2017 ᠤᠨ ᠤ ᠲᠥᠪ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2017/4/1
          2 ᠳ᠋ᠤᠭᠠᠷ ᠰᠠᠷ᠎ᠠ ᠶᠢᠨ 5 ᠤ ᠡᠳᠦᠷ᠂ ᠰᠢᠨᠬᠤᠸᠠ ᠬᠤᠷᠢᠶ᠎ᠠ ︽ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠴᠢᠳᠠᠪᠬᠢ ᠶᠢ ᠲᠦᠷᠭᠡᠳᠭᠡᠨ ᠪᠤᠶᠢᠵᠢᠭᠤᠯᠬᠤ ᠲᠤᠬᠠᠶ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ᠢ ᠨᠡᠶᠢᠲᠡᠯᠡᠪᠡ᠃ ᠡᠨᠡ ᠬᠦ 2017 ᠣᠨ ᠤ ᠲᠥᠪ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠢ ᠦᠷᠭᠦᠯᠵᠢᠯᠡᠨ ᠭᠤᠣᠯᠳᠠᠯᠭ᠎ᠠ ᠪᠣᠯᠭᠠᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠶᠢ ᠰᠢᠨ᠎ᠡ ᠲᠡᠦᠬᠡᠨ ᠱᠠᠲᠤᠨ ᠳᠠᠬᠢ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠭᠤᠣᠯ ᠰᠢᠵᠢᠮ ᠪᠤᠯᠭᠠᠪᠠ᠃ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠲᠥᠪ ᠤᠨ ᠲᠠᠷᠢᠶᠠᠯᠠᠩ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ᠂ ᠲᠥᠪ ᠤᠨ ᠡᠳ᠋ ᠤᠨ ᠵᠠᠰᠠᠭ ᠤᠨ ᠠᠯᠪᠠᠨ ᠭᠡᠷ ᠤᠨ ᠳᠡᠳ᠋ ᠡᠷᠬᠢᠯᠡᠭᠴᠢ ᠳᠠᠩ ᠷᠧᠨ ᠵᠢᠶᠠᠨ ᠲᠤᠰᠬᠠᠶ ᠰᠤᠷᠪᠤᠯᠵᠢᠯᠠᠭ᠎ᠠ ᠬᠦᠯᠢᠶᠡᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠭᠰᠠᠨ ᠪᠠᠶᠢᠨ᠎ᠠ᠃         ᠭᠤᠣᠯ ᠬᠠᠷᠠᠯᠲᠠ᠄ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠵᠤ᠂ ᠪᠦᠲᠦᠮᠵᠢᠲᠡᠶ ᠬᠠᠩᠭᠠᠯᠭ᠎ᠠ ᠶᠢ ᠪᠠᠲᠤᠯᠠᠨ᠎ᠠ         ︽ᠣᠳᠣᠬᠠᠨ ᠤ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠭᠠᠳᠠᠭᠠᠳᠤ ᠤᠷᠴᠢᠨ ᠠᠬᠤᠢ ᠳᠤ ᠶᠡᠭᠡ ᠬᠤᠪᠢᠷᠠᠯᠲᠠ ᠭᠠᠷᠴᠤ᠂ ᠮᠠᠰᠢ ᠤᠯᠠᠨ ᠰᠢᠨ᠎ᠡ ᠵᠥᠷᠢᠴᠡᠯ ᠰᠢᠨ᠎ᠡ ᠠᠰᠠᠭᠤᠳᠠᠯ ᠢᠯᠡᠷᠡᠪᠡ᠃︾ ᠳᠠᠩ ᠷᠧᠨ ᠵᠢᠶᠠᠨ ᠬᠡᠯᠡᠭᠰᠡᠨ ᠨᠢ᠂ ︽ᠭᠤᠣᠯ ᠨᠢ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠴᠡᠭᠡ ᠱᠠᠭᠠᠷᠳᠠᠯᠭ᠎ᠠ ᠲᠡᠰ ᠳᠡᠪᠰᠢᠵᠤ᠂ ᠪᠦᠲᠦᠮᠵᠢᠲᠠᠢ ᠬᠠᠩᠭᠠᠯᠭ᠎ᠠ ᠨᠢ ᠬᠦᠷᠦᠯᠴᠡᠬᠦ ᠦᠭᠡᠢ ᠪᠠᠶᠢᠨ᠎ᠠ ︔ ᠡᠬᠢ ᠪᠠᠶᠠᠯᠢᠭ ᠤᠨ ᠣᠷᠴᠢᠨ ᠠᠬᠤᠶ ᠶᠢᠨ ᠳᠠᠭᠠᠭᠠᠴᠠ ᠨᠢ ᠬᠡᠲᠦᠷᠡᠵᠤ᠂ ᠪᠣᠬᠢᠷᠲᠤᠯ ᠦᠭᠡᠢ ᠦᠢᠯᠡᠳᠪᠦᠷᠢᠯᠡᠯ ᠨᠢ ᠬᠦᠷᠦᠯᠴᠡᠬᠦ ᠦᠭᠡᠢ ᠪᠠᠶᠢᠨ᠎ᠠ ︔ ᠭᠠᠳᠠᠭᠠᠳᠤ ᠶᠢᠨ ᠬᠢᠮᠲᠠ ᠦᠨ᠎ᠡ ᠲᠠᠢ ᠲᠠᠷᠢᠶᠠᠯᠠᠩ ᠤᠨ ᠪᠦᠲᠦᠭᠡᠭᠳᠡᠬᠦᠨ ᠣᠷᠣᠵᠤ ᠢᠷᠡᠭᠡᠳ᠂ ᠤᠯᠤᠰ ᠤᠨ ᠳᠣᠲᠣᠭᠠᠳᠤ ᠶᠢᠨ ᠥᠷᠢᠰᠥᠯᠳᠦᠬᠦ ᠬᠦᠴᠦᠨ ᠬᠦᠷᠦᠯᠴᠡᠬᠦ ᠦᠭᠡᠢ ᠪᠠᠶᠢᠨ᠎ᠠ ︔ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠤᠯᠠᠮᠵᠢᠯᠠᠯᠲᠤ ᠬᠥᠳᠡᠯᠭᠡᠬᠦ ᠬᠦᠴᠦᠨ ᠰᠤᠯᠠᠷᠠᠵᠤ᠂ ᠰᠢᠨ᠎ᠡ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠠᠶᠢᠨ᠎ᠠ︾ ᠬᠡᠵᠠᠢ᠃         ᠲᠡᠭᠦᠨ ᠤ ᠦᠵᠡᠬᠦ ᠪᠠᠷ᠂ ᠵᠥᠷᠢᠴᠡᠯ ᠤᠨ ᠭᠤᠣᠯ ᠲᠠᠯ᠎ᠠ ᠨᠢ ᠬᠠᠩᠭᠠᠯᠭ᠎ᠠ ᠶᠢᠨ ᠲᠠᠯ᠎ᠠ ᠳᠤ ᠪᠤᠢ᠂ ᠡᠭᠦᠨ ᠳᠤ ᠪᠦᠲᠦᠴᠡ ᠶᠢᠨ ᠴᠢᠨᠠᠷᠲᠠᠶ᠂ ᠪᠠᠶᠢᠭᠤᠯᠤᠮᠵᠢ ᠶᠢᠨ ᠴᠢᠨᠠᠷᠲᠠᠶ ᠵᠥᠷᠢᠴᠡᠯ ᠳᠤᠪᠤᠶᠢᠵᠤ ᠪᠠᠶᠢᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠳᠤ᠂ ᠬᠠᠩᠭᠠᠯᠭ᠎ᠠ ᠶᠢᠨ ᠲᠠᠯ᠎ᠠ ᠠᠴᠠ ᠭᠠᠷᠳᠠᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠡᠳᠡᠭᠡᠷ ᠵᠥᠷᠢᠴᠡᠯ ᠠᠰᠠᠭᠤᠳᠠᠯ ᠢ ᠦᠨᠳᠦᠰᠦ ᠠᠴᠠ ᠨᠢ ᠰᠢᠶ᠋ᠳᠪᠦᠷᠢᠯᠡᠬᠦ ᠬᠡᠷᠡᠭᠲᠠᠢ ᠬᠡᠪᠡ         ︽ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠠᠮᠵᠢᠯᠲᠠ ᠤᠯᠵᠤ ᠴᠢᠳᠠᠬᠤ ᠡᠰᠡᠬᠦ ᠨᠢ᠂ ᠬᠠᠩᠭᠠᠯᠭ᠎ᠠ ᠶᠢᠨ ᠰᠢᠰᠲ᠋ᠧᠮᠵᠢ ᠶᠢ ᠰᠢᠯᠢᠳᠡᠭᠵᠢᠬᠦᠯᠦᠭᠰᠡᠨ ᠡᠰᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠡᠰᠡᠬᠦ᠂ ᠨᠡᠩ ᠴᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠡᠰᠡᠬᠦ ᠪᠠ ᠪᠣᠳᠠᠲᠤ ᠠᠰᠢᠭ ᠬᠦᠷᠲᠡᠭᠡᠭᠰᠡᠨ ᠡᠰᠡᠬᠦ ᠶᠢ ᠦᠵᠡᠬᠦ ᠬᠡᠷᠡᠭᠲᠡᠶ᠃ ᠭᠤᠣᠯ ᠰᠢᠪᠲᠤᠯᠬᠤ ᠴᠢᠭᠯᠡᠯ ᠪᠣᠯ ᠲᠠᠷᠢᠶᠠᠯᠠᠩ ᠤᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠤᠯᠤᠨ᠎ᠠ᠃︾ ᠳᠠᠩ ᠷᠧᠨ ᠵᠢᠶᠠᠨ ᠢᠯᠡᠳᠭᠡᠭᠰᠡᠨ ᠨᠢ᠂ ᠥᠭᠡᠷᠡᠴᠢᠯᠡᠯᠲᠡ ᠶᠢᠨ ᠠᠷᠭ᠎ᠠ ᠪᠠᠷ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠡᠬᠢ ᠪᠠᠶᠠᠯᠢᠭ ᠤᠨ ᠬᠤᠷᠣᠭᠳᠠᠯ ᠳᠤ ᠬᠡᠲᠦᠷᠬᠡᠶ ᠲᠦᠰᠢᠭᠯᠡᠨ᠂ ᠭᠤᠣᠯ ᠨᠢ ᠬᠡᠮᠵᠢᠶᠡᠨ ᠤ ᠱᠠᠭᠠᠷᠳᠠᠯᠭ᠎ᠠ ᠶᠢ ᠬᠠᠨᠭ᠍ᠭᠠᠵᠤ ᠪᠠᠶᠢᠭᠰᠠᠨ ᠠᠴᠠ ᠨᠢ ᠪᠣᠬᠢᠷᠲᠤᠯ ᠦᠭᠡᠢ ᠠᠮᠢ ᠠᠬᠤᠶ ᠶᠢᠨ ᠦᠷᠭᠦᠯᠵᠢᠯᠡᠬᠦ ᠬᠦᠭᠵᠢᠯᠲᠡ ᠶᠢ ᠬᠦᠬᠡᠬᠡᠴᠡᠯᠳᠤᠨ᠂ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠡᠰᠢ ᠤᠯᠠᠷᠢᠭᠤᠯᠬᠤ ᠶᠢ ᠨᠡᠩ ᠴᠢᠬᠤᠯᠠᠴᠢᠯᠠᠵᠤ᠂ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠬᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ᠂ ᠬᠥᠳᠡᠭᠡ ᠲᠣᠰᠬᠤᠨ ᠤ ᠪᠤᠬᠢᠷᠳᠤᠯ ᠦᠭᠡᠢ ᠪᠠᠶᠢᠬᠤ ᠶᠢ ᠠᠬᠢᠭᠤᠯᠬᠤ ᠬᠡᠷᠡᠭᠲᠡᠶ ᠬᠡᠪᠡ᠃         ᠲᠡᠷᠡ ᠣᠨᠴᠠᠭᠠᠶᠢᠯᠠᠨ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠣᠯ ᠨᠢᠭᠡᠨ ᠤᠷᠳᠤ ᠬᠤᠭᠤᠴᠠᠭᠠᠨ ᠤ ᠶᠠᠪᠤᠴᠠ ᠪᠥᠭᠡᠳ ᠠᠪᠤᠨ ᠳᠣᠣᠷ᠎ᠠ ᠪᠠᠨ ᠪᠦᠲᠦᠴᠢᠬᠡᠬᠦ ᠶᠠᠪᠤᠳᠠᠯ ᠪᠢᠰᠢ ᠶᠤᠮ᠂ ᠪᠠᠰᠠ ᠬᠦᠴᠢᠷ ᠳᠠᠪᠠᠭ᠎ᠠ ᠶᠢ ᠲᠤᠭᠤᠯᠵᠤ᠂ ᠡᠳᠦᠶ ᠲᠡᠳᠦᠶ ᠦᠷᠡᠭᠳᠡᠯ ᠭᠠᠷᠭᠠᠵᠤ ᠮᠡᠳᠡᠬᠦ ᠶᠤᠮ᠂ ᠬᠡᠬᠦ ᠳᠡᠭᠡᠨ ᠴᠢᠭᠯᠡᠯ ᠤᠨ ᠴᠢᠨᠠᠷᠲᠠᠶ ᠠᠰᠠᠭᠤᠳᠠᠯ ᠤᠨ ᠲᠠᠯ᠎ᠠ ᠪᠠᠷ ᠲᠤᠮᠤ ᠠᠯᠳᠠᠭ᠎ᠠ ᠭᠠᠷᠭᠠᠵᠤ ᠪᠣᠯᠬᠤ ᠦᠭᠡᠢ᠂ ᠨᠤᠷᠠᠭᠠᠯᠲᠠ ᠶᠢᠨ ᠴᠢᠨᠠᠷᠲᠠᠶ ᠠᠯᠳᠠᠭ᠎ᠠ ᠭᠠᠷᠭᠠᠵᠤ ᠪᠣᠯᠬᠤ ᠦᠭᠡᠢ᠂ ᠡᠷᠬᠡᠪᠰᠢ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠯᠦ ᠪᠠᠭᠤᠷᠠᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠨᠳᠤᠰᠢ ᠶᠢ ᠦᠯᠦ ᠰᠦᠷᠬᠦ ᠂ ᠬᠥᠳᠡᠭᠡ ᠲᠣᠰᠬᠤᠨ ᠤ ᠲᠣᠭᠲᠠᠭᠤᠨ ᠪᠠᠶᠢᠳᠠᠯ ᠳᠤ ᠦᠯᠦ ᠠᠰᠠᠭᠤᠳᠠᠯ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃           ᠬᠤᠶᠠᠷ ᠶᠡᠭᠡ ᠬᠡᠰᠡᠭ᠄ ᠪᠦᠲᠦᠴᠡ ᠶᠢᠨ ᠲᠤᠬᠢᠷᠠᠭᠤᠯᠤᠯᠳᠡ ᠪᠤᠯᠤᠨ ᠥᠭᠡᠷᠡᠴᠢᠯᠡᠯᠲᠡ         ᠳᠠᠩ ᠷᠧᠨ ᠵᠢᠶᠠᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠲᠠᠶᠢᠯᠪᠤᠷᠢᠯᠠᠬᠤ ᠳᠠᠭᠠᠨ ᠬᠡᠯᠡᠭᠰᠡᠨ ᠨᠢ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠳᠤ ᠪᠦᠲᠦᠴᠡ ᠶᠢᠨ ᠳᠤᠬᠢᠷᠠᠭᠤᠯᠤᠯᠲᠠ ᠪᠤᠯᠤᠨ ᠥᠭᠡᠷᠡᠴᠢᠯᠡᠯᠲᠡ ᠬᠤᠶᠠᠷ ᠶᠡᠭᠡ ᠬᠡᠰᠡᠭ ᠪᠠᠭᠲᠠᠨ᠎ᠠ᠃ ᠡᠬᠦᠨ ᠳᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠳᠤ ︽ᠭᠤᠷᠪᠠᠨ ᠶᠡᠭᠡ ᠲᠤᠬᠢᠷᠠᠭᠤᠯᠤᠯᠳᠡ︾ ᠶᠢ ᠲᠦᠯᠬᠢᠨ ᠠᠬᠢᠭᠤᠯᠬᠤ ᠬᠡᠷᠡᠭᠲᠠᠢ᠃         ᠦᠢᠯᠡᠳᠬᠦᠨ ᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠰᠢᠯᠢᠳᠡᠭ︾ ᠬᠡᠬᠦ ᠦᠭᠡ ᠶᠢ ᠳᠤᠪᠤᠶᠢᠯᠭᠠᠬᠤ ᠬᠡᠷᠡᠭᠲᠠᠢ᠃ ᠪᠦᠲᠦᠮᠵᠢ ᠦᠭᠡᠢ ᠬᠠᠩᠭᠠᠯᠭ᠎ᠠ ᠶᠢ ᠠᠷᠢᠯᠭᠠᠨ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠵᠤ᠂ ᠳᠤᠤᠷᠠᠲᠤ ᠳᠠᠰ ᠤᠨ ᠬᠠᠩᠭᠠᠯᠭ᠎ᠠ ᠶᠢ ᠪᠠᠭᠠᠰᠬᠠᠨ᠂ ᠳᠤᠮᠳᠠ ᠳᠡᠭᠡᠳᠦ ᠳᠡᠰ ᠤᠨ ᠬᠠᠩᠭᠠᠯᠭ᠎ᠠ ᠶᠢ ᠥᠷᠭᠡᠳᠬᠡᠵᠦ᠂ ︽ᠴᠢᠨᠠᠷ ᠰᠠᠶᠢᠲᠠᠶ ᠲᠤᠰᠬᠠᠶ ᠬᠡᠷᠡᠭᠯᠡᠬᠦ︾ ᠬᠠᠮ ᠬᠡᠷᠡᠭᠯᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ ︽ᠤᠨᠴᠠᠯᠢᠭᠲᠤ ᠳᠠᠪᠠᠭᠤᠯᠢᠭ︾ ᠪᠤᠯᠬᠤ ᠲᠠᠷᠢᠶᠠᠯᠠᠩ ᠤᠨ ᠪᠤᠰᠤᠳ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠨᠭ᠍ᠭᠠᠯᠭ᠎ᠠ ᠶᠢ ᠳᠤᠪᠤᠶᠢᠯᠭᠠᠬᠤ ᠬᠡᠷᠡᠭᠲᠡᠶ᠃ ᠪᠢᠴᠢᠭ ᠮᠠᠲ᠋ᠧᠷᠢᠶᠠᠯ ᠳᠤ ᠠᠮᠤ ᠪᠤᠳᠠᠭ᠎ᠠ᠂ ᠠᠵᠤ ᠠᠬᠤᠶ ᠶᠢᠨ ᠲᠠᠷᠢᠮᠠᠯ᠂ ᠲᠡᠵᠢᠭᠡᠯ ᠪᠤᠷᠳᠤᠭ᠎ᠠ ᠶᠢᠨ ᠲᠠᠷᠢᠬᠤ ᠪᠦᠲᠦᠴᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠡᠪᠴᠢᠶᠡᠵᠢᠭᠰᠡᠨ ᠥᠨᠳᠥᠷ ᠦᠷ᠎ᠡ ᠠᠰᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠬᠦᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠬᠦᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠤᠯᠤᠨ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠠᠢ ᠬᠡᠵᠤ ᠳᠤᠷᠠᠳᠪᠠ᠃        ᠦᠢᠯᠡᠳᠪᠦᠷᠢᠯᠡᠯ ᠤᠨ ᠠᠷᠭ᠎ᠠ ᠮᠠᠶ᠋ᠢᠭ ᠢ ᠰᠠᠶᠢᠲᠤᠷ ᠲᠣᠬᠢᠷᠠᠭᠤᠯᠤᠨ᠂ ︽ᠪᠣᠬᠢᠷᠳᠤᠯ ᠦᠭᠡᠢ︾ ᠪᠠᠶᠢᠬᠤ ᠶᠢ ᠳᠣᠪᠤᠶᠢᠯᠭᠠᠬᠤ ᠬᠡᠷᠡᠭᠲᠡᠢ᠃ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠳᠡᠯᠭᠡᠷᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠨᠢ ᠲᠡᠦᠬᠡ ᠶᠢᠨ ᠬᠠᠭᠤᠴᠢᠨ ᠲᠠᠩᠰᠠ ᠶᠢ ᠰᠢᠢᠳᠪᠦᠷᠢᠯᠡᠬᠦ ᠮᠥᠷᠲᠡᠭᠡᠨ ᠪᠠᠰᠠ ᠦᠷ᠎ᠡ ᠠᠴᠢ ᠨᠠᠷ ᠲᠠᠭᠠᠨ ᠣᠷᠣᠰᠢᠨ ᠲᠣᠭᠲᠠᠨᠢᠬᠤ ᠪᠠ ᠬᠥᠭᠵᠢᠬᠦ ᠣᠷᠣᠨ ᠵᠠᠶ ᠥᠯᠡᠳᠡᠭᠡᠵᠦ ᠪᠠᠶᠢᠭ᠎ᠠ ᠶᠠᠪᠤᠳᠠᠯ ᠪᠣᠯᠣᠨ᠎ᠠ᠃ ᠪᠢᠴᠢᠭ ᠮᠠᠲ᠋ᠧᠷᠢᠶᠠᠯ ᠳᠤ ᠬᠥᠳᠡᠭᠡ ᠠᠵᠤ ᠠᠬᠤᠶ ᠶᠢᠨ ᠴᠡᠪᠡᠷ ᠦᠢᠯᠡᠳᠪᠦᠷᠢᠯᠡᠯ ᠢ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠢ ᠶᠡᠭᠡ ᠬᠡᠪᠴᠢᠶ᠎ᠡ ᠪᠠᠷ ᠬᠡᠷᠡᠭᠵᠢᠭᠦᠯᠵᠦ᠂ ᠬᠥᠳᠡᠭᠡ ᠠᠵᠤ ᠠᠬᠤᠶ ᠶᠢᠨ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠵᠤ ᠴᠡᠭᠴᠡᠯᠡᠵᠦ᠂ ᠴᠢᠬᠤᠯᠠ ᠲᠣᠮᠣ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃        ᠠᠵᠤ ᠦᠢᠯᠡᠰ ᠤᠨ ᠰᠢᠰᠲ᠋ᠧᠮᠵᠢ ᠶᠢ ᠲᠣᠬᠢᠷᠠᠭᠤᠯᠤᠨ ᠰᠢᠯᠤᠭᠤᠳᠬᠠᠵᠤ᠂ ︽ᠰᠢᠨ᠎ᠡ︾ ᠪᠠᠶᠢᠬᠤ ᠶᠢ ᠳᠣᠪᠤᠶᠢᠯᠭᠠᠬᠤ ᠬᠡᠷᠡᠭᠲᠡᠢ᠃ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠪᠣᠯᠣᠨ ᠰᠢᠨ᠎ᠡ ᠡᠵᠡᠩᠨᠡᠯᠲᠡ ᠶᠢᠨ ᠪᠠᠶᠢᠳᠠᠯ ᠢ ᠬᠦᠴᠦᠯᠡᠨ ᠬᠥᠭᠵᠢᠭᠦᠯᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠬᠥᠳᠡᠭᠡ ᠠᠵᠤ ᠠᠬᠤᠶ ᠶᠢᠨ ᠪᠦᠬᠦ ᠵᠠᠩᠭᠢᠯᠠᠭ᠎ᠠ ᠶᠢ ᠲᠡᠰ ᠳᠡᠪᠰᠢᠭᠦᠯᠬᠦ᠂ ᠪᠦᠬᠦ ᠬᠡᠯᠬᠢᠶ᠎ᠡ ᠶᠢᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠃ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠬᠤ᠂ ᠣᠳᠣ ᠦᠶ᠎ᠡ ᠶᠢᠨ ᠢᠳᠡᠭᠡᠨ ᠤ ᠠᠵᠤ ᠦᠢᠯᠡᠰ ᠢ ᠲᠥᠷᠭᠡᠨ ᠬᠥᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠤ ᠦᠢᠯᠡᠰ ᠲᠤ ᠠᠰᠢᠭᠲᠠᠢ ᠣᠨᠴᠠᠯᠢᠭᠲᠤ ᠲᠣᠰᠬᠤᠨ ᠪᠠᠯᠭᠠᠰᠤ ᠶᠢ ᠪᠤᠶᠢᠵᠢᠭᠤᠯᠬᠤ ᠬᠡᠷᠡᠭᠲᠡᠢ ᠭᠡᠵᠦ ᠳᠤᠷᠠᠳᠪᠠ᠃       ᠥᠭᠡᠷᠡᠴᠢᠯᠡᠯᠲᠡ ᠶᠢᠨ ᠭᠤᠣᠯᠳᠠᠯᠭ᠎ᠠ ᠨᠢ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠢᠯᠤᠭᠤᠳᠬᠠᠨ᠂ ︽ᠭᠤᠷᠪᠠ ᠶᠡᠭᠡ ᠶᠢ ᠬᠦᠭᠵᠢᠭᠡᠯ︾ ᠢ ᠪᠡᠶᠡᠯᠡᠭᠦᠯᠬᠦ ᠪᠣᠯᠣᠨ᠎ᠠ —       ᠵᠠᠬ᠎ᠠ ᠳᠡᠯᠭᠡᠭᠦᠷ ᠢ ᠬᠥᠭᠵᠢᠭᠡᠬᠦ ᠬᠡᠷᠡᠭᠲᠡᠢ᠃ ᠠᠮᠤ ᠪᠤᠳᠠᠭ᠎ᠠ ᠵᠡᠷᠭᠡ ᠲᠠᠷᠢᠶᠠᠯᠠᠩ ᠤᠨ ᠴᠢᠬᠤᠯᠠ ᠪᠦᠲᠦᠭᠡᠭᠳᠡᠬᠦᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠪᠣᠯᠣᠨ ᠬᠤᠳᠠᠯᠳᠤᠨ ᠠᠪᠴᠤ ᠨᠥᠭᠡᠴᠡᠯᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠨᠥᠬᠦᠪᠥᠷᠢ ᠥᠭᠬᠦ ᠲᠦᠷᠢᠮ ᠵᠡᠷᠭᠡ ᠴᠢᠬᠤᠯᠠ ᠠᠷᠭ᠎ᠠ ᠬᠡᠮᠵᠢᠶ᠎ᠡ ᠶᠢ ᠪᠦᠷᠢᠨᠰᠢᠭᠦᠯᠬᠦ ᠬᠡᠷᠡᠭᠲᠡᠢ᠃       ᠴᠢᠬᠤᠯᠠ ᠡᠯᠧᠮᠧᠨ᠋ᠲ ᠢ ᠬᠥᠭᠵᠢᠭᠡᠬᠦ ᠬᠡᠷᠡᠭᠲᠡᠢ᠃ ᠡᠳ᠋ ᠤᠨ ᠵᠠᠰᠠᠭ ᠤᠨ ᠲᠠᠷᠢᠶᠠᠯᠠᠩ ᠢ ᠳᠡᠮᠵᠢᠬᠦ ᠣᠷᠣᠭᠤᠯᠤᠯᠲᠠ ᠶᠢᠨ ᠲᠣᠭᠲᠠᠴᠠ ᠶᠢ ᠥᠭᠡᠷᠡᠴᠢᠯᠡᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠶᠢ ᠲᠦᠷᠭᠡᠳᠬᠡᠵᠦ᠂ ᠬᠠᠮᠲᠤ ᠶᠢᠨ ᠦᠮᠴᠢᠯᠡᠯᠲᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠬᠡᠷᠡᠭᠯᠡᠬᠦ ᠭᠠᠵᠠᠷ ᠲᠠᠯᠠᠪᠤᠷ ᠤᠨ ᠪᠠᠲᠤᠯᠠᠭ᠎ᠠ ᠶᠢᠨ ᠲᠣᠭᠲᠠᠴᠠ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠨ ᠪᠠᠶᠢᠭᠤᠯᠬᠤ ᠬᠡᠷᠡᠭᠲᠡᠢ᠃       ᠭᠤᠣᠯ ᠴᠣᠭᠴᠠ ᠶᠢ ᠬᠥᠭᠵᠢᠭᠡᠬᠦ ᠬᠡᠷᠡᠭᠲᠡᠢ᠃ ᠰᠢᠨ᠎ᠡ ᠮᠠᠶ᠋ᠢᠭ ᠤᠨ ᠬᠥᠳᠡᠭᠡ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠪᠣᠯᠤᠨ ᠦᠢᠯᠡᠴᠢᠯᠡᠭᠡᠨ ᠤ ᠭᠤᠣᠯ ᠴᠣᠭᠴᠠ ᠶᠢ ᠪᠤᠶᠢᠵᠢᠭᠤᠯᠵᠤ᠂ ᠬᠥᠳᠡᠭᠡ ᠲᠣᠰᠬᠤᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠨ ᠠᠪᠴᠢᠷᠠᠵᠤ ᠨᠤᠲᠤᠭ ᠲᠠᠭᠠᠨ ᠪᠤᠴᠠᠨ ᠬᠥᠳᠡᠭᠡ ᠪᠠᠭᠤᠵᠤ ᠰᠢᠨ᠎ᠡ ᠶᠢ ᠡᠭᠦᠳᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃      ᠲᠦᠷᠦ ᠶᠢᠨ ᠪᠤᠳᠤᠯᠭ᠎ᠠ ᠶᠢᠨ ᠳᠡᠮᠵᠢᠯᠭᠡ᠄ ᠰᠢᠨ᠎ᠡ ᠠᠵᠤ ᠦᠢᠯᠡᠰ ᠪᠣᠯᠣᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠬᠡᠷᠡᠭᠲᠡᠢ      ᠠᠵᠤ ᠠᠬᠤᠶ ᠤᠷᠤᠭᠤᠳᠠᠬᠤ ᠳᠠᠷᠤᠯᠲᠠ ᠨᠡᠯᠢᠶᠡᠳ ᠶᠡᠭᠡ ᠪᠠᠶᠢᠭ᠎ᠠ ᠪᠠᠶᠢᠳᠠᠯ ᠳᠣᠣᠷ᠎ᠠ᠂ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠢ ᠳᠡᠮᠵᠢᠬᠦ ᠡᠷᠴᠢᠮ ᠢᠶᠠᠨ ᠬᠡᠷᠬᠢᠨ ᠤᠯᠠᠮ ᠢᠯᠡᠭᠦᠦ ᠴᠢᠩᠭᠠᠷᠠᠭᠤᠯᠬᠤ ᠪᠤᠢ ︖ ᠳᠠᠩ ᠷᠧᠨ ᠵᠢᠶᠠᠨ ᠬᠤᠶᠠᠷ ᠵᠦᠢᠯ ᠤᠨ ᠰᠡᠳᠬᠢᠬᠦᠢ ᠶᠢ ᠵᠢᠭᠠᠵᠤ ᠭᠠᠷᠭᠠᠭᠰᠠᠨ ᠪᠠᠶᠢᠨ᠎ᠠ᠄ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ ᠬᠦᠴᠦᠷᠬᠡᠭᠵᠢᠭᠦᠯᠬᠦ ᠪᠠ ᠡᠳ᠋ ᠤᠨ ᠵᠠᠰᠠᠭ ᠤᠨ ᠲᠠᠯ᠎ᠠ ᠪᠠᠷ ᠡᠮᠬᠢᠯᠡᠨ ᠨᠡᠶᠢᠯᠡᠭᠦᠯᠬᠦ ᠪᠠ ᠬᠦᠳᠡᠯᠭᠡᠨ ᠬᠡᠷᠡᠭᠯᠡᠬᠦ ᠬᠤᠶᠠᠷ ᠶᠡᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃       ᠲᠡᠷᠡ ᠬᠡᠯᠡᠭᠰᠡᠨ ᠨᠢ᠄ ᠪᠢᠴᠢᠭ ᠮᠠᠲ᠋ᠧᠷᠢᠶᠠᠯ ᠳᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠨ᠂ ᠭᠠᠵᠠᠷ ᠬᠡᠷᠡᠭᠯᠡᠬᠦ᠂ ᠪᠡᠯᠡ ᠲᠣᠬᠢᠷᠠᠭᠤᠯᠬᠤ᠂ ᠴᠢᠳᠠᠪᠤᠷᠢᠲᠠᠨ᠂ ᠰᠠᠭᠤᠷᠢ ᠪᠡᠯᠡᠳᠬᠡᠮᠵᠢ ᠵᠡᠷᠭᠡ ᠲᠠᠯ᠎ᠠ ᠪᠠᠷ ᠠᠯᠢ ᠤᠯᠠᠨ ᠲᠦᠷᠦ ᠶᠢᠨ ᠪᠤᠳᠤᠯᠭ᠎ᠠ ᠶᠢᠨ ᠲᠣᠬᠢᠷᠠᠭᠤᠯᠭ᠎ᠠ ᠬᠢᠭᠰᠡᠨ ᠪᠠᠶᠢᠨ᠎ᠠ ᠭᠡᠪᠡ᠃       ︽ᠶᠠᠭ ᠲᠤᠬᠠᠶ ᠶᠢᠨ ᠵᠢᠯ ᠳᠤ ᠰᠢᠶᠠᠩ ᠪᠠᠯᠭᠠᠰᠤᠨ ᠤ ᠠᠵᠤ ᠠᠬᠤᠶᠢᠯᠠᠯ ᠢ ᠠᠳᠬᠤᠵᠤ ᠪᠠᠶᠢᠭᠰᠠᠨ ᠲᠠᠢ ᠪᠠᠨ ᠠᠳᠠᠯᠢ ᠪᠠᠷ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠠᠳᠬᠤᠨ᠂ ᠲᠡᠭᠦᠨ ᠢ ᠲᠠᠷᠢᠶᠠᠯᠠᠩ ᠪᠣᠯᠤᠨ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠢᠭ᠋ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠬᠦ ᠰᠢᠨ᠎ᠡ ᠬᠦᠳᠡᠯᠭᠡᠭᠦᠷ ᠬᠦᠴᠦᠨ ᠤ ᠡᠬᠢ ᠰᠤᠷᠪᠤᠯᠵᠢ ᠪᠣᠯᠭᠠᠵᠤ᠂ ᠬᠥᠳᠡᠭᠡ ᠲᠣᠰᠬᠤᠨ ᠳᠤ ᠳᠠᠬᠢᠨᠲᠠ ᠨᠢᠭᠡ ᠤᠳᠠᠭᠠᠨ ᠤ ︿ᠰᠢᠨ᠎ᠡ ᠬᠦᠴᠦᠨ ᠴᠣᠯᠭᠤᠷᠠᠨ ᠭᠠᠷᠭᠠᠵᠤ﹀᠂ ᠬᠥᠳᠡᠭᠡ ᠲᠣᠰᠬᠤᠨ ᠢ ᠬᠥᠮᠦᠰ ᠤᠨ ᠪᠠᠭ᠋ᠠᠷᠬᠠᠯ ᠢ ᠲᠠᠲᠠᠭᠰᠠᠨ ᠭᠠᠵᠠᠷ ᠪᠣᠯᠭᠠᠨ᠂ ᠲᠠᠷᠢᠶᠠᠯᠠᠩ ᠢ ᠬᠥᠮᠦᠰ ᠤᠨ ᠬᠦᠰᠡᠨ ᠮᠥᠷᠥᠭᠡᠳᠴᠦ ᠪᠠᠶᠢᠭ᠎ᠠ ᠠᠵᠤ ᠦᠢᠯᠡᠰ ᠪᠣᠯᠭᠠᠵᠤ᠂ ᠲᠠᠷᠢᠶᠠᠴᠢᠳ ᠢ ᠬᠥᠮᠦᠰ ᠤᠨ ᠪᠠᠭ᠋ᠠᠷᠠᠯ ᠢ ᠲᠠᠲᠠᠮ᠎ᠠ ᠠᠵᠢᠯ ᠮᠡᠷᠭᠡᠵᠢᠯ ᠪᠣᠯᠭᠠᠬᠤ ᠬᠡᠷᠡᠭᠲᠡᠢ︾ ᠭᠡᠵᠦ ᠲᠡᠷᠡ ᠬᠡᠯᠡᠪᠡ᠃       ᠳᠠᠩ ᠷᠧᠨ ᠵᠢᠶᠠᠨ ᠪᠠᠰᠠ ᠢᠯᠡᠳᠬᠡᠭᠰᠡᠨ ᠨᠢ᠂ ᠲᠠᠷᠢᠶᠠᠯᠠᠩ ᠪᠣᠯᠤᠨ ᠬᠥᠳᠡᠭᠡ ᠲᠣᠰᠬᠤᠨ ᠤ ᠣᠷᠣᠭᠤᠯᠤᠯᠲᠠ ᠶᠢ ᠦᠨᠡᠨ ᠬᠦ ᠪᠠᠲᠤᠯᠠᠬᠤ ᠨᠢ᠂ ᠨᠢᠭᠡ ᠲᠠᠯ᠎ᠠ ᠪᠠᠷ ᠨᠡᠮᠡᠭᠳᠡᠯ ᠢ ᠦᠨᠡᠨᠬᠦ ᠪᠠᠲᠤᠯᠠᠬᠤ ᠪᠣᠯᠣᠨ᠎ᠠ᠂ ᠪᠢᠴᠢᠭ ᠮᠠᠲ᠋ᠧᠷᠢᠶᠠᠯ ᠨᠢ ᠲᠠᠷᠢᠶᠠᠯᠠᠩ ᠪᠣᠯᠤᠨ ᠬᠥᠳᠡᠭᠡ ᠲᠣᠰᠬᠤᠨ ᠢ ᠡᠳ᠋ ᠤᠨ ᠵᠠᠰᠠᠭ ᠤᠨ ᠵᠠᠷᠤᠯᠭ᠎ᠠ ᠶᠢᠨ ᠤᠷᠢᠳ ᠢᠶᠠᠷ ᠪᠠᠲᠤᠯᠠᠬᠤ ᠬᠦᠷᠢᠶ᠎ᠡ ᠬᠡᠪᠴᠢᠶ᠎ᠡ ᠪᠣᠯᠭᠠᠵᠤ᠂ ᠲᠠᠷᠢᠶᠠᠯᠠᠩ ᠪᠣᠯᠤᠨ ᠬᠥᠳᠡᠭᠡ ᠲᠣᠰᠬᠤᠨ ᠤ ᠣᠷᠣᠭᠤᠯᠤᠯᠲᠠ ᠶᠢ ᠵᠣᠬᠢᠰᠲᠠᠶ ᠪᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠶᠢ ᠪᠠᠷᠢᠮᠲᠠᠯᠠᠪᠠ᠃ ᠨᠦᠭᠦᠭᠡ ᠲᠠᠯ᠎ᠠ ᠪᠠᠷ ᠬᠠᠳᠠᠭᠠᠯᠠᠯᠲᠠ ᠶᠢ ᠠᠮᠢᠳᠤᠯᠢᠭ ᠰᠠᠶᠢᠲᠤᠷ ᠬᠡᠷᠡᠭᠯᠡᠬᠦ ᠳᠤ ᠬᠦᠴᠦ ᠲᠠᠯᠪᠢᠵᠤ᠂ ᠡᠮᠬᠢᠯᠡᠨ ᠨᠡᠶᠢᠯᠡᠭᠦᠯᠬᠦ ᠪᠠ ᠬᠦᠳᠡᠯᠭᠡᠨ ᠬᠡᠷᠡᠭᠯᠡᠬᠦ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠳᠠᠯ ᠪᠣᠯᠣᠨ᠎ᠠ ᠭᠡᠪᠡ᠃       ᠡᠮᠬᠢᠯᠡᠨ ᠨᠡᠶᠢᠯᠡᠭᠦᠯᠬᠦ ᠭᠡᠳᠡᠭ ᠨᠢ ᠳᠠᠷᠤᠶ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠦᠴᠦᠨ ᠢᠶᠠᠨ ᠲᠥᠪᠯᠡᠷᠡᠭᠦᠯᠦᠨ ᠬᠠᠮᠤᠭ ᠤᠨ ᠬᠢᠬᠦ ᠴᠢᠬᠤᠯᠠ ᠲᠠᠢ ᠤᠴᠢᠷ ᠶᠠᠪᠤᠳᠠᠯ ᠢ ᠰᠠᠶᠢᠳᠤᠷ ᠬᠢᠬᠦ ᠪᠣᠯᠣᠨ᠎ᠠ᠃ ᠪᠢᠴᠢᠭ ᠮᠠᠲ᠋ᠧᠷᠢᠶᠠᠯ ᠳᠤ ᠳᠤᠷᠠᠳᠤᠭᠰᠠᠨ ᠨᠢ᠂ ᠨᠢᠭᠡᠳᠦᠯᠲᠡᠶ ᠲᠥᠯᠥᠪᠵᠢᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠣᠯᠠᠨ ᠳᠡᠰ ᠳᠠᠪᠬᠤᠷᠭ᠎ᠠ ᠣᠯᠠᠨ ᠬᠡᠯᠪᠡᠷᠢ ᠪᠠᠷ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ︔ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠲᠥᠰᠦᠪ ᠢ ᠨᠠᠶᠢᠷᠠᠭᠤᠯᠤᠨ ᠵᠣᠬᠢᠶᠠᠬᠤ ᠡᠬᠢ ᠡᠭᠦᠰᠦᠯ ᠡᠮᠬᠢᠯᠡᠨ ᠨᠡᠶᠢᠯᠡᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ︽ᠶᠡᠭᠡ ᠲᠤᠰᠬᠠᠶ ᠵᠦᠢᠯ + ᠡᠭᠦᠷᠭᠡ ᠶᠢᠨ ᠨᠠᠷᠢᠨ ᠬᠠᠭᠤᠳᠠᠰᠤ︾ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ ᠭᠡᠵᠡᠢ᠃       ᠬᠦᠳᠡᠯᠭᠡᠨ ᠬᠡᠷᠡᠭᠯᠡᠬᠦ ᠭᠡᠳᠡᠭ ᠨᠢ ᠳᠠᠷᠤᠶ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦ ᠶᠢ ︽ᠡᠮ ᠤᠨ ᠬᠥᠯᠭᠡ︾ ᠪᠣᠯᠭᠠᠵᠤ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢ ᠲᠠᠲᠠᠵᠤ ᠲᠠᠷᠢᠶᠠᠯᠠᠩ ᠬᠥᠳᠡᠭᠡ ᠲᠣᠰᠬᠤᠨ ᠳᠤ ᠨᠡᠩ ᠤᠯᠠᠨ ᠣᠷᠣᠭᠤᠯᠤᠯᠲᠠ ᠬᠢᠬᠦ ᠶᠠᠪᠤᠳᠠᠯ ᠪᠣᠯᠣᠨ᠎ᠠ᠃ ᠪᠢᠴᠢᠭ ᠮᠠᠲ᠋ᠧᠷᠢᠶᠠᠯ ᠳᠤ ᠳᠤᠷᠠᠳᠤᠭᠰᠠᠨ ᠨᠢ᠂ ᠵᠠᠰᠠᠭ ᠤᠨ ᠣᠷᠳᠣᠨ ᠪᠠ ᠨᠡᠶᠢᠭᠡᠮ ᠤᠨ ᠭᠦᠷᠦᠩᠭᠡ ᠬᠠᠮᠲᠤᠷᠠᠯᠴᠠᠭᠤᠯᠬᠤ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠪᠠ ᠲᠠᠮ ᠬᠦᠦ ᠥᠭᠬᠦ᠂ ᠪᠠᠲᠤᠯᠠᠭ᠎ᠠ ᠶᠢᠨ ᠲᠣᠭᠲᠠᠴᠠ ᠪᠠᠶᠢᠭᠤᠯᠬᠤ᠂ ᠲᠦᠭᠰᠢᠭᠦᠷᠢᠲᠦ ᠲᠥᠯᠥᠪᠦᠷᠢ ᠶᠢᠨ ᠰᠠᠭᠤᠷᠢ ᠮᠥᠩᠭᠦ ᠪᠠᠶᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠡᠯ᠎ᠡ ᠲᠥᠷᠥᠯ ᠤᠨ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠠᠷ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠠᠪᠤᠬᠤ ᠬᠡᠷᠡᠭᠲᠡᠢ ᠭᠡᠵᠡᠢ᠃        ᠭᠢᠯᠠᠰ ᠴᠢᠭ᠋ ᠠᠷᠭ᠎ᠠ ᠬᠡᠮᠵᠢᠶ᠎ᠡ᠄ ᠬᠠᠮᠲᠤ ᠶᠢᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠵᠤ᠂ ᠬᠥᠳᠡᠭᠡ ᠨᠤᠲᠤᠭ ᠤᠨ ᠬᠠᠮ ᠴᠣᠭᠴᠠ ᠶᠢ ᠴᠣᠭᠴᠠᠯᠠᠨ᠎ᠠ        ᠳᠠᠩ ᠷᠧᠨ ᠵᠢᠶᠠᠨ ᠬᠡᠯᠡᠭᠰᠡᠨ ᠨᠢ᠂ ᠣᠳᠣᠬᠠᠨ ᠤ ᠰᠡᠯᠡᠭᠦᠴᠡᠯ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠭᠠᠵᠠᠷ ᠬᠡᠷᠡᠭᠯᠡᠬᠦ ᠬᠡᠷᠡᠭᠴᠡᠭᠡ ᠮᠠᠰᠢ ᠶᠡᠭᠡ ᠪᠠᠶᠢᠨ᠎ᠠ᠃ ᠡᠶᠢᠮᠦ ᠠᠴᠠ᠂ ᠪᠢᠴᠢᠭ ᠮᠠᠲ᠋ᠧᠷᠢᠶᠠᠯ ᠳᠤ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠣᠷᠣᠨ ᠰᠠᠭᠤᠴᠠ ᠶᠢᠨ ᠭᠠᠵᠠᠷ ᠢ ᠲᠡᠭᠰᠢᠯᠡᠬᠦ ᠵᠡᠷᠭᠡ ᠪᠠᠷ ᠳᠠᠮᠵᠢᠭᠤᠯᠤᠨ ᠠᠷᠪᠢᠯᠠᠭᠰᠠᠨ ᠭᠠᠵᠠᠷ ᠲᠠᠯᠠᠪᠤᠷ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠳᠤ ᠬᠤᠪᠢ ᠣᠷᠣᠭᠤᠯᠬᠤ᠂ ᠬᠤᠯᠪᠣᠭᠠᠯᠠᠨ ᠡᠵᠡᠩᠨᠡᠬᠦ ᠵᠡᠷᠭᠡ ᠠᠷᠭ᠎ᠠ ᠶᠢ ᠠᠪᠴᠤ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠨᠠᠰᠤᠵᠢᠯ ᠤᠨ ᠠᠰᠠᠷᠠᠮᠵᠢ ᠵᠡᠷᠭᠡ ᠠᠵᠤ ᠦᠢᠯᠡᠰ ᠪᠣᠯᠣᠨ ᠬᠥᠳᠡᠭᠡ ᠲᠣᠰᠬᠤᠨ ᠤ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠤᠣᠯᠳᠠᠯᠭ᠎ᠠ ᠲᠠᠢ ᠪᠠᠷ ᠳᠡᠮᠵᠢᠬᠦ ᠵᠥᠪᠰᠢᠶᠡᠷᠡᠨ᠎ᠡ ᠭᠡᠵᠦ ᠳᠤᠷᠠᠳᠴᠠᠢ ᠭᠡᠪᠡ᠃        ᠪᠢᠴᠢᠭ ᠮᠠᠲ᠋ᠧᠷᠢᠶᠠᠯ ᠳᠤ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠠᠷᠢᠶᠠᠯᠠᠬᠤ ᠡᠷᠦᠬᠡ ᠶᠢᠨ ᠣᠷᠣᠨ ᠰᠠᠭᠤᠴᠠ ᠶᠢᠨ ᠭᠠᠵᠠᠷ ᠠᠴᠠ ᠪᠠᠨ ᠠᠰᠢᠭ ᠤᠯᠬᠤ ᠪᠣᠳᠠᠰ ᠤᠨ ᠡᠷᠬᠡ ᠶᠢ ᠭᠦᠢᠴᠡᠳ ᠪᠠᠲᠤᠯᠠᠵᠤ᠂ ᠭᠠᠳᠠᠨᠠᠬᠢ ᠬᠦᠷᠤᠩᠭᠡ ᠡᠵᠡᠯᠡᠨ ᠠᠪᠴᠤ ᠡᠵᠡᠮᠳᠡᠬᠦ ᠶᠢ ᠰᠡᠷᠭᠡᠶᠢᠯᠡᠬᠦ ᠤᠷᠢᠲᠠᠯ ᠳᠣᠣᠷ᠎ᠠ᠂ ᠣᠷᠣᠨ ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠡᠷᠤᠭᠡ ᠶᠢᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠢᠶᠠᠨ ᠥᠮᠴᠢᠯᠡᠬᠦ ᠪᠠ ᠬᠡᠷᠡᠭᠯᠡᠬᠦ ᠡᠷᠬᠡ ᠶᠢ ᠬᠠᠮᠠᠭᠠᠯᠠᠵᠤ᠂ ᠬᠥᠳᠡᠭᠡ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠲᠦᠷᠢᠶᠡᠰᠦᠯᠡᠭᠦᠯᠬᠦ᠂ ᠬᠤᠷᠰᠢᠬᠤ ᠵᠡᠷᠭᠡ ᠠᠷᠭ᠎ᠠ ᠪᠠᠷ ᠲᠠᠷᠢᠶᠠᠴᠢᠳ ᠤᠨ ᠰᠤᠯᠠ ᠰᠡᠯᠡᠭᠦᠦ ᠭᠡᠷ ᠪᠠᠶᠢᠰᠢᠩ ᠵᠢᠴᠢ ᠣᠷᠣᠨ ᠰᠠᠭᠤᠴᠠ ᠶᠢᠨ ᠭᠠᠵᠠᠷ ᠢ ᠠᠮᠢᠳᠦᠯᠢᠭᠵᠢᠭᠤᠯᠤᠨ ᠠᠰᠢᠭᠯᠠᠬᠤ ᠶᠢ ᠬᠠᠶᠢᠨ ᠰᠦᠪᠡᠭᠴᠢᠯᠡᠵᠦ᠂ ᠲᠠᠷᠢᠶᠠᠴᠢᠳ ᠤᠨ ᠡᠳ᠋ ᠬᠦᠷᠦᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ ᠭᠡᠵᠡᠢ᠃        ᠲᠡᠷᠡ ᠵᠢᠭᠠᠭᠰᠠᠨ ᠨᠢ᠂ ᠣᠷᠣᠨ ᠰᠠᠭᠤᠴᠠ ᠶᠢᠨ ᠭᠠᠵᠠᠷ ᠵᠡᠷᠭᠡ ᠬᠠᠮᠲᠤ ᠶᠢᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠠᠰᠢᠭᠯᠠᠬᠤ ᠳᠤ ᠬᠤᠶᠠᠷ ᠵᠦᠢᠯ ᠢ ᠠᠩᠬᠠᠷᠬᠤ ᠬᠡᠷᠡᠭᠲᠡᠶ᠄ ᠭᠡᠷ ᠭᠠᠵᠠᠷ ᠬᠥᠷᠥᠩᠭᠡ ᠶᠢ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠠᠰᠢᠭᠯᠠᠬᠤ ᠪᠤᠶᠤ ᠬᠤᠪᠢ ᠬᠥᠮᠦᠨ ᠤ ᠡᠳ᠋ᠯᠡᠩ ᠭᠠᠵᠠᠷ ᠪᠠᠶᠢᠭᠤᠯᠬᠤ ᠶᠢ ᠡᠷᠡᠰ ᠴᠠᠭᠠᠵᠠᠯᠠᠬᠤ ᠬᠡᠷᠡᠭᠲᠡᠢ ︔ ᠲᠠᠷᠢᠶᠠᠯᠠᠬᠤ ᠡᠷᠤᠭᠡ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠷᠬᠡ ᠶᠢ ᠰᠡᠳᠬᠢᠯ ᠲᠠᠯᠪᠢᠨ ᠬᠠᠮᠠᠭᠠᠯᠠᠵᠤ᠂ ᠬᠠᠮᠲᠤ ᠶᠢᠨ ᠡᠳ᠋ ᠬᠦᠷᠦᠩᠭᠡ ᠶᠢᠨ ᠭᠠᠳᠠᠨᠠᠬᠢ ᠬᠥᠷᠥᠩᠭᠡ ᠳᠤ ᠡᠵᠡᠮᠰᠢᠭᠳᠡᠬᠦ ᠠᠴᠠ ᠰᠡᠷᠭᠡᠶᠢᠯᠡᠬᠦ ᠬᠡᠷᠡᠭᠲᠡᠶ ᠭᠡᠵᠡᠢ᠃       ᠪᠢᠴᠢᠭ ᠮᠠᠲ᠋ᠧᠷᠢᠶᠠᠯ ᠳᠤ ᠪᠠᠰᠠ ᠳᠤᠷᠠᠳᠤᠭᠰᠠᠨ ᠨᠢ᠂ ᠨᠥᠬᠦᠴᠡᠯ ᠪᠦᠬᠦᠢ ᠬᠥᠳᠡᠭᠡ ᠲᠣᠰᠬᠤᠨ ᠤ ᠪᠥᠳᠥᠭᠡᠨ ᠪᠠᠶᠢᠭᠤᠯᠤᠯᠲᠠ ᠨᠢ ᠲᠠᠷᠢᠶᠠᠴᠢᠳ ᠤᠨ ᠬᠤᠷᠰᠢᠶᠠᠵᠢᠯ ᠢᠶᠠᠷ ᠭᠤᠣᠯ ᠠᠴᠢᠶᠠᠯᠠᠭᠴᠢ ᠪᠣᠯᠭᠠᠵᠤ᠂ ᠲᠠᠷᠢᠶᠠᠴᠢᠳ ᠢ ᠭᠦᠢᠴᠡᠳ ᠣᠷᠣᠯᠴᠠᠭᠤᠯᠬᠤ ᠪᠠ ᠲᠡᠳᠡᠨ ᠳᠤ ᠠᠰᠢᠭ ᠬᠦᠷᠲᠡᠭᠡᠵᠦ᠂ ᠣᠷᠴᠢᠯ ᠲᠠᠷᠢᠶᠠᠯᠠᠩ᠂ ᠪᠦᠲᠦᠭᠡᠯᠴᠢ ᠲᠠᠷᠢᠶᠠᠯᠠᠩ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠭᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠲᠠᠷᠢᠶᠠᠯᠠᠩ ᠤᠨ ᠬᠠᠮ ᠴᠣᠭᠴᠠ ᠪᠠᠶᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠬᠦ ᠥᠭᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠬᠦ ᠳᠤᠨᠢ ᠳᠡᠮᠵᠢᠯᠭᠡ ᠦᠵᠡᠭᠦᠯᠬᠦ ᠬᠡᠷᠡᠭᠲᠡᠢ ᠭᠡᠵᠡᠢ᠃       ᠳᠠᠩ ᠷᠧᠨ ᠵᠢᠶᠠᠨ ᠢᠯᠡᠷᠬᠡᠶᠢᠯᠡᠭᠰᠡᠨ ᠨᠢ᠂ ᠣᠳᠣᠬᠠᠨ ᠳᠤ ᠬᠥᠳᠡᠭᠡ ᠲᠣᠰᠬᠤᠨ ᠤ ᠪᠠᠷᠢᠯᠭ᠎ᠠ ᠶᠢᠨ ᠵᠢᠷᠤᠭ ᠲᠥᠯᠥᠪᠯᠡᠭᠡ᠂ ᠬᠥᠳᠡᠭᠡ ᠲᠣᠰᠬᠤᠨ ᠤ ᠲᠥᠯᠥᠪᠵᠢᠭᠦᠯᠭᠡ ᠶᠢᠨ ᠴᠢᠳᠠᠪᠤᠷᠢᠲᠠᠨ ᠢ ᠪᠠᠴᠢᠮ ᠬᠥᠮᠦᠵᠢᠭᠦᠯᠬᠦ ᠴᠢᠬᠤᠯᠠ ᠲᠠᠢ ᠪᠠᠶᠢᠨ᠎ᠠ᠃ ᠪᠢᠴᠢᠭ ᠮᠠᠲ᠋ᠧᠷᠢᠶᠠᠯ ᠳᠤ ᠡᠭᠦᠨ ᠤ ᠲᠤᠬᠠᠶ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠬᠥᠳᠡᠭᠡ ᠲᠣᠰᠬᠤᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠵᠢᠷᠤᠭ ᠲᠥᠯᠥᠪᠯᠡᠭᠡ ᠵᠡᠷᠭᠡ ᠬᠠᠮᠢᠶ᠎ᠠ ᠪᠦᠬᠦᠢ ᠲᠤᠰᠬᠠᠶ ᠮᠡᠷᠭᠡᠵᠢᠯ ᠪᠣᠯᠤᠨ ᠬᠢᠴᠢᠶᠡᠯ ᠨᠡᠭᠡᠭᠡᠬᠦ ᠶᠢ ᠨᠢ ᠵᠦ᠋ᠷᠢᠭᠵᠢᠭᠤᠯᠵᠤ᠂ ᠨᠢᠭᠡ ᠪᠦᠯᠦᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ ᠤᠷᠠᠨ ᠲᠠᠷᠬᠠᠭᠳᠠ ᠶᠢ ᠶᠢ ᠲᠡᠳᠬᠦᠨ ᠳᠡᠮᠵᠢᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号