ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2017-03-29
ᠦᠪᠦᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 220 ᠳ᠋ᠤᠭᠠᠷ ᠲᠤᠭᠠᠳᠤ            ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2016 ᠣᠨ ᠤ 10 ᠳ᠋ᠤᠭᠠᠷ ᠰᠠᠷ᠎ᠠ ᠶᠢᠨ 8 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠠ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                   ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠥᠥ ᠯᠢᠨ                                        2016 ᠣᠨ ᠤ 12 ᠳ᠋ᠤᠭᠠᠷ ᠰᠠᠷ᠎ᠠ ᠶᠢᠨ 6 ᠤ ᠡᠳᠦᠷ          ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾ ᠳᠤ ᠳᠣᠣᠷᠠᠬᠢ ᠮᠡᠲᠦ ᠵᠠᠰᠠᠪᠤᠷᠢ ᠣᠷᠤᠭᠤᠯᠬᠤ ᠪᠠᠷ ᠲᠣᠭᠲᠠᠭᠠᠪᠠ᠄         ᠨᠢᠭᠡ᠂ ᠬᠤᠷᠢᠳᠤᠭᠠᠷ ᠵᠦᠢᠯ ᠳᠤ᠄ ︽ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ ᠦᠨ᠎ᠡ ᠬᠠᠩᠰᠢ ᠶᠢ ᠵᠠᠷᠯᠠᠨ ᠨᠡᠶᠢᠲᠡᠯᠡᠬᠦ ᠳᠦᠷᠢᠮ ᠢ ᠬᠡᠷᠡᠭᠵᠢᠭᠦᠯᠦᠨ᠎ᠡ︾ ᠭᠡᠵᠦ ᠵᠠᠰᠠᠪᠤᠷᠢ ᠣᠷᠤᠭᠤᠯᠪᠠ᠃         ᠬᠤᠶᠠᠷ᠂ ᠬᠤᠷᠢᠨ ᠨᠢᠭᠡᠳᠦᠭᠡᠷ ᠵᠦᠢᠯ ᠳᠤ᠄ ︽ᠡᠵᠡᠩᠨᠡᠭᠴᠢᠳ ᠠᠴᠠ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠳᠤ ᠬᠠᠷᠢᠶᠠᠯᠠᠭᠳᠠᠬᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠬᠠᠩᠭᠠᠬᠤ ᠳᠤ ᠡᠵᠡᠩᠨᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠠᠳᠠᠯᠢ ᠱᠠᠲᠤᠨ ᠤ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠵᠠᠷᠯᠠᠨ ᠨᠡᠶᠢᠲᠡᠯᠡᠬᠦ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠢ᠃ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠭᠠᠷᠴᠠᠭ ᠤᠨ ᠨᠠᠷᠢᠨ ᠬᠠᠭᠤᠳᠠᠰᠤ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠢ︾ ᠭᠡᠵᠦ ᠵᠠᠰᠠᠪᠤᠷᠢ ᠣᠷᠤᠭᠤᠯᠪᠠ᠃         ᠭᠤᠷᠪᠠ᠂ ᠬᠤᠷᠢᠨ ᠬᠤᠶᠠᠳᠤᠭᠠᠷ ᠵᠦᠢᠯ ᠳᠤ᠄ ︽ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠭᠠᠷᠴᠠᠭ ᠤᠨ ᠨᠠᠷᠢᠨ ᠬᠠᠭᠤᠳᠠᠰᠤ ᠳᠤ ᠰᠦᠢᠳᠭᠡᠯ ᠬᠤᠷᠢᠶᠠᠬᠤ ᠲᠦᠷᠦᠯ ᠵᠦᠢᠯ᠂ ᠰᠦᠢᠳᠭᠡᠯ ᠪᠣᠳᠣᠬᠤ ᠨᠢᠭᠡᠴᠢ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠦᠨᠳᠦᠰᠦᠯᠡᠯ ᠵᠡᠷᠭᠡ ᠠᠭᠤᠯᠭ᠎ᠠ ᠨᠤᠭᠤᠳ ᠢ ᠲᠣᠳᠣᠷᠬᠠᠢ ᠲᠡᠮᠳᠡᠭᠯᠡᠬᠦ ᠬᠡᠷᠡᠭᠲᠡᠢ᠃        ᠡᠵᠡᠩᠨᠡᠭᠴᠢᠳ ᠡᠵᠡᠩᠨᠡᠯᠲᠡ ᠶᠢᠨ ᠲᠠᠯᠠᠪᠠᠢ ᠭᠠᠵᠠᠷ ᠤᠨ ᠢᠯᠡᠷᠬᠡᠢ ᠪᠠᠶᠢᠷᠢᠨ ᠳᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠭᠠᠷᠴᠠᠭ ᠤᠨ ᠨᠠᠷᠢᠨ ᠬᠠᠭᠤᠳᠠᠰᠤ ᠶᠢ ᠨᠡᠶᠢᠲᠡᠯᠡᠬᠦ ᠶᠢᠨ ᠬᠠᠮᠳᠤ᠂ ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ ᠤᠲᠠᠰᠤ ᠪᠠᠨ ᠨᠡᠶᠢᠲᠡᠯᠡᠬᠦ ᠬᠡᠷᠡᠭᠲᠡᠢ︾ ᠭᠡᠵᠦ ᠵᠠᠰᠠᠪᠤᠷᠢ ᠣᠷᠤᠭᠤᠯᠪᠠ᠃         ᠳᠥᠷᠪᠡ᠂ ᠬᠤᠷᠢᠨ ᠳᠥᠷᠪᠡᠳᠦᠭᠡᠷ ᠵᠦᠢᠯ ᠳᠤ ᠨᠢᠭᠡ ᠵᠣᠷᠪᠤᠰ ᠨᠡᠮᠡᠵᠦ ᠣᠷᠤᠭᠤᠯᠤᠭᠠᠳ ᠬᠤᠷᠢᠨ ᠲᠥᠷᠪᠡᠳᠥᠭᠡᠷ ᠵᠦᠢᠯ ᠤᠨ ︵ᠨᠢᠭᠡᠳᠦᠬᠡᠷ︶ ᠵᠣᠷᠪᠤᠰ ᠢᠶᠠᠷ᠄ ︽ᠦᠨ᠎ᠡ ᠬᠠᠩᠰᠢ ᠶᠢᠨ ᠵᠠᠷᠯᠠᠨ ᠨᠡᠶᠢᠲᠡᠯᠡᠬᠦ ᠳᠥᠷᠢᠮ ᠢ ᠥᠯᠥ ᠬᠡᠷᠡᠭᠵᠢᠭᠦᠯᠦᠭᠰᠡᠨ︾ ᠭᠡᠰᠡᠨ ᠵᠤᠷᠪᠤᠰ ᠪᠤᠯᠭᠠᠨ᠎ᠠ᠃         ᠲᠣᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾ ᠳᠤ ᠲᠤᠰ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠵᠠᠰᠠᠪᠤᠷᠢ ᠣᠷᠤᠭᠤᠯᠵᠤ᠂ ᠳᠠᠬᠢᠨ ᠨᠡᠶᠢᠲᠡᠯᠡᠪᠠ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ         ︵2008 ᠣᠨ ᠤ 8 ᠳ᠋ᠤᠭᠠᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 159 ᠳ᠋ᠤᠭᠡᠷ ᠲᠣᠭᠠᠲᠤ ᠪᠠᠷ ᠨᠡᠶᠢᠲᠡᠯᠡᠪᠡ 2016 ᠣᠨ ᠤ 12 ᠳ᠋ᠤᠭᠠᠷ ᠰᠠᠷ᠎ᠠ ᠶᠢᠨ 6 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ︶         ᠨᠢᠭᠡᠳᠦᠭᠡᠷ ᠵᠦᠢᠯ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠲᠢᠭᠯᠢᠮ ᠢ ᠬᠠᠮᠠᠭᠠᠯᠠᠵᠤ᠂ ᠬᠡᠷᠡᠭᠯᠡᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ         ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠭᠡᠳᠡᠭ ᠨᠢ ᠡᠵᠡᠩᠨᠡᠭᠴᠢᠳ ᠲᠠᠯᠠᠪᠠᠢ ᠭᠠᠵᠠᠷ᠂ ᠪᠡᠯᠡᠳᠭᠡᠮᠵᠢ᠂ ᠮᠡᠷᠭᠡᠵᠢᠯ᠂ ᠮᠡᠳᠡᠭᠡ ᠵᠠᠩᠭᠢ᠂ ᠮᠡᠳᠡᠯᠭᠡ᠂ ᠬᠦᠳᠡᠯᠮᠦᠷᠢ ᠦᠢᠯᠡᠴᠢᠯᠡᠭᠡ᠂ ᠵᠠᠭᠤᠴᠢ᠂ ᠤᠯᠠᠮᠵᠢᠯᠠᠨ ᠳᠠᠮᠵᠢᠭᠤᠯᠬᠤ ᠶᠢ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠲᠦᠯᠦᠪᠦᠷᠢᠲᠡᠢ ᠦᠢᠯᠡᠴᠢᠯᠡᠭᠡ ᠦᠷᠨᠢᠭᠦᠯᠬᠦ ᠶᠢᠨ ᠰᠦᠢᠳᠭᠡᠯ ᠬᠤᠷᠢᠶᠠᠬᠤ ᠶᠢ ᠵᠢᠭᠠᠵᠤ ᠪᠣᠢ᠃         ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭ᠎ᠠ ᠵᠢᠴᠢ ᠬᠠᠮᠢᠶᠠᠷᠤᠯᠲᠠ ᠳᠤ ᠲᠣᠰ ᠠᠷᠭ᠎ᠠ ᠬᠡᠷᠡᠭᠯᠡᠭᠳᠡᠨ᠎ᠡ᠃             ᠳᠥᠷᠪᠡᠳᠦᠭᠡᠷ ᠵᠦᠢᠯ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠂ ᠬᠢᠨᠠᠯᠲᠠ ᠲᠠᠯᠪᠢᠯᠲᠠ ᠪᠠ ᠲᠣᠬᠢᠷᠠᠭᠤᠯᠭ᠎ᠠ ᠡᠵᠡᠮᠰᠢᠯ ᠨᠢ ᠦᠷᠲᠡᠭ ᠤᠨ ᠵᠢᠮ᠎ᠡ ᠶᠣᠰᠤ ᠪᠠ ᠵᠠᠬ᠎ᠠ ᠳᠡᠯᠭᠡᠭᠦᠷ ᠤᠨ ᠵᠢᠷᠤᠮ ᠢ ᠵᠢᠷᠤᠮᠯᠠᠵᠤ᠂ ᠭᠤᠣᠯᠴᠢ᠂ ᠢᠯᠡ᠂ ᠬᠠᠤᠯᠢ ᠶᠣᠰᠣᠨ ᠤ ᠵᠠᠬ᠎ᠠ ᠳᠡᠯᠭᠡᠭᠦᠷ ᠤᠨ ᠦᠷᠢᠰᠦᠯᠳᠦᠭᠡᠨ ᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠪ ᠤᠨ ᠦᠨ᠎ᠡ ᠬᠠᠩᠰᠢ ᠶᠢᠨ ᠡᠬᠢ ᠲᠢᠭᠯᠢᠮ ᠢ ᠬᠠᠮᠠᠭᠠᠯᠠᠬᠤ ᠬᠡᠷᠡᠭᠲᠡᠢ᠃         ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃         ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ᠂ ᠬᠢᠨᠠᠨ ᠪᠣᠳᠣᠬᠤ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠤᠭᠠᠷ᠂ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃         ᠵᠢᠷᠭᠤᠳᠤᠭᠠᠷ ᠵᠦᠢᠯ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠠ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠬᠠᠩᠰᠢ ᠭᠡᠵᠦ ᠬᠤᠪᠢᠶᠠᠨ᠎ᠠ᠃         ᠳᠣᠯᠤᠳᠤᠭᠠᠷ ᠵᠦᠢᠯ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠦᠷᠢᠶ᠎ᠡ ᠬᠡᠪᠴᠢᠶ᠎ᠡ᠄         ︵ᠨᠢᠭᠡ︶ ᠴᠢᠬᠤᠯᠠ ᠪᠦᠬᠦᠢ ᠠᠯᠪᠠᠨ ᠬᠡᠷᠡᠭᠯᠡᠭᠡᠨ ᠤ ᠠᠵᠢᠯ ᠦᠢᠯᠡᠰ ᠤᠨ ᠦᠢᠯᠡᠴᠢᠯᠡᠭᠡᠨ ᠤ ᠦᠨ᠎ᠡ ᠬᠠᠩᠰᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ︔         ︵ᠬᠤᠶᠠᠷ︶ ᠵᠠᠬ᠎ᠠ ᠳᠡᠯᠭᠡᠭᠦᠷ ᠲᠤ ᠥᠷᠢᠰᠥᠯᠳᠦᠬᠦ ᠨᠦᠬᠦᠴᠡᠯ ᠪᠦᠷᠢᠯᠳᠦᠭᠡᠳᠦᠢ ᠪᠤᠶᠤ ᠵᠠᠬ᠎ᠠ ᠳᠡᠯᠭᠡᠭᠦᠷ ᠲᠤ ᠦᠷᠢᠰᠦᠯᠳᠦᠬᠦ ᠬᠦᠴᠦᠨ ᠢᠶᠠᠷ ᠭᠦᠢᠴᠡᠳ ᠦᠭᠡᠢ ᠪᠠᠶᠢᠬᠤ ᠴᠢᠬᠤᠯᠠ ᠪᠦᠬᠦᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ︔             ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠣᠰᠣᠳ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ᠃         ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ ᠭᠠᠷᠴᠠᠭᠯᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠬᠡᠷᠡᠭᠵᠢᠭᠦᠯᠦᠭᠰᠡᠨ ᠪᠣᠳᠠᠲᠠᠢ ᠲᠦᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠨ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨ᠎ᠡ ᠬᠠᠩᠰᠢ ᠶᠢᠨ ᠭᠠᠷᠴᠠᠭ ᠢᠶᠠᠷ ᠦᠨᠳᠦᠰᠦᠯᠡᠯ ᠪᠣᠯᠭᠠᠨ᠎ᠠ᠃          ᠶᠢᠰᠦᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨ᠎ᠡ ᠬᠠᠩᠰᠢ ᠶᠢᠨ ᠭᠠᠷᠴᠠᠭ ᠲᠤ ᠵᠢᠭᠰᠠᠭᠠᠨ ᠣᠷᠤᠭᠤᠯᠤᠭᠰᠠᠨ ᠦᠭᠡᠢ ᠡᠵᠡᠩᠨᠡᠯᠳᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠬᠠᠩᠰᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃         ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠬᠠᠩᠰᠢ ᠶᠢ ᠬᠡᠷᠡᠭᠵᠢᠭᠦᠯᠦᠭᠰᠡᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ ᠴᠢᠬᠤᠯᠠ ᠪᠦᠬᠦᠢ ᠬᠦᠲᠦᠯᠦᠨ ᠵᠢᠯᠣᠭᠤᠳᠤᠯᠭ᠎ᠠ ᠬᠢᠵᠦ᠂ ᠬᠠᠣᠯᠢ ᠶᠤᠰᠤᠭᠠᠷ ᠲᠡᠳᠡᠭᠡᠷ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃         ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠬᠡᠷᠡᠭᠵᠢᠭᠦᠯᠬᠦ ᠳᠤ᠂ ᠲᠤᠰ ᠦᠢᠯᠡᠴᠢᠯᠡᠭᠡᠨ ᠤ ᠲᠦᠷᠥᠯ ᠵᠦᠢᠯ ᠤᠨ ᠨᠡᠶᠢᠭᠡᠮ ᠤᠨ ᠳᠤᠮᠳᠠᠴᠢ ᠦᠪᠡᠷ ᠤᠨ ᠥᠷᠲᠡᠭ᠂ ᠭᠠᠶᠢᠯᠢ ᠶᠢᠨ ᠮᠦᠩᠭᠦ᠂ ᠵᠦᠢ ᠵᠣᠬᠢᠰᠲᠠᠢ ᠠᠰᠢᠭ ᠤᠯᠵᠠᠪᠦᠷᠢ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠵᠢᠴᠢ ᠬᠡᠷᠡᠭᠯᠡᠭᠴᠢᠳ ᠤᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠤᠳ ᠢ ᠦᠨᠳᠦᠰᠦᠯᠡᠨ ᠲᠣᠭᠲᠠᠭᠠᠬᠤ ᠬᠡᠷᠡᠭᠲᠡᠢ᠃         ᠠᠷᠪᠠᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠤᠣᠯ ᠪᠣᠯᠬᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠳᠤ ᠬᠠᠷᠢᠶᠠᠯᠠᠭᠳᠠᠬᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠳᠤ᠂ ᠥᠪᠡᠷ ᠤᠨ ᠥᠷᠲᠡᠭ ᠲᠤ ᠬᠢᠨᠠᠯᠲᠠ ᠲᠠᠯᠪᠢᠵᠦ ᠬᠢᠨᠠᠨ ᠪᠤᠳᠤᠵᠦ ᠬᠢᠨᠠᠨ ᠰᠢᠯᠭᠠᠯᠲᠠ ᠬᠢᠬᠦ ᠬᠡᠷᠡᠭᠲᠡᠢ᠃          ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠪᠣᠰᠣᠳ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠠᠢ ᠲᠣᠭᠲᠠᠭᠠᠬᠤ ᠭᠠᠷᠴᠠᠭ ᠲᠤ ᠲᠣᠭᠲᠠᠭᠠᠭᠰᠠᠨ ᠦᠨ᠎ᠡ ᠬᠠᠩᠰᠢ ᠲᠣᠭᠲᠠᠭᠠᠬᠤ ᠡᠷᠬᠡ ᠶᠢᠨ ᠬᠢᠵᠠᠭᠠᠷ᠂ ᠬᠦᠷᠢᠶ᠎ᠡ ᠬᠡᠪᠴᠢᠶ᠎ᠡ ᠪᠠ ᠳᠡᠰ ᠳᠠᠷᠠᠭᠠᠯᠠᠯ ᠢᠶᠠᠷ ᠯᠠᠪᠯᠠᠯᠲᠠ ᠪᠣᠯᠭᠠᠵᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠳᠤ ᠬᠠᠷᠢᠶᠠᠯᠠᠭᠳᠠᠬᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠬᠡᠷᠡᠭᠲᠡᠢ᠃          ᠠᠷᠪᠠᠨ ᠳᠥᠷᠪᠡᠳᠦᠭᠡᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠷᠬᠡ ᠪᠠᠨ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ ᠲᠤ ᠲᠣᠭᠲᠠᠭᠠᠭᠰᠠᠨ ᠦᠨ᠎ᠡ ᠬᠠᠩᠰᠢ ᠲᠣᠭᠲᠠᠭᠠᠬᠤ ᠡᠷᠬᠡ ᠶᠢᠨ ᠬᠢᠵᠠᠭᠠᠷ ᠪᠠ ᠬᠡᠷᠡᠭᠯᠡᠭᠳᠡᠬᠦ ᠬᠦᠷᠢᠶ᠎ᠡ ᠬᠡᠪᠴᠢᠶ᠎ᠡ ᠶᠣᠰᠤᠭᠠᠷ ᠂ ᠲᠤᠰ ᠭᠠᠵᠠᠷ ᠣᠷᠣᠨ ᠳᠤ ᠬᠡᠷᠡᠭᠵᠢᠭᠦᠯᠬᠦ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠵᠤ ᠪᠤᠯᠤᠨ᠎ᠠ᠂ ᠲᠡᠭᠦᠨ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠡᠭᠡᠲᠥ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠢ᠃           ᠠᠷᠪᠠᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠳᠤ ᠬᠡᠷᠡᠭᠯᠡᠭᠴᠢᠳ᠂ ᠡᠵᠡᠩᠨᠡᠭᠴᠢᠳ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠤᠳ ᠢ ᠰᠣᠨᠣᠰᠬᠤ ᠬᠡᠷᠡᠭᠲᠡᠢ᠃ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠭᠠᠷᠴᠠᠭ ᠲᠤ ᠵᠢᠭᠰᠠᠭᠠᠨ ᠣᠷᠤᠭᠤᠯᠤᠭᠰᠠᠨ ᠪᠣᠶᠣ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠳᠡᠰ ᠳᠠᠷᠠᠭᠠᠯᠠᠯ᠂ ᠠᠷᠭ᠎ᠠ ᠵᠡᠷᠭᠡ ᠤᠴᠢᠷ ᠤᠳ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃           ᠠᠷᠪᠠᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠣᠭᠲᠠᠭᠠᠭᠰᠠᠨ ᠦᠨ᠎ᠡ ᠬᠠᠩᠰᠢ ᠶᠢᠨ ᠡᠷᠬᠡ ᠶᠢᠨ ᠬᠢᠵᠠᠭᠠᠷ ᠢ ᠦᠨᠳᠦᠰᠦᠯᠡᠵᠦ ᠲᠣᠭᠲᠠᠭᠠᠭᠰᠠᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃           ᠠᠷᠪᠠᠨ ᠳᠣᠯᠤᠳᠤᠭᠠᠷ ᠵᠦᠢᠯ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠪᠣᠳᠠᠲᠠᠢ ᠬᠡᠷᠡᠭᠯᠡᠭᠳᠡᠬᠦ ᠬᠦᠷᠢᠶ᠎ᠡ ᠬᠡᠪᠴᠢᠶ᠎ᠡ᠂ ᠦᠨ᠎ᠡ ᠬᠠᠩᠰᠢ ᠶᠢᠨ ᠬᠢᠷᠢ ᠬᠡᠮᠵᠢᠶ᠎ᠡ ᠳᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠲᠣᠭᠲᠠᠭᠠᠭᠰᠠᠨ ᠦᠨ᠎ᠡ ᠬᠠᠩᠰᠢ ᠲᠣᠭᠲᠠᠭᠠᠬᠤ ᠡᠷᠬᠡ ᠶᠢᠨ ᠬᠢᠵᠠᠭᠠᠷ ᠪᠠ ᠳᠡᠰ ᠳᠠᠷᠠᠭᠠᠯᠠᠯ ᠶᠣᠰᠣᠭᠠᠷ ᠴᠠᠭ ᠲᠤᠨᠢ ᠲᠣᠬᠢᠷᠠᠭᠤᠯᠵᠤ ᠪᠠᠶᠢᠭᠠᠳ ᠲᠣᠬᠢᠷᠠᠭᠤᠯᠤᠯᠲᠠ ᠬᠢᠬᠦ ᠬᠡᠷᠡᠭᠲᠡᠢ᠃ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠳᠤ ᠬᠠᠷᠢᠶᠠᠯᠠᠭᠳᠠᠬᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ᠂ ᠬᠡᠷᠡᠭᠯᠡᠭᠴᠢᠳ᠂ ᠡᠵᠡᠩᠨᠡᠭᠴᠢᠳ ᠨᠢ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ ᠪᠣᠯᠣᠨ᠎ᠠ᠃            ᠠᠷᠪᠠᠨ ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠬᠡᠷᠡᠭᠵᠢᠭᠦᠯᠬᠦ ᠳᠤ᠂ ᠲᠤᠰ ᠠᠷᠭ᠎ᠠ ᠳᠤ ᠲᠣᠭᠲᠠᠭᠠᠭᠰᠠᠨ ᠳᠡᠰ ᠳᠠᠷᠠᠭᠠᠯᠠᠯ ᠢᠶᠠᠷ ᠭᠦᠢᠴᠡᠳᠭᠡᠬᠦ ᠬᠡᠷᠡᠭᠲᠡᠢ᠃           ᠠᠷᠪᠠ ᠶᠢᠰᠤᠳᠤᠭᠡᠷ ᠵᠦᠢᠯ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠬᠠᠩᠰᠢ ᠶᠢᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢ ᠡᠵᠡᠩᠨᠡᠭᠴᠢᠳ ᠠᠴᠠ ᠭᠤᠣᠯᠴᠢ᠂ ᠬᠠᠤᠯᠢ ᠶᠣᠰᠣᠨ ᠤ ᠪᠠ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ᠂ ᠦᠢᠯᠡᠴᠢᠯᠡᠭᠡᠨ ᠤ ᠲᠥᠷᠥᠯ ᠵᠦᠢᠯ ᠤᠨ ᠡᠵᠡᠩᠨᠡᠯᠲᠠ ᠶᠢᠨ ᠥᠪᠡᠷ ᠤᠨ ᠥᠷᠲᠡᠭ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠥᠪᠡᠷ ᠢᠶᠠᠨ ᠡᠵᠡᠨ ᠮᠡᠳᠡᠨ ᠲᠣᠭᠲᠠᠭᠠᠬᠤ ᠬᠡᠷᠡᠭᠲᠡᠢ᠃            ᠬᠤᠷᠢᠳᠤᠭᠠᠷ ᠵᠦᠢᠯ ᠵᠠᠰᠠᠭ ᠤᠨ ᠣᠷᠳᠣᠨ ᠤ ᠵᠢᠯᠣᠭᠤᠳᠬᠤ ᠦᠨ᠎ᠡ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ᠂ ᠦᠨ᠎ᠡ ᠬᠠᠩᠰᠢ ᠶᠢᠨ ᠵᠠᠷᠯᠠᠨ ᠨᠡᠶᠢᠲᠡᠯᠡᠬᠦ ᠳᠥᠷᠢᠮ ᠢ ᠬᠡᠷᠡᠭᠵᠢᠭᠦᠯᠦᠨ᠎ᠡ᠃           ᠬᠤᠷᠢᠨ ᠨᠢᠭᠡᠳᠦᠭᠡᠷ ᠵᠦᠢᠯ ᠡᠵᠡᠩᠨᠡᠭᠴᠢᠳ ᠠᠴᠠ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠳᠤ ᠬᠠᠷᠢᠶᠠᠯᠠᠭᠳᠠᠬᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠬᠠᠩᠭᠠᠬᠤ ᠳᠤ᠂ ᠡᠵᠡᠩᠨᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠠᠳᠠᠯᠢ ᠱᠠᠲᠤᠨ ᠤ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠵᠠᠷᠯᠠᠨ ᠨᠡᠶᠢᠲᠡᠯᠡᠬᠦ ᠳᠡᠰ ᠳᠠᠷᠠᠭᠠᠯᠠᠯ ᠢᠶᠠᠨ ᠭᠦᠢᠴᠡᠳᠭᠡᠬᠦ ᠬᠡᠷᠡᠭᠲᠡᠢ᠃ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠭᠠᠷᠴᠠᠭ ᠤᠨ ᠨᠠᠷᠢᠨ ᠬᠠᠭᠤᠳᠠᠰᠤ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃                        ᠬᠤᠷᠢᠨ ᠬᠤᠶᠠᠳᠤᠭᠠᠷ ᠵᠦᠢᠯ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠭᠠᠷᠴᠠᠭ ᠤᠨ ᠨᠠᠷᠢᠨ ᠬᠠᠭᠤᠳᠠᠰᠤ ᠳᠤ ᠰᠦᠢᠳᠭᠡᠯ ᠬᠤᠷᠢᠶᠠᠬᠤ ᠲᠥᠷᠥᠯ ᠵᠦᠢᠯ᠂ ᠰᠦᠢᠳᠭᠡᠯ ᠪᠣᠳᠣᠬᠤ ᠨᠢᠭᠡᠴᠢ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠦᠨᠳᠦᠰᠦᠯᠡᠯ ᠵᠡᠷᠭᠡ ᠠᠭᠤᠯᠭ᠎ᠠ ᠨᠤᠭᠤᠳ ᠢ ᠲᠣᠳᠣᠷᠬᠠᠢ ᠲᠡᠮᠳᠡᠭᠯᠡᠭᠰᠡᠨ ᠪᠠᠶᠢᠬᠤ ᠬᠡᠷᠡᠭᠲᠡᠢ᠃ ᠡᠵᠡᠩᠨᠡᠭᠴᠢᠳ ᠨᠢ ᠡᠵᠡᠩᠨᠡᠬᠦ ᠲᠠᠯᠠᠪᠠᠢ ᠭᠠᠵᠠᠷ ᠤᠨ ᠢᠯᠡᠷᠬᠡᠢ ᠪᠠᠶᠢᠷᠢᠨ ᠳᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠭᠠᠷᠴᠠᠭ ᠤᠨ ᠨᠠᠷᠢᠨ ᠬᠠᠭᠤᠳᠠᠰᠤ ᠶᠢ ᠵᠠᠷᠯᠠᠨ ᠨᠡᠶᠢᠲᠡᠯᠡᠬᠦ ᠶᠢᠨ ᠬᠠᠮᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠᠨ ᠨᠡᠶᠢᠲᠡᠯᠡᠬᠦ ᠬᠡᠷᠡᠭᠲᠡᠢ᠃            ᠬᠤᠷᠢᠨ ᠭᠤᠷᠪᠠᠳᠤᠭᠠᠷ ᠵᠦᠢᠯ ᠡᠵᠡᠩᠨᠡᠭᠴᠢᠳ ᠨᠢ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠤᠯᠪᠣᠭᠳᠠᠯ ᠪᠦᠬᠦᠢ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠳ᠋ ᠤᠨ ᠶᠠᠪᠤᠳᠠᠯ ᠤᠨ ᠮᠠᠲ᠋ᠧᠷᠢᠶᠠᠯ᠂ ᠡᠵᠡᠩᠨᠡᠯᠲᠡ ᠶᠢᠨ ᠥᠪᠡᠷ ᠤᠨ ᠥᠷᠲᠡᠭ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ ︔ ᠤᠯᠤᠰ ᠤᠨ ᠢᠯᠡ ᠪᠠᠷ ᠬᠠᠳᠠᠭᠰᠠᠨ ᠦᠨ᠎ᠡ ᠬᠠᠩᠰᠢ ᠶᠢᠨ ᠲᠣᠭᠲᠠᠭᠠᠯ ᠢ ᠬᠡᠷᠡᠭᠵᠢᠭᠦᠯᠵᠦ᠂ ᠬᠡᠷᠡᠭᠯᠡᠭᠴᠢᠳ ᠲᠤ ᠬᠡᠷᠡᠭᠯᠡᠭᠡ ᠶᠢᠨ ᠨᠠᠷᠢᠨ ᠬᠠᠭᠤᠳᠠᠰᠤ ᠭᠠᠷᠭᠠᠵᠤ ᠦᠭᠬᠦ ᠪᠠ ᠬᠠᠤᠯᠢ ᠶᠣᠰᠣᠨ ᠤ ᠫᠢᠶᠣᠣ ᠪᠠᠷᠢᠮᠲᠠ ᠭᠠᠷᠭᠠᠵᠤ ᠥᠭᠬᠦ ᠬᠡᠷᠡᠭᠲᠡᠢ᠃           ᠬᠤᠷᠢᠨ ᠳᠥᠷᠪᠡᠳᠦᠭᠡᠷ ᠵᠦᠢᠯ ᠡᠵᠡᠩᠨᠡᠭᠴᠢᠳ ᠨᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭᠠᠨ ᠤ ᠳᠤᠮᠳᠠ ᠳᠣᠣᠷᠠᠬᠢ ᠮᠡᠲᠦ ᠶᠢᠨ ᠵᠦᠢ ᠪᠣᠰᠤ ᠦᠨ᠎ᠡ ᠬᠠᠩᠰᠢ ᠶᠢᠨ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄            ︵ᠨᠢᠭᠡ︶ ᠦᠨ᠎ᠡ ᠬᠠᠩᠰᠢ ᠶᠢᠨ ᠵᠠᠷᠯᠠᠨ ᠨᠡᠶᠢᠲᠡᠯᠡᠬᠦ ᠳᠥᠷᠢᠮ ᠢ ᠦᠯᠦ ᠬᠡᠷᠡᠭᠵᠢᠭᠦᠯᠬᠦ ︔           ︵ᠬᠤᠶᠠᠷ︶ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠪᠣᠯᠣᠨ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢ ᠤᠷᠢᠳᠴᠢᠯᠠᠨ ᠪᠣᠶᠣ ᠬᠤᠶᠢᠰᠢᠯᠠᠭᠤᠯᠤᠨ ᠬᠡᠷᠡᠭᠵᠢᠭᠦᠯᠬᠦ ︔           ︵ᠭᠤᠷᠪᠠ︶ ᠦᠢᠯᠡᠴᠢᠯᠡᠭᠡᠨ ᠳᠤ ᠦᠢᠯᠡᠴᠢᠯᠡᠬᠦ ᠶᠠᠰᠤ ᠴᠢᠨᠠᠷ ᠢᠶᠠᠨ ᠪᠠᠭᠤᠷᠠᠭᠤᠯᠬᠤ᠂ ᠰᠦᠢᠳᠭᠡᠯ ᠬᠤᠷᠢᠶᠠᠬᠤ ᠲᠥᠷᠥᠯ ᠵᠦᠢᠯ ᠢᠶᠠᠨ ᠬᠤᠪᠢᠶᠠᠨ ᠰᠠᠯᠭᠠᠬᠤ᠂ ᠳᠠᠬᠢᠨ ᠳᠠᠪᠲᠠᠨ ᠰᠦᠢᠳᠭᠡᠯ ᠬᠤᠷᠢᠶᠠᠬᠤ᠂ ᠰᠦᠢᠳᠭᠡᠯ ᠬᠤᠷᠢᠶᠠᠬᠤ ᠬᠦᠷᠢᠶ᠎ᠡ ᠬᠡᠪᠴᠢᠶ᠎ᠡ ᠪᠠᠨ ᠦᠷᠭᠡᠳᠭᠡᠬᠦ ᠵᠡᠷᠭᠡ ᠠᠷᠭ᠎ᠠ ᠮᠠᠶ᠋ᠢᠭ ᠢ ᠠᠪᠴᠤ ᠬᠡᠯᠪᠡᠷᠢ ᠶᠢ ᠨᠢ ᠦᠭᠡᠷᠡᠲᠦᠭᠦᠯᠦᠨ ᠰᠦᠢᠳᠭᠡᠯ ᠬᠤᠷᠢᠶᠠᠬᠤ ᠪᠠᠷᠢᠮᠵᠢᠶ᠎ᠠ ᠪᠠᠨ ᠳᠡᠭᠡᠭᠰᠢᠯᠡᠭᠦᠯᠬᠦ ︔          ︵ᠳᠥᠷᠪᠡ︶ ᠠᠳᠠᠯᠢ ᠦᠢᠯᠡᠴᠢᠯᠡᠭᠡ ᠬᠠᠩᠭᠠᠬᠤ ᠳᠤ᠂ ᠠᠷᠠᠯᠵᠢᠶᠠᠨ ᠤ ᠨᠥᠬᠦᠴᠡᠯ ᠢᠶᠠᠷ ᠠᠳᠠᠯᠢ ᠪᠣᠰᠣᠳ ᠡᠵᠡᠩᠨᠡᠭᠴᠢᠳ ᠲᠤ ᠦᠨ᠎ᠡ ᠬᠠᠩᠰᠢ ᠶᠢᠨ ᠭᠠᠳᠠᠭᠤᠷᠴᠢᠯᠠᠯ ᠢ ᠬᠡᠷᠡᠭᠵᠢᠭᠦᠯᠬᠦ ︔          ︵ᠲᠠᠪᠤ︶ ᠦᠨ᠎ᠡ ᠬᠠᠩᠰᠢ ᠪᠠᠨ ᠢᠯᠡ ᠬᠠᠳᠠᠬᠰᠠᠨ ᠠᠴᠠ ᠭᠠᠳᠠᠨ᠎ᠠ ᠲᠣᠳᠣᠷᠬᠠᠶᠢᠯᠠᠬᠰᠠᠨ ᠦᠭᠡᠢ ᠰᠦᠢᠳᠭᠡᠯ ᠨᠡᠮᠡᠵᠦ ᠬᠤᠷᠢᠶᠠᠬᠤ ︔          ︵ᠵᠢᠷᠭᠤᠭ᠎ᠠ︶ ᠬᠠᠷᠢᠯᠴᠠᠨ ᠰᠦᠯᠪᠡᠭᠡᠯᠳᠤᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠵᠠᠬᠢᠷᠤᠨ ᠡᠵᠡᠮᠰᠢᠵᠦ᠂ ᠬᠡᠷᠡᠭᠯᠡᠭᠴᠢᠳ ᠪᠠ ᠪᠣᠰᠣᠳ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠦᠨᠦᠭᠡᠬᠦ ︔          ︵ᠳᠣᠯᠤᠭ᠎ᠠ︶ ᠬᠤᠳᠠᠯ ᠬᠠᠭᠤᠷᠮᠠᠭ ᠪᠣᠶᠤ ᠬᠦᠮᠦᠰ ᠤᠳ ᠢ ᠪᠣᠷᠤᠭᠤ ᠪᠠᠷ ᠣᠶᠢᠯᠠᠭᠠᠭᠤᠯᠬᠤ ᠦᠨ᠎ᠡ ᠬᠠᠩᠰᠢ ᠶᠢᠨ ᠠᠷᠭ᠎ᠠ ᠪᠠᠷᠢᠯ ᠢᠶᠠᠷ ᠬᠡᠷᠡᠭᠯᠡᠭᠴᠢᠳ ᠢ ᠬᠠᠭᠤᠷᠠᠨ ᠮᠡᠬᠡᠯᠡᠬᠦ ︔          ︵ᠨᠠᠢᠮᠠ︶ ᠠᠯᠪᠠᠳᠠᠯᠭ᠎ᠠ ᠪᠠᠷ ᠪᠣᠶᠤ ᠬᠡᠯᠪᠡᠷᠢ ᠪᠠᠨ ᠦᠭᠡᠷᠡᠳᠦᠭᠦᠯᠦᠨ ᠦᠢᠯᠡᠴᠢᠯᠡᠬᠦ ᠶᠢᠨ ᠬᠠᠮᠳᠤ ᠰᠦᠢᠳᠭᠡᠯ ᠬᠤᠷᠢᠶᠠᠬᠤ ︔           ︵ᠶᠢᠰᠦ︶ ᠲᠣᠭᠲᠠᠭᠠᠯ ᠠᠴᠠ ᠵᠦᠷᠢᠴᠡᠵᠦ ᠪᠠᠲᠤᠯᠠᠭ᠎ᠠ ᠶᠢᠨ ᠮᠦᠩᠭᠦ᠂ ᠪᠠᠷᠢᠴᠠᠭᠠᠨ ᠤ ᠮᠦᠩᠭᠦ ᠪᠣᠯᠣᠨ ᠲᠥᠭᠰᠢᠭᠦᠷᠢ ᠶᠢᠨ ᠮᠦᠩᠭᠦ ᠵᠡᠷᠭᠡ ᠬᠡᠯᠪᠡᠷᠢ ᠮᠠᠶ᠋ᠢᠭ ᠢᠶᠠᠷ ᠬᠡᠯᠪᠡᠷᠢ ᠶᠢ ᠨᠢ ᠦᠭᠡᠷᠡᠳᠦᠭᠦᠯᠦᠨ ᠰᠦᠢᠳᠭᠡᠯ ᠬᠤᠷᠢᠶᠠᠬᠤ           ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠦᠷᠢᠴᠡᠵᠦ ᠬᠡᠲᠦ ᠠᠰᠢᠭ ᠬᠥᠭᠡᠭᠡᠴᠡᠯᠳᠦᠬᠦ ︔           ︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠣᠰᠣᠳ ᠵᠦᠢ ᠪᠣᠰᠤ ᠦᠨ᠎ᠡ ᠬᠠᠩᠰᠢ ᠶᠢᠨ ᠦᠢᠯᠡ ᠠᠵᠢᠯᠯᠠᠭ᠎ᠠ ᠲᠠᠢ ᠪᠠᠶᠢᠢᠬᠤ᠃           ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠡᠵᠡᠩᠨᠡᠯᠳᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠳᠥᠷᠢᠮ ᠢ ᠪᠠᠶᠢᠭᠤᠯᠤᠨ ᠪᠦᠷᠢᠨᠰᠢᠭᠦᠯᠵᠦ᠂ ᠵᠠᠭᠠᠯᠳᠤᠯᠭ᠎ᠠ ᠶᠢ ᠳᠠᠷᠦ᠋ᠢᠬᠠᠨ ᠬᠦᠯᠢᠶᠡᠨ ᠠᠪᠴᠤ ᠰᠢᠢᠳᠪᠦᠷᠢᠯᠡᠬᠦ ᠪᠠ ᠬᠡᠷᠡᠭ ᠵᠠᠷᠭᠤ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃            ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠴᠢᠬᠤᠯᠠ ᠪᠦᠬᠦᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠳᠤ ᠦᠨ᠎ᠡ ᠬᠠᠩᠰᠢ ᠶᠢᠨ ᠬᠢᠨᠠᠨ ᠰᠢᠨᠵᠢᠬᠦ ᠳᠥᠷᠢᠮ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠨᠵᠢᠭᠰᠡᠨ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃            ᠬᠤᠷᠢᠨ ᠳᠣᠯᠤᠳᠤᠭᠠᠷ ᠵᠦᠢᠯ ᠴᠢᠬᠤᠯᠠ ᠪᠦᠬᠦᠢ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ ᠬᠠᠩᠰᠢ ᠶᠢᠨ ᠢᠯᠡᠷᠬᠡᠢ ᠥᠰᠬᠦ ᠪᠣᠶᠤ ᠢᠯᠡᠷᠬᠡᠢ ᠥᠰᠬᠦ ᠪᠣᠯᠣᠮᠵᠢᠲᠠᠢ ᠪᠠᠶᠢᠢᠪᠠᠯ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠦᠭᠰᠡᠨ ᠤ ᠳᠠᠷᠠᠭ᠎ᠠ᠂ ᠦᠨ᠎ᠡ ᠬᠠᠩᠰᠢ ᠶᠢ ᠬᠠᠷᠰᠢᠯᠠᠨ ᠵᠢᠯᠤᠭᠤᠳᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃ ᠦᠨ᠎ᠡ ᠬᠠᠩᠰᠢ ᠶᠢ ᠬᠠᠷᠰᠢᠯᠠᠨ ᠵᠢᠯᠤᠭᠤᠳᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠡᠳ ᠪᠠᠶᠢᠳᠠᠯ ᠢ ᠨᠢ ᠠᠷᠢᠯᠭᠠᠭᠰᠠᠨ ᠤ ᠳᠠᠷᠠᠭ᠎ᠠ᠂ ᠦᠨ᠎ᠡ ᠬᠠᠩᠰᠢ ᠶᠢ ᠬᠠᠷᠰᠢᠯᠠᠨ ᠵᠢᠯᠤᠭᠤᠳᠬᠤ ᠠᠷᠭ᠎ᠠ ᠬᠡᠮᠵᠢᠶ᠎ᠡ ᠶᠢ ᠳᠠᠷᠦ᠋ᠢᠬᠠᠨ ᠬᠦᠴᠦᠨ ᠦᠭᠡᠢ ᠪᠣᠯᠭᠠᠬᠤ ᠬᠡᠷᠡᠭᠲᠡᠢ᠃            ᠬᠤᠷᠢᠨ ᠨᠠᠢᠮᠠᠳᠤᠭᠠᠷ ᠵᠦᠢᠯ ᠦᠨ᠎ᠡ ᠬᠠᠩᠰᠢ ᠶᠢᠨ ᠬᠠᠤᠯᠢ ᠬᠡᠷᠡᠭᠵᠢᠭᠦᠯᠦᠭᠴᠢᠳ ᠨᠢ ᠬᠠᠤᠯᠢ ᠶᠣᠰᠤᠭᠠᠷ ᠣᠯᠣᠭᠰᠠᠨ ᠮᠠᠲ᠋ᠧᠷᠢᠶᠠᠯ ᠪᠣᠶᠣ ᠣᠶᠢᠯᠠᠭᠠᠭᠰᠠᠨ ᠪᠠᠶᠢᠳᠠᠯ ᠢᠶᠠᠨ ᠬᠠᠤᠯᠢ ᠶᠣᠰᠤᠭᠠᠷ ᠦᠨ᠎ᠡ ᠬᠠᠩᠰᠢ ᠶᠢᠨ ᠬᠠᠮᠢᠶᠠᠷᠤᠯᠲᠠ ᠬᠢᠬᠦ ᠠᠵᠢᠯ ᠳᠤ ᠬᠡᠷᠡᠭᠯᠡᠬᠦ ᠠᠴᠠ ᠪᠣᠰᠣᠳ ᠶᠠᠮᠠᠷᠪᠠ ᠵᠣᠷᠢᠯᠭ᠎ᠠ ᠲᠠᠢ ᠵᠦᠢᠯ ᠳᠤ ᠬᠡᠷᠡᠭᠯᠡᠵᠦ ᠪᠣᠯᠬᠤ ᠦᠭᠡᠢ ︔ ᠤᠯᠤᠰ ᠤᠨ ᠨᠢᠭᠤᠴᠠ ᠪᠠ ᠡᠵᠡᠩᠨᠡᠭᠴᠢᠳ ᠤᠨ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠃            ᠬᠤᠷᠢ ᠶᠢᠰᠦᠳᠦᠭᠡᠷ ᠵᠦᠢᠯ ᠡᠵᠡᠩᠨᠡᠭᠴᠢᠳ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠪᠣᠯ ᠂ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠦᠨ᠎ᠡ ᠬᠠᠩᠰᠢ ᠶᠢᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠲᠣᠭᠲᠠᠭᠠᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠰᠢᠳᠭᠡᠨ ᠲᠣᠷᠭᠠᠬᠤ ᠬᠡᠷᠡᠭᠲᠡᠢ᠃            ᠭᠤᠴᠢᠳᠤᠭᠠᠷ ᠵᠦᠢᠯ ᠦᠨ᠎ᠡ ᠬᠠᠩᠰᠢ ᠶᠢᠨ ᠬᠠᠤᠯᠢ ᠬᠡᠷᠡᠭᠵᠢᠭᠦᠯᠦᠭᠴᠢᠳ ᠨᠢ ᠤᠯᠤᠰ ᠤᠨ ᠨᠢᠭᠤᠴᠠ᠂ ᠡᠵᠡᠩᠨᠡᠭᠴᠢᠳ ᠤᠨ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠤᠭᠰᠠᠨ ᠪᠣᠶᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠠᠯᠪᠠᠨ ᠲᠣᠰᠢᠶᠠᠯ ᠳᠤ ᠠᠯᠮᠠᠶᠢᠷᠠᠨ ᠣᠰᠣᠯᠳᠠᠵᠤ᠂ ᠬᠤᠪᠢ ᠶᠢᠨ ᠨᠠᠶᠢᠷ ᠢᠶᠠᠷ ᠭᠤᠶᠠᠴᠢᠯᠠᠨ ᠬᠠᠤᠯᠢ ᠶᠣᠰᠤ ᠶᠢ ᠵᠦᠷᠢᠴᠡᠭᠡᠳ ᠶᠠᠯ᠎ᠠ ᠳᠤ ᠠᠷᠠᠢ ᠬᠦᠷᠦᠭᠡᠳᠦᠢ ᠪᠣᠯ᠂ ᠬᠠᠤᠯᠢ ᠶᠣᠰᠤᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ ︔ ᠶᠠᠯ᠎ᠠ ᠳᠤ ᠬᠦᠷᠦᠭᠰᠡᠨ ᠪᠣᠯ᠂ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃             ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢ 2008 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号