ  ᠲᠦᠬᠦᠭᠡᠷᠦᠮᠵᠢ ᠲᠡᠭᠦᠯᠳᠡᠷᠵᠢᠬᠦ ᠶᠢᠨ ᠬᠠᠮᠲᠦ ᠤᠯᠤᠰ ᠤᠨ ᠰᠢᠯᠭᠠᠯᠲᠠ ᠶᠢᠨ ᠬᠢᠷᠢ ᠪᠦᠲᠦᠮᠵᠢ ᠮᠡᠳᠡᠭᠳᠡᠬᠦᠶᠢᠴᠡ ᠳᠡᠭᠡᠭᠰᠢᠯᠡᠵᠦ᠂ ᠭᠤᠤᠯᠳᠠᠯᠭᠠᠲᠤ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠨᠤᠷᠮ᠎ᠠ ᠨᠢ ᠲᠡᠤᠬᠡ ᠶᠢᠨ ᠰᠢᠨ᠎ᠡ ᠬᠢᠷᠢ ᠲᠦᠪᠰᠢᠨ ᠳᠤ  ᠬᠦᠷᠴᠠᠢ᠃ ᠠᠵᠢᠯ ᠮᠡᠷᠭᠡᠵᠢᠯ ᠤᠨ ᠲᠦᠪ ᠪᠠ ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠰᠤᠷᠠᠭᠠᠭᠤᠯᠢ  ᠡᠷᠬᠢᠯᠡᠵᠠᠢ᠃  ᠬᠦᠳᠡᠭᠡ ᠲᠤᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠡᠷᠬᠢᠯᠡᠬᠦ ᠤᠷᠴᠢᠨ ᠲᠤᠭᠤᠷᠢᠨ   ᠤ ᠨᠦᠭᠦᠴᠡᠯ ᠢ ᠳᠡᠭᠡᠭᠰᠢᠯᠡᠭᠦᠯᠬᠦ ᠢᠨᠵᠢᠨᠧᠷᠢᠭ ᠪᠦᠬᠦ ᠲᠠᠯ᠎ᠠ ᠪᠠᠷ ᠡᠬᠢᠯᠡᠵᠦ᠂  ᠰᠤᠷᠭᠠᠭᠤᠯᠢ ᠶᠢᠨ ᠪᠠᠶᠢᠷᠢ ᠶᠢᠨ ᠭᠡᠷ ᠢ5806 ᠳᠦᠷᠪᠡᠯᠵᠢᠨ ᠮᠧᠲᠷ ᠵᠠᠰᠠᠨ ᠰᠢᠨᠡᠥᠨᠬᠡᠵᠦ᠂ ᠰᠢᠨ᠎ᠡ ᠪᠠᠷ  ᠪᠠᠶᠢᠭᠤᠯᠤᠭᠰᠠᠨ‌‍ᠪᠠᠭᠰᠢ ᠠᠵᠢᠯᠲᠠᠨ ᠤ ᠪᠠᠶᠢᠷᠢ ᠶᠢᠨ ᠲᠠᠯᠠᠪᠠᠢ ᠨᠢ7578ᠳᠦᠷᠪᠡᠯᠵᠢᠨ ᠮᠧᠲᠷ  ᠪᠠᠶᠢᠵᠦ ᠂ ᠡᠭᠦᠨ ᠤ ᠬᠠᠮᠲᠦ19 ᠬᠡᠰᠡᠭ ᠲᠠᠮᠢᠷ ᠤᠨ ᠲᠠᠯᠠᠪᠠᠢ ᠪᠦᠭᠦᠳᠡ13 ᠲᠦᠮᠡᠨ ᠳᠦᠷᠪᠡᠯᠵᠢᠨ ᠮᠧᠲᠷ   ᠳᠤ ᠬᠦᠷᠴᠠᠢ᠃ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠪᠦᠷᠢ ᠲᠠᠢ ᠬᠦᠭᠵᠢᠬᠦ ᠶᠢ ᠪᠠᠲᠤᠥᠨᠬᠠᠵᠤ᠂ ᠰᠤᠷᠭᠠᠨ ᠬᠦᠮᠦᠵᠢᠯ  ᠤᠨ ᠮᠡᠳᠡᠭᠡ ᠵᠠᠭᠭᠢᠴᠢᠯᠠᠬᠤ‌ᠢᠨᠵᠢᠨᠧᠷᠢᠭ ᠶᠢ ᠡᠬᠢᠯᠡᠨ ᠬᠡᠷᠡᠭᠵᠢᠭᠦᠯᠵᠠᠢ᠃ 4 ᠰᠠᠭᠤᠷᠢ ᠬᠡᠤᠬᠡᠥᠨ ᠤᠨ ᠴᠡᠴᠡᠷᠯᠢᠩ ᠶᠢ  ᠪᠠᠶᠢᠭᠤᠯᠵᠠᠢ᠃ ᠬᠦᠳᠡᠭᠡ ᠲᠤᠰᠬᠤᠨ ᠤ 3.5 ᠲᠦᠮᠡᠨ ᠬᠦᠳᠡᠯᠮᠦᠷᠢ ᠬᠦᠴᠦ ᠶᠢ  ᠰᠢᠯᠵᠢᠭᠦᠯᠦᠨ᠂ ᠬᠤᠲᠠ ᠶᠢᠨ ᠠᠵᠢᠯ ᠤᠨ ᠪᠠᠶᠢᠷᠢ   ᠳᠤ ᠨᠡᠮᠡᠭᠳᠡᠭᠰᠡᠨ ᠬᠦᠮᠦᠨ ᠤ ᠲᠤᠭ᠎ᠠ ᠨᠢ1770   ᠳᠤ ᠬᠦᠷᠴᠠᠢ᠃ ᠶᠠᠳᠠᠭᠤ ᠬᠦᠴᠢᠷᠳᠡᠯᠲᠠᠢ ᠬᠦᠮᠦᠰ ᠳᠤ ᠠᠵᠢᠯ  ᠤᠯᠭᠤᠬᠤ ᠦᠢᠯᠡᠴᠢᠯᠡᠭᠡ ᠶᠢᠨ ᠲᠦᠪ   ᠢ ᠡᠬᠢᠯᠡᠨ ᠪᠠᠶᠢᠭᠤᠯᠵᠠᠢ᠃ ᠨᠡᠶᠢᠭᠡᠮ ᠤᠨ ᠳᠠᠭᠠᠥᠨᠬᠠᠯ  ᠤᠨ ᠲᠢᠩᠬᠢᠮ ᠠᠰᠢᠭᠯᠠᠯᠲᠠ ᠳᠤ ᠤᠷᠤᠵᠤ᠂ ᠨᠡᠶᠢᠭᠡᠮ ᠤᠨ ᠳᠠᠭᠠᠥᠨᠬᠠᠯ   ᠤᠨ ᠬᠤᠷᠢᠶᠠᠬᠤ᠂ ᠰᠢᠯᠵᠢᠭᠦᠯᠬᠦ  ᠂ ᠲᠠᠷᠬᠬᠭᠠᠬᠤ ᠶᠢ ᠨᠢᠭᠡ ᠴᠤᠭᠴᠠᠵᠢᠯᠠᠬᠤ ᠦᠢᠯᠡᠴᠢᠯᠡᠭᠡ ᠶᠢ ᠬᠠᠨᠭ᠍ᠭᠠᠭᠰᠠᠨ ᠪᠠᠶᠢᠨ᠎ᠠ᠃ ᠶᠠᠳᠠᠭᠤᠴᠤᠤᠨ ᠤᠨ ᠲᠤᠭᠤᠷᠢᠭ  ᠢ ᠵᠠᠰᠠᠨ ᠰᠢᠨᠡᠥᠨᠬᠡᠬᠦ ᠠᠵᠢᠯ ᠤᠨ ᠠᠬᠢᠴᠠ ᠪᠠᠨ ᠲᠦᠷᠭᠡᠥᠬᠡᠵᠦ᠂1563 ᠡᠷᠦᠬᠡ ᠶᠢᠨ ᠵᠠᠰᠠᠨ ᠦᠭᠡᠷᠡᠴᠢᠯᠡᠬᠦ ᠠᠵᠢᠯ  ᠢ ᠡᠬᠢᠯᠡᠭᠦᠯᠵᠦ᠂805 ᠭᠡᠷ ᠬᠤᠳᠠᠯᠳᠤᠨ ᠠᠪᠴᠤ ᠲᠦᠪᠬᠢᠨᠡᠭᠦᠯᠬᠦ ᠳᠤ ᠬᠡᠷᠡᠭᠯᠡᠨ᠂110 ᠨᠡᠶᠢᠲᠡ   ᠶᠢᠨ ᠬᠡᠷᠡᠭᠯᠡᠭᠡᠨ  ᠤ ᠠᠰᠠᠷ ᠢ ᠪᠠᠷᠢᠵᠠᠢ᠃  ᠨᠠᠰᠤᠲᠠᠶᠢᠴᠤᠥᠨ ᠤᠨ ᠬᠦᠷᠢᠶᠡᠯᠡᠩ ᠤᠨ ᠪᠠᠷᠢᠯᠭ᠎ᠠ ᠳᠠᠭᠤᠰᠴᠤ ᠠᠰᠢᠭᠯᠠᠯᠲᠠ   ᠳᠤ ᠤᠷᠤᠵᠦ᠂ ᠰᠢᠨ᠎ᠡ ᠪᠠᠷ ᠪᠠᠶᠢᠭᠤᠯᠤᠭᠰᠠᠨ ᠬᠦᠳᠡᠭᠡ ᠲᠤᠰᠬᠤᠨ ᠤ ᠬᠠᠷᠢᠯᠴᠠᠨ ᠬᠠᠪᠰᠤᠷᠤᠬᠤ ᠵᠢᠷᠭᠠᠯᠠᠩᠲᠦ ᠬᠦᠷᠢᠶᠡᠯᠡᠩ ᠶᠢ24 ᠰᠠᠭᠤᠷᠢ ᠳᠤ ᠬᠦᠷᠴᠠᠢ᠃ ᠬᠢᠲᠠᠥᠨ ᠮᠤᠩᠭᠤᠯ ᠡᠮᠨᠡᠯᠭᠡ ᠶᠢᠨ ᠬᠤᠷᠢᠶ᠎ᠠ ᠪᠠ ᠵᠡᠮᠳᠡᠭᠴᠤᠥᠨ ᠢ‌ᠡᠷᠡᠭᠦᠯᠵᠢᠭᠦᠯᠬᠦ ᠲᠦᠪ ᠤᠨ ᠰᠢᠨ᠎ᠡ ᠰᠠᠭᠤᠷᠢ ᠳᠤ ᠰᠢᠯᠵᠢᠬᠦ ᠢᠨᠵᠢᠨᠧᠷᠢᠩ ᠡᠬᠢᠯᠡᠵᠦ᠂ ᠰᠢᠨ᠎ᠡ ᠪᠠᠷ ᠪᠠᠷᠢᠭᠰᠠᠨ ᠪᠠ ᠦᠷᠭᠡᠥᠨᠬᠡᠨ ᠪᠠᠶᠢᠭᠤᠯᠤᠭᠰᠠᠨ‌‍ᠰᠢᠶᠠᠩ  ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 4 ᠰᠠᠭᠤᠷᠢ   ᠳᠤ ᠬᠦᠷᠴᠠᠢ ᠃ ᠬᠤᠲᠠ ᠬᠦᠳᠡᠭᠡ ᠶᠢᠨ  ᠤᠯᠠᠨ ᠨᠡᠶᠢᠲᠡ ᠶᠢᠨ  ᠰᠤᠶᠤᠯ ᠪᠤᠯᠪᠠᠰᠤᠷᠠᠯ᠂ ᠪᠦᠬᠦ ᠠᠷᠠᠥᠨ ᠤᠨ ᠪᠡᠶ᠎ᠡ ᠪᠤᠯᠪᠠᠰᠤᠷᠠᠯ  ᠤᠨ ᠬᠦᠳᠡᠯᠭᠡᠭᠡᠨ ᠶᠢ ᠦᠷᠨᠢᠭᠦᠯᠵᠦ᠂ ᠨᠡᠶᠢᠭᠡᠮ ‍ᠤᠨ‌ᠠᠪᠤᠷᠠᠨ  ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠠᠢ᠃ ᠬᠤᠲᠠ ᠪᠠᠯᠭᠠᠰᠤᠨ ᠤ ᠤᠷᠴᠢᠨ ᠲᠤᠭᠤᠷᠢᠨ ᠤ ᠶᠡᠷᠤᠩᠬᠡᠶᠢᠯᠡᠭᠰᠡᠨ ᠬᠠᠮᠢᠶᠠᠷᠤᠯᠲᠠ ᠪᠠᠨ ᠴᠢᠩᠭᠠᠥᠨᠬᠠᠵᠦ᠂ ᠲᠤᠷ᠎ᠠ ᠲᠠᠪᠠ ᠪᠠᠷ ᠠᠯᠠᠵᠤ  ᠨᠢᠳᠦᠯᠡᠬᠦ᠂ ᠳᠤᠷ᠎ᠠ ᠪᠠᠷ ᠪᠤᠰᠬᠠᠵᠤ ᠪᠠᠷᠢᠬᠤ᠂ ᠬᠤᠲᠠ ᠶᠢᠨ ᠤᠷᠤᠵᠦ ᠭᠠᠷᠬᠤ ᠶᠢ  ᠶᠡᠷᠦᠩᠬᠡᠶᠢᠯᠡᠨ ᠴᠡᠭᠴᠡᠯᠡᠬᠦ ᠵᠡᠷᠭᠡ ᠬᠦᠳᠡᠯᠭᠡᠭᠡᠨ ᠨᠢ ᠠᠩᠬ᠎ᠠ ᠠᠯᠬᠤᠮ ᠠᠮᠵᠢᠯᠲᠠ ᠤᠯᠪᠠ᠃  ᠪᠤᠯᠪᠠᠰᠤᠨ ᠬᠤᠲᠠ  ᠶᠢᠨ ᠲᠠᠪᠲᠠᠨ ᠰᠢᠯᠠᠭᠠᠯᠲᠠ‌ᠨᠢ‌ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠯᠭᠠᠯᠲᠠ ᠶᠢ ᠦᠡᠭᠭᠡᠷᠡᠭᠡᠪᠠ᠃ ᠪᠦᠬᠦ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠢᠭᠦᠷᠢ ᠲᠠᠢ ᠬᠦᠭᠵᠢᠯᠲᠡ ᠶᠢᠨ ᠶᠠᠰᠤ ᠴᠢᠨᠠᠷ ᠤᠨ ᠬᠢᠨᠠᠨ ᠰᠢᠯᠭᠠᠯᠲᠠ ᠶᠢᠨ ᠰᠢᠯᠢᠳᠡᠭ ᠵᠤᠬᠢᠶᠠᠨ ᠪᠠᠶᠢᠭᠤᠯᠤᠭᠰᠠᠨ ᠪᠠᠶᠢᠭᠤᠯᠭ᠎ᠠ ᠨᠢᠭᠡᠴᠡ᠂ ᠪᠦᠬᠦ ᠤᠯᠤᠰ  ᠤᠨ ᠰᠢᠨᠵᠢᠯᠡᠭᠡ ᠮᠡᠷᠭᠡᠵᠢᠯ   ᠢ ᠲᠦᠭᠡᠮᠯᠵᠢᠭᠦᠯᠬᠦ ᠠᠩᠬᠠᠨ ᠤ ᠵᠢᠱᠢᠶᠡᠴᠢ ᠰᠢᠶᠠᠨ᠂ ᠪᠦᠬᠦ ᠤᠯᠤᠰ ᠤᠨ ᠲᠦᠯᠦᠪᠯᠡᠭᠡᠲᠦ ᠦᠷᠡᠵᠢᠯ ᠤᠨ ᠦᠢᠯᠴᠢᠯᠡᠭᠡᠨ ᠤ ᠲᠡᠷᠢᠭᠦᠨ ᠤ ᠰᠢᠶᠠᠨ᠂ ᠪᠦᠬᠦ ᠤᠷᠤᠨ ᠤ ᠲᠤᠰᠬᠤᠨ ᠤ ᠬᠠᠮᠲᠦ ᠶᠢᠨ ᠠᠵᠤ ᠠᠬᠤᠢ  ᠶᠢ ᠬᠦᠭᠵᠢᠭᠦᠯᠵᠦ ᠪᠤᠵᠠᠭᠠᠶᠢᠷᠠᠭᠤᠯᠬᠤ ᠲᠤᠷᠰᠢᠯᠲᠠ ᠶᠢᠨ ᠰᠢᠶᠠᠨ ᠵᠡᠷᠭᠡ  ᠢᠷᠠᠭᠤ ᠠᠯᠳᠠᠷ ᠢ ᠤᠯᠤᠭᠰᠠᠨ ᠪᠠᠶᠢᠨ᠎ᠠ᠃ ᠲᠠᠩᠰᠠ ᠡᠪᠬᠡᠮᠡᠯ  ᠂ ᠴᠠᠭ ᠠᠭᠤᠷ᠂ ᠠᠷᠡᠳ ᠤᠨ ᠠᠭᠠᠷ ᠤᠨ ᠰᠡᠷᠬᠡᠶᠢᠯᠡᠯᠳᠡ᠂ ᠭᠠᠵᠠᠷ ᠬᠦᠳᠡᠯᠦᠯᠲᠡ᠂ ᠡᠨᠡᠷᠢᠭᠭᠦᠢ ᠦᠢᠯᠡᠰ᠂  ᠤᠯᠠᠭᠠᠨ ᠵᠠᠭᠠᠯᠮᠠᠶᠢᠳᠤ ᠶᠢᠨ ᠨᠡᠶᠢᠬᠡᠮᠯᠢᠭ᠂ ᠨᠠᠰᠦᠲᠠᠨ ᠤ ᠠᠰᠠᠷᠠᠮᠵᠢ  ᠂ ᠡᠬᠡ ᠨᠢᠯᠬᠠᠰ  ᠪᠠ ᠦᠨᠳᠦᠰᠦᠲᠡᠨ ᠤ ᠱᠠᠰᠢᠨ ᠰᠤᠷᠲᠠᠬᠤᠨ ᠵᠡᠷᠭᠡ ᠲᠠᠯ᠎ᠠ ᠶᠢᠨ ᠠᠵᠢᠯ ᠪᠦᠬᠦᠳᠡ ᠰᠢᠨ᠎ᠡ ᠠᠮᠵᠢᠯᠲᠠ ᠤᠯᠵᠠᠢ᠃      ᠨᠢᠭᠡ ᠵᠢᠯ ᠤᠨ ᠲᠤᠷᠰᠢ᠂ ᠪᠢᠳᠡ ᠬᠠᠤᠯᠢ ᠶᠤᠰᠤᠭᠠᠷ ᠵᠠᠰᠠᠭ ᠶᠠᠪᠤᠭᠤᠯᠬᠤ᠂ ᠰᠢᠨᠵᠢᠯᠡᠬᠦ ᠤᠬᠠᠭᠠᠨᠴᠢ ᠪᠠᠷ ᠵᠠᠰᠠᠭ ᠢ  ᠬᠠᠮᠢᠶᠡᠷᠬᠤ᠂ ᠠᠷᠡᠳ ᠤᠨ ᠲᠦᠯᠦᠬᠡ ᠵᠠᠰᠠᠭ ᠶᠠᠪᠤᠭᠤᠯᠬᠤ ᠶᠢ ᠢᠮᠠᠭᠳᠠ ᠪᠠᠷᠢᠮᠳᠠᠯᠠᠵᠤ᠂ ᠵᠠᠰᠠᠭ ᠤᠨ ᠤᠷᠳᠤᠨ ᠤ ᠨᠡᠶᠢᠳᠡ ᠶᠢᠨ ᠢᠳᠡᠬᠡᠯ ᠪᠤᠯᠤᠨ ᠬᠡᠷᠡᠭᠵᠢᠬᠦᠯᠦᠯᠳᠡ ᠶᠢᠨ ᠬᠦᠴᠦᠨ ᠢᠶᠠᠨ ᠢᠯᠡᠳᠳᠡ ᠲᠡᠭᠡᠭᠰᠢᠯᠡᠬᠦᠯᠪᠡ᠃ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠲᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠭᠤᠤᠯ ᠲᠦᠯᠦᠪᠵᠢᠬᠦᠯᠬᠡ᠂ ᠴᠢᠬᠤᠯᠠ ᠬᠡᠷᠡᠭ ᠤᠴᠢᠷ᠂ ᠶᠡᠭᠡ ᠬᠡᠮᠵᠢᠶᠡᠨ ᠤ ᠵᠠᠷᠤᠳᠠᠯ ᠵᠢᠴᠢ ᠡᠳ᠋ ᠤᠨ ᠵᠠᠰᠠᠭ ᠤᠨ ᠲᠦᠰᠦᠪ ᠪᠤᠯᠤᠨ ᠲᠦᠰᠦᠪ ᠤᠨ ᠬᠦᠢᠴᠡᠳᠬᠡᠯ ᠢ ᠴᠦᠮ ᠰᠢᠶᠡᠨ  ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠳᠤ ᠲᠡᠪᠰᠢᠬᠦᠯᠵᠤ ᠬᠢᠨᠠᠨ ᠵᠦᠪᠯᠡᠬᠦᠯᠵᠤ ᠪᠠᠳᠤᠯᠠᠭᠤᠯᠤᠭᠰᠠᠨ ᠪᠠᠶᠢᠨ᠎ᠠ᠃ ᠰᠢᠶᠡᠨ ᠤ ᠤᠯᠤᠰ ᠲᠦᠷᠦ ᠶᠢᠨ ᠵᠦᠪᠯᠡᠯᠬᠡᠨ ᠤ ᠠᠷᠡᠳᠴᠢᠯᠠᠯ ᠤᠨ ᠬᠢᠨᠠᠯᠳᠠ ᠶᠢ ᠤᠬᠠᠮᠰᠡᠷ ᠠᠴᠠ ᠪᠠᠨ‌‍ᠬᠦ᠋ᠯᠢᠶᠡᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠦᠷᠬᠡᠨ ᠲᠡᠯᠬᠡᠷ ᠰᠤᠨᠤᠰᠪᠠ᠃  ᠲᠤᠰ ᠵᠢᠯ ᠳᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠲᠦᠯᠦᠬᠡᠯᠡᠭᠴᠢ ᠶᠢᠨ26 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ 35 ᠬᠤᠪᠢ ᠲᠤᠷᠡᠳᠤᠯᠭ᠎ᠠ ᠶᠢ ᠬᠠᠷᠢᠭᠤᠯᠤᠭᠰᠠᠨ ᠪᠠ ᠭᠦᠢᠴᠡᠥᠨᠬᠡᠵᠦ ᠬᠠᠨᠤᠮᠵᠢ ᠶᠢᠨ ᠪᠠᠶᠢᠳᠠᠯ ᠨᠢ100% ᠳᠤ ᠬᠦᠷᠴᠠᠢ᠃  ᠡᠳ᠋ ᠶᠢᠨ ᠵᠠᠰᠠᠭ  ᠤᠨ  ᠪᠡᠯᠡ  ᠮᠦᠡᠭᠭᠦᠨ ᠤ ᠬᠠᠮᠢᠶᠠᠷᠤᠯᠲᠠ ᠪᠠᠨ ᠴᠢᠩᠭᠠᠥᠨᠬᠠᠵᠦ᠂ ᠵᠠᠰᠠᠭ ᠤᠨ ᠤᠷᠳᠤᠨ ᠤ ᠬᠤᠳᠠᠯᠳᠤᠨ ᠠᠪᠬᠤ  ᠪᠠ ᠪᠡᠯᠡ ᠤᠷᠤᠭᠤᠯᠬᠤ ᠬᠢᠨᠠᠨ ᠰᠢᠯᠭᠠᠷᠠᠭᠤᠯᠬᠤ ᠶᠢ ᠤᠯᠠᠮ ᠪᠠᠷᠢᠮᠵᠢᠶᠠᠯᠩ  ᠪᠤᠯᠵᠦ᠂ ᠭᠤᠷᠪᠠᠨ ᠲᠦᠷᠦᠯ ᠤᠨ ᠵᠠᠷᠤᠳᠠᠯ ᠶᠢ ᠢᠳᠡᠪᠬᠢᠲᠠᠢ ᠪᠠᠷ ᠬᠢᠵᠠᠭᠠᠷᠯᠠᠵᠠᠢ᠃ ᠬᠤᠲᠠ ᠪᠠᠯᠭᠠᠰᠤ ᠨᠡᠶᠢᠭᠡᠮ ᠲᠤᠭᠤᠷᠢᠭ ᠤᠨ ︽ ᠲᠤᠤᠷᠵᠢᠯ ᠤᠨ ᠬᠡᠯᠪᠡᠷᠢ︾ ᠶᠢᠨ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠬᠤᠲᠠ ᠶᠢᠨ ᠬᠦᠳᠡᠭᠡ ᠲᠤᠰᠬᠤᠨ ᠤ ᠨᠡᠶᠢᠭᠡᠮ  ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠪᠤᠯᠤᠭᠰᠠᠨ ᠪᠠᠶᠢᠨ᠎ᠠ᠃ ︽ᠳᠤᠯᠤᠭ᠎ᠠ ᠲᠠᠪᠤ︾ ᠬᠠᠤᠯᠢ ᠶᠢ ᠰᠤᠷᠲᠠᠯᠴᠢᠯᠠᠬᠤ  ᠬᠦᠳᠡᠯᠭᠡᠭᠡᠨ ᠡᠬᠢᠯᠡᠨ ᠶᠠᠪᠤᠭᠳᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠬᠢᠨᠠᠨ ᠡᠵᠡᠮᠳᠡᠬᠦ    ᠲᠦᠬᠦᠭᠡᠷᠦᠮᠵᠢ ᠶᠢ ᠡᠬᠢᠯᠡᠵᠦ ᠤᠭᠰᠠᠷᠠᠨ᠂ ᠵᠠᠬᠢᠳᠠᠯ ᠰᠤᠷᠪᠤᠯᠵᠢᠯᠠᠯᠭ᠎ᠠ ᠪᠠ ᠬᠠᠤᠯᠢ ᠳᠤ ᠨᠡᠶᠢᠴᠡᠬᠦ ᠦᠭᠡᠢ ᠵᠠᠬᠢᠳᠠᠯ ᠰᠤᠷᠪᠤᠯᠵᠢᠯᠠᠯᠭ᠎ᠠ ᠶᠢᠨ ᠲᠤᠭ᠎ᠠ ᠨᠢ ᠮᠡᠳᠡᠭᠳᠡᠬᠦᠶᠢᠴᠡ ᠪᠠᠭᠤᠷᠠᠭᠰᠠᠨ ᠪᠠᠶᠢᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠪᠠ ᠢᠳᠡᠭᠡᠨ ᠡᠮ‌‍ᠤᠨ  ᠬᠢᠨᠠᠯᠲᠠ ᠲᠠᠯᠪᠢᠬᠤ ᠬᠦᠴᠦᠯᠡᠴᠡ ᠪᠠᠨ ᠴᠢᠩᠭᠠᠥᠨᠬᠠᠵᠦ᠂ ᠠᠷᠠᠥᠨ ᠤᠯᠠᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠬᠠᠮᠠᠭᠠᠯᠭᠰᠠᠨ ᠪᠠᠶᠢᠨ᠎ᠠ᠃  ᠠᠶᠤᠯ ᠦᠭᠡᠢ ᠦᠢᠯᠡᠥᠨᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠠᠶᠢᠷᠢᠯᠠᠭᠤᠯᠵᠦ᠂ᠠᠶᠤᠯ ᠦᠭᠡᠢ ᠦᠢᠯᠡᠥᠨᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠲᠤᠭᠲᠠᠭᠠᠨ᠂ ᠪᠦᠬᠦ ᠲᠠᠯ᠎ᠠ ᠶᠢᠨ ᠪᠦᠭᠡᠥᠨ ᠪᠦᠬᠦ ᠬᠦᠷᠢᠶ᠎ᠡ ᠴᠠᠷ᠎ᠠ   ᠳᠤ ᠪᠦᠬᠦ ᠲᠠᠯ᠎ᠠ ᠶᠢᠨ ᠠᠮᠥᠷ ᠲᠦᠪᠰᠢᠨ ᠤ ᠶᠡᠭᠡ  ᠪᠠᠶᠢᠴᠠᠭᠠᠨ ᠴᠡᠭᠴᠡᠯᠡᠯᠲᠡ‌‍ᠬᠢᠵᠦ᠂ ᠪᠦᠬᠦ ᠵᠢᠯ  ᠳᠤ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠃        ᠲᠦᠯᠦᠬᠡᠯᠡᠭᠴᠢᠳ ᠡ︕  ᠨᠢᠭᠡ ᠵᠢᠯ ᠤᠨ ᠪᠦᠯᠬᠦᠮᠳᠡᠯ ᠲᠡᠮᠡᠴᠡᠯ ᠢᠶᠠᠷ ᠲᠠᠮᠵᠢᠭᠠᠳ ᠯᠢᠨᠰᠢ ᠰᠢᠶᠠᠨ ᠤ ᠠᠵᠤ ᠠᠬᠤᠢ ᠨᠡᠶᠢᠬᠡᠮ ᠤᠨ ᠬᠦᠭᠵᠢᠯᠳᠡ ᠦᠷ᠎ᠡ ᠪᠦᠳᠤᠭᠡᠯ ᠢᠶᠠᠷ ᠪᠢᠯᠬᠠᠵᠤ᠂ ᠠᠷᠡᠳ ᠲᠦᠮᠡᠨ ᠠᠮᠤᠷ ᠲᠠᠶᠢᠪᠤᠩ ᠠᠵᠤ ᠲᠦᠷᠦᠨ᠂ ᠨᠡᠶᠢᠬᠡᠮ ᠡᠶ᠎ᠡ ᠵᠤᠬᠢᠴᠠᠯ ᠲᠠᠢ ᠲᠤᠭᠳᠠᠭᠤᠨ ᠰᠠᠶᠢᠬᠠᠨ ᠪᠠᠶᠢᠨ᠎ᠠ᠃ ᠡᠨᠡ ᠨᠢ ᠰᠢᠶᠡᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠶᠢᠨ ᠦᠷ᠎ᠡ ᠪᠦᠳᠤᠬᠡᠯ ᠮᠥᠨ᠂ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ᠂ ᠰᠢᠶᠡᠨ ᠤ ᠤᠯᠤᠰ ᠲᠦᠷᠦ ᠶᠢᠨ ᠵᠦᠪᠯᠡᠯᠬᠡᠨ  ᠤ ᠬᠦᠴᠤᠳᠠᠢ ᠲᠡᠮᠵᠢᠯᠬᠡ ᠶᠢᠨ ᠦᠷ᠎ᠡ ᠪᠦᠳᠤᠭᠡᠯ ᠮᠥᠨ᠂ ᠪᠦᠬᠦ ᠰᠢᠶᠡᠨ ᠤ ᠦᠨᠳᠤᠰᠤᠳᠡᠨ ᠨᠦᠭᠦᠳ ᠤᠨ ᠠᠷᠡᠳ ᠲᠦᠮᠡᠨ ᠤ ᠤᠶᠤᠨ ᠤᠬᠠᠭᠠᠨ ᠪᠠ ᠬᠦᠴᠤᠨ ᠴᠢᠳᠠᠯ ᠤᠨ ᠨᠢᠭᠳᠠᠷᠡᠯ ᠤᠨ ᠦᠷ᠎ᠡ ᠪᠦᠳᠤᠭᠡᠯ ᠮᠥᠨ᠃ ᠠᠳᠡ ᠪᠢ᠂ ᠰᠢᠶᠡᠨ ᠤ ᠠᠷᠡᠳ ᠤᠨ ᠵᠠᠰᠠᠭ ᠤᠨ ᠤᠷᠳᠤᠨ ᠢ ᠲᠦᠯᠦᠬᠡᠯᠡᠵᠤ  ᠂ ᠪᠦᠬᠦ ᠰᠢᠶᠡᠨ ᠤ ᠦᠨᠳᠤᠰᠤᠳᠡᠨ ᠨᠦᠭᠦᠳ ᠤᠨ ᠠᠷᠡᠳ ᠲᠦᠮᠡᠨ᠂ ᠡᠯ᠎ᠡ ᠠᠵᠢᠯ ᠤᠨ ᠹᠷᠤᠨᠲ ᠲᠡᠭᠡᠷ᠎ᠡ ᠭᠠᠪᠰᠢᠭᠠᠶᠢᠯᠠᠨ ᠠᠵᠢᠯᠯᠠᠵᠤ ᠪᠠᠶᠢᠭ᠎ᠠ ᠪᠡᠯᠡ ᠤᠷᠤᠭᠤᠯᠤᠭᠴᠢᠳ᠂ ᠪᠦᠳᠤᠭᠡᠨ ᠪᠠᠶᠢᠭᠤᠯᠤᠭᠴᠢᠳ᠂ ᠠᠵᠢᠯ ᠠᠴᠠ ᠪᠠᠨ ᠰᠠᠯᠤᠭᠰᠠᠨ ᠪᠠ ᠨᠠᠰᠤᠨ ᠤ ᠠᠮᠠᠷᠠᠯᠳᠠ ᠪᠠᠨ ᠠᠪᠤᠭᠰᠠᠨ ᠠᠬᠠᠮᠠᠳ ᠨᠦᠬᠦᠳ ᠪᠤᠯᠤᠨ ᠯᠢᠨᠰᠢ ᠰᠢᠶᠡᠨ ᠤ ᠬᠦᠭᠵᠢᠯᠳᠡ ᠬᠤᠪᠢᠷᠠᠯᠳᠠ ᠶᠢ ᠬᠠᠯᠠᠮᠵᠢᠯᠠᠨ ᠲᠡᠮᠵᠢᠵᠤ ᠪᠠᠶᠢᠭ᠎ᠠ ᠡᠯ᠎ᠡ ᠡᠳᠡᠭᠡᠳ ᠤᠨ ᠨᠠᠶᠢᠵᠠ ᠨᠠᠷ ᠲᠠᠭᠠᠨ ᠦᠨᠡᠨᠴᠢ ᠲᠠᠯᠠᠷᠬᠠᠯ ᠢᠶᠠᠨ ᠲᠡᠪᠰᠢᠬᠦᠯᠦᠶ᠎ᠡ︕        ᠶᠠᠷᠢᠶᠠᠨ ᠦᠭᠡᠢ᠂ ᠦᠬᠡᠷᠡᠴᠢᠯᠠᠯᠳᠡ ᠶᠢᠨ ᠵᠠᠮ ᠳᠤ ᠪᠢᠳᠡ ᠮᠠᠰᠢ ᠤᠯᠠᠨ ᠬᠦᠴᠢᠷᠳᠡᠯ ᠪᠤᠯᠤᠨ ᠦᠷᠢᠰᠤᠯᠳᠤᠭᠡᠨ ᠲᠤᠯᠭᠠᠷᠠᠵᠤ ᠪᠠᠶᠢᠨ᠎ᠠ᠄ ᠬᠤᠷᠸ᠎ᠠ ᠠᠵᠤ ᠠᠬᠤᠢ ᠮᠥᠨ ᠯᠡ ᠪᠠᠭᠤᠷᠡᠯᠳᠠ ᠶᠢᠨ ᠲᠠᠷᠤᠭᠠᠰᠤ ᠳᠤ ᠲᠤᠯᠭᠠᠷᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠬᠦ ᠳᠤ ᠪᠠᠰᠠᠴᠦ ᠠᠭᠠᠵᠢᠮ ᠤᠷᠤᠭᠰᠢᠯᠠᠯᠳᠠ ᠶᠢᠨ ᠠᠬᠢᠴᠠ ᠶᠢ ᠦᠩᠬᠡᠷᠡᠭᠡᠬᠦ ᠪᠤᠯᠤᠨ᠎ᠠ᠃ ᠡᠬᠢ ᠪᠠᠶᠠᠯᠢᠭ ᠤᠨ ᠤᠷᠴᠢᠨ ᠲᠤᠭᠤᠷᠢᠨ ᠤ ᠬᠦᠯᠢᠶᠡᠰᠤᠯᠠᠯ ᠨᠡᠮᠡᠭᠳᠡᠵᠤ᠂ ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ ᠴᠢᠳᠠᠪᠤᠷᠢ ᠬᠢᠵᠠᠭᠠᠷ ᠲᠠᠢ᠃ ᠤᠯᠠᠮᠵᠢᠯᠠᠯᠳᠤ ᠠᠵᠤ ᠦᠢᠯᠡᠰ ᠢ ᠦᠬᠡᠷᠡᠴᠢᠯᠡᠬᠦ ᠪᠠ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠡᠬᠦᠷᠬᠡ ᠮᠦᠨᠬᠦ ᠪᠡᠷᠬᠡ ᠬᠠᠳᠠᠭᠤᠵᠢᠯᠳᠠᠢ ᠪᠠᠶᠢᠭᠰᠠᠭᠠᠷ᠃ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠡ ᠠᠷᠠᠥᠨ‌‍ᠤᠨ ᠠᠮᠢᠳᠤᠷᠡᠯ ᠬᠢᠬᠡᠳ ᠨᠡᠶᠢᠬᠡᠮ ᠤᠨ ᠬᠠᠮᠢᠶᠠᠷᠤᠯᠳᠠ ᠶᠢᠨ ᠬᠦᠷᠢᠶ᠎ᠡ ᠬᠡᠪᠴᠢᠶᠡᠨ ᠳᠤ ᠪᠠᠰᠠ ᠮᠠᠰᠢ ᠤᠯᠠᠨ ᠪᠠᠭᠤᠷᠠᠢ ᠵᠠᠩᠬᠢᠯᠠᠭ᠎ᠠ ᠤᠷᠤᠰᠢᠭᠰᠠᠭᠠᠷ ᠪᠠᠶᠢᠨ᠎ᠠ  ᠃ ᠵᠠᠰᠠᠭ ᠤᠨ ᠤᠷᠳᠤᠨ ᠤ ᠴᠢᠳᠠᠪᠬᠢ ᠪᠤᠯᠤᠨ ᠠᠵᠢᠯ ᠤᠨ ᠰᠤᠷᠳᠠᠯ ᠢ ᠬᠤᠪᠢᠷᠠᠭᠤᠯᠬᠤ  ᠳᠤ ᠪᠠᠰᠠᠴᠦ ᠤᠳᠠᠭᠠᠨ ᠲᠠᠭᠠᠭᠠᠮᠠᠭᠠᠢ ᠪᠠᠷ ᠬᠦᠴᠦ ᠤᠷᠤᠭᠤᠯᠬᠤ ᠴᠢᠬᠤᠯᠠᠳᠠᠢ ᠪᠠᠶᠢᠵᠤ᠂  ᠦᠵᠡᠯ ᠰᠠᠨᠠᠭ᠎ᠠ ᠪᠠᠨ ᠴᠢᠯᠦᠭᠡᠯᠡᠬᠦ ᠬᠡᠮᠵᠢᠶ᠎ᠡ ᠬᠦᠷᠦᠯᠴᠡᠬᠦ ᠦᠭᠡᠢ᠂ ᠰᠢᠨ᠎ᠡ ᠶᠢ ᠡᠭᠦᠥᠨᠬᠦ  ᠵᠤᠷᠢᠭ ᠰᠠᠨᠠᠭ᠎ᠠ ᠳᠤᠲᠠᠮᠠᠭ᠂ ᠡᠭᠦᠷᠭᠡᠯᠡᠬᠦ ᠵᠤᠷᠢᠭ ᠰᠠᠨᠠᠭ᠎ᠠ ᠳᠤᠤᠷ᠎ᠠ ᠪᠠᠶᠢᠵᠦ  ᠪᠠᠶᠢᠨ᠎ᠠ᠃ ᠡᠶᠢᠮᠦ ᠠᠴᠠ ᠪᠢᠳᠡ ᠡᠷᠭᠡᠪᠰᠢ ᠡᠳᠡᠭᠡᠷ ᠠᠰᠠᠭᠤᠳᠠᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠢᠳᠡᠪᠬᠢᠳᠠᠢ ᠪᠠᠷ ᠠᠷᠭᠠᠴᠠᠭᠠᠨ᠂ ᠰᠠᠨᠠᠭᠠᠴᠢᠯᠠᠭ᠎ᠠ ᠲᠠᠢ ᠪᠠᠷ ᠬᠢᠵᠤ᠂ ᠵᠦᠷᠢᠴᠡᠯ ᠪᠤᠯᠤᠨ ᠠᠰᠠᠭᠤᠳᠠᠯ ᠢ ᠦᠨᠡᠨᠬᠦ ᠰᠠᠶᠢᠳᠤᠷ ᠰᠢᠢᠳᠪᠤᠷᠢᠯᠡᠬᠦ ᠴᠢᠬᠤᠯᠠᠳᠠᠢ ᠪᠠᠶᠢᠨ᠎ᠠ᠃ ︵ᠦᠷᠭᠦᠯᠵᠢᠯᠡᠯ ᠪᠤᠢ︶
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号