2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ᠂ | ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠳᠤ | ᠰᠣᠷᠣᠭᠴᠢ ᠡᠯᠰᠡᠬᠦ ︵︽ᠪᠡᠶ᠎ᠡ ᠶᠢᠨ ᠲᠠᠮᠢᠷ ᠤᠨ ᠮᠡᠷᠭᠡᠵᠢᠯ ᠳᠤ ᠠᠰ ᠢᠶᠠᠷ ᠢᠶᠠᠨ ᠰᠣᠷᠣᠭᠴᠢ ᠡᠯᠰᠡᠬᠦ ᠲᠤᠰᠬᠠᠶ | ᠰᠢᠯᠭᠠᠯᠲᠠ︾︶ ᠰᠣᠶᠣᠯ ᠤᠨ ᠬᠢᠴᠢᠶᠡᠯ ᠤᠨ ᠰᠢᠯᠭᠠᠯᠲᠠ ᠨᠢ 4 ᠳ᠋ᠦᠭᠡᠷ ᠰᠠᠷ᠎ᠠ ᠶᠢᠨ 22 ᠤᠨ ᠡᠳᠦᠷ ᠪᠠ 23 ᠤ | ᠡᠳᠦᠷ ᠲᠤ ᠶᠠᠪᠤᠭᠳᠠᠬᠤ ᠪᠣᠯᠣᠨ᠎ᠠ᠃ | ᠲᠤᠰ ᠤᠳᠠᠭᠠᠨ ᠤ ᠲᠠᠮᠢᠷ ᠤᠨ ᠮᠡᠷᠭᠡᠵᠢᠯ ᠳᠤ ᠰᠣᠷᠣᠭᠴᠢ ᠡᠯᠰᠡᠬᠦ ᠲᠤᠰᠬᠠᠢ ᠰᠢᠯᠭᠠᠯᠲᠠ ᠳᠤ ᠨᠡᠶᠢᠲᠡ | ᠬᠤᠶᠠᠷ ᠰᠢᠯᠭᠠᠯᠲᠠ ᠶᠢᠨ ᠴᠢᠭ᠋ ᠲᠣᠬᠢᠷᠠᠭᠤᠯᠤᠨ᠎ᠠ᠄ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ | ᠪᠠᠶᠠᠨᠨᠠᠭᠤᠷ ᠬᠤᠳᠠ᠂ ᠦᠬᠠᠶ ᠬᠤᠲᠠ᠂ ᠠᠯᠠᠱᠠ ᠠᠶᠢᠮᠠᠭ᠂ ᠤᠯᠠᠭᠠᠨᠴᠠᠪ ᠬᠤᠲᠠ ᠪᠣᠯᠤᠨ ᠰᠢᠯᠢ ᠶᠢᠨ ᠭᠤᠤᠯ | ᠠᠶᠢᠮᠠᠭ ᠤᠨ ᠰᠢᠯᠭᠠᠭᠤᠯᠤᠭᠴᠢᠳ ᠪᠤᠭᠤᠲᠤ ᠬᠤᠳᠠ ᠶᠢᠨ ᠳᠥᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠴᠢᠭ᠋ ᠲᠤ ᠰᠢᠯᠭᠠᠭᠤᠯᠤᠨ᠎ᠠ ︔ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ | ᠬᠤᠳᠠ᠂ ᠬᠢᠩᠭᠠᠨ ᠠᠶᠢᠮᠠᠭ ᠤᠨ ᠰᠢᠯᠭᠠᠭᠤᠯᠤᠭᠴᠢᠳ ᠤᠯᠠᠭᠠᠨᠬᠠᠳᠠ ᠳᠤ ᠭᠤᠷᠪᠠᠳᠤᠭᠠᠷ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠰᠢᠯᠭᠠᠯᠲᠠ ᠶᠢᠨ ᠴᠢᠭ᠋ ᠲᠤ ᠰᠢᠯᠭᠠᠭᠤᠯᠤᠨ᠎ᠠ᠃ | ᠰᠢᠯᠭᠠᠭᠤᠯᠬᠤ ᠳᠤ᠂ ᠰᠢᠯᠭᠠᠭᠤᠯᠤᠭᠴᠢ ᠥᠪᠡᠷ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ︽ | 2017 ᠣᠨ ᠤ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ | ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ | ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠣᠶᠣᠯ ᠤᠨ ᠰᠢᠯᠭᠠᠯᠲᠠ ᠶᠢᠨ ᠮᠡᠳᠡᠭᠳᠡᠯ ᠤᠨ ᠪᠢᠴᠢᠭ︾ | ᠢᠶᠠᠨ ᠠᠪᠴᠤ ᠰᠢᠯᠭᠠᠯᠲᠠ ᠶᠢᠨ ᠲᠠᠯᠠᠪᠠᠶ ᠳᠤ ᠣᠷᠣᠨ᠎ᠠ᠃ ᠡᠭᠦᠨ ᠳᠤ᠄ ︽2017 ᠣᠨ ᠤ ᠪᠡᠶ᠎ᠡ ᠶᠢᠨ ᠲᠠᠮᠢᠷ ᠤᠨ | ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ | ᠮᠡᠷᠭᠡᠵᠢᠯ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ᠢ | ᠰᠢᠯᠭᠠᠭᠤᠯᠤᠭᠴᠢ 4 ᠳ᠋ᠦᠭᠡᠷ ᠰᠠᠷ᠎ᠠ ᠶᠢᠨ 15 - 22 ᠤ ᠡᠳᠦᠷ ᠪᠣᠯᠲᠠᠯ᠎ᠠ ᠳᠤᠮᠳᠠᠳᠤ ᠤᠯᠤᠰ ᠤᠨ ᠲᠠᠮᠢᠷᠴᠢᠨ ᠤ | ᠰᠣᠶᠣᠯ ᠰᠤᠷᠭᠠᠨ ᠬᠥᠮᠦᠵᠢᠯ ᠤᠨ ᠰᠦᠯᠵᠢᠶᠡᠨ ︵www.ydyeducation.com︶ ᠤ ᠪᠡᠶ᠎ᠡ ᠶᠢᠨ | ᠲᠠᠮᠢᠷ ᠤᠨ ᠮᠡᠷᠭᠡᠵᠢᠯ ᠳᠤ ᠰᠣᠷᠣᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠠᠴᠠ ᠥᠪᠡᠰᠦᠪᠡᠨ | ᠪᠠᠭᠤᠯᠭᠠᠵᠤ ᠠᠪᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠡᠩ ᠤᠨ | ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ | ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠲᠤᠰᠬᠠᠶ ᠮᠡᠷᠭᠡᠵᠢᠯ ᠳᠤ ᠰᠣᠷᠣᠭᠴᠢ ᠡᠯᠰᠡᠬᠦ ᠰᠣᠶᠣᠯ ᠤᠨ | ᠰᠢᠯᠭᠠᠯᠲᠠ ᠶᠢᠨ ᠮᠡᠳᠡᠭᠳᠡᠯ ᠤᠨ ᠪᠢᠴᠢᠭ︾ ᠢ ᠪᠤᠭᠤᠲᠤ ᠬᠤᠳᠠ ᠪᠣᠯᠣᠨ ᠤᠯᠠᠭᠠᠨᠬᠠᠳᠠ ᠬᠤᠲᠠ ᠶᠢᠨ ᠰᠤᠷᠭᠠᠨ | ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤᠰ ᠲᠤᠰ ᠳᠠᠷᠤᠮᠠᠯᠯᠠᠬᠤ ᠶᠢᠨ ᠬᠠᠮᠲᠤ ᠠᠯᠪᠠᠨ ᠲᠠᠮᠠᠭ᠎ᠠ | ᠳᠠᠷᠤᠵᠤ᠂ ᠰᠢᠯᠭᠠᠭᠤᠯᠤᠭᠴᠢ ᠵᠢᠭᠠᠨ ᠲᠣᠭᠲᠠᠭᠠᠭᠰᠠᠨ ᠭᠠᠵᠠᠷ ᠲᠤ ᠬᠦᠷᠴᠤ ᠠᠪᠤᠨ᠎ᠠ᠂ ᠪᠤᠭᠤᠲᠤ ᠬᠤᠳᠠ ᠶᠢᠨ | ᠳᠥᠴᠢᠨ ᠲᠠᠪᠤᠳᠤᠭᠠᠷ ᠳᠤᠮᠳᠠᠳᠤ ᠰᠤᠷᠭᠠᠭᠤᠯᠢ ᠳᠤ ᠰᠢᠯᠭᠠᠭᠤᠯᠤᠭᠴᠢᠳ 4 ᠳ᠋ᠦᠭᠡᠷ ᠰᠠᠷ᠎ᠠ ᠶᠢᠨ 20 - 22 ᠤ | ᠡᠳᠦᠷ ᠪᠣᠯᠲᠠᠯ᠎ᠠ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠲᠤ ᠣᠴᠢᠵᠤ ᠠᠪᠤᠨ᠎ᠠ | ︔ ᠤᠯᠠᠭᠠᠨᠬᠠᠳᠠ ᠶᠢᠨ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠴᠢᠭ᠋ ᠲᠤ | ᠰᠢᠯᠭᠠᠭᠤᠯᠤᠭᠴᠢᠳ 4 ᠳ᠋ᠦᠭᠡᠷ ᠰᠠᠷ᠎ᠠ ᠶᠢᠨ 21 - 22 ᠤ ᠡᠳᠦᠷ ᠪᠣᠯᠲᠠᠯ᠎ᠠ ᠤᠯᠠᠭᠠᠨᠬᠠᠳᠠ ᠬᠤᠲᠠ ᠶᠢᠨ ᠰᠢᠨ᠎ᠡ | ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ ᠬᠤᠶᠢᠲᠤ ᠬᠤᠶᠠᠳᠣᠭᠠᠷ ᠰᠠᠯᠠᠭ᠎ᠠ ᠵᠠᠮ ᠤᠨ ᠪᠠᠷᠠᠭᠤᠨ ᠲᠠᠯ᠎ᠠ ᠳᠤ | ᠪᠠᠶᠢᠭ᠎ᠠ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠰᠠᠯᠠᠭ᠎ᠠ ᠶᠢᠨ 306 ᠲᠠᠰᠤᠭ ᠲᠤ ᠣᠴᠢᠵᠤ ᠠᠪᠤᠨ᠎ᠠ᠃ | |