ᠦᠪᠦᠷ ᠵᠠᠰᠠᠭ ᠠᠯᠪᠠᠨ ᠲᠠᠷᠬᠠᠭᠠᠭᠰᠠᠨ ﹇2016﹈ 150 ᠳ᠋ᠤᠭᠠᠷ ᠲᠤᠭᠠᠳᠤ | 2016 ᠤᠨ ᠤ 10 ᠳ᠋ᠤᠭᠠᠷ ᠰᠠᠷ᠎ᠠ ᠶᠢᠨ 12 ᠤᠨ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠬᠢᠳᠠᠳ ᠡᠮ ᠤᠨ ᠮᠠᠲ᠋ᠧᠷᠢᠶᠠᠯ ᠢ | ᠬᠠᠮᠠᠭᠠᠯᠠᠬᠤ ᠪᠠ ᠭᠦᠭᠵᠢᠬᠦᠯᠬᠦ ᠶᠢᠨ ᠬᠡᠷᠡᠭᠵᠢᠬᠦᠯᠬᠦ ᠲᠦᠰᠦᠯ ︵2016 — 2020 ᠤᠨ︶︾ ᠢ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠲᠠᠷᠤᠮᠠᠯᠯᠠᠨ | ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠦ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠬᠢᠳᠠᠳ ᠡᠮ ᠤᠨ ᠮᠠᠲ᠋ᠧᠷᠢᠶᠠᠯ ᠢ | ᠬᠠᠮᠠᠭᠠᠯᠠᠬᠤ ᠪᠠ ᠭᠦᠭᠵᠢᠬᠦᠯᠬᠦ ᠶᠢᠨ ᠬᠡᠷᠡᠭᠵᠢᠬᠦᠯᠬᠦ ᠲᠦᠰᠦᠯ ︵2016 — 2020 ᠤᠨ︶ | ︽ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠶᠠᠮᠤᠨ ᠵᠡᠷᠬᠡ ᠰᠠᠯᠠᠭ᠎ᠠ ᠮᠦᠴᠢᠷ ᠤᠳ ᠤᠨ | ᠬᠢᠳᠡᠳ ᠡᠮ ᠤᠨ ᠮᠠᠲ᠋ᠧᠷᠢᠶᠠᠯ ᠢ ᠬᠠᠮᠠᠭᠠᠯᠠᠬᠤ ᠪᠠ ᠭᠦᠭᠵᠢᠬᠦᠯᠬᠦ ᠶᠢᠨ ᠲᠦᠯᠦᠪᠵᠢᠬᠦᠯᠬᠡ ︵2015 — 2020 | ᠤᠨ︶ ᠶᠢ ᠤᠯᠠᠮᠵᠢᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠮᠡᠳᠡᠭᠳᠡᠯ︾ ︵ᠲᠦᠷᠦ ᠠᠯᠪᠠᠨ ᠲᠠᠷᠬᠠᠭᠠᠨᠨᠰᠠᠨ ﹇2015﹈ 27 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠮᠤᠩᠭᠤᠯ ᠬᠢᠳᠠᠳ ᠡᠮ ᠤᠨ ᠮᠠᠲ᠋ᠧᠷᠢᠶᠠᠯ ᠤᠨ | ᠬᠠᠮᠠᠭᠠᠯᠠᠯᠳᠠ ᠶᠢ ᠴᠢᠩᠭᠠᠳᠬᠠᠨ᠂ ᠮᠤᠩᠭᠤᠯ ᠬᠢᠳᠠᠳ ᠡᠮ ᠤᠨ ᠠᠵᠦ ᠦᠢᠯᠡᠰ ᠢ ᠰᠢᠨᠵᠢᠯᠡᠬᠦ ᠤᠬᠠᠭᠠᠨᠴᠢ ᠪᠠᠷ | ᠭᠦᠭᠵᠢᠬᠦᠯᠬᠦ ᠶᠢ ᠠᠬᠢᠭᠤᠯᠬᠤ ᠶᠢᠨ ᠲᠤᠰᠠᠳᠠ᠂ ᠲᠤᠰ ᠲᠦᠰᠦᠯ ᠢ ᠲᠤᠨᠨᠳᠠᠭᠠᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠠᠵᠢᠯ ᠤᠨ ᠰᠡᠳᠬᠢᠮᠵᠢ᠃ ᠮᠠᠨ ᠤ ᠤᠷᠤᠨ ᠤ ᠤᠨᠴᠠᠯᠢᠨᠨᠳᠦ ᠵᠢᠩᠬᠢᠨᠢ ᠪᠠᠶᠢᠭᠠᠯᠢᠭ | ᠭᠠᠷᠤᠯᠳᠠ ᠲᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠲᠤ ᠰᠠᠭᠤᠷᠢᠯᠠᠵᠦ᠂ ᠭᠦᠭᠵᠢᠬᠦᠯᠬᠦ ᠪᠠᠷ | ᠬᠠᠮᠠᠭᠠᠯᠠᠬᠤ ᠶᠢ ᠠᠬᠢᠭᠤᠯᠤᠨ᠂ ᠬᠠᠮᠠᠭᠠᠯᠠᠬᠤ ᠪᠠᠷ ᠭᠦᠭᠵᠢᠬᠦᠯᠬᠦ ᠶᠢ ᠰᠦᠪᠡᠭᠴᠢᠯᠡᠵᠦ᠂ ᠵᠠᠬ᠎ᠠ ᠲᠡᠯᠬᠡᠭᠦᠷ ᠢᠶᠠᠷ | ᠤᠳᠤᠷᠢᠳᠤᠮᠵᠢ ᠪᠤᠯᠭᠠᠬᠤ ᠶᠢ ᠵᠠᠰᠠᠭ ᠤᠨ ᠤᠷᠳᠤᠨ ᠤ ᠭᠦᠳᠦᠯᠦᠨ ᠵᠢᠯᠤᠭᠤᠳᠬᠤ ᠯᠤᠭ᠎ᠠ ᠬᠠᠷᠢᠯᠴᠠᠨ | ᠤᠶᠠᠯᠳᠤᠭᠤᠯᠬᠤ᠂ ᠡᠬᠢ ᠪᠠᠶᠠᠯᠢᠭ ᠢ ᠬᠠᠮᠠᠭᠠᠯᠠᠬᠤ ᠶᠢ ᠠᠵᠦ ᠦᠢᠯᠡᠰ ᠢ ᠭᠦᠭᠵᠢᠬᠦᠯᠬᠦ ᠯᠦᠭᠡ ᠬᠠᠷᠢᠯᠴᠠᠨ | ᠤᠶᠠᠯᠳᠤᠭᠤᠯᠬᠤ᠂ ᠭᠠᠷᠤᠯᠳᠠ ᠶᠢ ᠲᠡᠬᠡᠭᠰᠢᠯᠡᠬᠦᠯᠬᠦ ᠶᠢ ᠶᠠᠰᠤ ᠴᠢᠨᠠᠷ ᠢ ᠲᠡᠬᠡᠭᠰᠢᠯᠡᠬᠦᠯᠬᠦ ᠯᠦᠭᠡ ᠬᠠᠷᠢᠯᠴᠠᠨ | ᠤᠶᠠᠯᠳᠤᠭᠤᠯᠬᠤ ᠶᠢ ᠪᠠᠷᠢᠮᠳᠠᠯᠠᠵᠦ᠂ ᠰᠢᠨᠵᠢᠯᠡᠬᠦ ᠤᠬᠠᠭᠠᠨ ᠮᠡᠷᠬᠡᠵᠢᠯ ᠳᠤ ᠲᠦᠰᠢᠭᠯᠡᠨ ᠲᠤᠯᠭᠠᠭᠤᠷᠢᠯᠠᠵᠦ᠂ ᠮᠤᠩᠭᠤᠯ | ᠬᠢᠳᠠᠳ ᠡᠮ ᠤᠨ ᠮᠠᠲ᠋ᠧᠷᠢᠶᠠᠯ ᠤᠨ ᠲᠠᠷᠢᠵᠦ ᠲᠡᠵᠢᠬᠡᠬᠦ ᠠᠵᠦ ᠦᠢᠯᠡᠰ ᠢ ᠰᠢᠨᠵᠢᠯᠡᠬᠦ ᠤᠬᠠᠭᠠᠨᠴᠢ ᠪᠠᠷ ᠭᠦᠭᠵᠢᠬᠦᠯᠵᠦ᠂ | ᠬᠡᠬᠡᠷ᠎ᠡ ᠶᠢᠨ ᠮᠤᠩᠭᠤᠯ ᠬᠢᠳᠠᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠬᠠᠮᠠᠭᠠᠯᠠᠨ᠂ ᠦᠢᠯᠡᠳᠪᠦᠷᠢᠯᠡᠯ ᠤᠨ | ᠭᠦᠢᠯᠬᠡᠬᠡᠨ ᠤ ᠤᠳᠤᠬᠢᠴᠢᠯᠠᠯᠳᠠ ᠪᠠ ᠮᠡᠳᠡᠭᠡ ᠵᠠᠩᠬᠢᠵᠢᠯᠳᠠ ᠶᠢ ᠠᠬᠢᠭᠤᠯᠵᠦ᠂ ᠮᠤᠩᠭᠤᠯ ᠬᠢᠳᠠᠳ ᠡᠮ ᠤᠨ | ᠮᠠᠲ᠋ᠧᠷᠢᠶᠠᠯ ᠤᠨ ᠴᠢᠨᠠᠷ ᠰᠠᠶᠢᠨ ᠠᠮᠤᠷ ᠲᠦᠪᠰᠢᠨ᠂ ᠬᠠᠩᠭᠠᠯᠭ᠎ᠠ ᠭᠦᠢᠴᠡᠳ᠂ ᠦᠨ᠎ᠠ ᠬᠠᠩᠰᠢ ᠲᠤᠨᠨᠳᠠᠪᠤᠷᠢᠳᠠᠢ | ᠪᠠᠶᠢᠬᠤ ᠶᠢ ᠴᠢᠷᠮᠠᠶᠢᠨ ᠪᠡᠶᠡᠯᠡᠬᠦᠯᠵᠦ᠂ ᠪᠦᠭᠦ ᠤᠷᠤᠨ ᠤ ᠮᠤᠩᠭᠤᠯ ᠬᠢᠳᠡᠳ ᠡᠮ ᠤᠨ ᠠᠵᠦ ᠦᠢᠯᠡᠰ ᠤᠨ | ᠦᠷᠬᠦᠯᠵᠢᠯᠡᠨ ᠡᠷᠡᠬᠦᠯ ᠢᠶᠠᠷ ᠭᠦᠭᠵᠢᠬᠦ ᠶᠢ ᠠᠬᠢᠭᠤᠯᠤᠨ᠂ ᠠᠷᠠᠳ ᠤᠯᠠᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ | ᠡᠷᠡᠬᠦᠯ ᠡᠩᠬᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠳᠡᠢ᠃ | ︵ᠬᠤᠶᠠᠷ︶ ᠭᠦᠭᠵᠢᠯᠳᠡ ᠶᠢᠨ ᠬᠠᠷᠠᠯᠳᠠ᠃ 2020 ᠤᠨ ᠪᠤᠯᠳᠠᠯ᠎ᠠ᠂ ᠪᠦᠭᠦ ᠤᠷᠤᠨ ᠤ ᠮᠤᠩᠭᠤᠯ | ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠬᠠᠮᠠᠭᠠᠯᠠᠯᠳᠠ ᠪᠤᠯᠤᠨ ᠬᠢᠨᠠᠨ ᠬᠡᠮᠵᠢᠬᠦ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠵᠦ᠂ ᠡᠬᠢ ᠪᠠᠶᠠᠯᠢᠭ ᠤᠨ ᠬᠢᠨᠠᠨ ᠬᠡᠮᠵᠢᠬᠦ ᠦᠷᠳᠡᠭᠡ ᠴᠢᠬ ᠪᠠ ᠮᠡᠷᠬᠡᠵᠢᠯ ᠤᠨ ᠮᠡᠳᠡᠭᠡ | ᠵᠠᠩᠬᠢ ᠶᠢᠨ ᠦᠢᠯᠡᠴᠢᠯᠡᠬᠡᠨ ᠤ ᠲᠤᠤᠷ ᠰᠦᠯᠵᠢᠶ᠎ᠡ ᠶᠢ 80% ᠠᠴᠠ ᠲᠡᠬᠡᠭᠰᠢᠬᠢ ᠬᠤᠰᠢᠭᠤ ᠰᠢᠶᠠᠨ ᠤ ᠱᠠᠳᠤᠨ ᠤ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠭᠠᠷᠤᠯᠳᠠ ᠶᠢᠨ ᠤᠷᠤᠨ ᠳᠤ ᠪᠦᠷᠬᠦᠬᠦᠯᠦᠨ᠎ᠠ ︔ ᠮᠤᠩᠭᠤᠯ ᠬᠢᠳᠡᠳ | ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠷᠢ ᠬᠡᠮᠵᠢᠶ᠎ᠡ ᠢᠯᠡᠷᠬᠡᠢ ᠲᠡᠬᠡᠭᠰᠢᠯᠡᠭᠳᠡᠵᠦ᠂ ᠶᠠᠰᠤ | ᠴᠢᠨᠠᠷ ᠢ ᠦᠷᠬᠦᠯᠵᠢᠯᠡᠨ ᠲᠡᠬᠡᠭᠰᠢᠯᠡᠬᠦᠯᠵᠦ᠂ ᠲᠦᠭᠰᠢᠭᠦᠷᠢᠳᠡᠭᠰᠡᠨ ᠬᠡᠬᠡᠷ᠎ᠡ ᠶᠢᠨ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠡᠬᠢ ᠪᠠᠶᠠᠯᠢᠭ ᠪᠦᠳᠦᠮᠵᠢᠳᠡᠢ ᠬᠠᠮᠠᠭᠠᠯᠬᠠᠳᠠᠵᠦ᠂ ᠦᠷᠬᠡᠨ ᠬᠡᠪᠴᠢᠶᠡᠨ ᠤ ᠤᠨᠴᠠᠯᠢᠨᠨᠳᠤ ᠵᠢᠩᠬᠢᠨᠢ | ᠪᠠᠶᠢᠭᠠᠯᠢᠭ ᠭᠠᠷᠤᠯᠳᠠ ᠲᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠢ ᠲᠤᠨᠨᠳᠠᠭᠤᠨ ᠢᠶᠠᠷ | ᠭᠦᠭᠵᠢᠬᠦᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠠᠷᠢᠵᠦ ᠲᠡᠵᠢᠬᠡᠬᠦ ᠭᠠᠷᠤᠯᠳᠠ ᠶᠢᠨ ᠬᠡᠮᠵᠢᠶ᠎ᠡ ᠶᠢ ᠵᠢᠯ | ᠪᠦᠷᠢ ᠲᠤᠮᠳᠠᠴᠢ ᠪᠠᠷ 10% ᠨᠡᠮᠡᠭᠳᠡᠬᠦᠯᠦᠨ᠎ᠠ ︔ ᠮᠤᠩᠭᠤᠯ ᠬᠢᠳᠡᠳ ᠡᠮ ᠦᠢᠯᠡᠳᠪᠦᠷᠢᠯᠡᠬᠦ ᠠᠵᠦ ᠠᠬᠤᠶᠢᠯᠠᠯ ᠤᠨ | ᠭᠠᠷᠤᠯᠳᠠ ᠶᠢᠨ ᠤᠷᠤᠨ ᠤ ᠲᠤᠨᠨᠳᠠᠮᠠᠯ ᠮᠤᠩᠭᠤᠯ ᠬᠢᠳᠡᠳ ᠡᠮ ᠤᠨ ᠲᠦᠭᠦᠬᠡᠢ ᠮᠠᠲ᠋ᠧᠷᠢᠶᠠᠯ ᠬᠡᠷᠡᠭᠯᠡᠬᠦ ᠬᠠᠷᠢᠴᠠᠯ ᠢ | 50% ᠳᠤ ᠭᠦᠷᠦᠭᠦᠯᠵᠦ᠂ ᠤᠯᠤᠰ ᠤᠨ ᠵᠠᠭᠤᠨ ᠭᠦᠴᠦᠷᠬᠡᠭ ᠲᠤ ᠵᠢᠨᠨᠰᠠᠭᠠᠨ ᠤᠷᠤᠭᠤᠯᠤᠨᠨᠰᠠᠨ ᠮᠤᠩᠭᠤᠯ ᠬᠢᠳᠡᠳ | ᠡᠮ ᠦᠢᠯᠡᠳᠪᠦᠷᠢᠯᠡᠬᠦ ᠠᠵᠦ ᠠᠬᠤᠶᠢᠯᠠᠯ ᠢ ᠮᠤᠩᠭᠤᠯ ᠬᠢᠳᠡᠳ ᠡᠮ ᠤᠨ ᠭᠤᠤᠯ ᠲᠦᠭᠦᠬᠡᠢ ᠮᠠᠲ᠋ᠧᠷᠢᠶᠠᠯ ᠤᠨ | ᠰᠠᠭᠤᠷᠢᠨ ᠭᠠᠵᠠᠷ ᠪᠤᠯᠭᠠᠬᠤ ᠨᠤᠷᠮ᠎ᠠ ᠶᠢ 60% ᠳᠤ ᠭᠦᠷᠦᠭᠦᠯᠦᠨ᠎ᠠ ︔ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠤᠳᠤ ᠦᠶ᠎ᠡ ᠶᠢᠨ ᠦᠢᠯᠡᠳᠪᠦᠷᠢᠯᠡᠯ ᠬᠦᠢᠯᠬᠡᠬᠡᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠂ | ᠭᠦᠢᠯᠬᠡᠬᠡᠨ ᠤ ᠲᠠᠯ᠎ᠠ ᠠᠴᠠ ᠵᠢᠷᠤᠮᠵᠢᠨᠨᠰᠠᠨ ᠲᠦᠪᠯᠡᠷᠡᠭᠦᠯᠦᠨ ᠬᠠᠳᠠᠭᠠᠯᠠᠬᠤ ᠨᠤᠷᠮ᠎ᠠ ᠶᠢ 70% ᠳᠤ ᠭᠦᠷᠦᠭᠦᠯᠵᠦ᠂ | ᠶᠠᠰᠤ ᠴᠢᠨᠠᠷ ᠲᠤ ᠬᠢᠨᠠᠯᠳᠠ ᠲᠠᠯᠪᠢᠵᠦ ᠰᠤᠭᠤᠴᠢᠨ ᠪᠠᠶᠢᠴᠠᠭᠠᠬᠤ ᠪᠦᠷᠭᠦᠴᠡ ᠶᠢᠨ ᠨᠤᠷᠮ᠎ᠠ ᠶᠢ 100% ᠳᠤ | ᠭᠦᠷᠦᠭᠦᠯᠦᠨ᠎ᠠ᠃ | ᠬᠤᠶᠠᠷ᠂ ᠭᠤᠤᠯ ᠡᠭᠦᠷᠬᠡ | ︵ᠨᠢᠬᠡ︶ ᠬᠡᠬᠡᠷ᠎ᠡ ᠶᠢᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠬᠦᠯᠬᠦ ᠬᠡᠷᠡᠭᠳᠡᠢ᠃ | 1. ᠪᠦᠭᠦ ᠤᠷᠤᠨ ᠤ ᠮᠤᠩᠭᠤᠯ ᠬᠢᠳᠠᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠳᠠ ᠶᠢ ᠦᠷᠨᠢᠬᠦᠯᠬᠦ ᠬᠡᠷᠡᠭᠳᠡᠢ᠃ ᠤᠯᠤᠰ ᠤᠨ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ | ᠭᠤᠤᠯᠳᠠᠯᠭ᠎ᠠ ᠲᠠᠢ ᠭᠠᠵᠠᠷ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠨᠡᠶᠢᠳᠡᠮ | ᠪᠠᠶᠢᠴᠠᠭᠠᠬᠤ ᠲᠤᠷᠰᠢᠯᠳᠠ ᠶᠢᠨ ᠠᠵᠢᠯ ᠢ ᠢᠳᠡᠪᠬᠢᠳᠡᠢ ᠠᠬᠢᠭᠤᠯᠵᠦ᠂ ᠲᠦᠷᠪᠡᠳᠦᠬᠡᠷ ᠤᠳᠠᠭᠠᠨ ᠤ ᠪᠦᠭᠦ ᠤᠯᠤᠰ ᠤᠨ | ᠬᠢᠳᠡᠳ ᠡᠮ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠢ ᠡᠬᠢᠯᠡᠬᠦᠯᠬᠦ ᠶᠢᠨ ᠬᠠᠮᠳᠤ ᠴᠠᠭ ᠲᠠᠭᠠᠨ | ᠪᠡᠶᠡᠯᠡᠬᠦᠯᠵᠦ᠂ ᠪᠦᠭᠦ ᠤᠷᠤᠨ ᠤ ᠬᠡᠬᠡᠷ᠎ᠡ ᠶᠢᠨ ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ ᠬᠢᠳᠠᠳ ᠡᠮ ᠤᠨ | ᠮᠠᠲ᠋ᠧᠷᠢᠶᠠᠯ ᠤᠨ ᠲᠦᠷᠦᠯ ᠵᠢᠴᠢ ᠪᠤᠯᠬᠠᠳᠠᠴᠠ ᠶᠢᠨ ᠬᠡᠮᠵᠢᠶ᠎ᠡ ᠶᠢ ᠲᠤᠳᠤᠷᠬᠠᠢ ᠡᠵᠡᠮᠰᠢᠵᠦ᠂ ᠪᠦᠭᠦ ᠤᠷᠤᠨ ᠤ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠶᠢᠨ ᠳ᠋ᠠᠶᠢᠲ᠋ᠠ | ᠭᠦᠮᠦᠷᠬᠡ ᠶᠢ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠡᠷᠡᠬᠦᠯ | ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ | ᠰᠢᠭᠤᠢ ᠶᠢᠨ ᠲᠢᠩᠬᠢᠮ︶ | 2. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠭᠦᠳᠡᠯᠦᠩᠬᠦᠢ ᠬᠢᠨᠠᠨ ᠬᠡᠮᠵᠢᠬᠦ | ᠲᠤᠤᠷ ᠰᠦᠯᠵᠢᠶ᠎ᠡ ᠶᠢ ᠪᠠᠶᠢᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠡᠮ ᠤᠨ ᠮᠠᠲ᠋ᠧᠷᠢᠶᠠᠯ ᠤᠨ ᠡᠬᠢ | ᠪᠠᠶᠠᠯᠢᠭ ᠢᠶᠠᠷ ᠲᠦᠪᠯᠡᠷᠡᠭᠰᠡᠨ ᠭᠠᠵᠠᠷ ᠤᠷᠤᠨ ᠳᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ | ᠭᠦᠳᠡᠯᠦᠩᠬᠦᠢ ᠬᠢᠨᠠᠨ ᠬᠡᠮᠵᠢᠬᠦ ᠴᠢᠬ ᠢ 12 ᠪᠠᠶᠢᠭᠤᠯᠵᠦ᠂ ᠮᠤᠩᠭᠤᠯ ᠬᠢᠳᠡᠳ ᠡᠮ ᠤᠨ ᠡᠬᠢ ᠪᠠᠶᠠᠯᠢᠭ ᠤᠨ | ᠭᠦᠳᠡᠯᠦᠩᠬᠦᠢ ᠪᠠᠶᠢᠳᠠᠯ ᠤᠨ ᠬᠤᠪᠢᠷᠠᠯᠳᠠ ᠶᠢ ᠴᠠᠭ ᠲᠤᠬᠠᠢ ᠳᠤᠨᠢ ᠡᠵᠡᠮᠰᠢᠨ᠂ ᠤᠷᠢᠳᠴᠢᠯᠡᠨ ᠰᠡᠷᠡᠮᠵᠢᠯᠡᠬᠦ ᠮᠡᠳᠡᠭᠡ | ᠵᠠᠩᠬᠢ ᠬᠠᠩᠭᠠᠨ᠎ᠠ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ | ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ︶ | 3. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠤᠳᠤᠮᠰᠢᠯ ᠡᠳ᠋ ᠤᠨ ᠡᠬᠢ ᠪᠠᠶᠠᠯᠢᠭ ᠤᠨ ᠬᠠᠮᠠᠭᠠᠯᠠᠯᠳᠠ ᠶᠢ | ᠴᠢᠩᠭᠠᠳᠬᠠᠬᠤ ᠬᠡᠷᠡᠭᠳᠡᠢ᠃ ᠪᠦᠭᠦ ᠤᠷᠤᠨ ᠤ ᠡᠮ ᠳᠤ ᠤᠷᠤᠬᠤ ᠲᠦᠭᠰᠢᠭᠦᠷᠢᠳᠡᠭᠰᠡᠨ ᠬᠡᠬᠡᠷ᠎ᠡ ᠶᠢᠨ ᠠᠮᠢᠳᠠᠨ | ᠤᠷᠭᠤᠮᠠᠯ ᠢ ᠬᠠᠮᠠᠭᠠᠯᠠᠬᠤ ᠤᠷᠤᠨ᠂ ᠡᠮ ᠳᠤ ᠤᠷᠤᠬᠤ ᠠᠮᠢᠳᠠᠨ ᠤᠷᠭᠤᠮᠠᠯ ᠤᠨ ᠭᠦᠷᠢᠶᠡᠯᠡᠩ ᠪᠠ ᠡᠮ ᠳᠤ ᠤᠷᠤᠬᠤ | ᠠᠮᠢᠳᠠᠨ ᠤᠷᠭᠤᠮᠠᠯ ᠤᠨ ᠤᠳᠤᠮᠰᠢᠯ ᠡᠳ᠋ ᠤᠨ ᠡᠬᠢ ᠪᠠᠶᠠᠯᠢᠭ ᠤᠨ ᠭᠦᠮᠦᠷᠬᠡ ᠶᠢ ᠪᠠᠶᠢᠭᠤᠯᠵᠦ᠂ ᠡᠮ ᠳᠤ ᠤᠷᠤᠬᠤ | ᠤᠳᠤᠮᠰᠢᠯ ᠡᠳ᠋ ᠤᠨ ᠡᠬᠢ ᠪᠠᠶᠠᠯᠢᠭ ᠵᠢᠴᠢ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ ᠬᠡᠷᠡᠭᠳᠡᠢ᠃ | ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ | ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ | ᠤᠢ ᠰᠢᠭᠤᠢ ᠶᠢᠨ ᠲᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ︶ | ︵ᠬᠤᠶᠠᠷ︶ ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠬᠦ | ᠬᠡᠷᠡᠭᠳᠡᠢ᠃ | 1. ᠲᠦᠭᠰᠢᠭᠦᠷᠢᠳᠡᠭᠰᠡᠨ ᠬᠤᠪᠤᠷ ᠴᠤᠬᠠᠭ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠲᠠᠷᠢᠵᠦ ᠲᠡᠵᠢᠬᠡᠬᠦ | ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠬᠡᠷᠡᠭᠳᠡᠢ᠃ ᠪᠦᠭᠦ ᠤᠷᠤᠨ ᠤ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠡᠬᠢ ᠪᠠᠶᠠᠯᠢᠭ ᠤᠨ ᠤᠳᠤᠬᠢ ᠪᠠᠶᠢᠳᠠᠯ ᠢᠶᠠᠷ ᠰᠠᠭᠤᠷᠢ ᠪᠤᠯᠭᠠᠵᠦ᠂ ᠬᠤᠪᠤᠷ ᠴᠤᠬᠠᠭ | ᠲᠦᠭᠰᠢᠭᠦᠷᠢᠳᠡᠭᠰᠡᠨ ᠤᠨᠴᠠᠯᠢᠭ ᠪᠦᠭᠦᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠦᠨᠡᠯᠡᠬᠦ᠂ | ᠬᠠᠮᠠᠭᠠᠯᠠᠬᠤ ᠵᠢᠴᠢ ᠦᠷᠡᠵᠢᠬᠦᠯᠦᠨ ᠪᠤᠶᠢᠵᠢᠭᠤᠯᠬᠤ ᠮᠡᠷᠬᠡᠵᠢᠯ ᠤᠨ ᠰᠤᠳᠤᠯᠤᠯ ᠢ ᠦᠷᠨᠢᠬᠦᠯᠦᠨ᠂ ᠬᠡᠬᠡᠷ᠎ᠡ ᠶᠢᠨ | ᠮᠤᠩᠭᠤᠯ ᠬᠢᠳᠡᠳ ᠡᠮ ᠤᠨ ᠮᠠᠲ᠋ᠧᠷᠢᠶᠠᠯ ᠢ ᠮᠠᠯᠳᠠᠵᠦ ᠴᠤᠨᠨᠯᠠᠭᠤᠯᠬᠤ ᠵᠢᠷᠤᠮᠵᠢᠯ ᠢ ᠲᠤᠨᠨᠳᠠᠭᠠᠵᠦ᠂ ᠬᠤᠪᠤᠷ ᠴᠤᠬᠠᠭ | ᠡᠮ ᠳᠤ ᠤᠷᠤᠬᠤ ᠠᠮᠢᠳᠠᠨ ᠤᠷᠭᠤᠮᠠᠯ ᠤᠨ ᠡᠬᠢ ᠪᠠᠶᠠᠯᠢᠭ ᠲᠤ ᠴᠢᠭᠯᠡᠬᠦᠯᠵᠦ ᠬᠡᠬᠡᠷ᠎ᠡ ᠠᠷᠠᠴᠢᠯᠠᠨ ᠪᠤᠶᠢᠵᠢᠭᠤᠯᠬᠤ ᠪᠠ | ᠲᠠᠰᠬᠠᠨ ᠲᠠᠷᠢᠬᠤ ᠵᠠᠩᠬᠢᠯᠠᠭ᠎ᠠ ᠶᠢᠨ ᠮᠡᠷᠬᠡᠵᠢᠯ ᠤᠨ ᠰᠤᠳᠤᠯᠤᠯ ᠬᠢᠵᠦ᠂ ᠦᠷᠡᠵᠢᠬᠦᠯᠦᠨ ᠪᠤᠶᠢᠵᠢᠭᠤᠯᠬᠤ᠂ ᠲᠠᠷᠢᠵᠦ | ᠲᠡᠵᠢᠬᠡᠬᠦ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ | ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ︶ | 2. ᠰᠠᠶᠢᠨ ᠴᠢᠨᠠᠷ ᠤᠨ ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠲᠠᠷᠢᠵᠦ ᠲᠡᠵᠢᠬᠡᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠳᠡᠢ᠃ ᠡᠯ᠎ᠡ ᠠᠶᠢᠮᠠᠭ ᠬᠤᠳᠠ ᠶᠢᠨ ᠡᠬᠢ | ᠪᠠᠶᠠᠯᠢᠭ ᠤᠨ ᠤᠬ ᠰᠤᠷᠪᠤᠯᠵᠢ ᠪᠠ ᠠᠵᠦ ᠦᠢᠯᠡᠰ ᠤᠨ ᠰᠠᠭᠤᠷᠢ ᠶᠢ ᠦᠨᠳᠦᠰᠦᠯᠡᠵᠦ᠂ ᠭᠦᠬᠡᠬᠤᠳᠠ᠂ ᠭᠦᠯᠦᠨ | ᠪᠤᠶᠢᠷ᠂ ᠬᠢᠩᠭᠠᠨ ᠠᠶᠢᠮᠠᠭ᠂ ᠲᠦᠩᠯᠢᠶᠤᠤ᠂ ᠤᠯᠠᠭᠠᠠᠬᠠᠳᠠ᠂ ᠰᠢᠯᠢ ᠶᠢᠨ ᠭᠤᠤᠯ ᠠᠶᠢᠮᠠᠭ ᠵᠡᠷᠬᠡ ᠭᠠᠵᠠᠷ ᠤᠷᠤᠨ ᠤ | ᠮᠤᠩᠭᠤᠯ ᠬᠤᠨᠴᠢᠷ᠂ ᠪᠠᠪᠤ᠂ ᠱᠦᠭᠦᠷᠬᠡᠨᠠ᠂ ᠤᠯᠠᠭᠠᠨ ᠴᠠᠨ᠎ᠠ᠂ ᠬᠤᠷᠳᠤᠨ ᠴᠠᠭᠠᠨ᠂ ᠵᠡᠬᠡᠷᠬᠡᠨᠠ᠂ ᠰᠤᠨᠠᠷᠠ᠂ | ᠲᠠᠤᠯᠠᠢ ᠶᠢᠨ ᠮᠠᠩᠬᠢᠷ᠂ ᠤᠮᠠᠷᠠᠳᠤ ᠶᠢᠨ ᠴᠢᠨ᠋ᠸ᠎ᠠ ᠶᠢᠨ ᠬᠠᠯᠳᠠᠷ᠂ ᠠᠯᠳᠠᠩᠬᠤᠸ᠎ᠠ ᠴᠡᠴᠡᠭ᠂ ᠬᠢᠩᠭᠠᠨ ᠤ ᠵᠦᠯᠬᠡᠨ | ᠴᠢᠮᠡᠭ᠂ ᠪᠤᠭᠤ ᠶᠢᠨ ᠴᠢᠰᠦᠨ ᠡᠪᠡᠷ᠂ ᠪᠤᠭᠤ ᠶᠢᠨ ᠡᠪᠡᠷ᠂ ᠪᠤᠭᠤ ᠶᠢᠨ ᠰᠢᠷᠪᠤᠰᠤ᠂ ᠪᠤᠭᠤ ᠶᠢᠨ ᠬᠡᠬᠡᠯ ᠵᠡᠷᠬᠡ | ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ ᠬᠢᠳᠠᠳ ᠡᠮ ᠤᠨ ᠮᠠᠲ᠋ᠧᠷᠢᠶᠠᠯ ᠲᠠᠷᠢᠵᠦ ᠲᠡᠵᠢᠬᠡᠬᠦ ᠰᠠᠭᠤᠷᠢᠨ | ᠭᠠᠵᠠᠷ ᠢ ᠲᠦᠷᠬᠡᠳᠬᠡᠨ ᠪᠠᠶᠢᠭᠤᠯᠵᠦ᠂ ᠲᠤᠮᠳᠠ ᠪᠠ ᠵᠡᠬᠦᠨ ᠬᠡᠰᠡᠭ ᠤᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠤᠨᠴᠠᠯᠢᠨᠨᠳᠤ ᠠᠵᠦ ᠦᠢᠯᠡᠰ ᠤᠨ ᠪᠦᠰᠡ ᠶᠢ ᠪᠠᠶᠢᠭᠤᠯᠬᠤ ᠬᠡᠷᠡᠭᠳᠡᠢ ︔ ᠤᠷᠳᠤᠰ᠂ ᠪᠠᠶᠠᠨᠨᠠᠭᠤᠷ᠂ ᠠᠯᠠᠱᠨ ᠠᠶᠢᠮᠠᠭ | ᠵᠡᠷᠬᠡ ᠭᠠᠵᠠᠷ ᠤᠷᠤᠨ ᠤ ᠦᠷᠠᠯ ᠰᠢᠬᠢᠷ ᠡᠪᠡᠰᠦ᠂ ᠴᠢᠴᠠᠷᠭᠠᠨ᠎ᠠ᠂ ᠴᠢᠨ᠋ᠸ᠎ᠠ ᠶᠢᠨ ᠬᠠᠷᠮᠠᠭ᠂ ᠴᠠᠭᠠᠨ ᠭᠤᠶᠤᠤ᠂ | ᠤᠯᠠᠭᠠᠨ ᠭᠤᠶᠤᠤ᠂ ᠬᠤᠯᠠᠨ ᠪᠤᠶᠠ᠂ ᠨᠠᠷᠢᠨ ᠨᠠᠪᠴᠢᠳᠤ ᠲᠦᠮᠡᠨ ᠵᠠᠩᠬᠢᠯᠠᠭ᠎ᠠ ᠵᠡᠷᠬᠡ ᠤᠨᠴᠠᠯᠢᠨᠨᠳᠤ ᠡᠬᠢ | ᠪᠠᠶᠠᠯᠢᠭ ᠤᠨ ᠲᠠᠷᠢᠮᠠᠯ ᠤᠨ ᠲᠠᠪᠠᠭᠤᠯᠢᠭ ᠢ ᠨᠢ ᠪᠠᠳᠠᠷᠠᠭᠤᠯᠵᠦ᠂ ᠪᠠᠷᠠᠭᠤᠨ ᠬᠡᠰᠡᠭ ᠤᠨ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠦᠢᠯᠡᠳᠪᠦᠷᠢᠯᠡᠯ ᠵᠢᠴᠢ ᠲᠡᠵᠢᠬᠡᠯᠳᠦ ᠡᠷᠡᠬᠦᠯᠵᠢᠯ ᠤᠨ ᠡᠮ ᠤᠨ ᠤᠨᠴᠠᠯᠢᠨᠨᠳᠤ ᠠᠵᠦ ᠦᠢᠯᠡᠰ ᠤᠨ | ᠪᠦᠰᠡ ᠶᠢ ᠪᠠᠶᠢᠭᠤᠯᠬᠤ ᠬᠡᠷᠡᠭᠳᠡᠢ᠃ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠡᠷᠴᠢᠮ ᠢ ᠴᠢᠩᠭᠠᠷᠠᠭᠤᠯᠵᠦ᠂ ᠰᠢᠨ᠎ᠠ ᠶᠢ | ᠡᠭᠦᠳᠬᠦ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠠᠷᠭ᠎ᠠ ᠮᠠᠶ᠋ᠢᠭ ᠢ ᠰᠦᠪᠡᠭᠴᠢᠯᠡᠨ᠂ ᠠᠵᠦ | ᠠᠬᠤᠶᠢᠯᠠᠯ ᠤᠨ ︽ᠲᠦᠷᠪᠡᠨ ᠨᠢᠬᠡᠳᠦᠯᠳᠡᠢ︾ ︵ᠨᠢᠬᠡᠳᠦᠯᠳᠡᠢ ᠲᠠᠷᠢᠵᠦ ᠲᠡᠵᠢᠬᠡᠬᠦ ᠂ ᠨᠢᠬᠡᠳᠦᠯᠳᠡᠢ ᠬᠠᠮᠢᠶᠠᠷᠬᠤ᠂ | ᠨᠢᠬᠡᠳᠦᠯᠳᠡᠢ ᠡᠳ᠋ᠰᠢᠬᠦᠯᠬᠦ ᠂ ᠨᠢᠬᠡᠳᠦᠯᠳᠡᠢ ᠬᠢᠨᠠᠨ ᠡᠵᠡᠮᠳᠡᠬᠦ︶ ᠵᠬᠠᠪᠤᠷ ᠶᠤᠰᠤᠭᠠᠷ ᠦᠪᠡᠷᠳᠡᠬᠡᠨ ᠵᠠᠰᠬᠠᠤ ᠤᠷᠤᠨ ᠤ | ᠵᠢᠩᠬᠢᠨᠢ ᠪᠠᠶᠢᠭᠠᠯᠢᠭ ᠭᠠᠷᠤᠯᠳᠠ ᠲᠠᠢ ᠡᠮ ᠤᠨ ᠮᠠᠲ᠋ᠧᠷᠢᠶᠠᠯ ᠢ ᠬᠡᠪᠴᠢᠶᠡᠵᠢᠬᠦᠯᠤᠨ ᠲᠠᠷᠢᠵᠦ ᠲᠡᠵᠢᠬᠡᠬᠦ 10 ᠵᠢᠱᠢᠶ᠎ᠡ | ᠦᠵᠡᠬᠦᠯᠬᠦ ᠰᠠᠭᠤᠷᠢᠨ ᠭᠠᠵᠠᠷ ᠪᠠᠶᠢᠭᠤᠯᠬᠤ ᠶᠢ ᠲᠡᠮᠵᠢᠬᠦ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ | ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ ᠠᠵᠦ ᠠᠬᠤᠢ ᠶᠢᠨ | ᠲᠢᠩᠬᠢᠮ᠂ ᠤᠢ ᠰᠢᠭᠤᠢ ᠶᠢᠨ ᠲᠢᠩᠬᠢᠮ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ︶ | 3. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠰᠠᠶᠢᠨ ᠡᠭᠦᠯᠳᠡᠷ ᠦᠷ᠎ᠡ ᠪᠤᠶᠢᠵᠢᠭᠤᠯᠬᠤ ᠰᠠᠭᠤᠷᠢᠨ | ᠭᠠᠵᠠᠷ ᠢ ᠪᠦᠳᠦᠬᠡᠨ ᠪᠠᠶᠢᠭᠤᠯᠬᠤ ᠬᠡᠷᠡᠭᠳᠡᠢ᠃ ᠭᠤᠤᠯ ᠡᠮ ᠳᠤ ᠤᠷᠤᠬᠤ ᠤᠷᠭᠤᠮᠠᠯ ᠤᠨ ᠦᠷ᠎ᠡ ᠶᠢ ᠰᠢᠯᠢᠨ | ᠰᠤᠩᠭᠤᠬᠤ᠂ ᠰᠢᠨ᠎ᠠ ᠲᠦᠷᠦᠯ ᠢ ᠰᠤᠩᠭᠤᠨ ᠪᠤᠶᠢᠵᠢᠭᠤᠯᠬᠤ ᠵᠢᠴᠢ ᠰᠠᠶᠢᠨ ᠡᠭᠦᠯᠳᠡᠷ ᠦᠷ᠎ᠡ ᠪᠤᠶᠢᠵᠢᠭᠤᠯᠬᠤ | ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠶᠢ ᠦᠷᠨᠢᠬᠦᠯᠦᠨ᠂ ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ | ᠬᠢᠳᠡᠳ ᠡᠮ ᠤᠨ ᠮᠠᠲ᠋ᠧᠷᠢᠶᠠᠯ ᠤᠨ ᠵᠢᠷᠤᠮᠵᠢᠭᠤᠯᠤᠨ ᠲᠠᠷᠢᠬᠤ ᠪᠠᠷᠢᠮᠵᠢᠶ᠎ᠠ ᠶᠢ ᠰᠦᠪᠡᠭᠴᠢᠯᠡᠨ ᠲᠤᠨᠨᠳᠠᠭᠠᠵᠦ᠂ ᠵᠢᠩᠬᠢᠨᠢ | ᠪᠠᠶᠢᠭᠠᠯᠢᠭ ᠭᠠᠷᠤᠯᠳᠠ ᠲᠠᠢ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠨᠨᠰᠠᠨ᠂ ᠬᠡᠪᠴᠢᠶᠡᠵᠢᠬᠦᠯᠦᠭᠰᠡᠨ ᠪᠠ ᠠᠵᠦ | ᠦᠢᠯᠡᠰᠵᠢᠬᠦᠯᠦᠭᠰᠡᠨ ᠦᠷ᠎ᠡ ᠴᠢᠬᠢ ᠪᠤᠶᠢᠵᠢᠭᠤᠯᠬᠤ ᠶᠢ ᠦᠷᠨᠢᠬᠦᠯᠵᠦ᠂ ᠡᠬᠢ ᠰᠤᠷᠪᠤᠯᠵᠢ ᠠᠴᠠ ᠨᠢ ᠰᠢᠯᠢᠳᠡᠭ ᠰᠠᠶᠢᠨ | ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠪᠠᠳᠤᠯᠠᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ | ᠄ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ | ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠲᠤᠪᠴᠢᠶ᠎ᠠ︶ | 4. ᠮᠤᠩᠭᠤᠯ ᠬᠢᠳᠠᠳ ᠡᠮ ᠤᠨ ᠮᠠᠲ᠋ᠧᠷᠢᠶᠠᠯ ᠤᠨ ᠭᠠᠷᠤᠯᠳᠠ ᠶᠢᠨ ᠤᠷᠤᠨ ᠤ ᠠᠵᠦ ᠠᠬᠤᠢ ᠶᠢᠨ | ᠭᠦᠭᠵᠢᠯᠳᠡ ᠶᠢ ᠠᠬᠢᠭᠤᠯᠬᠤ ᠬᠡᠷᠡᠭᠳᠡᠢ᠃ ᠮᠠᠨ ᠤ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ | ᠪᠠᠶᠠᠯᠢᠭ ᠢᠶᠠᠷ ᠡᠯᠪᠡᠭ ᠪᠠᠶᠠᠯᠢᠭ ᠪᠠᠶᠢᠬᠤ ᠤᠷᠤᠨ ᠪᠦᠰᠡ ᠶᠢᠨ ᠲᠠᠪᠠᠭᠤᠯᠢᠭ ᠲᠤ ᠲᠦᠰᠢᠭᠯᠡᠵᠦ᠂ ᠮᠤᠩᠭᠤᠯ ᠬᠢᠳᠡᠳ | ᠡᠮ ᠦᠢᠯᠡᠳᠪᠦᠷᠢᠯᠡᠬᠦ ᠠᠵᠦ ᠠᠬᠤᠶᠢᠯᠠᠯ ᠢ ᠭᠦᠳᠦᠯᠦᠨ ᠵᠢᠯᠤᠭᠤᠳᠴᠤ ᠪᠠᠶᠢᠭᠠᠳ ᠡᠳ᠋ᠰᠢᠬᠦᠯᠬᠦ ᠰᠠᠭᠤᠷᠢᠨ ᠭᠠᠵᠠᠷ ᠢ | ᠪᠦᠳᠦᠬᠡᠨ ᠪᠠᠶᠢᠭᠤᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠠᠩᠬᠠᠨ ᠤ ᠡᠳ᠋ᠰᠢᠬᠦᠯᠬᠡ ᠶᠢᠨ | ᠪᠠᠷᠢᠮᠵᠢᠶᠠᠵᠢᠭᠤᠯᠬᠤ᠂ ᠬᠡᠪᠴᠢᠶᠡᠵᠢᠬᠦᠯᠬᠦ ᠪᠠ ᠡᠷᠴᠢᠮᠵᠢᠬᠦᠯᠬᠦ ᠶᠢ ᠠᠬᠢᠭᠤᠯᠤᠨ᠂ ᠠᠵᠦ ᠠᠬᠤᠶᠢᠯᠠᠯ ᠢ ᠵᠤᠷᠢᠨᠨᠵᠢᠭᠤᠯᠵᠦ | ᠪᠠᠶᠢᠭᠠᠳ ᠲᠦᠷᠦᠯ ᠤᠨ ᠤᠨᠴᠠ ᠴᠢᠨᠠᠷ ᠲᠤ ᠬᠠᠨᠳᠤᠭᠤᠯᠵᠦ ᠰᠢᠮ᠎ᠠ ᠰᠤᠷᠭᠤᠭ ᠪᠠᠶᠢᠬᠤ ᠳᠤᠨᠢ ᠬᠡᠰᠡᠭᠯᠡᠨ | ᠦᠢᠯᠡᠳᠪᠦᠷᠢᠯᠡᠬᠦ ᠪᠠ ᠨᠠᠷᠢᠯᠢᠬ ᠡᠳ᠋ᠰᠢᠬᠦᠯᠬᠦ ᠶᠢ ᠦᠷᠨᠢᠬᠦᠯᠵᠦ᠂ ᠭᠠᠷᠤᠯᠳᠠ ᠶᠢᠨ ᠤᠷᠤᠨ ᠤ ᠠᠵᠦ ᠠᠬᠤᠢ ᠶᠢᠨ | ᠭᠦᠭᠵᠢᠯᠳᠡ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠵᠦ᠂ ᠤᠷᠤᠨ ᠪᠦᠰᠡ ᠶᠢᠨ ᠤᠨᠴᠠᠯᠢᠭ ᠢ ᠲᠤᠪᠤᠶᠢᠯᠭᠠᠨ᠂ ᠮᠠᠨ ᠤ | ᠤᠷᠤᠨ ᠤ ᠨᠡᠷᠡᠳᠦ ᠲᠦᠷᠦᠯ ᠲᠡᠮᠳᠡᠭᠳᠦ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠪᠤᠢ ᠪᠤᠯᠭᠠᠬᠤ ᠬᠡᠷᠡᠭᠳᠡᠢ᠃ ︵ | ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ | ᠵᠦᠪᠯᠡᠯ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ | ᠰᠢᠭᠤᠢ ᠶᠢᠨ ᠲᠢᠩᠬᠢᠮ᠂ ᠢᠳᠡᠬᠡᠨ ᠪᠡ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶ | ︵ᠭᠤᠷᠪᠠ︶ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠮᠡᠷᠬᠡᠵᠢᠯ ᠤᠨ ᠰᠢᠨ᠎ᠠ ᠶᠢ ᠡᠭᠦᠳᠭᠦ | ᠢᠨᠵᠧᠨᠧᠷᠢᠩ ᠢ ᠬᠡᠷᠡᠭᠵᠢᠬᠦᠯᠬᠦ ᠬᠡᠷᠡᠭᠳᠡᠢ᠃ | 1. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠰᠠᠭᠤᠷᠢ ᠰᠤᠳᠤᠯᠤᠯ ᠢ ᠴᠢᠩᠭᠠᠳᠬᠠᠬᠤ ᠬᠡᠷᠡᠭᠳᠡᠢ᠃ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠵᠢᠷᠤᠮᠵᠢᠨᠨᠰᠠᠨ᠂ ᠠᠵᠦ ᠦᠢᠯᠡᠰᠵᠢᠭᠰᠡᠨ ᠲᠡᠷᠢᠵᠦ ᠲᠡᠵᠢᠬᠡᠬᠦ | ᠰᠤᠳᠤᠯᠤᠯ ᠢ ᠭᠤᠤᠯᠳᠠᠯᠭ᠎ᠠ ᠲᠠᠢ ᠦᠷᠨᠢᠬᠦᠯᠵᠦ᠂ ᠲᠦᠭᠰᠢᠭᠦᠷᠢᠳᠡᠭᠰᠡᠨ ᠡᠮ ᠤᠨ ᠮᠠᠲ᠋ᠧᠷᠢᠶᠠᠯ ᠢ ᠦᠷᠡᠵᠢᠬᠦᠯᠵᠦ | ᠪᠤᠶᠢᠵᠢᠭᠤᠯᠬᠤ ᠰᠤᠳᠤᠯᠤᠯ ᠪᠠ ᠬᠤᠪᠤᠷ ᠴᠤᠬᠠᠭ ᠡᠮ ᠤᠨ ᠮᠠᠲ᠋ᠧᠷᠢᠶᠠᠯ ᠤᠨ ᠤᠷᠤᠯᠬᠠᠤ ᠵᠦᠢᠯ ᠤᠨ ᠰᠤᠳᠤᠯᠤᠯ ᠢ | ᠢᠳᠡᠪᠬᠢᠳᠡᠢ ᠲᠡᠮᠵᠢᠵᠦ᠂ ᠬᠡᠬᠡᠷ᠎ᠡ ᠶᠢᠨ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠲᠠᠷᠢᠮᠠᠯ ᠲᠡᠵᠢᠬᠡᠪᠦᠷᠢ ᠪᠤᠯᠭᠠᠬᠤ | ᠮᠡᠷᠬᠡᠵᠢᠯ ᠢ ᠰᠤᠳᠤᠯᠬᠤ ᠪᠠ ᠲᠡᠯᠬᠡᠷᠡᠭᠦᠯᠬᠦ ᠶᠢ ᠦᠷᠨᠢᠬᠦᠯᠬᠦ ᠬᠡᠷᠡᠭᠳᠡᠢ᠃ ᠦᠪᠦᠷ ᠮᠤᠩᠭᠤᠯ ᠤᠨ ᠵᠢᠩᠬᠢᠨᠢ ᠪᠠᠶᠢᠭᠠᠯᠢᠭ | ᠭᠠᠷᠤᠯᠳᠠ ᠲᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠤᠷᠭᠤᠵᠦ ᠪᠤᠶᠢᠵᠢᠬᠤ ᠤᠨᠴᠠ ᠴᠢᠨᠠᠷ᠂ ᠡᠮ ᠤᠨ | ᠭᠦᠴᠦᠨ ᠤ ᠪᠦᠷᠢᠯᠳᠦᠬᠦᠨ ᠤ ᠪᠦᠷᠢᠯᠳᠦᠯ ᠵᠢᠴᠢ ᠤᠷᠴᠢᠨ ᠲᠤᠭᠤᠷᠢᠨ ᠤ ᠨᠦᠭᠦᠴᠡᠯ ᠯᠦᠭᠡ ᠬᠤᠯᠪᠤᠨᠨᠳᠠᠬᠤ | ᠴᠢᠨᠠᠷ ᠤᠨ ᠰᠤᠳᠤᠯᠤᠯ ᠢ ᠦᠷᠨᠢᠬᠦᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠵᠢᠩᠬᠢᠨᠢ ᠪᠠᠶᠢᠭᠠᠯᠢᠭ | ᠭᠠᠷᠤᠯᠳᠠ ᠶᠢᠨ ᠴᠢᠨᠠᠷ ᠤᠨ ᠪᠦᠳᠦᠭᠰᠡᠨ ᠰᠢᠯᠳᠠᠭᠠᠨ ᠢ ᠭᠦᠨᠵᠡᠬᠡᠢ ᠵᠠᠳᠠᠯᠵᠦ᠂ ᠮᠤᠩᠭᠤᠯ ᠬᠢᠳᠡᠳ ᠡᠮ ᠤᠨ | ᠮᠠᠲ᠋ᠧᠷᠢᠶᠠᠯ ᠦᠢᠯᠡᠳᠪᠦᠷᠢᠯᠡᠬᠦ ᠰᠠᠭᠤᠷᠢ ᠤᠨᠤᠯ ᠢ ᠲᠡᠭᠦᠯᠳᠡᠷᠵᠢᠬᠦᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠢ ᠵᠢᠯᠤᠭᠤᠳᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ | ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠠᠵᠦ ᠠᠬᠤᠢ ᠪᠠ ᠮᠡᠳᠡᠭᠡ | ᠵᠠᠩᠬᠢᠵᠢᠯᠳᠠ ᠶᠢᠨ ᠵᠦᠪᠯᠡᠯ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠢᠳᠡᠬᠡᠨ ᠪᠡ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ | ᠰᠢᠭᠤᠢ ᠶᠢᠨ ᠲᠢᠩᠬᠢᠮ︶ | 2. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠤᠳᠤ ᠦᠶ᠎ᠡ ᠶᠢᠨ ᠦᠢᠯᠡᠳᠪᠦᠷᠢᠯᠡᠯ ᠤᠨ ᠮᠡᠷᠬᠡᠵᠢᠯ ᠤᠨ | ᠰᠤᠳᠤᠯᠤᠯ ᠢ ᠴᠢᠩᠭᠠᠷᠠᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠵᠢᠩᠬᠢᠨᠢ ᠪᠠᠶᠢᠭᠠᠯᠢᠭ ᠭᠠᠷᠤᠯᠳᠠ ᠲᠠᠢ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠠᠪᠠᠭᠤᠯᠢᠭ ᠲᠦᠷᠦᠯ ᠳᠤ ᠰᠠᠭᠤᠷᠢᠯᠠᠵᠦ᠂ ᠤᠯᠠᠮᠵᠢᠯᠠᠯᠳᠤ ᠲᠠᠷᠢᠵᠦ | ᠲᠡᠵᠢᠬᠡᠬᠦ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠲᠡᠬᠡᠷ᠎ᠡ᠂ ᠤᠳᠤ ᠦᠶ᠎ᠡ ᠶᠢᠨ ᠲᠠᠷᠢᠶᠠᠯᠠᠩ ᠮᠠᠯ ᠠᠵᠦ | ᠠᠬᠤᠢ ᠶᠢᠨ ᠦᠢᠯᠡᠳᠪᠦᠷᠢᠯᠡᠯ ᠤᠨ ᠮᠡᠷᠬᠡᠵᠢᠯ᠂ ᠦᠢᠯᠡᠳᠪᠦᠷᠢᠯᠡᠨ ᠡᠳ᠋ᠰᠢᠬᠦᠯᠬᠦ ᠮᠡᠷᠬᠡᠵᠢᠯ ᠵᠡᠷᠬᠡ ᠲᠡᠯ᠎ᠡ ᠶᠢᠨ | ᠰᠤᠳᠤᠯᠤᠯ ᠢ ᠴᠢᠩᠭᠠᠳᠬᠠᠵᠦ᠂ ᠰᠠᠶᠢᠨ ᠡᠭᠦᠯᠳᠡᠷ ᠦᠷ᠎ᠡ ᠶᠢ ᠰᠤᠩᠭᠤᠨ ᠪᠤᠶᠢᠵᠢᠭᠤᠯᠵᠦ ᠦᠷᠡᠵᠢᠬᠦᠯᠬᠦ᠂ ᠡᠪᠡᠳᠴᠢᠨ | ᠬᠤᠷᠤᠬᠠᠢ ᠶᠢᠨ ᠬᠤᠤᠷ ᠭᠦᠨᠦᠬᠡᠯ ᠲᠠᠢ ᠠᠮᠢᠳᠤ ᠪᠤᠳᠠᠰ ᠢ ᠰᠡᠷᠬᠡᠶᠢᠯᠡᠨ ᠵᠠᠰᠠᠬᠤ᠂ ᠰᠢᠨᠵᠢᠯᠡᠬᠦ ᠤᠬᠠᠭᠠᠨᠴᠢ ᠪᠠᠷ | ᠪᠤᠷᠳᠤᠭᠤᠷ ᠤᠷᠤᠭᠤᠯᠬᠤ᠂ ᠭᠦᠷᠦᠰᠦ ᠰᠢᠷᠤᠢ ᠶᠢ ᠰᠠᠶᠢᠵᠢᠷᠠᠭᠤᠯᠬᠤ᠂ ᠠᠮᠢ ᠠᠬᠤᠢ ᠶᠢᠨ ᠲᠠᠷᠢᠵᠦ ᠲᠡᠵᠢᠬᠡᠬᠦ᠂ | ᠲᠦᠢᠯ ᠤᠨ ᠤᠨᠤᠪᠴᠢᠳᠠᠢ ᠪᠠᠷ ᠠᠵᠢᠯᠯᠠᠬᠤ᠂ ᠮᠤᠬᠠᠨᠢᠨᠨᠵᠢᠭᠤᠯᠤᠨᠨᠰᠠᠨ ᠦᠢᠯᠡᠳᠪᠦᠷᠢᠯᠡᠯ ᠪᠠ ᠤᠳᠤ ᠦᠶ᠎ᠡ ᠶᠢᠨ | ᠡᠳ᠋ᠰᠢᠭᠦᠯᠦᠨ ᠬᠠᠳᠠᠭᠠᠯᠠᠬᠤ ᠵᠡᠷᠬᠡ ᠮᠡᠷᠬᠡᠵᠢᠯ ᠢ ᠶᠡᠬᠡᠪᠡᠷ ᠭᠦᠭᠵᠢᠬᠦᠯᠵᠦ᠂ ᠨᠢᠬᠡ ᠪᠦᠯᠦᠭ ᠮᠠᠨ ᠤ ᠤᠷᠤᠨ ᠤ ᠵᠢᠩᠬᠢᠨᠢ | ᠪᠠᠶᠢᠭᠠᠯᠢᠭ ᠭᠠᠷᠤᠯᠳᠠ ᠲᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠳᠤ ᠲᠤᠬᠢᠷᠬᠠᠰᠠᠨ | ᠬᠤᠷᠠᠮᠠᠯ ᠮᠡᠷᠬᠡᠵᠢᠯ ᠢ ᠰᠢᠨ᠎ᠠ ᠪᠠᠷ ᠡᠭᠦᠳᠴᠤ᠂ ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠵᠢᠷᠤᠮᠵᠢᠨᠨᠰᠠᠨ᠂ ᠬᠡᠪᠴᠢᠶᠡᠵᠢᠭᠰᠡᠨ ᠪᠠ ᠪᠠᠷᠢᠮᠵᠢᠶᠠᠵᠢᠨᠨᠰᠠᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ | ᠲᠡᠬᠡᠭᠰᠢᠯᠡᠬᠦᠯᠬᠦ ᠬᠡᠷᠡᠭᠳᠡᠢ᠃ ᠮᠤᠩᠭᠤᠯ ᠬᠢᠳᠡᠳ ᠡᠮ ᠤᠨ ᠮᠠᠲ᠋ᠧᠷᠢᠶᠠᠯ᠂ ᠴᠢᠨᠠᠬᠤ ᠡᠮ ᠤᠨ ᠰᠢᠯᠭᠠᠨ ᠪᠠᠶᠢᠴᠠᠭᠠᠬᠤ | ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠵᠦ᠂ ᠦᠢᠯᠡᠳᠪᠦᠷᠢᠯᠡᠯ ᠤᠨ ᠶᠠᠪᠤᠴᠠ ᠳᠠᠬᠢ ᠶᠠᠰᠤ ᠴᠢᠨᠠᠷ ᠢ | ᠡᠵᠡᠮᠳᠡᠬᠦ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ ᠤᠳᠤ ᠶᠢᠨ ᠪᠠᠶᠢᠭ᠎ᠠ ᠪᠦᠳᠦᠬᠡᠭᠳᠡᠬᠦᠨ ᠤ ᠶᠠᠰᠤ ᠴᠢᠨᠠᠷ ᠤᠨ | ᠪᠠᠷᠢᠮᠵᠢᠶ᠎ᠠ ᠶᠢ ᠲᠡᠬᠡᠭᠰᠢᠯᠡᠬᠦᠯᠬᠦ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠬᠡᠵᠢᠯ ᠤᠨ | ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠠᠵᠦ ᠠᠬᠤᠢ ᠪᠠ ᠮᠡᠳᠡᠭᠡ | ᠵᠠᠩᠬᠢᠵᠢᠯᠳᠠ ᠶᠢᠨ ᠵᠦᠪᠯᠡᠯ᠂ ᠢᠳᠡᠬᠡᠨ ᠪᠡ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶ | 3. ᠲᠦᠭᠰᠢᠭᠦᠷᠢᠳᠡᠭᠰᠡᠨ ᠬᠤᠪᠤᠷ ᠴᠤᠬᠠᠭ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠦᠷᠡᠵᠢᠬᠦᠯᠦᠨ | ᠪᠤᠶᠢᠵᠢᠭᠤᠯᠬᠤ ᠮᠡᠷᠬᠡᠵᠢᠯ ᠢ ᠰᠢᠪᠳᠤᠯᠬᠤ ᠬᠡᠷᠡᠭᠳᠡᠢ᠃ ᠤᠯᠠᠮᠵᠢᠯᠠᠯᠳᠤ ᠦᠷᠡᠵᠢᠬᠦᠯᠦᠨ ᠪᠤᠶᠢᠵᠢᠭᠤᠯᠬᠤ ᠠᠷᠭ᠎ᠠ ᠮᠠᠶ᠋ᠢᠭ | ᠪᠤᠯᠤᠨ ᠤᠳᠤ ᠦᠶ᠎ᠡ ᠶᠢᠨ ᠠᠮᠢᠳᠤ ᠪᠤᠳᠠᠰ ᠤᠨ ᠮᠡᠷᠬᠡᠵᠢᠯ ᠢ ᠶᠡᠷᠦᠩᠬᠡᠶᠢᠯᠡᠨ ᠬᠡᠷᠡᠭᠯᠡᠵᠦ᠂ ᠵᠢᠩᠬᠢᠨᠢ ᠪᠠᠶᠢᠭᠠᠯᠢᠭ | ᠭᠠᠷᠤᠯᠳᠠ ᠲᠠᠢ ᠲᠦᠭᠰᠢᠭᠦᠷᠢᠳᠡᠭᠰᠡᠨ ᠬᠤᠪᠤᠷ ᠴᠤᠬᠠᠭ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠷᠡᠵᠢᠬᠦᠯᠦᠨ | ᠪᠤᠶᠢᠵᠢᠭᠤᠯᠬᠤ ᠪᠤᠭᠤᠮᠢ ᠪᠠ ᠬᠡᠬᠡᠷ᠎ᠡ ᠠᠷᠠᠴᠢᠯᠠᠨ ᠪᠤᠶᠢᠵᠢᠭᠤᠯᠬᠤ ᠵᠠᠩᠬᠢᠯᠭ᠎ᠠ ᠶᠢᠨ ᠮᠡᠷᠬᠡᠵᠢᠯ ᠢ ᠰᠤᠳᠤᠯᠵᠦ᠂ | ᠲᠦᠭᠰᠢᠭᠦᠷᠢᠳᠡᠭᠰᠡᠨ ᠬᠤᠪᠤᠷ ᠴᠤᠬᠠᠭ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠠᠷᠢᠵᠦ ᠲᠡᠵᠢᠬᠡᠬᠦ ᠰᠠᠭᠤᠷᠢᠨ | ᠭᠠᠵᠠᠷ ᠤᠨ ᠪᠦᠳᠦᠬᠡᠨ ᠪᠠᠶᠢᠭᠤᠯᠤᠯᠳᠠ ᠶᠢ ᠲᠤᠯᠭᠠᠭᠤᠷᠢᠯᠠᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ | ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠠᠵᠦ ᠠᠬᠤᠢ ᠪᠠ ᠮᠡᠳᠡᠭᠡ | ᠵᠠᠩᠬᠢᠵᠢᠯᠳᠠ ᠶᠢᠨ ᠵᠦᠪᠯᠡᠯ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ︶ | 4. ᠮᠤᠩᠭᠤᠯ ᠬᠢᠳᠡᠳ ᠡᠮ ᠤᠨ ᠮᠠᠲ᠋ᠧᠷᠢᠶᠠᠯ ᠢ ᠶᠡᠷᠦᠩᠬᠡᠶᠢᠯᠡᠨ ᠨᠡᠬᠡᠬᠡᠨ ᠠᠰᠢᠨᠨᠯᠠᠬᠤ ᠶᠢ ᠠᠬᠢᠭᠤᠯᠬᠤ | ᠬᠡᠷᠡᠭᠳᠡᠢ᠃ ᠦᠪᠦᠷ ᠮᠤᠩᠭᠤᠯ ᠤᠨ ᠮᠤᠩᠭᠤᠯ ᠬᠢᠳᠡᠳ ᠡᠮ ᠤᠨ ᠠᠵᠦ ᠦᠢᠯᠡᠰ ᠤᠨ ᠮᠡᠷᠬᠡᠵᠢᠯ ᠤᠨ ᠰᠢᠨ᠎ᠠ ᠶᠢ | ᠡᠭᠦᠳᠬᠦ ᠪᠠᠶᠢᠯᠳᠤᠬᠤ ᠪᠤᠳᠤᠯᠭ᠎ᠠ ᠶᠢᠨ ᠬᠤᠯᠪᠤᠭ᠎ᠠ᠂ ᠦᠪᠦᠷ ᠮᠤᠩᠭᠤᠯ ᠤᠨ ᠵᠢᠩᠬᠢᠨᠢ ᠪᠠᠶᠢᠭᠠᠯᠢᠭ ᠭᠠᠷᠤᠯᠳᠠ ᠲᠠᠢ | ᠡᠮ ᠤᠨ ᠮᠠᠲ᠋ᠧᠷᠢᠶᠠᠯ ᠤᠨ ᠲᠠᠷᠢᠮᠠᠯ ᠤᠨ ᠠᠵᠦ ᠦᠢᠯᠡᠰ ᠤᠨ ᠮᠡᠷᠬᠡᠵᠢᠯ ᠤᠨ ᠰᠢᠨ᠎ᠠ ᠶᠢ ᠡᠭᠦᠳᠬᠦ ᠪᠠᠶᠢᠯᠳᠤᠬᠤ | ᠪᠤᠳᠤᠯᠭ᠎ᠠ ᠶᠢᠨ ᠬᠤᠯᠪᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠵᠢᠷᠤᠮᠵᠢᠭᠤᠯᠤᠨᠨᠰᠠᠨ ᠦᠢᠯᠡᠳᠪᠦᠷᠢᠯᠡᠯ ᠤᠨ ᠢᠨᠵᠧᠨᠧᠷᠢᠩ ᠤᠨ ᠮᠡᠷᠬᠡᠵᠢᠯ ᠤᠨ ᠰᠤᠳᠤᠯᠭᠠᠨ ᠤ ᠲᠦᠪ | ᠵᠡᠷᠬᠡ ᠡᠬᠢ ᠪᠠᠶᠠᠯᠢᠭ ᠤᠨ ᠲᠠᠪᠠᠭᠤᠯᠢᠭ ᠢ ᠭᠦᠢᠴᠡᠳ ᠪᠠᠳᠠᠷᠠᠭᠤᠯᠵᠦ᠂ ᠬᠠᠮᠵᠢᠯᠴᠠᠨ ᠰᠢᠨ᠎ᠠ ᠶᠢ ᠡᠭᠦᠳᠬᠦ ᠶᠢ | ᠴᠢᠩᠭᠠᠳᠬᠠᠨ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠬᠡᠪᠴᠢᠶᠡᠵᠢᠭᠰᠡᠨ ᠲᠠᠷᠢᠵᠦ ᠲᠡᠵᠢᠬᠡᠬᠦ ᠵᠢᠴᠢ ᠨᠠᠷᠢᠯᠢᠬ | ᠡᠳ᠋ᠰᠢᠬᠦᠯᠬᠦ ᠦᠢᠯᠡᠴᠢᠯᠡᠬᠡᠨ ᠤ ᠲᠡᠪᠴᠡᠩ ᠢ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ | ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ | ᠵᠦᠪᠯᠡᠯ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ︶ | ︵ᠲᠦᠷᠪᠡ︶ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠵᠤᠬᠢᠶᠠᠨ ᠪᠠᠶᠢᠭᠤᠯᠤᠨ | ᠰᠢᠨ᠎ᠠ ᠶᠢ ᠡᠭᠦᠳᠬᠦ ᠶᠢ ᠠᠬᠢᠭᠤᠯᠬᠤ ᠬᠡᠷᠡᠭᠳᠡᠢ᠃ | 1. ᠤᠳᠤ ᠦᠶ᠎ᠡ ᠶᠢᠨ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠦᠢᠯᠡᠳᠪᠦᠷᠢᠯᠡᠬᠦ ᠠᠵᠦ ᠠᠬᠤᠶᠢᠯᠠᠯ ᠢ | ᠲᠦᠷᠬᠡᠳᠬᠡᠨ ᠪᠤᠶᠢᠵᠢᠭᠤᠯᠬᠤ ᠬᠡᠷᠡᠭᠳᠡᠢ᠃ ᠭᠦᠷᠦᠩᠬᠡ᠂ ᠮᠡᠷᠬᠡᠵᠢᠯ᠂ ᠵᠠᠬ᠎ᠠ ᠲᠡᠯᠬᠡᠭᠦᠷ ᠵᠡᠷᠬᠡ ᠡᠬᠢ ᠪᠠᠶᠠᠯᠢᠭ ᠢ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠭᠠᠷᠤᠯᠳᠠ ᠶᠢᠨ ᠤᠷᠤᠨ ᠤ ᠪᠠᠶᠢᠭᠠᠯᠢ ᠶᠢᠨ ᠤᠬ ᠰᠤᠷᠪᠤᠯᠵᠢ᠂ | ᠭᠦᠳᠡᠯᠮᠦᠷᠢ ᠶᠢᠨ ᠭᠦᠴᠦᠨ ᠵᠡᠷᠬᠡ ᠲᠠᠪᠠᠭᠤᠯᠢᠭ ᠯᠤᠭ᠎ᠠ ᠤᠷᠭᠠᠨᠢᠭ ᠢᠶᠠᠷ ᠤᠶᠠᠯᠳᠤᠭᠤᠯᠬᠤ ᠶᠢ ᠲᠡᠮᠵᠢᠵᠦ᠂ ᠤᠳᠤ | ᠦᠶ᠎ᠡ ᠶᠢᠨ ᠦᠢᠯᠡᠳᠪᠦᠷᠢᠯᠡᠯ ᠤᠨ ᠭᠦᠴᠦᠨ ᠵᠦᠢᠯ ᠪᠠ ᠡᠵᠡᠩᠨᠡᠯᠳᠡ ᠶᠢᠨ ᠵᠬᠠᠪᠤᠷ ᠢ ᠤᠷᠤᠭᠤᠯᠤᠨ᠂ ᠵᠢᠯ ᠤᠨ | ᠪᠤᠷᠤᠯᠠᠭᠤᠯᠭ᠎ᠠ ᠶᠢᠨ ᠤᠷᠤᠯᠭ᠎ᠠ ᠨᠢ 1 ᠳ᠋ᠦᠩᠰᠢᠭᠤᠷ ᠲᠦᠭᠦᠷᠢᠭ ᠠᠴᠠ ᠲᠠᠪᠠᠭᠰᠠᠨ ᠮᠤᠩᠭᠤᠯ ᠬᠢᠳᠡᠳ ᠡᠮ ᠤᠨ | ᠮᠠᠲ᠋ᠧᠷᠢᠶᠠᠯ ᠦᠢᠯᠡᠳᠪᠦᠷᠢᠯᠡᠬᠦ ᠭᠤᠤᠯ ᠭᠦᠴᠦᠨ ᠤ ᠠᠵᠦ ᠠᠬᠤᠶᠢᠯᠠᠯ ᠢ 3 — 5 ᠶᠢ ᠪᠤᠶᠢᠵᠢᠭᠤᠯᠤᠨ | ᠭᠦᠭᠵᠢᠬᠦᠯᠵᠦ᠂ ᠤᠳᠤ ᠦᠶ᠎ᠡ ᠶᠢᠨ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠶᠢᠯᠠᠯ ᠢ | ᠠᠯᠬᠤᠮ ᠠᠯᠬᠤᠮ ᠢᠶᠠᠷ ᠵᠠᠬ᠎ᠠ ᠲᠡᠯᠬᠡᠭᠦᠷ ᠤᠨ ᠬᠠᠩᠭᠠᠯᠭ᠎ᠠ ᠶᠢᠨ ᠭᠤᠤᠯ ᠴᠤᠨᠨᠴᠠ ᠪᠤᠯᠭᠠᠬᠤ ᠪᠠᠷ ᠠᠬᠢᠭᠤᠯᠬᠤ | ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ | ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ︶ | 2. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠵᠦ | ᠬᠠᠮᠳᠤ ᠪᠠᠷ ᠡᠳ᠋ᠯᠡᠬᠦ ᠶᠢ ᠢᠳᠡᠪᠬᠢᠳᠡᠢ ᠠᠬᠢᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠲᠠᠪᠠᠭᠤᠯᠢᠭ ᠪᠤᠯᠬᠤ | ᠮᠤᠩᠭᠤᠯ ᠬᠢᠳᠡᠳ ᠡᠮ ᠦᠢᠯᠡᠳᠪᠦᠷᠢᠯᠡᠬᠦ ᠭᠤᠤᠯ ᠭᠦᠴᠦᠨ ᠤ ᠠᠵᠦ ᠠᠬᠤᠶᠢᠯᠠᠯ᠂ ᠭᠦᠢᠯᠬᠡᠬᠡᠨ ᠤ ᠠᠵᠦ | ᠠᠬᠤᠶᠢᠯᠠᠯ ᠤᠳ ᠬᠢᠬᠡᠳ ᠤᠷᠤᠨ ᠤ ᠲᠤᠳᠤᠷ᠎ᠠ ᠭᠠᠳᠠᠨᠠᠬᠢ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ | ᠠᠵᠦ ᠠᠬᠤᠶᠢᠯᠠᠯ ᠤᠳ ᠲᠠᠢ ᠭᠦᠴᠦᠷᠬᠡᠭ ᠨᠢ ᠭᠦᠴᠦᠷᠬᠡᠭ ᠲᠠᠢ ᠪᠠᠨ ᠬᠤᠯᠪᠤᠭᠠᠯᠠᠬᠤ ᠶᠢ ᠢᠳᠡᠪᠬᠢᠳᠡᠢ ᠠᠬᠢᠭᠤᠯᠵᠦ᠂ | ᠮᠤᠵᠢ ︵ᠤᠷᠤᠨ᠂ ᠬᠤᠳᠠ︶ ᠠᠯᠤᠰᠯᠠᠵᠦ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ | ᠲᠦᠪᠯᠡᠷᠡᠨ ᠬᠡᠯᠬᠢᠯᠳᠦᠭᠰᠡᠨ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠳᠤ | ᠨᠢᠬᠡᠴᠡ᠄ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ | ᠲᠢᠩᠬᠢᠮ︶ | 3. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠵᠤᠬᠢᠶᠠᠨ ᠪᠠᠶᠢᠭᠤᠯᠤᠯᠳᠠᠴᠢᠯᠠᠬᠤ | ᠬᠢᠷᠢ ᠬᠡᠮᠵᠢᠶ᠎ᠡ ᠶᠢ ᠦᠨᠡᠨᠬᠦ ᠲᠡᠬᠡᠭᠰᠢᠯᠡᠬᠦᠯᠬᠦ ᠬᠡᠷᠡᠭᠳᠡᠢ᠃ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ | ᠠᠵᠦ ᠠᠬᠤᠶᠢᠯᠠᠯ᠂ ᠲᠤᠰᠬᠠᠶᠢᠵᠢᠨᠨᠰᠠᠨ ᠲᠤᠮᠤ ᠡᠷᠦᠬᠡ᠂ ᠬᠤᠷᠰᠢᠶ᠎ᠠ ᠶᠢ ᠲᠦᠷᠬᠡᠨ ᠭᠦᠭᠵᠢᠬᠦᠯᠬᠦ ᠶᠢ ᠠᠬᠢᠭᠤᠯᠵᠦ᠂ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠠᠷᠠᠬᠠᠢ ᠪᠤᠳᠠᠷᠬᠠᠢ ᠦᠢᠯᠡᠳᠪᠦᠷᠢᠯᠡᠬᠦ ᠶᠢ ᠵᠤᠬᠢᠶᠠᠨ | ᠪᠠᠶᠢᠭᠤᠯᠤᠯᠳᠠᠴᠢᠯᠠᠯ ᠲᠠᠢ ᠦᠢᠯᠡᠳᠪᠦᠷᠢᠯᠡᠯ ᠲᠡᠰᠢ ᠬᠤᠪᠢᠷᠠᠭᠤᠯᠬᠤ ᠶᠢ ᠪᠡᠶᠡᠯᠡᠬᠦᠯᠬᠦ ᠬᠡᠷᠡᠭᠳᠡᠢ᠃ ᠮᠤᠩᠭᠤᠯ ᠬᠢᠳᠡᠳ | ᠡᠮ ᠤᠨ ᠠᠵᠦ ᠠᠬᠤᠶᠢᠯᠠᠯ ᠪᠠ ᠨᠡᠶᠢᠬᠡᠮ ᠤᠨ ᠭᠦᠷᠦᠩᠬᠡ ᠶᠢᠨ ᠢᠳᠡᠪᠬᠢᠳᠡᠢ ᠤᠷᠤᠯᠴᠠᠬᠤ᠂ ᠬᠤᠯᠪᠤᠭᠠᠯᠠᠨ | ᠭᠦᠭᠵᠢᠬᠦ ᠶᠢ ᠲᠡᠮᠵᠢᠵᠦ᠂ ᠵᠤᠬᠢᠶᠠᠨ ᠪᠠᠶᠢᠭᠤᠯᠤᠯᠳᠠ ᠶᠢᠨ ᠪᠦᠳᠦᠴᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠦᠨ᠂ | ᠠᠵᠦ ᠦᠢᠯᠡᠰᠵᠢᠯ ᠤᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ | ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ︶ | | ︵ᠲᠠᠪᠤ︶ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠤᠨ ᠪᠠᠳᠤᠯᠠᠭ᠎ᠠ ᠶᠢᠨ | ᠰᠢᠰᠲ᠋ᠧᠮᠵᠢ ᠶᠢ ᠲᠦᠷᠬᠡᠳᠬᠡᠨ ᠪᠠᠶᠢᠭᠤᠯᠬᠤ ᠬᠡᠷᠡᠭᠳᠡᠢ᠃ | 1. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠪᠠᠷᠢᠮᠵᠢᠶ᠎ᠠ ᠶᠢ ᠲᠡᠬᠡᠭᠰᠢᠯᠡᠬᠦᠯᠦᠨ ᠲᠡᠭᠦᠯᠳᠡᠷᠵᠢᠬᠦᠯᠬᠦ | ᠬᠡᠷᠡᠭᠳᠡᠢ᠃ ︽ᠤᠯᠤᠰ ᠤᠨ ᠡᠮ ᠤᠨ ᠵᠦᠢᠯ ᠤᠨ ᠪᠠᠷᠢᠮᠵᠢᠶ᠎ᠠ ᠶᠢ ᠲᠡᠬᠡᠭᠰᠢᠯᠡᠬᠦᠯᠬᠦ ᠠᠵᠢᠯᠯᠠᠭᠠᠨ ᠤ ᠲᠦᠯᠦᠪᠯᠡᠭᠡ︾ ᠶᠢ | ᠬᠡᠷᠡᠭᠵᠢᠬᠦᠯᠬᠦ ᠵᠢᠴᠢ ︽ᠦᠪᠦᠷ ᠮᠤᠩᠭᠤᠯ ᠤᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠪᠠᠷᠢᠮᠵᠢᠶ᠎ᠠ︾ ᠶᠢᠨ | ᠨᠠᠶᠢᠷᠠᠭᠤᠯᠤᠨ ᠵᠤᠬᠢᠶᠠᠬᠤ ᠠᠵᠢᠯ ᠢ ᠬᠡᠷᠡᠭᠵᠢᠬᠦᠯᠬᠦ ᠲᠠᠢ ᠤᠶᠠᠯᠳᠤᠭᠤᠯᠤᠨ᠂ ᠮᠠᠨ ᠤ ᠤᠷᠤᠨ ᠤ ᠮᠤᠩᠭᠤᠯ ᠬᠢᠳᠡᠳ | ᠡᠮ ᠤᠨ ᠮᠠᠲ᠋ᠧᠷᠢᠶᠠᠯ ᠤᠨ ᠨᠡᠷᠡᠶᠢᠳᠦᠯ ᠪᠠ ᠲᠦᠷᠦᠯ ᠢᠷᠡᠯᠳᠡ ᠶᠢ ᠵᠢᠷᠤᠮᠵᠢᠭᠤᠯᠵᠦ᠂ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠰᠢᠨᠵᠢ ᠲᠦᠯᠦᠪ᠂ ᠢᠯᠭᠠᠬᠤ᠂ ᠪᠠᠶᠢᠴᠠᠭᠠᠬᠤ᠂ ᠠᠭᠤᠯᠤᠨᠨᠳᠠᠴᠠ ᠶᠢ ᠬᠡᠮᠵᠢᠨ ᠲᠤᠨᠨᠳᠠᠭᠠᠬᠤ ᠵᠡᠷᠬᠡ | ᠲᠦᠷᠦᠯ ᠵᠦᠢᠯ ᠢ ᠲᠡᠬᠦᠯᠳᠡᠷᠵᠢᠬᠦᠯᠦᠨ᠂ ᠨᠡᠯᠢᠶᠡᠳ ᠪᠦᠷᠢᠨ ᠲᠡᠭᠦᠯᠳᠡᠷ ᠪᠤᠯᠬᠤ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠭᠠᠳᠠᠭᠠᠳᠤ ᠰᠤᠷᠪᠤᠯᠵᠢ ᠶᠢᠨ ᠴᠢᠨᠠᠷᠳᠠᠢ ᠬᠤᠤᠷᠳᠤ ᠦᠯᠡᠳᠡᠭᠳᠡᠯ ᠡᠳ᠋ ᠤᠨ ᠬᠡᠮᠵᠢᠶ᠎ᠡ ᠶᠢ ᠬᠢᠵᠠᠭᠠᠷᠯᠠᠬᠤ | ᠪᠠᠷᠢᠮᠵᠢᠶ᠎ᠠ ᠶᠢ ᠪᠠᠶᠢᠭᠤᠯᠤᠨ᠂ ᠡᠮ ᠤᠨ ᠭᠦᠴᠦᠨ ᠢᠶᠠᠷ ᠭᠤᠤᠯᠳᠠᠯᠭ᠎ᠠ ᠪᠤᠯᠭᠠᠨᠨᠰᠠᠨ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠶᠠᠰᠤ ᠴᠢᠨᠠᠷ ᠢ ᠨᠡᠶᠢᠳᠡᠮ ᠳᠤᠨᠢ ᠡᠵᠡᠮᠳᠡᠬᠦ ᠵᠬᠠᠪᠤᠷ ᠢ ᠪᠦᠷᠢᠨᠰᠢᠬᠦᠯᠬᠦ ᠬᠡᠷᠡᠭᠳᠡᠢ᠃ ︵ | ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠢᠳᠡᠬᠡᠨ ᠪᠡ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ | ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ︶ | 2. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ᠂ ᠡᠵᠡᠩᠨᠡᠯᠳᠡ ᠶᠢᠨ ᠶᠠᠰᠤ | ᠴᠢᠨᠠᠷ ᠤᠨ ᠬᠠᠮᠢᠶᠠᠷᠤᠯᠳᠠ ᠶᠢᠨ ᠵᠢᠷᠤᠮᠵᠢᠯ ᠢ ᠲᠡᠭᠦᠯᠳᠡᠷᠵᠢᠬᠦᠯᠬᠦ ᠬᠡᠷᠡᠭᠳᠡᠢ᠃ ᠤᠯᠤᠰ ᠠᠴᠠ ︽ᠬᠢᠳᠡᠳ ᠡᠮ ᠤᠨ | ᠮᠠᠲ᠋ᠧᠷᠢᠶᠠᠯ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠳᠠ ᠶᠢᠨ ᠵᠢᠷᠤᠮᠵᠢᠯ ︵ᠲᠤᠷᠰᠢᠨ ᠬᠡᠷᠡᠭᠵᠢᠬᠦᠯᠬᠦ︶ | ︾ ᠳᠤ ᠵᠠᠰᠠᠪᠤᠷᠢ ᠤᠷᠤᠭᠤᠯᠬᠤ ᠲᠠᠢ ᠤᠶᠠᠯᠳᠤᠭᠤᠯᠵᠦ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ | ᠵᠢᠷᠤᠮᠵᠢᠯ ᠢ ᠢᠳᠡᠪᠬᠢᠳᠡᠢ ᠲᠡᠭᠦᠯᠳᠡᠷᠵᠢᠬᠦᠯᠵᠦ᠂ ᠮᠠᠨ ᠤ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠳᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ ︽ | ᠡᠮ ᠤᠨ ᠵᠦᠢᠯ ᠤᠨ ᠡᠵᠡᠩᠨᠡᠯᠳᠡ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠵᠢᠷᠤᠮᠵᠢᠯ︾ ︵GSP︶ ᠢ ᠴᠢᠩᠭ᠎ᠠ | ᠬᠡᠷᠡᠭᠵᠢᠬᠦᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠭᠠᠷᠤᠯᠳᠠ ᠶᠢᠨ ᠭᠠᠵᠠᠷ ᠠᠴᠠ ᠡᠮ ᠦᠢᠯᠡᠳᠬᠦ ᠠᠵᠦ | ᠠᠬᠤᠶᠢᠯᠠᠯ ᠭᠦᠷᠳᠡᠯᠡᠬᠢ ᠡᠵᠡᠩᠨᠡᠯᠳᠡ᠂ ᠭᠦᠮᠦᠷᠬᠡᠯᠡᠬᠦ᠂ ᠠᠷᠠᠴᠢᠯᠠᠨ ᠬᠠᠮᠠᠭᠠᠯᠠᠬᠤ᠂ ᠲᠡᠬᠡᠬᠡᠪᠦᠷᠢᠯᠡᠬᠦ ᠵᠡᠷᠬᠡ | ᠭᠦᠢᠯᠬᠡᠬᠡᠨ ᠤ ᠶᠠᠪᠤᠴᠠ ᠳᠠᠬᠢ ᠶᠠᠰᠤ ᠴᠢᠨᠠᠷ ᠢ ᠪᠠᠳᠤᠯᠠᠨ ᠡᠵᠡᠮᠳᠡᠬᠦ ᠴᠢᠳᠠᠪᠤᠷᠢ ᠶᠢ ᠴᠢᠩᠭᠠᠳᠬᠠᠬᠤ ᠬᠡᠷᠡᠭᠳᠡᠢ᠃ ︵ | ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠢᠳᠡᠬᠡᠨ ᠪᠡ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ︶ | 3. ᠭᠤᠤᠯ ᠪᠤᠯᠬᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠦᠷᠦᠯ ᠢ ᠬᠠᠮᠤᠷᠬᠠᠰᠠᠨ ᠪᠦᠬᠦ | ᠶᠠᠪᠤᠴᠠ ᠪᠠᠷ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠳᠡᠢ᠃ ᠤᠳᠤ ᠦᠶ᠎ᠡ ᠶᠢᠨ ᠮᠡᠳᠡᠭᠡ | ᠵᠠᠩᠬᠢ ᠶᠢᠨ ᠮᠡᠷᠬᠡᠵᠢᠯ ᠢ ᠬᠡᠷᠡᠭᠯᠡᠵᠦ᠂ ᠪᠠᠶᠢᠩᠭᠤ ᠬᠡᠷᠡᠭᠯᠡᠬᠦ ᠶᠡᠭᠡ ᠬᠡᠮᠵᠢᠶᠡᠨ ᠤ ᠮᠤᠩᠭᠤᠯ ᠬᠢᠳᠡᠳ ᠡᠮ ᠤᠨ | ᠮᠠᠲ᠋ᠧᠷᠢᠶᠠᠯ ᠲᠡᠷᠢᠵᠦ ᠲᠡᠵᠢᠬᠡᠵᠦ᠂ ᠬᠤᠳᠠᠯᠳᠤᠨ ᠠᠪᠬᠤ᠂ ᠡᠳ᠋ᠰᠢᠬᠦᠯᠬᠦ᠂ ᠬᠠᠳᠠᠭᠠᠯᠠᠬᠤ᠂ ᠲᠡᠬᠡᠬᠡᠪᠦᠷᠢᠯᠡᠬᠦ᠂ | ᠪᠤᠷᠤᠯᠠᠭᠤᠯᠬᠤ ᠠᠴᠠ ᠬᠡᠷᠡᠭᠯᠡᠬᠦ ᠭᠦᠷᠳᠡᠯᠡᠬᠢ ᠪᠦᠬᠦ ᠶᠠᠪᠤᠴᠠ ᠪᠠᠷ ᠮᠦᠷᠳᠡᠨ ᠤᠬᠤᠴᠢᠯᠠᠬᠤ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠬᠦᠯᠵᠦ᠂ ᠢᠷᠡᠯᠳᠡ ᠶᠢ ᠨᠢ ᠪᠠᠶᠢᠴᠠᠭᠠᠵᠦ ᠤᠯᠬᠤ᠂ ᠬᠤᠳᠠᠯᠳᠤᠵᠦ ᠭᠠᠷᠭᠠᠨᠨᠰᠠᠨ ᠢ ᠨᠢ | ᠨᠡᠬᠡᠮᠵᠢᠯᠡᠵᠦ ᠤᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠪᠣᠯᠬᠤ ᠶᠢ ᠪᠡᠶᠡᠯᠡᠬᠦᠯᠵᠦ᠂ ᠮᠤᠩᠭᠤᠯ ᠬᠢᠳᠡᠳ ᠡᠮ | ᠦᠢᠯᠡᠳᠪᠦᠷᠢᠯᠡᠬᠦ ᠠᠵᠦ ᠠᠬᠤᠶᠢᠯᠠᠯ ᠤᠨ ᠡᠬᠢ ᠢᠷᠡᠯᠳᠡ ᠨᠢ ᠲᠤᠳᠤᠷᠬᠠᠢ ᠮᠤᠩᠭᠤᠯ ᠬᠢᠳᠡᠳ ᠡᠮ ᠤᠨ ᠲᠦᠭᠦᠬᠡᠢ | ᠮᠠᠲ᠋ᠧᠷᠢᠶᠠᠯ ᠬᠡᠷᠡᠭᠯᠡᠬᠦ ᠶᠢ ᠠᠬᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ | ᠢᠳᠡᠬᠡᠨ ᠪᠡ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ︶ | 4. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠦ ᠬᠡᠮᠵᠢᠬᠦ | ᠰᠢᠰᠲ᠋ᠧᠮᠵᠢ ᠶᠢ ᠲᠡᠭᠦᠯᠳᠡᠷᠵᠢᠬᠦᠯᠬᠦ ᠬᠡᠷᠡᠭᠳᠡᠢ᠃ ᠡᠮ ᠤᠨ ᠵᠦᠢᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠴᠢᠳᠠᠪᠤᠷᠢᠳᠠᠨ ᠤ ᠡᠩᠨᠡᠭᠡ᠂ ᠲᠦᠭᠦᠬᠡᠷᠦᠮᠵᠢ᠂ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠰᠢᠯᠭᠠᠨ ᠪᠠᠶᠢᠴᠠᠭᠠᠬᠤ ᠴᠢᠳᠠᠪᠤᠷᠢ ᠶᠢ ᠲᠡᠬᠡᠭᠰᠢᠯᠡᠬᠦᠯᠬᠦ ᠬᠡᠷᠡᠭᠳᠡᠢ᠃ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠤᠰᠬᠠᠢ ᠵᠠᠬ᠎ᠠ ᠲᠡᠯᠬᠡᠭᠦᠷ ᠤᠨ ᠡᠵᠡᠩᠨᠡᠨ ᠪᠤᠷᠤᠯᠠᠭᠤᠯᠬᠤ ᠮᠤᠩᠭᠤᠯ | ᠬᠢᠳᠡᠳ ᠡᠮ ᠤᠨ ᠮᠠᠲ᠋ᠧᠷᠢᠶᠠᠯ᠂ ᠮᠤᠩᠭᠤᠯ ᠬᠢᠳᠡᠳ ᠡᠮ ᠦᠢᠯᠡᠳᠪᠦᠷᠢᠯᠡᠬᠦ ᠠᠵᠦ ᠠᠬᠤᠶᠢᠯᠠᠯ ᠤᠨ ᠬᠡᠷᠡᠭᠯᠡᠵᠦ ᠪᠠᠶᠢᠭ᠎ᠠ | ᠮᠤᠩᠭᠤᠯ ᠬᠢᠳᠡᠳ ᠡᠮ ᠤᠨ ᠲᠦᠭᠦᠬᠡᠢ ᠮᠠᠲ᠋ᠧᠷᠢᠶᠠᠯ᠂ ᠴᠢᠨᠠᠬᠤ ᠡᠮ ᠤᠨ ᠦᠯᠢᠬᠡᠷ ᠠᠪᠴᠤ ᠰᠤᠭᠤᠴᠢᠨ ᠪᠠᠶᠢᠴᠠᠭᠠᠬᠤ | ᠡᠷᠴᠢᠮ ᠢ ᠴᠢᠩᠭᠠᠳᠬᠠᠬᠤ ᠬᠡᠷᠡᠭᠳᠡᠢ᠃ ᠭᠤᠷᠪᠠᠳᠤᠭᠠᠷ ᠡᠳᠡᠬᠡᠳ ᠤᠨ ᠰᠢᠯᠭᠠᠨ ᠪᠠᠶᠢᠴᠠᠭᠠᠵᠦ ᠬᠡᠮᠵᠢᠬᠦ | ᠪᠠᠶᠢᠭᠤᠯᠤᠮᠵᠢ ᠶᠢᠨ ᠭᠦᠭᠵᠢᠯᠳᠡ ᠶᠢ ᠢᠳᠡᠪᠬᠢᠳᠡᠢ ᠵᠤᠷᠢᠨᠨᠵᠢᠭᠤᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠭᠤᠤᠯ ᠭᠠᠷᠤᠯᠳᠠ ᠶᠢᠨ ᠤᠷᠤᠨ ᠪᠠ ᠲᠦᠪᠯᠡᠷᠡᠬᠦᠯᠵᠦ ᠲᠠᠷᠬᠠᠭᠠᠬᠤ ᠭᠠᠵᠠᠷ ᠲᠤ᠂ ᠭᠤᠷᠪᠠᠳᠤᠭᠠᠷ ᠡᠳᠡᠬᠡᠳ ᠤᠨ | ᠰᠢᠯᠭᠠᠨ ᠪᠠᠶᠢᠴᠠᠭᠠᠵᠦ ᠬᠡᠮᠵᠢᠬᠦ ᠪᠠᠶᠢᠭᠤᠯᠤᠮᠵᠢ ᠶᠢ 2 — 3 ᠪᠠᠶᠢᠭᠤᠯᠬᠤ ᠶᠢ ᠭᠤᠤᠯᠳᠠᠯᠭ᠎ᠠ ᠲᠠᠢ ᠲᠡᠮᠵᠢᠬᠦ | ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠢᠳᠡᠬᠡᠨ ᠪᠠ ᠡᠮ ᠤᠨ ᠵᠦᠢᠯ ᠤᠨ | ᠬᠢᠨᠠᠨᠯᠳᠠ ᠬᠠᠮᠢᠶᠠᠷᠤᠯᠳᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ︶ | ︵ᠵᠢᠷᠭᠤᠭ᠎ᠠ︶ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠦᠢᠯᠡᠴᠢᠯᠡᠬᠡᠨ ᠤ | ᠰᠢᠰᠲ᠋ᠧᠮᠵᠢ ᠶᠢ ᠲᠦᠷᠬᠡᠳᠬᠡᠨ ᠪᠠᠶᠢᠭᠤᠯᠬᠤ ᠬᠡᠷᠡᠭᠳᠡᠢ᠃ | 1. ᠦᠢᠯᠡᠳᠪᠦᠷᠢᠯᠡᠯ ᠤᠨ ᠮᠡᠷᠬᠡᠵᠢᠯ ᠤᠨ ᠦᠢᠯᠡᠴᠢᠯᠡᠬᠡᠨ ᠤ ᠲᠤᠤᠷ ᠰᠦᠯᠵᠢᠶ᠎ᠡ ᠶᠢ ᠪᠦᠳᠦᠬᠡᠨ ᠪᠠᠶᠢᠭᠤᠯᠬᠤ | ᠬᠡᠷᠡᠭᠳᠡᠢ᠃ ᠲᠠᠷᠢᠶᠠᠯᠠᠩ ᠤᠨ ᠮᠡᠷᠬᠡᠵᠢᠯ ᠢ ᠲᠡᠯᠬᠡᠷᠡᠬᠦᠯᠬᠦ ᠰᠢᠰᠲ᠋ᠧᠮᠵᠢ ᠶᠢᠨ ᠦᠢᠯᠡᠳᠦᠯ ᠢ ᠪᠠᠳᠠᠷᠠᠭᠤᠯᠵᠦ᠂ ᠮᠠᠨ ᠤ | ᠤᠷᠤᠨ ᠤ ᠲᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠭᠦᠷᠢᠶᠡᠯᠡᠩ ᠭᠠᠵᠠᠷ ᠲᠤ ᠲᠦᠰᠢᠭᠯᠡᠨ᠂ | ᠪᠦᠭᠦ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠮᠡᠷᠬᠡᠵᠢᠯ ᠤᠨ ᠦᠢᠯᠡᠴᠢᠯᠡᠬᠡᠨ ᠤ ᠲᠤᠤᠷ | ᠰᠦᠯᠵᠢᠶ᠎ᠡ ᠪᠠᠶᠢᠭᠤᠯᠬᠤ ᠶᠢᠨ ᠬᠠᠮᠳᠤ ᠪᠦᠭᠦ ᠤᠯᠤᠰ ᠤᠨ ᠴᠢᠨᠠᠷᠳᠠᠢ ᠲᠤᠤᠷ ᠰᠦᠯᠵᠢᠶ᠎ᠡ ᠲᠠᠢ ᠬᠠᠷᠢᠯᠴᠠᠨ | ᠵᠠᠯᠭᠠᠭᠤᠯᠬᠤ ᠬᠡᠷᠡᠭᠳᠡᠢ᠃ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠲᠡᠷᠢᠬᠦᠨ ᠤ ᠬᠡᠷᠡᠭᠴᠡᠬᠡᠨ ᠳᠤ | ᠲᠤᠬᠢᠷᠠᠬᠤ ᠮᠡᠷᠬᠡᠵᠢᠯ ᠢ ᠬᠤᠪᠢᠷᠠᠭᠤᠯᠬᠤ ᠪᠠ ᠲᠡᠯᠬᠡᠷᠡᠭᠦᠯᠦᠨ ᠬᠡᠷᠡᠭᠯᠡᠬᠦ ᠶᠢ ᠴᠢᠩᠭᠠᠳᠬᠠᠵᠦ᠂ ᠮᠤᠩᠭᠤᠯ ᠬᠢᠳᠡᠳ | ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠪᠦᠭᠦᠯᠢ ᠴᠤᠨᠨᠴᠠ ᠶᠢᠨ ᠬᠢᠷᠢ | ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠠᠵᠦ ᠠᠬᠤᠢ ᠪᠠ ᠮᠡᠳᠡᠭᠡ | ᠵᠠᠩᠬᠢᠵᠢᠯᠳᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ︶ | 2. ᠦᠢᠯᠡᠳᠪᠦᠷᠢᠯᠡᠯ ᠤᠨ ᠮᠡᠳᠡᠭᠡ ᠵᠠᠩᠬᠢ ᠶᠢᠨ ᠦᠢᠯᠡᠴᠢᠯᠡᠬᠡᠨ ᠤ ᠲᠡᠪᠴᠡᠩ ᠢ ᠪᠦᠳᠦᠬᠡᠨ ᠪᠠᠶᠢᠭᠤᠯᠬᠤ | ᠬᠡᠷᠡᠭᠳᠡᠢ᠃ ᠮᠡᠳᠡᠭᠡ ᠵᠠᠩᠬᠢ ᠶᠢᠨ ᠦᠢᠯᠡᠴᠢᠯᠡᠬᠡᠨ ᠤ ᠦᠷᠳᠡᠭᠡ ᠴᠢᠬ ᠤᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ | ᠠᠬᠢᠭᠤᠯᠵᠦ᠂ ᠪᠦᠭᠦ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠮᠡᠳᠡᠭᠡ ᠵᠠᠩᠬᠢ | ᠴᠤᠨᠨᠯᠠᠭᠤᠯᠬᠤ ᠲᠤᠤᠷ ᠰᠦᠯᠵᠢᠶ᠎ᠡ ᠶᠢ ᠪᠠᠶᠢᠭᠤᠯᠵᠦ᠂ ᠪᠦᠭᠦ ᠤᠯᠤᠰ ᠤᠨ ᠴᠢᠨᠠᠷᠳᠠᠢ ᠲᠤᠤᠷ ᠰᠦᠯᠵᠢᠶ᠎ᠡ ᠲᠠᠢ | ᠵᠠᠯᠭᠠᠭᠤᠯᠬᠤ ᠶᠢ ᠪᠡᠶᠡᠯᠡᠬᠦᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠮᠡᠳᠡᠭᠡ ᠵᠠᠩᠬᠢ ᠵᠢᠴᠢ | ᠬᠠᠨᠳᠤᠰᠢ ᠲᠦᠰᠦᠬᠡᠯᠡᠯ ᠢ ᠴᠠᠭ ᠲᠤᠬᠠᠢ ᠳᠤᠨᠢ᠂ ᠤᠨᠤᠪᠴᠢᠳᠠᠢ ᠪᠦᠬᠡᠳ ᠪᠦᠭᠦ ᠲᠠᠯ᠎ᠠ ᠪᠠᠷ ᠨᠡᠶᠢᠳᠡᠯᠡᠨ᠂ | ᠦᠢᠯᠡᠳᠪᠦᠷᠢᠯᠡᠯ ᠪᠠ ᠬᠡᠷᠡᠭᠴᠡᠭᠡ ᠶᠢᠨ ᠪᠦᠳᠦᠮᠵᠢᠳᠡᠢ ᠵᠠᠯᠭᠠᠯᠳᠤᠬᠤ ᠶᠢ ᠠᠬᠢᠭᠤᠯᠵᠦ᠂ ᠭᠤᠤᠯᠳᠠᠯᠭ᠎ᠠ ᠲᠠᠢ ᠶᠡᠭᠡ | ᠬᠡᠮᠵᠢᠶᠡᠨ ᠤ ᠵᠢᠩᠬᠢᠨᠢ ᠪᠠᠶᠢᠭᠠᠯᠢᠭ ᠭᠠᠷᠤᠯᠳᠠ ᠲᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠨ᠎ᠠ ᠬᠠᠩᠰᠢ ᠶᠢᠨ | ᠲᠤᠨᠨᠳᠠᠭᠤᠨ ᠪᠠᠶᠢᠬᠤ ᠶᠢ ᠪᠠᠳᠤᠯᠠᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ | ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ | ᠰᠢᠭᠤᠢ ᠶᠢᠨ ᠲᠢᠩᠬᠢᠮ︶ | 3. ᠬᠠᠨᠭ᠍ᠭᠠᠯᠭ᠎ᠠ ᠶᠢᠨ ᠪᠠᠳᠤᠯᠠᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠷᠠᠭᠤᠯᠬᠤ ᠬᠡᠷᠡᠭᠳᠡᠢ᠃ | ᠭᠤᠤᠯᠳᠠᠯᠭ᠎ᠠ ᠲᠠᠢ ᠮᠤᠩᠭᠤᠯ ᠬᠢᠳᠡᠳ ᠡᠮ ᠦᠢᠯᠡᠳᠪᠦᠷᠢᠯᠡᠬᠦ ᠭᠦᠢᠯᠬᠡᠬᠡᠨ ᠤ ᠠᠵᠦ ᠠᠬᠤᠶᠢᠯᠠᠯ ᠪᠠ ᠮᠤᠩᠭᠤᠯ | ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠶᠢᠯᠠᠯ ᠳᠤ ᠲᠦᠰᠢᠭᠯᠡᠵᠦ᠂ ᠤᠯᠤᠰ ᠤᠨ ᠬᠢᠳᠡᠳ | ᠡᠮ ᠤᠨ ᠮᠠᠲ᠋ᠧᠷᠢᠶᠠᠯ ᠤᠨ ᠪᠠᠴᠢᠮ ᠪᠠᠶᠢᠳᠠᠯ ᠢ ᠠᠷᠭᠠᠴᠠᠬᠤ ᠨᠦᠬᠡᠴᠡ ᠶᠢᠨ ᠶᠡᠷᠦᠩᠬᠡᠢ ᠱᠠᠭᠠᠷᠳᠠᠯᠭ᠎ᠠ ᠶᠤᠰᠤᠭᠠᠷ᠂ | ᠮᠠᠨ ᠤ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠪᠠᠴᠢᠮ ᠪᠠᠶᠢᠳᠠᠯ ᠢ ᠠᠷᠭᠠᠴᠠᠬᠤ ᠪᠠᠳᠤᠯᠠᠭ᠎ᠠ ᠶᠢ | ᠲᠠᠰᠤᠷᠠᠯᠳᠠ ᠦᠬᠡᠢ ᠲᠡᠭᠦᠯᠳᠡᠷᠵᠢᠬᠦᠯᠵᠦ᠂ ᠭᠦᠨᠳᠦ ᠶᠡᠭᠡ ᠭᠠᠢ ᠭᠠᠮᠰᠢᠭ᠂ ᠬᠢᠵᠢᠭ ᠤᠨ ᠪᠠᠶᠢᠳᠠᠯ ᠵᠢᠴᠢ | ᠬᠡᠨᠡᠳᠳᠡ ᠶᠢᠨ ᠬᠡᠷᠡᠭ ᠶᠠᠪᠤᠳᠠᠯ ᠢ ᠠᠷᠭᠠᠴᠠᠬᠤ ᠳᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠳᠤᠯᠠᠬᠤ | ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ | ᠵᠠᠩᠬᠢᠵᠢᠯᠳᠠ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ | ᠲᠢᠩᠬᠢᠮ︶ | ︵ᠲᠤᠯᠤᠭ᠎ᠠ︶ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠤᠳᠤ ᠦᠶ᠎ᠡ ᠶᠢᠨ ᠭᠦᠢᠯᠬᠡᠬᠡᠨ ᠤ | ᠰᠢᠰᠲ᠋ᠧᠮᠵᠢ ᠶᠢ ᠪᠠᠶᠢᠭᠤᠯᠬᠤ ᠬᠡᠷᠡᠭᠳᠡᠢ᠃ | 1. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠭᠦᠢᠯᠬᠡᠬᠡᠨ ᠤ ᠠᠵᠢᠯ ᠲᠦᠷᠦᠯ ᠤᠨ ᠵᠢᠷᠤᠮᠵᠢᠯ ᠢ | ᠪᠠᠶᠢᠭᠤᠯᠤᠨ ᠪᠦᠷᠢᠨᠰᠢᠬᠦᠯᠬᠦ ᠬᠡᠷᠡᠭᠳᠡᠢ᠃ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠪᠤᠭᠤᠳᠠᠯᠯᠠᠬᠤ᠂ ᠭᠦᠮᠦᠷᠬᠡᠯᠡᠬᠦ | ᠂ ᠠᠷᠠᠴᠢᠯᠠᠨ ᠬᠠᠮᠠᠭᠠᠯᠠᠬᠤ᠂ ᠲᠡᠬᠡᠬᠡᠪᠦᠷᠢᠯᠡᠬᠦ ᠠᠵᠢᠯ ᠲᠦᠷᠦᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠭᠦᠢᠯᠬᠡᠬᠡᠨ ᠤ ᠡᠷᠡᠬᠦᠯ ᠢᠶᠠᠷ ᠭᠦᠭᠵᠢᠬᠦ ᠳᠤ ᠰᠠᠭᠤᠷᠢ ᠶᠢ ᠨᠢ | ᠪᠠᠳᠤᠵᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠬᠠᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠢᠳᠡᠬᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶ | 2. ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠤᠳᠤ ᠦᠶ᠎ᠡ ᠶᠢᠨ ᠪᠠᠷᠠᠭᠠᠨ ᠤ ᠭᠦᠢᠯᠬᠡᠬᠡᠨ ᠤ | ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ᠃ ᠤᠳᠤ ᠦᠶ᠎ᠡ ᠶᠢᠨ ᠮᠤᠩᠭᠤᠯ ᠬᠢᠳᠡᠳ | ᠡᠮ ᠤᠨ ᠮᠠᠲ᠋ᠧᠷᠢᠶᠠᠯ ᠤᠨ ᠭᠦᠮᠦᠷᠬᠡᠯᠡᠬᠦ ᠪᠠ ᠪᠠᠷᠠᠭᠠᠨ ᠤ ᠭᠦᠢᠯᠬᠡᠬᠡᠨ ᠤ ᠲᠦᠪ᠂ ᠡᠯᠤᠺᠳ᠋ᠷᠤᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠲᠡᠪᠴᠡᠩ ᠪᠠ ᠤᠳᠤ ᠦᠶ᠎ᠡ ᠶᠢᠨ ᠪᠠᠷᠠᠭᠠᠨ ᠤ ᠭᠦᠢᠯᠬᠡᠬᠡᠨ ᠤ ᠲᠤᠬᠢᠷᠠᠭᠤᠯᠤᠨ ᠭᠦᠷᠬᠡᠬᠦ | ᠰᠢᠰᠲ᠋ᠧᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠦ᠂ ᠦᠢᠯᠡᠳᠪᠦᠷᠢᠯᠡᠯ ᠪᠠ ᠪᠤᠷᠤᠯᠠᠭᠤᠯᠭ᠎ᠠ ᠬᠤᠶᠠᠷ | ᠲᠠᠯ᠎ᠠ ᠶᠢᠨ ᠵᠠᠪᠰᠠᠷ ᠦᠬᠡᠢ ᠵᠤᠯᠭᠠᠭᠤᠯᠬᠤ ᠶᠢ ᠭᠦᠳᠦᠯᠦᠨ ᠵᠢᠯᠤᠭᠤᠳᠴᠤ᠂ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠭᠦᠢᠯᠬᠡᠬᠡᠨ ᠤ ᠰᠢᠰᠲ᠋ᠧᠮᠵᠢ ᠶᠢᠨ ᠪᠠᠷᠢᠮᠵᠢᠶᠠᠵᠢᠭᠤᠯᠬᠤ᠂ ᠤᠳᠤᠬᠢᠴᠢᠯᠠᠬᠤ ᠭᠦᠭᠵᠢᠯᠳᠡ ᠶᠢ | ᠠᠬᠢᠭᠤᠯᠤᠨ᠂ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠲᠠᠷᠢᠵᠦ ᠲᠡᠵᠢᠬᠡᠬᠦ ᠠᠴᠠ ᠠᠩᠬ᠎ᠠ ᠡᠳ᠋ᠰᠢᠬᠦᠯᠬᠦ᠂ | ᠪᠤᠭᠤᠳᠠᠯᠯᠠᠬᠤ᠂ ᠭᠦᠮᠦᠷᠬᠡᠯᠡᠬᠦ ᠪᠠ ᠲᠡᠬᠡᠬᠡᠪᠦᠷᠢᠯᠡᠬᠦ ᠶᠢ ᠨᠢᠬᠡ ᠴᠤᠨᠨᠴᠠᠵᠢᠭᠤᠯᠤᠨᠨᠰᠠᠨ ᠤᠳᠤ ᠦᠶ᠎ᠡ ᠶᠢᠨ ᠪᠠᠷᠠᠭᠠᠨ ᠤ | ᠭᠦᠢᠯᠬᠡᠬᠡᠨ ᠤ ᠰᠢᠰᠲ᠋ᠧᠮᠵᠢ ᠶᠢ ᠠᠩᠬ᠎ᠠ ᠠᠯᠬᠤᠮ ᠪᠤᠢ ᠪᠤᠯᠭᠠᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ | ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ︶ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠳᠡᠢ᠃ ᠡᠯ᠎ᠡ ᠠᠶᠢᠮᠠᠭ | ᠬᠤᠳᠠ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠮᠠᠨ ᠤ ᠤᠷᠤᠨ ᠤ ᠮᠤᠩᠭᠤᠯ ᠬᠢᠳᠡᠳ ᠡᠮ ᠤᠨ | ᠮᠠᠲ᠋ᠧᠷᠢᠶᠠᠯ ᠢ ᠬᠠᠮᠠᠭᠠᠯᠠᠬᠤ ᠪᠠ ᠭᠦᠭᠵᠢᠬᠦᠯᠬᠦ ᠠᠵᠢᠯ ᠤᠨ ᠴᠢᠬᠤᠯᠠ ᠶᠡᠭᠡ ᠠᠴᠢ ᠬᠤᠯᠪᠤᠨᠨᠳᠠᠯ ᠢ ᠭᠦᠢᠴᠡᠳ ᠲᠠᠨᠢᠵᠦ | ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠤᠯᠠᠮ ᠨᠢᠬᠡ ᠠᠯᠬᠤᠮ ᠴᠢᠩᠭᠠᠳᠬᠠᠵᠦ᠂ ᠡᠭᠦᠷᠬᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠨ᠂ ᠵᠤᠬᠢᠴᠠᠭᠤᠯᠤᠨ ᠬᠠᠮᠵᠢᠯᠴᠠᠬᠤ ᠶᠢ ᠴᠢᠩᠭᠠᠷᠠᠭᠤᠯᠵᠦ᠂ | ᠮᠡᠳᠡᠭᠡ ᠵᠠᠩᠬᠢ ᠶᠢ ᠬᠠᠮᠳᠤ ᠪᠠᠷ ᠬᠦᠷᠳᠡᠬᠦ ᠲᠤᠨᠨᠳᠠᠴᠠ ᠶᠢ ᠪᠠᠶᠢᠭᠤᠯᠤᠨ᠂ ᠡᠯ᠎ᠡ ᠲᠦᠷᠦᠯ ᠤᠨ ᠠᠵᠢᠯ ᠢ ᠭᠦᠴᠦ | ᠨᠢᠬᠡᠳᠡᠢ ᠠᠬᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠠᠵᠦ ᠠᠬᠤᠢ | ᠪᠠ ᠮᠡᠳᠡᠭᠡ ᠵᠠᠩᠬᠢᠵᠢᠯᠳᠠ ᠶᠢᠨ ᠠᠵᠢᠯ ᠤᠨ ᠵᠦᠪᠯᠡᠯ᠂ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠡᠷᠡᠭᠦᠯ | ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠤᠢ ᠰᠢᠭᠤᠢ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠢᠳᠡᠬᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ | ᠲᠤᠪᠴᠢᠶ᠎ᠠ᠂ ᠦᠪᠦᠷ ᠮᠤᠩᠭᠤᠯ ᠤᠨ ᠲᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶ | ︵ᠬᠤᠶᠠᠷ︶ ᠠᠵᠢᠯ ᠲᠦᠷᠦᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃ ᠬᠡᠬᠡᠷ᠎ᠡ ᠶᠢᠨ | ᠲᠦᠭᠰᠢᠭᠦᠷᠢᠳᠡᠭᠰᠡᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠬᠠᠮᠢᠶᠠᠷᠤᠯᠳᠠ ᠶᠢ | ᠴᠢᠩᠭᠠᠷᠠᠭᠤᠯᠵᠦ᠂ ᠲᠠᠷᠢᠵᠦ ᠲᠡᠵᠢᠬᠡᠭᠰᠡᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠪᠠ | ᠬᠡᠷᠡᠭᠯᠡᠭᠡ ᠶᠢ ᠵᠢᠷᠤᠮᠵᠢᠭᠤᠯᠬᠤ ᠬᠡᠷᠡᠭᠳᠡᠢ᠃ ᠶᠠᠰᠤ ᠴᠢᠨᠠᠷ ᠢ ᠲᠡᠷᠢᠬᠦᠨ ᠪᠠᠶᠢᠷᠢᠨ ᠳᠤ ᠲᠠᠯᠪᠢᠬᠤ᠂ ᠦᠨ᠎ᠠ ᠬᠠᠩᠰᠢ ᠶᠢ | ᠵᠤᠬᠢᠰᠳᠠᠢ ᠪᠠᠶᠢᠯᠭᠠᠬᠤ ᠵᠠᠷᠴᠢᠮ ᠶᠤᠰᠤᠭᠠᠷ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠨ᠎ᠠ ᠬᠠᠩᠰᠢ ᠶᠢᠨ | ᠪᠦᠷᠢᠯᠳᠦᠬᠦ ᠲᠤᠨᠨᠳᠠᠴᠠ ᠵᠢᠴᠢ ᠡᠮ ᠤᠨ ᠵᠦᠢᠯ ᠢ ᠲᠦᠪᠯᠡᠷᠡᠭᠦᠯᠦᠨ ᠬᠤᠳᠠᠯᠳᠤᠵᠦ ᠠᠪᠬᠤ ᠶᠢᠨ ᠦᠨᠡᠯᠡᠬᠦ | ᠭᠦᠢᠴᠡᠳᠬᠡᠯ ᠲᠤᠭ᠎ᠠ ᠪᠠ ᠠᠷᠭ᠎ᠠ ᠶᠢ ᠲᠡᠭᠦᠯᠳᠡᠷᠵᠢᠬᠦᠯᠬᠦ ᠬᠡᠷᠡᠭᠳᠡᠢ᠃ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠲᠠᠷᠢᠵᠦ ᠲᠡᠵᠢᠬᠡᠬᠦ ᠲᠦᠷᠰᠤ ᠶᠢᠨ ᠡᠬᠦᠰᠦᠯ ᠵᠢᠴᠢ ᠶᠠᠪᠤᠴᠠ ᠶᠢᠨ ᠬᠠᠮᠢᠶᠠᠷᠤᠯᠳᠠ ᠶᠢ ᠵᠢᠷᠤᠮᠵᠢᠭᠤᠯᠬᠤ ᠬᠡᠷᠡᠭᠳᠡᠢ᠃ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠳᠤ ᠤᠷᠤᠭᠤᠯᠬᠤ ᠵᠦᠢᠯ ᠤᠨ ᠬᠠᠮᠢᠶᠠᠷᠤᠯᠳᠠ ᠶᠢ | ᠴᠢᠩᠭᠠᠷᠠᠭᠤᠯᠵᠦ᠂ ᠲᠠᠷᠢᠶᠠᠨ ᠤ ᠡᠮ᠂ ᠬᠢᠮᠢ ᠶᠢᠨ ᠪᠤᠷᠳᠤᠭᠤᠷ᠂ ᠦᠰᠦᠯᠳᠡ ᠶᠢᠨ ᠲᠤᠬᠢᠷᠠᠭᠤᠯᠤᠨᠨᠴᠢ ᠶᠢ ᠲᠤᠷ᠎ᠠ ᠪᠠᠷ | ᠬᠡᠷᠡᠭᠯᠡᠬᠦ ᠶᠢ ᠴᠢᠩᠭ᠎ᠠ ᠴᠠᠭᠠᠵᠠᠯᠠᠵᠦ᠂ ᠬᠠᠭᠤᠷᠮᠠᠭ ᠶᠠᠭᠤᠮ᠎ᠠ ᠬᠤᠯᠢᠬᠤ᠂ ᠦᠩᠬᠡ ᠤᠷᠤᠭᠤᠯᠵᠦ ᠭᠦᠨᠳᠦ ᠶᠢ ᠨᠢ | ᠨᠡᠮᠡᠭᠳᠡᠬᠦᠯᠬᠦ ᠵᠡᠷᠬᠡ ᠬᠠᠤᠯᠢ ᠪᠤᠰᠤ ᠶᠢᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦ ᠬᠡᠷᠡᠭᠳᠡᠢ᠃ ᠮᠤᠩᠭᠤᠯ ᠬᠢᠳᠡᠳ | ᠡᠮ ᠤᠨ ᠮᠠᠲ᠋ᠧᠷᠢᠶᠠᠯ ᠤᠨ ᠭᠦᠢᠯᠬᠡᠬᠡᠨ ᠤ ᠡᠮᠬᠢ ᠵᠢᠷᠤᠮ ᠢ ᠬᠠᠮᠠᠭᠠᠯᠠᠵᠦ᠂ ᠲᠦᠪ ᠪᠤᠰᠤ ᠦᠷᠢᠰᠦᠯᠳᠦᠬᠦᠠᠵᠢᠯᠯᠠᠭᠠ ᠶᠢ | ᠪᠠᠶᠢᠴᠠᠭᠠᠨ ᠰᠶᠢᠳᠪᠦᠷᠢᠯᠡᠬᠦ ᠡᠷᠴᠢᠮ ᠢ ᠴᠢᠩᠭᠠᠷᠠᠭᠤᠯᠬᠤ ᠬᠡᠷᠡᠭᠳᠡᠢ᠃ ᠠᠷᠠᠯᠵᠢᠶᠠᠨ ᠤ ᠬᠠᠮᠢᠶᠠᠷᠤᠯᠳᠠ ᠪᠠ ᠶᠠᠰᠤ | ᠴᠢᠨᠠᠷ ᠤᠨ ᠬᠠᠮᠢᠶᠠᠷᠤᠯᠳᠠ ᠶᠢᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠬᠤᠳᠠᠯ ᠬᠠᠭᠤᠷᠮᠠᠭ | ᠵᠤᠬᠢᠶᠠᠵᠦ ᠬᠤᠳᠠᠯᠳᠤᠬᠤ ᠵᠡᠷᠬᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠤᠷᠳᠤ ᠬᠤᠭᠤᠴᠠᠭᠠᠨ ᠤ | ᠪᠦᠳᠦᠮᠵᠢᠳᠡᠢ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ | ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠢᠳᠡᠬᠡᠨ ᠪᠠ | ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ | ᠤᠢ ᠰᠢᠭᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | ︵ᠭᠤᠷᠪᠠ︶ ᠲᠦᠷᠦ ᠶᠢᠨ ᠪᠤᠳᠤᠯᠭ᠎ᠠ ᠪᠠᠷ ᠲᠡᠳᠬᠦᠬᠦ ᠡᠷᠴᠢᠮ ᠢ ᠴᠢᠩᠭᠠᠷᠠᠭᠤᠯᠬᠤ ᠬᠡᠷᠡᠭᠳᠡᠢ᠃ ᠡᠳ᠋ ᠤᠨ | ᠵᠠᠰᠠᠭ ᠤᠨ ᠪᠡᠯᠡ ᠮᠦᠩᠭᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠰᠠᠭᠤᠷᠢ ᠮᠦᠩᠭᠦᠨ ᠤ ᠭᠦᠳᠦᠯᠦᠨ | ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠢ ᠲᠠᠷᠢᠵᠦ | ᠲᠡᠵᠢᠬᠡᠬᠦ ᠰᠠᠭᠤᠷᠢᠨ ᠭᠠᠵᠠᠷ᠂ ᠮᠤᠩᠭᠤᠯ ᠬᠢᠳᠡᠳ ᠡᠮ ᠤᠨ ᠴᠢᠨᠠᠬᠤ ᠡᠮ ᠦᠢᠯᠡᠳᠪᠦᠷᠢᠯᠡᠬᠦ ᠠᠵᠦ ᠠᠬᠤᠶᠢᠯᠠᠯ ᠵᠢᠴᠢ | ᠲᠦᠭᠦᠷ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠪᠠᠷ ᠲᠡᠮᠵᠢᠬᠦ | ᠭᠦᠷᠢᠶ᠎ᠡ ᠬᠡᠪᠴᠢᠶᠡᠨ ᠳᠤ ᠤᠷᠤᠭᠤᠯᠵᠦ᠂ ᠪᠡᠯᠡ ᠮᠦᠩᠭᠦ ᠶᠢᠨ ᠤᠷᠤᠭᠤᠯᠤᠯᠳᠠ ᠶᠢ ᠨᠡᠮᠡᠭᠳᠡᠬᠦᠯᠬᠦ ᠬᠡᠷᠡᠭᠳᠡᠢ᠃ | ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠠᠭᠠᠳᠬᠠᠯ ᠢ ᠵᠤᠷᠢᠬᠵᠢᠭᠤᠯᠤᠨ ᠭᠦᠭᠵᠢᠬᠦᠯᠵᠦ᠂ | ᠵᠠᠬ᠎ᠠ ᠲᠡᠯᠬᠡᠭᠦᠷᠴᠢᠯᠡᠭᠰᠡᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠦᠭᠰᠢᠭᠦᠷᠢ ᠶᠢ | ᠵᠠᠶᠢᠳᠠᠭᠤᠯᠬᠤ ᠪᠠ ᠬᠤᠬᠢᠷᠠᠯ ᠢ ᠨᠦᠭᠦᠪᠦᠷᠢᠯᠡᠬᠦ ᠲᠤᠨᠨᠳᠠᠴᠠ ᠶᠢ ᠪᠠᠶᠢᠭᠤᠯᠬᠤ ᠬᠡᠷᠡᠭᠳᠡᠢ᠃ ᠮᠦᠩᠭᠦᠨ ᠭᠦᠢᠯᠬᠡᠬᠡᠨ ᠤ | ᠪᠠᠶᠢᠭᠤᠯᠤᠮᠵᠢ ᠶᠢ ᠵᠤᠷᠢᠨᠨᠵᠢᠭᠤᠯᠤᠨ ᠮᠦᠩᠭᠦᠨ ᠭᠦᠢᠯᠬᠡᠬᠡᠨ ᠤ ᠦᠢᠯᠡᠴᠢᠯᠡᠭᠡ ᠶᠢ ᠰᠠᠶᠢᠵᠢᠷᠠᠭᠤᠯᠵᠦ᠂ ᠲᠦᠭᠰᠢᠭᠦᠷᠢ ᠶᠢ | ᠡᠵᠡᠮᠳᠡᠵᠦ ᠪᠤᠯᠬᠤᠶᠢᠴᠠ ᠪᠠ ᠬᠤᠳᠠᠯᠳᠤᠭᠠᠨ ᠤ ᠦᠢᠯᠡᠰ ᠢ ᠦᠷᠭᠦᠯᠵᠢᠯᠡᠨ ᠭᠦᠭᠵᠢᠬᠦᠯᠬᠦ ᠤᠷᠢᠳᠠᠯ ᠲᠤᠤᠷ᠎ᠠ᠂ | ᠮᠤᠩᠭᠤᠯ ᠬᠢᠳᠡᠳ ᠡᠮ ᠤᠨ ᠮᠠᠲ᠋ᠧᠷᠢᠶᠠᠯ ᠦᠢᠯᠡᠳᠪᠦᠷᠢᠯᠡᠬᠦ ᠢᠳᠡᠬᠡᠮᠵᠢᠳᠦ ᠵᠢᠬᠡᠯᠡᠯᠬᠡ ᠲᠠᠯᠪᠢᠬᠤ ᠶᠢ ᠴᠢᠩᠭᠠᠷᠠᠭᠤᠯᠵᠦ᠂ | ᠭᠦᠮᠦᠷᠬᠡᠯᠡᠬᠦ᠂ ᠠᠷᠠᠯᠵᠢᠶᠠᠯᠠᠬᠤ ᠶᠢ ᠨᠢᠬᠡ ᠴᠤᠨᠨᠴᠠᠵᠢᠭᠤᠯᠤᠨᠨᠰᠠᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ | ᠬᠠᠩᠭᠠᠯᠭ᠎ᠠ ᠶᠢᠨ ᠬᠡᠯᠬᠢᠶ᠎ᠡ ᠳᠤ ᠮᠦᠩᠭᠦᠨ ᠭᠦᠢᠯᠬᠡᠬᠡᠨ ᠤ ᠦᠢᠯᠡᠴᠢᠯᠡᠭᠡ ᠬᠠᠩᠭᠠᠬᠤ ᠬᠡᠷᠡᠭᠳᠡᠢ᠃ ︵ᠬᠠᠷᠢᠭᠤᠴᠠᠯᠭᠠᠳᠤ | ᠨᠢᠬᠡᠴᠡ᠄ ᠦᠪᠡᠷᠳᠡᠬᠡᠨ ᠵᠠᠰᠬᠠᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠮᠦᠩᠭᠦᠨ | ᠭᠦᠢᠯᠬᠡᠬᠡᠨ ᠤ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠦᠪᠦᠷ ᠮᠤᠩᠭᠤᠯ ᠤᠨ ᠲᠠᠭᠠᠳᠬᠠᠯ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ︶ | ︵ᠲᠦᠷᠪᠡ︶ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠭᠦᠮᠦᠵᠢᠬᠦᠯᠬᠦ ᠶᠢ ᠲᠦᠷᠬᠡᠳᠬᠡᠬᠦ ᠬᠡᠷᠡᠭᠳᠡᠢ᠃ | ᠦᠨᠳᠦᠰᠦᠨ ᠱᠠᠳᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠭᠦᠢᠯᠬᠡᠬᠡᠨ ᠤ ᠠᠵᠢᠯ ᠢ | ᠡᠷᠬᠢᠯᠡᠨ ᠬᠢᠵᠦ ᠪᠠᠶᠢᠭ᠎ᠠ ᠠᠵᠢᠯᠳᠠᠨ ᠤ ᠪᠤᠯᠪᠠᠰᠤᠷᠠᠭᠤᠯᠤᠯ ᠢ ᠴᠢᠩᠭᠠᠳᠬᠠᠵᠦ᠂ ᠲᠤᠬᠠᠶᠢᠯᠬᠠᠰᠠᠨ ᠠᠵᠢᠯ ᠤᠨ ᠬᠡᠪ | ᠴᠢᠨᠠᠷ ᠪᠠ ᠲᠤᠰᠬᠠᠢ ᠮᠡᠷᠬᠡᠵᠢᠯ ᠤᠨ ᠬᠢᠷᠢ ᠬᠡᠮᠵᠢᠶ᠎ᠡ ᠶᠢ ᠲᠡᠬᠡᠭᠰᠢᠡᠯᠬᠦᠯᠬᠦ ᠬᠡᠷᠡᠭᠳᠡᠢ᠃ ᠮᠠᠨ ᠤ ᠤᠷᠤᠨ ᠤ ᠲᠡᠬᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠭᠦᠷᠢᠶᠡᠯᠡᠩ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠦ᠂ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠢ ᠬᠠᠮᠠᠭᠠᠯᠠᠬᠤ᠂ ᠲᠠᠷᠢᠵᠦ ᠲᠡᠵᠢᠬᠡᠬᠦ᠂ | ᠡᠳ᠋ᠰᠢᠬᠦᠯᠬᠦ᠂ ᠰᠢᠯᠭᠠᠨ ᠪᠠᠶᠢᠴᠠᠭᠠᠬᠤ ᠵᠡᠷᠬᠡ ᠮᠡᠷᠬᠡᠵᠢᠯ ᠪᠠ ᠮᠡᠳᠡᠭᠡ ᠵᠠᠩᠬᠢ ᠶᠢᠨ ᠦᠢᠯᠡᠴᠢᠯᠡᠬᠡᠨ ᠤ ᠴᠢᠳᠠᠪᠤᠷᠢᠳᠠᠨ ᠤ | ᠡᠩᠨᠡᠭᠡ ᠶᠢ ᠭᠦᠮᠦᠵᠢᠬᠦᠯᠦᠨ ᠪᠤᠶᠢᠵᠢᠭᠤᠯᠬᠤ ᠬᠡᠷᠡᠭᠳᠡᠢ᠃ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠲᠡᠬᠡᠳᠦ ᠲᠡᠰ | ᠲᠠᠪᠬᠤᠷᠭ᠎ᠠ ᠶᠢᠨ ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠭᠦᠮᠦᠵᠢᠬᠦᠯᠤᠨ ᠪᠤᠶᠢᠵᠢᠭᠤᠯᠬᠤ ᠶᠢ ᠴᠢᠩᠭᠠᠳᠬᠠᠵᠦ᠂ | ᠠᠵᠦ ᠦᠢᠯᠡᠰ ᠤᠨ ᠰᠢᠨ᠎ᠠ ᠶᠢ ᠡᠭᠦᠳᠬᠦ ᠬᠡᠯᠪᠡᠷᠢ ᠶᠢᠨ ᠲᠠᠭᠠᠭᠤᠯᠤᠨᠨᠴᠢ ᠴᠢᠳᠠᠪᠤᠷᠢᠳᠠᠨ᠂ ᠬᠠᠮ ᠬᠡᠯᠪᠡᠷᠢ ᠶᠢᠨ | ᠴᠢᠳᠠᠪᠤᠷᠢᠳᠠᠨ᠂ ᠬᠡᠷᠡᠭᠯᠡᠬᠡᠨ ᠤ ᠬᠡᠯᠪᠡᠷᠢ ᠶᠢᠨ ᠮᠡᠷᠬᠡᠵᠢᠯ ᠤᠨ ᠴᠢᠳᠠᠪᠤᠷᠢᠳᠠᠨ ᠢ ᠲᠠᠳᠠᠨ ᠤᠷᠤᠭᠤᠯᠵᠦ᠂ ᠮᠤᠩᠭᠤᠯ | ᠬᠢᠳᠡᠳ ᠡᠮ ᠤᠨ ᠮᠠᠲ᠋ᠧᠷᠢᠶᠠᠯ ᠢ ᠲᠠᠷᠢᠵᠦ ᠲᠡᠵᠢᠬᠡᠬᠦ ᠲᠤᠰᠬᠠᠶᠢᠵᠢᠨᠨᠰᠠᠨ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ | ᠰᠢᠨᠵᠢᠯᠡᠬᠦ ᠤᠠᠬᠠᠭᠠᠨ ᠮᠡᠷᠬᠡᠵᠢᠯ ᠤᠨ ᠰᠢᠨ᠎ᠠ ᠶᠢ ᠡᠭᠦᠳᠬᠦ ᠶᠢ ᠵᠤᠷᠢᠨᠨᠵᠢᠭᠤᠯᠵᠦ᠂ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠮᠡᠷᠬᠡᠵᠢᠯ ᠤᠨ ᠰᠢᠨ᠎ᠠ ᠶᠢ ᠡᠬᠦᠳᠦᠭᠰᠡᠨ ᠦᠷ᠎ᠡ ᠪᠦᠳᠦᠬᠡᠯ ᠢᠶᠠᠨ ᠤᠯᠠᠷᠢᠭᠤᠯᠬᠤ ᠶᠢ ᠠᠬᠢᠭᠤᠯᠬᠤ | ᠬᠡᠷᠡᠭᠳᠡᠢ᠃ ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠠᠬᠠᠭᠠᠨ ᠮᠡᠷᠬᠡᠵᠢᠯ ᠤᠨ | ᠲᠢᠩᠬᠢᠮ᠂ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | ︵ᠲᠠᠪᠤ︶ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠳᠡᠢ᠃ | ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠶᠢᠨ ᠭᠦᠭᠦᠷᠬᠡᠨ ᠬᠤᠯᠪᠤᠭᠠᠰᠤ ᠪᠠ ᠠᠵᠢᠯ ᠲᠦᠷᠦᠯ ᠤᠨ | ᠦᠪᠡᠷ ᠢ ᠢᠶᠠᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠵᠦ᠂ ᠤᠯᠤᠰ ᠤᠨ ᠬᠠᠤᠯᠢ ᠴᠠᠭᠠᠵᠠ ᠬᠠᠤᠯᠢ | ᠲᠤᠨᠨᠳᠠᠭᠠᠯ᠂ ᠲᠦᠷᠦ ᠶᠢᠨ ᠪᠤᠳᠤᠯᠭ᠎ᠠ᠂ ᠲᠦᠯᠦᠪᠵᠢᠬᠦᠯᠬᠡ ᠪᠠ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠵᠦ᠂ | ᠠᠵᠢᠯ ᠲᠦᠷᠦᠯ ᠤᠨ ᠮᠡᠳᠡᠭᠡ ᠵᠠᠩᠬᠢ ᠶᠢ ᠨᠡᠶᠢᠳᠡᠯᠡᠨ᠂ ᠠᠵᠦ ᠠᠬᠤᠶᠢᠯᠠᠯ ᠤᠨ ᠬᠠᠮᠳᠤᠷᠠᠯᠴᠠᠭ᠎ᠠ ᠶᠢ ᠠᠬᠢᠭᠤᠯᠵᠦ᠂ | ᠵᠠᠬ᠎ᠠ ᠲᠡᠯᠬᠡᠭᠦᠷ ᠤᠨ ᠲᠤᠨᠨᠳᠠᠭᠤᠨ ᠢ ᠠᠬᠢᠭᠤᠯᠤᠨ᠂ ᠲᠤᠨᠨᠳᠠᠭᠠᠯ ᠶᠤᠰᠤᠭᠠᠷ ᠮᠤᠩᠭᠤᠯ ᠬᠢᠳᠡᠳ ᠡᠮ ᠤᠨ | ᠮᠠᠲ᠋ᠧᠷᠢᠶᠠᠯ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠳᠠ ᠶᠢᠨ ᠵᠢᠷᠤᠮᠵᠢᠯ ᠲᠠᠢ ᠰᠠᠭᠤᠷᠢᠨ ᠭᠠᠵᠠᠷ᠂ | ᠵᠢᠩᠬᠢᠨᠢ ᠪᠠᠶᠢᠭᠠᠯᠢᠭ ᠭᠠᠷᠤᠯᠳᠠ ᠲᠠᠢ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠪᠠ ᠭᠦᠢᠯᠬᠡᠬᠡᠨ ᠤ | ᠬᠠᠮᠢᠶᠠᠷᠤᠯᠳᠠ ᠶᠢᠨ ᠬᠡᠷᠡᠴᠢᠯᠡᠭᠡ ᠬᠢᠬᠦ ᠶᠢ ᠦᠷᠨᠢᠬᠦᠯᠬᠦ ᠬᠡᠷᠡᠭᠳᠡᠢ᠃ ᠮᠤᠩᠭᠤᠯ ᠬᠢᠳᠡᠳ ᠡᠮ ᠡᠮᠨᠡᠯᠬᠡ ᠶᠢᠨ ᠰᠤᠶᠤᠯ ᠢ | ᠤᠯᠠᠮᠵᠢᠯᠠᠨ ᠪᠠᠳᠠᠷᠠᠭᠤᠯᠵᠦ᠂ ᠴᠢᠨᠠᠷ ᠰᠠᠶᠢᠳᠠᠢ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠨᠡᠶᠢᠬᠡᠮ ᠤᠨ ᠮᠡᠳᠡᠷᠡᠬᠦ | ᠬᠡᠮᠵᠢᠶ᠎ᠡ ᠶᠢ ᠲᠡᠬᠡᠭᠰᠢᠯᠡᠬᠦᠯᠵᠦ᠂ ᠮᠠᠨ ᠤ ᠤᠷᠤᠨ ᠤ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠨᠡᠷᠡᠳᠦ ᠲᠦᠷᠦᠯ | ᠲᠡᠮᠳᠡᠭᠳᠦ ᠶᠢ ᠪᠤᠶᠢᠵᠢᠭᠤᠯᠵᠦ᠂ ᠤᠳᠤ ᠦᠶ᠎ᠡ ᠶᠢᠨ ᠮᠤᠩᠭᠤᠯ ᠬᠢᠳᠡᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ | ᠡᠵᠡᠩᠨᠡᠯᠳᠡ ᠶᠢᠨ ᠰᠢᠰᠲ᠋ᠧᠮᠵᠢ ᠪᠠ ᠦᠢᠯᠡᠴᠢᠯᠡᠬᠡᠨ ᠤ ᠲᠤᠤᠷ ᠰᠦᠯᠵᠢᠶ᠎ᠡ ᠶᠢ ᠪᠠᠶᠢᠭᠤᠯᠬᠤ ᠶᠢ ᠠᠬᠢᠭᠤᠯᠬᠤ ᠬᠡᠷᠡᠭᠳᠡᠢ᠃ | ︵ᠬᠠᠷᠢᠭᠤᠴᠠᠯᠭᠠᠳᠤ ᠨᠢᠬᠡᠴᠡ᠄ ᠦᠪᠡᠷᠳᠡᠬᠡᠨ ᠵᠠᠰᠬᠠᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ | ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠢᠳᠡᠬᠡᠨ ᠪᠠ ᠡᠮ ᠤᠨ ᠵᠦᠢᠯ ᠤᠨ | ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ︶ |