ᠮᠥᠩᠭᠦᠨ ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠢ ᠳᠡᠮᠵᠢᠬᠦ ᠶᠢ ᠲᠦᠷᠭᠡᠳᠬᠡᠨ ᠬᠦᠭᠵᠢᠭᠦᠯᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2017-03-08
            ᠥᠪᠥᠷ ᠵᠠᠰᠠᠭ ᠠᠯᠪᠠᠨ ᠲᠠᠷᠬᠠᠭᠠᠭᠰᠠᠨ ﹇2016﹈ 164 ᠳ᠋ᠤᠭᠡᠷ ᠲᠤᠭᠠᠳᠤ 2016 ᠣᠨ ᠤ 11 ᠳ᠋ᠤᠭᠡᠷ ᠰᠠᠷ᠎ᠠ ᠶᠢᠨ 14 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄         ᠮᠥᠩᠭᠦᠨ ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠬᠦᠭᠵᠢᠭᠦᠯᠬᠦ ᠳᠤ ᠪᠦᠲᠦᠮᠵᠢᠲᠡᠢ ᠦᠢᠯᠡᠴᠢᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤᠮᠳᠠᠬᠢ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠴᠢᠬᠤᠯᠠ ᠠᠴᠢᠶᠠᠯᠠᠪᠤᠷᠢ ᠪᠣᠯᠣᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠮᠠᠯᠴᠢᠨ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠥᠩᠭᠦᠨ ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠳᠡᠮᠵᠢᠬᠦ ᠶᠢ ᠲᠦᠷᠭᠡᠳᠬᠡᠨ ᠬᠥᠭᠵᠢᠭᠦᠯᠬᠦ ᠪᠠᠷ ᠡᠳᠦᠭᠡ ᠳᠣᠣᠷᠠᠬᠢ ᠮᠡᠲᠦ ᠰᠠᠨᠠᠯ ᠳᠤᠷᠠᠳᠪᠠ᠃         ᠨᠢᠭᠡ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ         ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠣᠭᠤᠳᠴᠦ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠲᠣᠣᠷ ᠴᠢᠬ ᠢ ᠪᠦᠲᠦᠭᠡᠨ ᠪᠠᠶᠢᠭᠤᠯᠵᠤ᠂ ᠨᠥᠬᠦᠴᠡᠯ ᠲᠠᠢ ᠬᠤᠰᠢᠭᠤ ᠰᠢᠶᠠᠨ ︵ᠬᠤᠳᠠ᠂ ᠲᠣᠭᠤᠷᠢᠭ︶ ᠵᠢᠴᠢ ᠰᠤᠮᠤ ᠰᠢᠶᠠᠩ ᠪᠠᠯᠭᠠᠰᠤ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠪᠠ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠦᠢᠯᠡᠴᠢᠯᠡᠭᠡᠨ ᠤ ᠠᠵᠢᠯ ᠬᠢᠵᠦ ᠪᠠᠶᠢᠭ᠎ᠠ ᠲᠤᠰᠬᠠᠢ ᠡᠵᠡᠩᠨᠡᠯᠲᠡ ᠶᠢᠨ ᠰᠠᠯᠠᠭ᠎ᠠ ᠮᠥᠴᠢᠷ ᠢ ᠨᠡᠮᠡᠵᠦ ᠪᠠᠶᠢᠭᠤᠯᠤᠨ᠂ ᠢᠲᠡᠭᠡᠮᠵᠢᠲᠦ ᠵᠢᠭᠡᠯᠡᠯᠭᠡ ᠶᠢᠨ ᠴᠢᠳᠠᠮᠵᠢ ᠲᠠᠢ ᠡᠵᠡᠩᠨᠡᠯᠲᠡ ᠶᠢᠨ ᠲᠣᠣᠷ ᠴᠢᠬ ᠢ ᠭᠤᠣᠯᠳᠠᠯᠭ᠎ᠠ ᠲᠠᠢ ᠨᠡᠮᠡᠵᠦ ᠪᠠᠶᠢᠭᠤᠯᠤᠨ᠎ᠠ᠃ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠨᠢ ᠨᠥᠬᠦᠴᠡᠯ ᠲᠠᠢ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠬᠡᠷᠡᠭ ᠡᠷᠬᠢᠯᠡᠬᠦ ᠭᠠᠵᠠᠷ ᠪᠠᠶᠢᠭᠤᠯᠬᠤ ᠶᠢ ᠳᠡᠮᠵᠢᠨ᠎ᠡ᠃ ᠳᠠᠭᠠᠳᠬᠠᠯ ᠤᠨ ᠪᠠᠶᠢᠭᠤᠯᠤᠮᠵᠢ ᠠᠴᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠳᠠᠭᠠᠳᠬᠠᠯ ᠤᠨ ᠦᠢᠯᠡᠴᠢᠯᠡᠭᠡᠨ ᠤ ᠴᠢᠬ ᠨᠡᠮᠡᠵᠦ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠨᠢ ᠮᠠᠯᠵᠢᠬᠤ ᠲᠠᠷᠢᠶᠠᠯᠠᠬᠤ ᠣᠷᠣᠨ ᠳᠤ ᠲᠤᠬᠠᠶᠢᠯᠠᠭᠰᠠᠨ ᠠᠵᠢᠯ ᠢᠶᠠᠨ ᠥᠷᠭᠡᠳᠬᠡᠨ ᠬᠥᠭᠵᠢᠭᠦᠯᠬᠦ ᠶᠢ ᠳᠡᠮᠵᠢᠨ᠎ᠡ᠃       ᠬᠤᠶᠠᠷ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠨ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭᠠᠨ ᠳᠤ ᠣᠷᠣᠭᠤᠯᠬᠤ ᠶᠢ ᠬᠦᠲᠦᠯᠦᠨ ᠵᠢᠯᠣᠭᠤᠳᠤᠨ᠎ᠠ       ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠣᠭᠤᠳᠴᠦ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠲᠡ ᠶᠢ ᠳᠡᠮᠵᠢᠵᠦ ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠲᠠᠬᠢ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠢ ᠢᠲᠡᠭᠡᠮᠵᠢᠲᠦ ᠵᠢᠭᠡᠯᠡᠯᠭᠡ ᠶᠢᠨ ᠰᠢᠨ᠎ᠡ ᠨᠡᠮᠡᠭᠳᠡᠯ ᠤᠨ ᠴᠡᠭ ᠪᠣᠯᠭᠠᠬᠤ ᠪᠠᠷ ᠴᠢᠷᠮᠠᠶᠢᠵᠤ᠂ ᠬᠠᠷᠢᠯᠴᠠᠨ ᠠᠰᠢᠭ ᠣᠯᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠬᠦᠷᠴᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠬᠤ ᠶᠢ ᠨᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠤᠳᠠᠯᠳᠤᠭᠠᠨ ᠤ ᠶᠠᠪᠤᠳᠠᠯ ᠤᠨ ᠲᠠᠪᠴᠠᠩ ᠪᠣᠯᠣᠨ ᠮᠠᠯ ᠲᠠᠷᠢᠶᠠᠯᠠᠩ ᠳᠤ ᠬᠤᠯᠪᠣᠭᠳᠠᠬᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠯᠤᠭ᠎ᠠ ᠪᠦᠬᠦ ᠲᠠᠯ᠎ᠠ ᠶᠢᠨ᠂ ᠭᠦᠨ ᠳᠡᠰ ᠳᠠᠪᠬᠤᠷᠭ᠎ᠠ ᠲᠠᠢ ᠪᠠᠷ ᠬᠠᠮᠲᠤᠷᠠᠨ ᠠᠵᠢᠯᠯᠠᠬᠤ ᠶᠢ ᠵᠣᠷᠢᠬᠵᠢᠭᠤᠯᠤᠨ᠂ ᠢᠲᠡᠭᠡᠮᠵᠢᠲᠦ ᠵᠢᠭᠡᠯᠡᠯᠭᠡ᠂ ᠳ᠋ᠦᠩᠨᠡᠡ ᠪᠣᠳᠣᠬᠤ᠂ ᠬᠦᠷᠦᠩᠭᠡ ᠮᠦᠡᠭᠭᠦ ᠠᠬᠤᠶᠢᠢᠯᠠᠬᠤ ᠬᠠᠮᠢᠶᠠᠷᠤᠯᠲᠠ᠂ POS ᠢᠶᠠᠷ ᠪᠠᠷᠢᠮᠲᠠ ᠬᠤᠷᠢᠶᠠᠬᠤ᠂ ᠡᠯᠧᠺᠳ᠋ᠷᠤᠨ ᠪᠠᠩᠬᠢ ᠵᠡᠷᠭᠡ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠬᠠᠮ ᠦᠢᠯᠡᠴᠢᠯᠡᠭᠡ ᠬᠠᠩᠭᠠᠨ᠎ᠠ᠃         ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠳᠤ ᠦᠢᠯᠡᠴᠢᠯᠡᠬᠦ ᠢᠲᠡᠭᠡᠮᠵᠢᠲᠦ ᠵᠢᠭᠡᠯᠡᠯᠭᠡ ᠶᠢᠨ ᠵᠠᠭᠪᠤᠷ ᠢ ᠬᠠᠶᠢᠨ ᠰᠦᠪᠡᠭᠴᠢᠯᠡᠨ᠎ᠡ         ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠲᠣᠮᠣ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠵᠢᠭᠡᠯᠡᠯᠭᠡ ᠶᠢ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠵᠢᠭᠡᠯᠡᠯᠭᠡ ᠲᠠᠯᠪᠢᠬᠤ᠂ ᠰᠦᠯᠵᠢᠶᠡᠨ ᠳᠡᠭᠡᠷ᠎ᠡ ᠵᠣᠭᠤᠰ ᠲᠦᠯᠦᠬᠦ ᠶᠢ ᠪᠡᠶᠡᠯᠡᠭᠦᠯᠵᠦ᠂ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠭᠡᠳᠬᠡᠨ᠂ E ᠲᠠᠷᠢᠶᠠᠯᠠᠩ ᠤᠨ ᠬᠠᠮᠢᠶᠠᠷᠤᠭᠴᠢ᠂ E ᠬᠤᠳᠠᠯᠳᠤᠭᠠᠨ ᠤ ᠬᠠᠮᠢᠶᠠᠷᠤᠭᠴᠢ᠂ ᠲᠠᠷᠢᠶᠠᠯᠠᠩ ᠤᠨ ᠳᠦᠳᠡ ᠵᠢᠭᠡᠯᠡᠯᠭᠡ ᠵᠡᠷᠭᠡ ᠰᠢᠨ᠎ᠡ ᠶᠢ ᠡᠭᠦᠳᠦᠭᠰᠡᠨ ᠮᠥᠩᠭᠦᠨ ᠭᠦᠢᠯᠭᠡᠭᠡᠨ ᠤ ᠨᠡᠷᠡᠳᠬᠦᠨ ᠢ ᠦᠷᠨᠢᠭᠦᠯᠵᠦ᠂ ᠳᠠᠯᠳᠠ ᠡᠳ᠋ ᠬᠦᠷᠦᠩᠭᠡ ᠪᠣᠯᠣᠨ ᠬᠥᠳᠡᠯᠬᠦ ᠬᠥᠷᠥᠩᠭᠡ ᠶᠢᠨ ᠳᠠᠨᠵᠢᠯᠠᠭ᠎ᠠ᠂ ᠰᠠᠩ ᠬᠥᠮᠥᠷᠭᠡ ᠶᠢᠨ ᠬᠠᠭᠤᠳᠠᠰᠤ ᠶᠢᠨ ᠳᠠᠨᠵᠢᠯᠠᠭ᠎ᠠ ᠵᠡᠷᠭᠡ ᠪᠡᠯᠡ ᠲᠣᠬᠢᠷᠠᠭᠤᠯᠭ᠎ᠠ ᠶᠢᠨ ᠵᠠᠭᠪᠤᠷ ᠢ ᠢᠳᠡᠪᠬᠢᠲᠡᠢ ᠠᠬᠢᠭᠤᠯᠵᠤ᠂ ᠮᠠᠯ ᠲᠠᠷᠢᠶᠠᠯᠠᠩ ᠳᠤ ᠬᠤᠯᠪᠣᠭᠳᠠᠬᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠪᠠᠷᠢᠴᠠᠭᠠᠯᠠᠵᠦ ᠳᠠᠨᠵᠢᠯᠠᠬᠤ ᠡᠳ᠋ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠰᠦᠯᠵᠢᠶᠡᠨ ᠬᠤᠳᠠᠯᠳᠤᠭ᠎ᠠ + ᠲᠠᠪᠴᠠᠩ᠂ ᠰᠦᠯᠵᠢᠶᠡᠨ ᠬᠤᠳᠠᠯᠳᠤᠭ᠎ᠠ + ᠪᠣᠳᠠᠲᠤ ᠴᠣᠭᠴᠠᠲᠤ ᠳᠡᠯᠭᠡᠭᠦᠷ᠂ ᠰᠦᠯᠵᠢᠶᠡᠨ ᠬᠤᠳᠠᠯᠳᠤᠭ᠎ᠠ + ᠲᠠᠷᠢᠶᠠᠯᠠᠩ ᠮᠠᠯ ᠠᠵᠤ ᠠᠬᠤᠶ ᠶᠢᠨ ᠬᠦᠲᠦᠴᠢ ᠠᠵᠤ ᠠᠬᠤᠶᠢᠯᠠᠯ᠂ ᠰᠦᠯᠵᠢᠶᠡᠨ ᠬᠤᠳᠠᠯᠳᠤᠭ᠎ᠠ + ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠦᠢᠯᠡᠳᠪᠦᠷᠢᠯᠡᠬᠦ ᠰᠠᠭᠤᠷᠢᠨ ᠭᠠᠵᠠᠷ ᠵᠡᠷᠭᠡ ᠤᠯᠠᠨ ᠵᠦᠢᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠵᠠᠭᠪᠤᠷ ᠢ ᠠᠬᠢᠭᠤᠯᠤᠨ ᠦᠷᠨᠢᠭᠦᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ︽ᠬᠤᠶᠠᠷ ᠡᠷᠬᠡ︾ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ ᠶᠢᠨ ᠠᠵᠢᠯ ᠢ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠯᠦᠭᠡ ᠤᠶᠠᠯᠳᠤᠭᠤᠯᠬᠤ ᠶᠢ ᠲᠦᠯᠬᠢᠨ ᠠᠬᠢᠭᠤᠯᠵᠤ᠂ ︽ᠰᠦᠯᠵᠢᠶᠡᠨ ᠳᠤ ᠭᠠᠷᠤᠭᠰᠠᠨ︾ ᠮᠠᠯᠴᠢᠨ ᠲᠠᠷᠢᠶᠠᠴᠢᠳ ᠤᠨ ᠪᠡᠯᠡ ᠲᠣᠬᠢᠷᠠᠭᠤᠯᠭ᠎ᠠ ᠬᠢᠬᠦ ᠳᠤ ᠬᠦᠴᠢᠷᠲᠡᠶ ᠪᠠᠶᠢᠬᠤ ᠠᠰᠠᠭᠤᠳᠠᠯ ᠢ ᠨᠠᠮᠳᠠᠭᠤᠯᠤᠨ᠎ᠠ᠃         ᠲᠦᠷᠪᠡ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢᠲᠦ ᠵᠢᠭᠡᠯᠡᠯᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ         ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠯᠠᠩᠭᠤᠶ᠎ᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠬᠠᠤᠯᠢ ᠶᠢᠨ ᠡᠷᠬᠡᠲᠡᠨ ᠪᠦᠬᠦᠢ ᠬᠥᠳᠡᠭᠡ ᠲᠣᠰᠬᠤᠨ ᠤ ᠬᠤᠷᠰᠢᠬᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠤᠰᠬᠤᠨ ᠪᠠᠯᠭᠠᠰᠤ ᠶᠢᠨ ᠪᠠᠩᠬᠢ ᠨᠤᠭᠤᠳ ᠢ ᠵᠣᠷᠢᠬᠵᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠨᠡᠷᠡᠳᠬᠦᠨ᠂ ᠬᠦᠦ ᠶᠢᠨ ᠨᠤᠷᠮ᠎ᠠ᠂ ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ᠂ ᠴᠤᠪᠤᠷᠠᠯ᠂ ᠲᠦᠭᠰᠢᠭᠦᠷᠢ ᠶᠢ ᠡᠵᠡᠮᠳᠡᠬᠦ ᠵᠡᠷᠭᠡ ᠲᠠᠯ᠎ᠠ ᠪᠠᠷ ᠬᠢ ᠰᠢᠨ᠎ᠡ ᠶᠢ ᠡᠭᠦᠳᠬᠦ ᠡᠷᠴᠢᠮ ᠢ ᠨᠢ ᠴᠢᠩᠭᠠᠷᠠᠭᠤᠯᠵᠤ᠂ ᠵᠢᠭᠡᠯᠡᠯᠭᠡ ᠠᠪᠤᠬᠴᠢᠳ ᠢ ᠤᠷᠲᠤᠳᠬᠠᠵᠤ᠂ ᠵᠢᠭᠡᠯᠡᠯᠭᠡ ᠶᠢᠨ ᠬᠡᠷᠡᠭᠯᠡᠭᠡ ᠶᠢ ᠥᠷᠭᠡᠳᠬᠡᠨ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠤᠷᠲᠤᠳᠬᠠᠨ᠎ᠠ᠃ ︽ᠲᠠᠷᠢᠶᠠᠯᠠᠩ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠬ︾ ᠲᠤ ᠲᠦᠰᠢᠭᠯᠡᠨ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠢ ᠬᠦᠭᠵᠢᠭᠦᠯᠦᠭᠰᠡᠨ ᠠᠵᠤ ᠠᠬᠤᠶᠢᠯᠠᠯ ᠳᠤ 20 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠤᠨ ᠵᠢᠭᠡᠯᠡᠯᠭᠡ ᠶᠢᠨ ᠳᠡᠮᠵᠢᠯᠭᠡ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠶᠢᠨ ᠬᠠᠮᠲᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠵᠢᠭᠡᠯᠡᠯᠭᠡ ᠶᠢᠨ ᠬᠦᠦ ᠶᠢᠨ ᠨᠤᠷᠮ᠎ᠠ ᠳᠤ ᠬᠦᠪᠦᠮᠡᠯ ᠬᠡᠪᠴᠢᠶᠡᠨ ᠤ ᠳᠣᠣᠷ᠎ᠠ ᠬᠢᠵᠠᠭᠠᠷ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠡᠯᠡ ᠲᠣᠬᠢᠷᠠᠭᠤᠯᠭ᠎ᠠ ᠬᠢᠬᠦ ᠳᠤ ᠬᠦᠴᠢᠷᠲᠡᠢ ᠪᠠᠶᠢᠬᠤ᠂ ᠪᠡᠯᠡ ᠲᠣᠬᠢᠷᠠᠭᠤᠯᠭ᠎ᠠ ᠬᠢᠬᠦ ᠳᠤ ᠦᠨᠡᠲᠡᠶ ᠪᠠᠶᠢᠬᠤ ᠠᠰᠠᠭᠤᠳᠠᠯ ᠢ ᠨᠠᠮᠳᠠᠭᠤᠯᠤᠨ᠎ᠠ᠃ ᠲᠠᠷᠢᠶᠠᠴᠢᠳ ᠲᠤ ᠠᠰᠢᠭ ᠬᠦᠷᠲᠡᠭᠡᠬᠦ ᠵᠢᠭᠡᠯᠡᠯᠭᠡ᠂ ᠲᠠᠷᠢᠶᠠᠴᠢᠳ ᠢ ᠪᠠᠶᠠᠵᠢᠭᠤᠯᠬᠤ ᠵᠢᠭᠡᠯᠡᠯᠭᠡ᠂ ᠲᠠᠷᠢᠶᠠᠴᠢᠳ ᠢ ᠬᠦᠴᠦᠷᠬᠡᠭᠵᠢᠭᠦᠯᠬᠦ ᠵᠢᠭᠡᠯᠡᠯᠭᠡ ᠵᠡᠷᠭᠡ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠶᠡᠬᠡᠪᠡᠷ ᠬᠦᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠲᠤᠰᠬᠤᠨ ᠪᠠᠯᠭᠠᠰᠤ ᠶᠢᠨ ᠪᠠᠩᠬᠢ᠂ ᠵᠢᠭᠡᠯᠡᠯᠭᠡ ᠶᠢᠨ ᠺᠣᠮᠫᠠᠨᠢ᠂ ᠪᠡᠯᠡ ᠮᠥᠩᠬᠦ ᠪᠠᠷ ᠬᠠᠷᠢᠯᠴᠠᠨ ᠲᠤᠰᠠᠯᠠᠬᠤ ᠬᠤᠷᠰᠢᠶ᠎ᠠ ᠵᠡᠷᠭᠡ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠵᠢᠭᠡᠯᠡᠯᠭᠡ ᠳᠤ ᠵᠢᠭᠡᠯᠡᠯᠭᠡ ᠶᠢᠨ ᠨᠡᠯᠢᠶᠡᠳ ᠳᠣᠣᠷ᠎ᠠ ᠬᠦᠦ ᠶᠢᠨ ᠨᠤᠷᠮ᠎ᠠ ᠣᠯᠭᠤᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠠᠴᠠ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠥᠭᠴᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠳᠠᠮ ᠬᠦᠦ ᠲᠠᠢ ᠪᠡᠯᠡ ᠮᠥᠩᠭᠦ ᠶᠢ ᠰᠠᠶᠢᠲᠤᠷ ᠬᠡᠷᠡᠭᠯᠡᠨ᠎ᠡ᠃ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢ ᠵᠣᠷᠢᠬᠵᠢᠭᠤᠯᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠣᠨ ︽ᠰᠦᠯᠵᠢᠶᠡᠨ ᠳᠤ ᠭᠠᠷᠤᠭᠰᠠᠨ︾ ᠮᠠᠯᠴᠢᠨ ᠲᠠᠷᠢᠶᠠᠴᠢᠳ ᠲᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠠᠩᠭᠠᠨ᠎ᠠ᠃ ᠲᠠᠷᠢᠶᠠᠯᠠᠩ ᠢ ᠳᠡᠮᠵᠢᠬᠦ᠂ ᠮᠠᠯ ᠠᠵᠤ ᠠᠬᠤᠶ ᠶᠢ ᠳᠡᠮᠵᠢᠬᠦ᠂ ᠵᠢᠵᠢᠭ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠲᠥᠷᠥ ᠶᠢᠨ ᠪᠤᠳᠤᠯᠭ᠎ᠠ ᠶᠢ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠲᠤ ᠬᠡᠷᠡᠭᠯᠡᠨ᠎ᠡ᠃         ᠲᠠᠪᠤ᠂ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠰᠢᠭᠤᠳ ᠪᠡᠯᠡ ᠲᠤᠬᠢᠷᠠᠭᠤᠯᠭ᠎ᠠ ᠬᠢᠬᠦ ᠶᠢ ᠲᠦᠯᠬᠢᠨ ᠠᠬᠢᠭᠤᠯᠤᠨ᠎ᠠ         ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠳ ᠢ ᠢᠳᠡᠪᠬᠢᠲᠡᠢ ᠬᠦᠲᠦᠯᠦᠨ ᠵᠢᠯᠣᠭᠤᠳᠴᠦ ᠪᠠᠶᠢᠭᠠᠳ ᠬᠦᠷᠦᠩᠭᠡ ᠶᠢᠨ ᠵᠠᠬ᠎ᠠ ᠳᠡᠯᠭᠡᠭᠦᠷ ᠢ ᠭᠦᠢᠴᠡᠳ ᠠᠰᠢᠭᠯᠠᠨ ᠪᠡᠯᠡ ᠲᠣᠬᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠬᠠᠪᠰᠤᠷᠤᠨ ᠵᠢᠯᠣᠭᠤᠳᠬᠤ ᠪᠠᠨ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ︽ᠰᠢᠨ᠎ᠡ ᠭᠤᠷᠪᠠᠳᠤᠭᠠᠷ ᠰᠠᠮᠪᠠᠷ᠎ᠠ︾ ᠪᠣᠯᠣᠨ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠵᠦ ᠪᠡᠯᠡ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠳ ᠤᠨ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠲᠡᠭ᠂ ᠤᠷᠲᠤᠪᠲᠤᠷ ᠬᠤᠭᠤᠴᠠᠭᠠᠨ ᠤ ᠫᠢᠶᠤᠤ ᠪᠠᠷᠢᠮᠲᠠ ᠵᠡᠷᠭᠡ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠥᠷᠢ ᠥᠭᠴᠡᠭᠡᠨ ᠤ ᠪᠡᠯᠡ ᠲᠣᠬᠢᠷᠠᠭᠤᠯᠭ᠎ᠠ ᠶᠢᠨ ᠪᠠᠭᠠᠵᠢ ᠶᠢ ᠲᠠᠷᠬᠠᠭᠠᠬᠤ ᠪᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠬᠤ ᠶᠢ ᠲᠦᠯᠬᠢᠨ ᠠᠬᠢᠭᠤᠯᠤᠨ᠎ᠠ᠃ ᠨᠡᠯᠢᠶᠡᠳ ᠰᠠᠶᠢᠢᠨ ᠠᠰᠢᠭ ᠬᠤᠨᠵᠢᠪᠣᠷᠢ ᠶᠢᠨ ᠴᠢᠳᠠᠪᠤᠷᠢ ᠲᠠᠢ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠲᠦᠭᠰᠢᠭᠦᠷᠢ ᠶᠢᠨ ᠪᠡᠯᠡ ᠣᠷᠣᠭᠤᠯᠤᠯᠲᠠ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠵᠡᠷᠭᠡ ᠰᠠᠭᠤᠷᠢ ᠮᠥᠩᠭᠦ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠯᠡ ᠲᠣᠬᠢᠷᠠᠭᠤᠯᠭ᠎ᠠ ᠬᠢᠬᠦ ᠠᠷᠭ᠎ᠠ ᠵᠠᠮ ᠢ ᠨᠢ ᠥᠷᠭᠡᠳᠬᠡᠨ᠎ᠡ᠃         ᠵᠢᠷᠭᠤᠭ᠎ᠠ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠳᠠᠭᠠᠳᠬᠠᠯ ᠤᠨ ᠦᠢᠯᠡᠴᠢᠯᠡᠭᠡ ᠶᠢ ᠬᠦᠭᠵᠢᠭᠦᠯᠦᠨ᠎ᠡ         ᠳᠠᠭᠠᠳᠬᠠᠯ ᠤᠨ ᠺᠣᠮᠫᠠᠨᠢ ᠶᠢ ᠵᠣᠷᠢᠬᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠣᠯᠣᠨ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ᠂ ᠬᠥᠮᠥᠷᠭᠡᠯᠡᠨ ᠬᠠᠳᠠᠭᠠᠯᠠᠬᠤ᠂ ᠲᠥᠷᠭᠡᠨ ᠢᠯᠡᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠲᠠᠢ ᠬᠠᠮᠳᠤᠷᠠᠨ ᠠᠵᠢᠯᠯᠠᠭᠤᠯᠵᠤ᠂ ᠲᠡᠭᠡᠭᠡᠪᠦᠷᠢ ᠶᠢᠨ ᠳᠠᠭᠠᠳᠬᠠᠯ᠂ ᠰᠠᠩ ᠬᠥᠮᠥᠷᠭᠡ ᠶᠢᠨ ᠬᠠᠭᠤᠳᠠᠰᠦ ᠶᠢᠨ ᠳᠠᠭᠠᠳᠬᠠᠯ ᠵᠡᠷᠭᠡ ᠳᠠᠭᠠᠳᠬᠠᠯ ᠤᠨ ᠵᠦᠢᠯ ᠢ ᠭᠠᠷᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠰᠦᠯᠵᠢᠶᠡᠨ ᠤ ᠬᠤᠳᠠᠯᠳᠤᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠡᠳ᠋ ᠬᠦᠷᠦᠩᠭᠡ ᠶᠢᠨ ᠳᠠᠭᠠᠳᠬᠠᠯ᠂ ᠲᠠᠷᠢᠶᠠᠯᠠᠩ ᠤᠨ ᠳᠠᠭᠠᠳᠬᠠᠯ ᠵᠡᠷᠭᠡ ᠳᠠᠭᠠᠳᠬᠠᠯ ᠤᠨ ᠦᠢᠯᠡᠴᠢᠯᠡᠭᠡ ᠬᠠᠩᠭᠠᠨ᠎ᠠ᠃ ᠳᠠᠭᠠᠳᠬᠠᠯ ᠤᠨ ᠺᠣᠮᠫᠠᠨᠢ ᠶᠢ ᠵᠣᠷᠢᠬᠵᠢᠭᠤᠯᠵᠤ ᠪᠠᠶᠢᠭᠠᠳ ᠮᠠᠯ ᠲᠠᠷᠢᠶᠠᠯᠠᠩ ᠳᠤ ᠬᠤᠯᠪᠣᠭᠳᠠᠬᠤ ᠳᠠᠭᠠᠳᠬᠠᠯ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ + ᠳᠠᠭᠠᠳᠬᠠᠯ ᠤᠨ ᠵᠠᠭᠪᠤᠷ ᠢ ᠦᠷᠨᠢᠭᠦᠯᠵᠦ᠂ ᠮᠡᠳᠡᠭᠡ ᠵᠠᠩᠭᠢ ᠶᠢ ᠬᠠᠮᠲᠤᠪᠡᠷ ᠬᠦᠷᠲᠡᠬᠦ᠂ ᠡᠬᠢ ᠪᠠᠶᠠᠯᠢᠭ ᠢ ᠬᠠᠷᠢᠯᠴᠠᠨ ᠨᠥᠬᠦᠪᠦᠷᠢᠯᠡᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠲᠠᠢ ᠲᠣᠬᠢᠷᠠᠯᠴᠠᠭᠰᠠᠨ ᠲᠠᠷᠢᠮᠠᠯ ᠤᠨ ᠵᠦᠢᠯ ᠲᠠᠷᠢᠬᠤ ᠳᠠᠭᠠᠳᠬᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠨ᠎ᠡ ᠬᠠᠩᠰᠢ ᠶᠢᠨ ᠢᠯᠡᠳᠬᠡᠭᠴᠢ ᠶᠢᠨ ᠳᠠᠭᠠᠳᠬᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠠᠷᠠᠭᠠᠨ ᠤ ᠭᠦᠢᠯᠭᠡᠭᠡᠨ ᠳᠤ ᠡᠪᠳᠡᠷᠡᠵᠦ ᠬᠤᠬᠢᠷᠠᠭᠰᠠᠨ ᠢ ᠪᠠᠲᠤᠯᠠᠬᠤ ᠦᠨ᠎ᠡ ᠶᠢᠨ ᠳᠠᠭᠠᠳᠬᠠᠯ ᠵᠡᠷᠭᠡ ᠰᠢᠨ᠎ᠡ ᠮᠠᠶ᠋ᠢᠭ ᠤᠨ ᠳᠠᠭᠠᠳᠬᠠᠯ ᠤᠨ ᠵᠦᠢᠯ ᠢ ᠬᠠᠮᠲᠤᠪᠡᠷ ᠰᠤᠳᠤᠯᠤᠨ ᠨᠡᠭᠡᠭᠡᠨ᠎ᠡ᠃         ᠳᠣᠯᠤᠭ᠎ᠠ᠂ ᠮᠠᠯᠵᠢᠬᠤ ᠲᠠᠷᠢᠶᠠᠯᠠᠬᠤ ᠣᠷᠣᠨ ᠤ ᠵᠣᠭᠤᠰ ᠲᠦᠯᠦᠵᠦ ᠥᠭᠬᠦ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠤᠨ᠎ᠠ         ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯᠧᠺᠳ᠋ᠷᠤᠨ ᠫᠢᠶᠣᠣ ᠪᠠᠷᠢᠮᠲᠠ᠂ ᠰᠢᠯᠵᠢᠭᠡ ᠪᠠᠷ ᠲᠦᠯᠦᠵᠦ ᠥᠭᠬᠦ ᠵᠣᠭᠤᠰ ᠵᠡᠷᠭᠡ ᠰᠢᠨ᠎ᠡ ᠮᠠᠶ᠋ᠢᠭ ᠤᠨ ᠡᠯᠧᠺᠳ᠋ᠷᠣᠨ ᠢᠶᠠᠷ ᠵᠣᠭᠤᠰ ᠲᠦᠯᠦᠵᠦ ᠥᠭᠬᠦ ᠲᠤᠬᠠᠶᠢᠯᠠᠭᠰᠠᠨ ᠠᠵᠢᠯ ᠢ ᠬᠦᠭᠵᠢᠭᠦᠯᠦᠨ᠂ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠣᠨᠴᠠᠯᠢᠭ ᠲᠤ ᠳᠣᠭᠢᠷᠬᠠᠰᠠᠨ ᠵᠣᠭᠤᠰ ᠲᠦᠯᠦᠵᠦ ᠥᠭᠬᠦ ᠨᠡᠷᠡᠳᠬᠦᠨ ᠪᠠ ᠦᠢᠯᠡᠴᠢᠯᠡᠭᠡ ᠭᠠᠷᠭᠠᠨ᠎ᠠ᠃ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠪᠠᠩᠬᠢ᠂ ᠳᠠᠩᠰᠠ ᠰᠢᠯᠵᠢᠭᠦᠯᠬᠦ ᠳ᠋ᠢᠶᠠᠩᠬᠤᠸᠠ᠂ ᠳ᠋ᠢᠶᠠᠩᠬᠤᠸᠠ ᠪᠠᠩᠬᠢ᠂ ᠭᠠᠷ ᠤᠲᠠᠰᠤᠨ ᠪᠠᠩᠬᠢ᠂ ᠰᠦᠯᠵᠢᠶᠡᠨ ᠤ ᠦᠢᠯᠡᠴᠢᠯᠡᠭᠡᠨ ᠢᠶᠠᠷ ᠵᠣᠭᠤᠰ ᠭᠤᠪᠢᠭᠤᠯᠬᠤ᠂ ᠲᠠᠷᠢᠶᠠᠴᠢᠳ ᠲᠤ ᠠᠰᠢᠭ ᠬᠦᠷᠲᠡᠭᠡᠬᠦ ᠺᠠᠷᠲ ᠵᠡᠷᠭᠡ ᠳᠡᠰ ᠳᠠᠪᠬᠤᠷᠭ᠎ᠠ ᠪᠠᠷ ᠲᠣᠳᠣᠷᠬᠠᠶ᠂ ᠴᠢᠳᠠᠮᠵᠢ ᠪᠠᠨ ᠬᠠᠷᠢᠯᠴᠠᠨ ᠨᠥᠬᠦᠪᠥᠷᠢᠯᠡᠭᠰᠡᠨ ᠵᠣᠭᠤᠰ ᠲᠦᠯᠦᠵᠦ ᠥᠭᠴᠦ ᠳ᠋ᠦᠩᠨᠡᠨ ᠪᠤᠳᠤᠬᠤ ᠲᠦᠷᠦᠯ ᠤᠨ ᠨᠡᠷᠡᠳᠬᠦᠨ ᠢ ᠶᠡᠬᠡᠪᠡᠷ ᠳᠡᠯᠭᠡᠷᠡᠭᠦᠯᠬᠦ ᠶᠢᠨ ᠬᠠᠮᠲᠤ᠂ ᠵᠠᠷᠤᠳᠠᠯ ᠤᠨ ᠪᠠᠷᠢᠮᠵᠢᠶᠠᠨ ᠤ ᠲᠠᠯ᠎ᠠ ᠪᠠᠷ ᠵᠣᠬᠢᠰᠲᠠᠶ ᠬᠠᠷᠠᠭᠠᠯᠵᠠᠯ ᠦᠵᠡᠭᠦᠯᠦᠨ᠎ᠡ᠃ ︽ᠲᠠᠷᠢᠶᠠᠴᠢᠳ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠬ︾ ᠲᠤ ᠲᠦᠰᠢᠭᠯᠡᠨ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠳᠡᠭᠡ ᠶᠢ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠬᠦ ᠴᠢᠳᠠᠮᠵᠢ ᠶᠢ ᠲᠡᠭᠦᠯᠳᠡᠷᠵᠢᠭᠦᠯᠦᠨ᠎ᠡ᠃         ᠨᠠᠢᠮᠠ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭᠠᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ         ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠶᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯ ᠠᠭᠤᠯᠭ᠎ᠠ ᠪᠣᠯᠣᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠭᠠᠨ ᠲᠦᠯᠬᠢᠨ ᠠᠬᠢᠭᠤᠯᠤᠨ᠎ᠠ᠃ ᠭᠤᠣᠯ ᠴᠣᠭᠴᠠᠲᠤ ᠢᠲᠡᠭᠡᠮᠵᠢᠲᠦ ᠮᠡᠳᠡᠭᠡ ᠵᠠᠩᠭᠢ ᠶᠢᠨ ᠲᠡᠮᠳᠡᠭᠯᠡᠯ ᠳᠤ ᠮᠠᠯᠵᠢᠬᠤ ᠲᠠᠷᠢᠶᠠᠯᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠣᠷᠣᠯᠴᠠᠬᠤ ᠪᠠ ᠬᠡᠷᠡᠭᠯᠡᠬᠦ ᠳᠦᠷᠢᠮ ᠢ ᠪᠠᠶᠢᠭᠤᠯᠤᠨ᠂ ᠢᠲᠡᠭᠡᠯ ᠲᠠᠢ ᠪᠠᠶᠢᠬᠤ ᠶᠢ ᠤᠷᠮᠠᠰᠢᠭᠤᠯᠤᠨ ᠵᠣᠷᠢᠬᠵᠢᠭᠤᠯᠬᠤ ᠪᠠ ᠢᠲᠡᠭᠡᠯ ᠠᠯᠳᠠᠪᠠᠯ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠡᠨᠴᠢ ᠢᠲᠡᠭᠡᠮᠵᠢᠲᠡᠶ ᠬᠥᠮᠦᠰ ᠢ ᠬᠠᠮᠠᠭᠠᠯᠠᠨ᠂ ᠬᠤᠳᠠᠯ ᠬᠠᠭᠤᠷᠮᠠᠭ ᠢᠶᠠᠷ ᠦᠢᠯᠡᠳᠴᠦ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠵᠦ᠂ ᠲᠥᠪ ᠭᠤᠣᠯᠴᠢ᠂ ᠢᠯᠡ ᠲᠤᠳᠦ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ ᠲᠣᠣᠷ ᠰᠦᠯᠵᠢᠶ᠎ᠡ ᠶᠢ ᠠᠰᠢᠭᠯᠠᠨ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ᠂ ᠳᠠᠮᠵᠢᠭᠤᠯᠤᠨ ᠪᠣᠷᠣᠯᠠᠭᠤᠯᠤᠭᠰᠠᠨ᠂ ᠬᠠᠭᠤᠷᠤᠨ ᠮᠡᠬᠡᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠃ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠣᠨ ︽ᠰᠦᠯᠵᠢᠶᠡᠨ ᠳᠤ ᠭᠠᠷᠤᠭᠰᠠᠨ︾ ᠮᠠᠯᠴᠢᠨ ᠲᠠᠷᠢᠶᠠᠴᠢᠳ ᠲᠤ ᠢᠲᠡᠭᠡᠯ ᠣᠯᠬᠤ ᠤᠬᠠᠭᠤᠯᠤᠯ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃           ᠶᠢᠰᠦ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ         ᠮᠥᠩᠭᠦᠨ ᠭᠦᠢᠯᠭᠡᠭᠡᠨ ᠢᠶᠠᠷ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠵᠢᠯ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠳᠠᠳᠤ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠵᠤ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠬᠡᠷᠡᠭᠵᠢᠭᠦᠯᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠢ ᠳᠡᠮᠵᠢᠭᠡᠳ ᠳᠤᠪᠤᠶᠢᠮ᠎ᠠ ᠦᠷ᠎ᠡ ᠪᠦᠲᠦᠮᠵᠢ ᠣᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠣᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠳᠤ ᠵᠣᠬᠢᠬᠤ ᠱᠠᠩᠨᠠᠯ ᠣᠯᠭᠤᠨ᠎ᠠ᠃ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号