ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2017-04-13
                                             221 ᠳ᠋ᠤᠭᠡᠷ ᠲᠤᠭᠠᠳᠤ         ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2016 ᠣᠨ ᠤ 10 ᠳ᠋ᠤᠭᠠᠷ ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 76 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                     ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ                  2016 ᠣᠨ ᠤ 12 ᠳ᠋ᠤᠭᠠᠷ ᠰᠠᠷ᠎ᠠ ᠶᠢᠨ 6 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠣᠭᠲᠠᠭᠠᠯ︾ ᠳᠤ ᠳᠣᠣᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄         ᠨᠢᠭᠡ᠂ ᠠᠷᠪᠠᠨ ᠬᠤᠶᠠᠳᠤᠭᠠᠷ ᠵᠦᠢᠯ ᠢ᠄ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠰᠦᠢᠳᠬᠡᠯ ᠬᠤᠷᠢᠶᠠᠬᠤ ᠶᠢᠨ ᠢᠯᠡ ᠨᠡᠶᠢᠢᠲᠡᠯᠡᠬᠦ ᠳᠦᠷᠢᠮ ᠢ ᠬᠡᠷᠡᠭᠵᠢᠭᠦᠯᠦᠨ᠎ᠡ᠃ ᠰᠦᠢᠳᠬᠡᠯ ᠬᠤᠷᠢᠶᠠᠬᠤ ᠨᠢᠭᠡᠴᠡ ᠨᠢ ᠠᠳᠠᠯᠢ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠢᠯᠡ ᠪᠠᠷ ᠨᠡᠶᠢᠲᠡᠯᠡᠬᠦ ᠳᠡᠰ ᠳᠠᠷᠠᠭᠠᠯᠠᠯ ᠢ ᠭᠦᠢᠴᠡᠳᠬᠡᠨ᠎ᠡ᠃ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠨᠡᠶᠢᠭᠡᠮ ᠨᠡᠶᠢᠲᠡ ᠳᠤ ᠨᠡᠶᠢᠲᠡᠯᠡᠨ᠎ᠡ︾ ᠭᠡᠵᠦ ᠵᠠᠰᠠᠪᠤᠷᠢ ᠣᠷᠣᠭᠤᠯᠤᠨ᠎ᠠ᠃         ᠬᠤᠶᠠᠷ᠂ ᠠᠷᠪᠠᠨ ᠭᠤᠷᠪᠠᠳᠤᠭᠠᠷ ᠵᠦᠢᠯ ᠢ᠄ ︽ᠰᠦᠢᠳᠬᠡᠯ ᠬᠤᠷᠢᠶᠠᠬᠤ ᠨᠢᠭᠡᠴᠡ ᠨᠢ ᠵᠢᠯ ᠪᠦᠷᠢ ᠶᠢᠨ ᠭᠤᠷᠪᠠᠳᠤᠭᠠᠷ ᠰᠠᠷ᠎ᠠ ᠶᠢᠨ ᠨᠢᠭᠡᠨ ᠤ ᠡᠳᠦᠷ ᠠᠴᠠ ᠡᠮᠦᠨ᠎ᠡ ᠠᠳᠠᠯᠢ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠣᠨ ᠤ ᠰᠦᠢᠳᠬᠡᠯ ᠬᠤᠷᠢᠶᠠᠭᠰᠠᠨ ᠪᠠᠶᠢᠳᠠᠯ ᠢ ᠮᠡᠳᠡᠭᠦᠯᠦᠨ᠎ᠡ ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠦᠢᠳᠬᠡᠯ ᠬᠤᠷᠢᠶᠠᠭᠰᠠᠨ ᠪᠠᠶᠢᠳᠠᠯ ᠢ ᠪᠦᠷᠢᠳᠬᠡᠵᠦ᠂ ᠵᠢᠯ ᠪᠦᠷᠢ ᠶᠢᠨ ᠲᠠᠪᠤᠳᠤᠭᠠᠷ ᠰᠠᠷ᠎ᠠ ᠶᠢᠨ ᠨᠢᠭᠡᠨ ᠤ ᠡᠳᠦᠷ ᠠᠴᠠ ᠡᠮᠦᠨ᠎ᠡ ᠳᠡᠭᠡᠳᠦ ᠨᠢᠭᠡ ᠱᠠᠲᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ ︾ ᠭᠡᠵᠦ ᠵᠠᠰᠠᠪᠤᠷᠢ ᠣᠷᠣᠭᠤᠯᠤᠨ᠎ᠠ᠃         ᠭᠤᠷᠪᠠ᠂ ᠠᠷᠪᠠᠨ ᠳᠥᠷᠪᠡᠳᠦᠭᠡᠷ ᠵᠦᠢᠯ ᠢ᠄ ︽ᠰᠦᠢᠳᠬᠡᠯ ᠬᠤᠷᠢᠶᠠᠬᠤ ᠨᠢᠭᠡᠴᠡ ᠨᠢ ᠰᠦᠢᠳᠬᠡᠯ ᠬᠤᠷᠢᠶᠠᠬᠤ ᠭᠠᠵᠠᠷ ᠤᠨ ᠢᠯᠡ ᠪᠠᠶᠢᠷᠢᠨ ᠳᠤ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠪᠣᠳᠤᠬᠤ ᠨᠢᠭᠡᠴᠡ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦ ᠪᠠᠷᠢᠮᠲᠠ᠂ ᠬᠢᠨᠠᠯᠲᠠ ᠲᠠᠯᠪᠢᠬᠤ ᠤᠲᠠᠰᠤ ᠶᠢᠨ ᠨᠣᠮᠧᠷ ᠵᠡᠷᠭᠡ ᠠᠭᠤᠯᠭ᠎ᠠ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ︾ ᠭᠡᠵᠦ ᠵᠠᠰᠠᠪᠤᠷᠢ ᠣᠷᠣᠭᠤᠯᠤᠨ᠎ᠠ᠃         ᠳᠦᠷᠪᠡ᠂ ᠠᠷᠪᠠᠨ ᠵᠢᠷᠭᠤᠳᠤᠭᠠᠷ ᠵᠦᠢᠯ ᠢ᠄ ︽ᠰᠦᠢᠳᠬᠡᠯ ᠬᠤᠷᠢᠶᠠᠬᠤ ᠨᠢᠭᠡᠴᠡ ᠨᠢ ᠰᠦᠢᠳᠬᠡᠯ ᠬᠤᠷᠢᠶᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠳᠠᠷᠤᠮᠠᠯᠯᠠᠨ ᠵᠣᠬᠢᠶᠠᠭᠰᠠᠨ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠡᠷᠡᠭᠯᠡᠨ᠎ᠡ ︔ ᠬᠡᠷᠡᠭᠯᠡᠭᠰᠡᠨ ᠦᠭᠡᠢ ᠪᠠᠶᠢᠪᠠᠯ᠂ ᠰᠦᠢᠳᠬᠡᠯ ᠲᠤᠰᠢᠶᠠᠭᠴᠢ ᠠᠴᠠ ᠰᠦᠢᠳᠬᠡᠯ ᠲᠤᠰᠢᠶᠠᠬᠤ ᠶᠢ ᠲᠡᠪᠴᠢᠬᠦ ᠡᠷᠬᠡ ᠲᠠᠢ︾ ᠭᠡᠵᠦ ᠵᠠᠰᠠᠪᠤᠷᠢ ᠣᠷᠣᠭᠤᠯᠤᠨ᠎ᠠ᠃         ᠲᠠᠪᠤ᠂ ᠠᠷᠪᠠᠨ ᠳᠣᠯᠣᠳᠤᠭᠠᠷ ᠵᠦᠢᠯ ᠢ ᠬᠠᠰᠤᠨ᠎ᠠ᠃         ᠵᠢᠷᠭᠤᠭ᠎ᠠ᠂ ᠠᠷᠪᠠᠨ ᠨᠠᠢᠮᠠᠳᠤᠭᠠᠷ ᠵᠦᠢᠯ ᠢ ᠠᠷᠪᠠᠨ ᠳᠣᠯᠣᠳᠤᠭᠠᠷ ᠵᠦᠢᠯ ᠪᠣᠯᠭᠠᠵᠤ᠄ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠯᠴᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠶᠢᠨ ᠬᠠᠮᠲᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ︾ ᠭᠡᠵᠢ ᠵᠠᠰᠠᠪᠤᠷᠢ ᠣᠷᠣᠭᠤᠯᠤᠨ᠎ᠠ᠃         ᠲᠤᠯᠤᠭ᠎ᠠ᠂ ᠬᠤᠷᠢᠳᠤᠭᠠᠷ ᠵᠦᠢᠯ ᠢ ᠬᠠᠰᠤᠨ᠎ᠠ᠃       ᠨᠠᠢᠮᠨ᠂ ᠬᠤᠷᠢᠨ ᠨᠢᠭᠡᠳᠦᠭᠡᠷ ᠵᠦᠢᠯ ᠢ ᠠᠷᠪᠠ ᠶᠢᠰᠦᠳᠦᠭᠡᠷ ᠵᠦᠢᠯ ᠪᠣᠯᠭᠠᠵᠤ᠄ ︽ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠤᠯᠢ ᠠᠴᠠ ᠵᠦᠷᠢᠴᠡᠵᠦ ᠰᠦᠢᠳᠬᠡᠯ ᠬᠤᠷᠢᠶᠠᠭᠰᠠᠨ ᠦᠢᠯᠡ ᠠᠵᠢᠯᠯᠠᠭ᠎ᠠ ᠪᠠᠷ ᠦᠵᠡᠨ᠎ᠡ᠄         ︵ᠨᠢᠭᠡ︶ ᠰᠦᠢᠳᠬᠡᠯ ᠬᠤᠷᠢᠶᠠᠬᠤ ᠶᠢᠨ ᠢᠯᠡ ᠨᠡᠶᠢᠲᠡᠯᠡᠬᠦ ᠲᠦᠷᠢᠮ ᠢ ᠦᠯᠦ ᠬᠡᠷᠡᠭᠵᠢᠭᠦᠯᠦᠭᠰᠡᠨ ︔         ︵ᠬᠤᠶᠠᠷ︶ ᠲᠣᠭᠲᠠᠭᠠᠭᠰᠠᠨ ᠰᠦᠢᠳᠬᠡᠯ ᠬᠤᠷᠢᠶᠠᠬᠤ ᠲᠦᠷᠦᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠰᠦᠢᠳᠬᠡᠯ ᠦᠯᠦ ᠬᠤᠷᠢᠶᠠᠭᠰᠠᠨ ︔         ︵ᠭᠤᠷᠪᠠ︶ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠨ᠂ ᠰᠦᠢᠳᠬᠡᠯ ᠬᠤᠷᠢᠶᠠᠬᠤ ᠴᠠᠭ ᠬᠤᠭᠤᠴᠠᠭ᠎ᠠ ᠠᠴᠠ ᠳᠠᠪᠠᠵᠦ᠂ ᠰᠦᠢᠳᠬᠡᠯ ᠬᠤᠷᠢᠶᠠᠬᠤ ᠤᠳᠠᠭ᠎ᠠ ᠳᠠᠷᠠᠭ᠎ᠠ ᠶᠢ ᠨᠡᠮᠡᠭᠳᠡᠭᠦᠯᠵᠦ ᠰᠦᠢᠳᠬᠡᠯ ᠬᠤᠷᠢᠶᠠᠭᠰᠠᠨ ︔         ︵ᠲᠦᠷᠪᠡ︶ ᠣᠨᠴᠠ ᠲᠣᠭᠲᠠᠭᠠᠭᠰᠠᠨ ᠦᠢᠯᠡᠴᠢᠯᠡᠭᠡ ᠬᠠᠩᠭᠠᠵᠤ ᠰᠦᠢᠳᠬᠡᠯ ᠬᠤᠷᠢᠶᠠᠬᠤ ᠶᠤᠰᠣᠲᠠᠢ ᠪᠠᠶᠢᠲᠠᠯ᠎ᠠ᠂ ᠵᠥᠪᠬᠡᠨ ᠰᠦᠢᠳᠬᠡᠯ ᠬᠤᠷᠢᠶᠠᠭᠠᠳ ᠦᠢᠯᠡᠴᠢᠯᠡᠭᠡ ᠦᠯᠦ ᠬᠠᠩᠭᠠᠭᠰᠠᠨ ︔         ︵ᠲᠠᠪᠤ︶ ᠡᠷᠬᠡ ᠠᠴᠠ ᠪᠠᠨ ᠳᠠᠪᠠᠵᠤ ᠲᠣᠭᠲᠠᠭᠠᠭᠰᠠᠨ ᠰᠦᠢᠳᠬᠡᠯ ᠬᠤᠷᠢᠶᠠᠬᠤ ᠪᠢᠴᠢᠭ ᠮᠠᠲ᠋ᠧᠷᠢᠶᠠᠯ ᠢ ᠦᠨᠳᠦᠰᠦᠯᠡᠨ ᠰᠦᠢᠳᠬᠡᠯ ᠬᠤᠷᠢᠶᠠᠭᠰᠠᠨ ︔         ︵ᠵᠢᠷᠭᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠬᠦᠴᠦᠨ ᠦᠭᠡᠢ ᠪᠣᠯᠭᠠᠬᠤ ᠪᠠᠷ ᠲᠤᠲᠤᠷᠬᠠᠢ ᠵᠠᠷᠯᠢᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠤᠳ ᠠᠴᠠ ᠦᠷᠭᠦᠯᠵᠢᠯᠡᠨ ᠰᠦᠢᠳᠬᠡᠯ ᠬᠤᠷᠢᠶᠠᠭᠰᠠᠨ ︔         ︵ᠲᠤᠯᠤᠭ᠎ᠠ︶ ᠬᠠᠮᠢᠶᠠᠷᠤᠯᠲᠠ ᠶᠢᠨ ᠡᠷᠬᠡ ᠲᠤᠰᠢᠶᠠᠯ ᠪᠣᠯᠣᠨ ᠠᠵᠢᠯ ᠲᠥᠷᠥᠯ ᠤᠨ ᠭᠠᠭᠴᠠᠭᠠᠷ ᠡᠵᠡᠮᠰᠢᠬᠦ ᠪᠠᠶᠢᠷᠢ ᠶᠢ ᠠᠰᠢᠭᠯᠠᠨ ᠬᠡᠯᠪᠡᠷᠢ ᠶᠢ ᠨᠢ ᠥᠭᠡᠷᠡᠲᠤᠭᠦᠯᠦᠨ ᠰᠦᠢᠳᠬᠡᠯ ᠬᠤᠷᠢᠶᠠᠭᠰᠠᠨ ︔         ︵ᠨᠠᠢᠮᠨ︶ ᠲᠦᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠯᠪᠠᠨ ᠠᠵᠢᠯ ᠢ ᠲᠥᠯᠥᠪᠦᠷᠢ ᠦᠭᠡᠢ ᠪᠠᠶᠢᠭᠰᠠᠨ ᠠᠴᠠ ᠨᠢ ᠦᠨ᠎ᠡ ᠲᠥᠯᠥᠪᠦᠷᠢ ᠲᠠᠢ ᠪᠣᠯᠭᠠᠨ ᠬᠤᠪᠢᠷᠠᠭᠤᠯᠵᠤ ᠪᠠᠶᠢᠭᠠᠳ ᠰᠦᠢᠳᠬᠡᠯ ᠬᠤᠷᠢᠶᠠᠭᠰᠠᠨ ︔             ︵ᠶᠢᠰᠦ︶ ᠬᠠᠤᠯᠢ ᠠᠴᠠ ᠵᠦᠷᠢᠴᠡᠵᠦ ᠰᠦᠢᠳᠬᠡᠯ ᠬᠤᠷᠢᠶᠠᠭᠰᠠᠨ ᠪᠤᠰᠤᠳ ᠦᠢᠯᠡ ᠠᠵᠢᠯᠯᠠᠭ᠎ᠠ︾ ᠭᠡᠵᠦ ᠵᠠᠰᠠᠪᠤᠷᠢ ᠣᠷᠣᠭᠤᠯᠪᠠ᠃           ᠶᠢᠰᠦ᠂ ᠬᠤᠷᠢᠨ ᠵᠢᠷᠭᠤᠳᠤᠭᠠᠷ ᠵᠦᠢᠯ ᠢ᠄ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠨ᠎ᠠ᠂ ᠡᠵᠡᠩᠨᠡᠯᠲᠡ ᠶᠢᠨ ᠪᠤᠰᠤ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ 1000 ᠲᠥᠭᠦᠷᠢᠭ ᠠᠴᠠ ᠳᠣᠭᠤᠭᠰᠢ ᠵᠣᠭᠤᠰ ᠲᠤᠷᠭᠠᠬᠤ ᠪᠠᠷ ᠰᠢᠳᠭᠡᠨ᠎ᠡ ︔ ᠡᠵᠡᠩᠨᠡᠯᠲᠡ ᠶᠢᠨ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠪᠠᠶᠢᠪᠠᠯ᠂ ᠬᠤᠭᠤᠴᠠᠭ᠎ᠠ ᠬᠢᠵᠠᠭᠠᠷᠯᠠᠨ ᠪᠤᠴᠠᠭᠠᠯᠭᠠᠨ᠎ᠠ ︔ ᠪᠤᠴᠠᠭᠠᠬᠤ ᠶᠢᠨ ᠠᠷᠭ᠎ᠠ ᠦᠭᠡᠢ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠨ ᠠᠪᠴᠤ ᠡᠳ᠋ ᠤᠨ ᠵᠠᠰᠠᠭ ᠲᠤ ᠲᠤᠰᠢᠶᠠᠬᠤ ᠶᠢᠨ ᠬᠠᠮᠲᠤ᠂ ᠬᠠᠤᠯᠢ ᠠᠴᠠ ᠵᠦᠷᠢᠴᠡᠵᠦ ᠣᠯᠤᠭᠰᠠᠨ ᠵᠣᠭᠤᠰ ᠤᠨ ᠲᠣᠭᠠᠨ ᠤ ᠭᠤᠷᠪᠠᠨ ᠲᠡᠬᠢᠠ ᠠᠴᠠ ᠳᠣᠭᠤᠭᠰᠢ 3 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠵᠣᠭᠤᠰ ᠲᠤᠷᠭᠠᠬᠤ ᠪᠠᠷ ᠰᠢᠳᠭᠡᠨ᠎ᠡ ︔ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠲᠣᠷᠭᠠᠬᠤ ᠪᠠᠷ ᠰᠢᠳᠬᠡᠨ᠎ᠡ︾ ᠭᠡᠵᠦ ᠵᠠᠰᠠᠪᠤᠷᠢ ᠣᠷᠣᠭᠤᠯᠤᠨ᠎ᠠ         ᠠᠷᠪᠠ᠂ ᠬᠤᠷᠢᠨ ᠳᠣᠯᠣᠳᠤᠭᠠᠷ ᠵᠦᠢᠯ ᠢ ᠬᠤᠷᠢᠨ ᠳᠥᠷᠪᠡᠳᠦᠭᠡᠷ ᠵᠦᠢᠯ ᠪᠣᠯᠭᠠᠵᠤ᠄ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠤᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠢ ᠵᠦᠷᠢᠴᠡᠭᠰᠡᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠂ ᠡᠵᠡᠩᠨᠡᠯᠲᠡ ᠶᠢᠨ ᠪᠤᠰᠤ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ 1000 ᠲᠥᠭᠦᠷᠢᠭ ᠠᠴᠠ ᠳᠣᠭᠤᠭᠰᠢ ᠵᠣᠭᠤᠰ ᠲᠣᠷᠭᠠᠬᠤ ᠪᠠᠷ ᠰᠢᠳᠬᠡᠨ᠎ᠡ ︔ ᠡᠵᠡᠩᠨᠡᠯᠲᠡ ᠶᠢᠨ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠠᠴᠠ ᠵᠦᠷᠢᠴᠡᠵᠦ ᠣᠯᠤᠭᠰᠠᠨ ᠵᠣᠭᠤᠰ ᠤᠨ ᠲᠣᠭᠠᠨ ᠤ ᠭᠤᠷᠪᠠᠨ ᠲᠡᠬᠢᠠ ᠠᠴᠠ ᠳᠣᠭᠤᠭᠰᠢ 3 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠵᠣᠭᠤᠰ ᠲᠣᠷᠭᠠᠬᠤ ᠪᠠᠷ ᠰᠢᠳᠬᠡᠨ᠎ᠡ ︔ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠲᠣᠷᠭᠠᠬᠤ ᠪᠠᠷ ᠰᠢᠳᠬᠡᠨ᠎ᠡ︾ ᠭᠡᠵᠦ ᠵᠠᠰᠠᠪᠤᠷᠢ ᠣᠷᠣᠭᠤᠯᠤᠨ᠎ᠠ᠃           ᠠᠷᠪᠠᠨ ᠨᠢᠭᠡ᠂ ᠬᠤᠷᠢᠨ ᠨᠠᠢᠮᠠᠳᠤᠭᠠᠷ ᠵᠦᠢᠯ ᠢ ᠬᠤᠷᠢᠨ ᠲᠠᠪᠤᠳᠤᠭᠠᠷ ᠵᠦᠢᠯ ᠪᠣᠯᠭᠠᠵᠤ᠄ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠦᠷᠢᠴᠡᠭᠰᠡᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠪᠡᠯᠡ ᠮᠥᠩᠭᠦ ᠶᠢ ᠨᠢ ᠨᠡᠬᠡᠨ ᠠᠪᠴᠢᠷᠠᠵᠤ ᠠᠳᠠᠯᠢ ᠱᠠᠲᠤᠨ ᠤ ᠡᠳ᠋ ᠤᠨ ᠵᠠᠰᠠᠭ ᠲᠤ ᠲᠤᠰᠢᠶᠠᠬᠤ ᠶᠢᠨ ᠬᠠᠮᠲᠤ᠂ 1000 ᠲᠥᠭᠦᠷᠢᠭ ᠵᠣᠭᠤᠰ ᠲᠣᠷᠭᠠᠬᠤ ᠪᠠᠷ ᠰᠢᠳᠬᠡᠨ᠎ᠡ︾᠃ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠣᠭᠲᠠᠭᠠᠯ︾ ᠳᠤ ᠲᠤᠰ ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠤᠭᠠᠳ᠂ ᠲᠡᠬᠢᠵᠦ ᠰᠢᠨ᠎ᠡ ᠪᠠᠷ ᠨᠡᠶᠢᠲᠡᠯᠡᠨ᠎ᠡ᠃           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠣᠭᠲᠠᠭᠠᠯ         ︵2004 ᠣᠨ ᠤ 11 ᠳ᠋ᠤᠭᠡᠷ ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 137 ᠳ᠋ᠤᠭᠠᠷ ᠲᠣᠭᠠᠲᠤ ᠪᠠᠷ ᠨᠡᠶᠢᠲᠡᠯᠡᠪᠡ 2016 ᠣᠨ ᠤ 12 ᠳ᠋ᠤᠭᠠᠷ ᠰᠠᠷ᠎ᠠ ᠶᠢᠨ 6 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠯ︾  ᠢ ᠦᠨᠳᠦᠰᠦᠯᠡᠨ ᠵᠠᠰᠠᠪᠤᠷᠢ ᠣᠷᠣᠭᠤᠯᠪᠠ︶         ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠨ᠂ ᠰᠦᠢᠳᠬᠡᠯ ᠬᠤᠷᠢᠶᠠᠬᠤ ᠥᠢᠯᠡ ᠠᠵᠢᠯᠯᠠᠭ᠎ᠠ ᠶᠢ ᠵᠢᠷᠤᠮᠵᠢᠭᠤᠯᠵᠤ᠂ ᠤᠯᠤᠰ ᠣᠷᠣᠨ ᠤ ᠠᠰᠢᠭ ᠲᠤᠰᠠ ᠶᠢ ᠬᠠᠮᠠᠭᠠᠯᠠᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠲᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠲᠤᠰ ᠲᠣᠭᠲᠠᠭᠠᠯ ᠢ ᠲᠣᠭᠲᠠᠭᠠᠪᠠ᠃         ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠤᠲᠤᠷ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠲᠤᠰ ᠲᠣᠭᠲᠠᠭᠠᠯ ᠢ ᠵᠢᠷᠤᠮᠯᠠᠨ᠎ᠠ᠃         ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠴᠢᠨᠠᠷᠲᠠᠶ ᠰᠦᠢᠳᠬᠡᠯ ᠬᠤᠷᠢᠶᠠᠬᠤ ᠭᠡᠳᠡᠭ ᠨᠢ ᠲᠥᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠬᠡᠷᠡᠭᠵᠢᠭᠦᠯᠵᠦ ᠪᠦᠬᠦᠢ ᠨᠢᠭᠡᠴᠡ ᠠᠴᠠ ᠨᠡᠶᠢᠭᠡᠮ ᠳᠤ ᠣᠨᠴᠠ ᠲᠣᠭᠲᠠᠭᠠᠭᠰᠠᠨ ᠬᠠᠮᠢᠶᠠᠷᠤᠯᠲᠠ ᠬᠡᠷᠡᠭᠵᠢᠭᠦᠯᠬᠦ ᠳᠤ ᠰᠦᠢᠳᠬᠡᠯ ᠬᠤᠷᠢᠶᠠᠬᠤ ᠶᠢ ᠵᠢᠭᠠᠵᠤ ᠪᠣᠢ᠃ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠡᠳᠡᠭ ᠨᠢ ᠠᠵᠢᠯ ᠦᠢᠯᠡᠰ ᠤᠨ ᠨᠢᠭᠡᠴᠡ ᠠᠴᠠ ᠨᠡᠶᠢᠭᠡᠮ ᠳᠤ ᠣᠨᠴᠠ ᠲᠣᠭᠲᠠᠭᠠᠭᠰᠠᠨ ᠦᠢᠯᠡᠴᠢᠯᠡᠭᠡ ᠬᠠᠩᠭᠠᠬᠤ ᠳᠤ ᠨᠥᠬᠦᠪᠦᠷᠢ ᠶᠢᠨ ᠴᠢᠨᠠᠷᠲᠠᠶ ᠰᠦᠢᠳᠬᠡᠯ ᠬᠤᠷᠢᠶᠠᠬᠤ ᠶᠢ ᠵᠢᠭᠠᠵᠤ ᠪᠤᠢ᠃         ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠠᠭᠠᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠲᠣᠭᠲᠠᠭᠠᠭᠰᠠᠨ ᠵᠦᠢᠯ ᠢᠶᠠᠷ ᠦᠨᠳᠦᠰᠦᠯᠡᠯ ᠪᠣᠯᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠰᠦᠢᠳᠬᠡᠯ ᠬᠤᠷᠢᠶᠠᠬᠤ ᠳᠤ ᠬᠤᠯᠪᠣᠭᠳᠠᠪᠠᠯ᠂ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠬᠤ ᠬᠡᠷᠡᠭᠲᠡᠢ᠃         ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠪᠥᠬᠦ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠳᠠᠬᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃         ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠤ ᠲᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠦᠷᠦᠯ ᠵᠦᠢᠯ ᠳᠤ ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠯᠴᠠᠨ ᠬᠢᠨᠠᠨ ᠵᠥᠪᠰᠢᠶᠡᠷᠡᠨ᠎ᠡ᠃ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠤ ᠲᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠳᠤ ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠯᠴᠠᠨ ᠲᠣᠭᠲᠠᠭᠠᠨ᠎ᠠ᠃ ᠴᠢᠬᠤᠯᠠ ᠪᠦᠬᠦᠢ ᠰᠦᠢᠳᠬᠡᠯ ᠬᠤᠷᠢᠶᠠᠬᠤ ᠲᠦᠷᠦᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃           ᠳᠣᠯᠣᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠭᠤᠶᠤᠴᠢᠯᠠᠨ ᠪᠠᠶᠢᠭᠤᠯᠬᠤ ᠳᠤ ᠬᠦᠷᠪᠡᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄           ︵ᠨᠢᠭᠡ︶ ᠪᠢᠴᠢᠭ ᠤᠨ ᠭᠤᠶᠤᠴᠢᠯᠠᠯ᠂ ᠡᠭᠦᠨ ᠳᠤ ᠰᠦᠢᠳᠬᠡᠯ ᠬᠤᠷᠢᠶᠠᠬᠤ ᠲᠥᠷᠥᠯ ᠵᠦᠢᠯ ᠤᠨ ᠨᠡᠷᠡᠶᠢᠳᠦᠯ᠂ ᠰᠦᠢᠳᠬᠡᠯ ᠬᠤᠷᠢᠶᠠᠬᠤ ᠵᠣᠷᠢᠯᠭ᠎ᠠ᠂ ᠰᠦᠢᠳᠬᠡᠯ ᠬᠤᠷᠢᠶᠠᠭᠳᠠᠭᠴᠢ᠂ ᠬᠦᠷᠢᠶ᠎ᠡ ᠬᠡᠪᠴᠢᠶ᠎ᠡ᠂ ᠲᠠᠲᠠᠪᠤᠷᠢᠯᠠᠬᠤ ᠠᠷᠭ᠎ᠠ ᠮᠠᠶ᠋ᠢᠭ᠂ ᠪᠡᠯᠡ ᠮᠥᠩᠭᠦ ᠶᠢᠨ ᠬᠠᠮᠢᠶᠠᠷᠤᠯᠲᠠ ᠪᠣᠯᠤᠨ ᠬᠡᠷᠡᠭᠵᠢᠭᠦᠯᠬᠦ ᠨᠢᠭᠡᠴᠡ ᠪᠠᠭᠲᠠᠨ᠎ᠠ ︔           ︵ᠬᠤᠶᠠᠷ︶ ᠭᠡᠷᠡᠴᠢ ᠮᠠᠲ᠋ᠧᠷᠢᠶᠠᠯ᠂ ᠡᠭᠦᠨ ᠳᠤ ᠰᠦᠢᠳᠬᠡᠯ ᠬᠤᠷᠢᠶᠠᠬᠤ ᠨᠢᠭᠡᠴᠡ ᠶᠢᠨ ᠰᠢᠨᠵᠢ ᠴᠢᠨᠠᠷ᠂ ᠡᠭᠦᠷᠭᠡ ᠴᠢᠳᠠᠪᠤᠷᠢ ᠶᠢᠨ ᠪᠠᠶᠢᠷᠢᠯᠠᠭᠤᠯᠤᠯᠲᠠ᠂ ᠠᠵᠢᠯᠲᠠᠳ ᠤᠨ ᠲᠣᠬᠢᠷᠠᠭᠤᠯᠤᠯᠲᠠ᠂ ᠵᠠᠷᠤᠳᠠᠯ ᠤᠨ ᠢᠷᠡᠯᠲᠡ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠯ ᠪᠠᠭᠲᠠᠨ᠎ᠠ ︔           ︵ᠭᠤᠷᠪᠠ︶ ᠰᠦᠢᠳᠬᠡᠯ ᠬᠤᠷᠢᠶᠠᠬᠤ ᠲᠥᠷᠥᠯ ᠵᠦᠢᠯ ᠭᠤᠶᠤᠴᠢᠯᠠᠬᠤ ᠦᠨᠳᠦᠰᠦ ᠪᠠᠷᠢᠮᠲᠠ᠃ ᠭᠠᠳᠠᠭᠠᠳᠤ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠳᠤ ᠲᠤᠰ ᠵᠦᠢᠯ ᠤᠨ ᠡᠮᠦᠨᠡᠬᠢ ᠵᠣᠷᠪᠣᠰ ᠤᠨ ᠲᠣᠭᠲᠠᠭᠠᠯ ᠠᠴᠠ ᠭᠠᠳᠠᠨ᠎ᠠ᠂ ᠪᠠᠰᠠ ᠤᠯᠤᠰ ᠤᠨ ᠬᠤᠯᠪᠣᠭᠳᠠᠯ ᠪᠦᠬᠦᠢ ᠭᠠᠳᠠᠭᠠᠳᠤ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠲᠣᠭᠲᠠᠭᠠᠯ ᠢ ᠬᠠᠩᠭᠠᠨ᠎ᠠ᠃           ᠨᠠᠢᠮᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠪᠠᠷ ᠭᠤᠶᠤᠴᠢᠯᠠᠬᠤ ᠳᠤ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠣᠣᠷᠠᠬᠢ ᠮᠡᠲᠦ ᠵᠢᠭᠰᠠᠭᠠᠭᠰᠠᠨ ᠮᠠᠲ᠋ᠧᠷᠢᠶᠠᠯ ᠤᠳ ᠢ ᠬᠠᠩᠭᠠᠨ᠎ᠠ᠄           ︵ᠨᠢᠭᠡ︶ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠢᠨᠠᠨ ᠲᠣᠭᠲᠠᠭᠠᠬᠤ ᠪᠠᠷ ᠭᠤᠶᠤᠴᠢᠯᠠᠬᠤ ᠪᠤᠶᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠬᠤ ᠪᠠᠷ ᠭᠤᠶᠤᠴᠢᠯᠠᠭᠰᠠᠨ ᠪᠢᠴᠢᠭ ᠤᠨ ᠮᠡᠳᠡᠭᠦᠯᠦᠯᠲᠡ ︔           ︵ᠬᠤᠶᠠᠷ︶ ᠣᠨ ᠤ ᠰᠦᠢᠳᠬᠡᠯ ᠬᠤᠷᠢᠶᠠᠬᠤ ᠲᠤᠭ᠎ᠠ ᠪᠣᠯᠣᠨ ᠲᠣᠬᠢᠷᠠᠭᠤᠯᠤᠭᠰᠠᠨ ᠤ ᠳᠠᠷᠠᠭ᠎ᠠ ᠰᠦᠢᠳᠬᠡᠯ ᠬᠤᠷᠢᠶᠠᠬᠤ ᠲᠤᠭ᠎ᠠ ᠨᠡᠮᠡᠭᠳᠡᠵᠦ ᠬᠠᠰᠤᠭᠳᠠᠬᠤ ᠶᠢ ᠲᠥᠰᠦᠭᠡᠯᠡᠨ ᠪᠣᠳᠣᠬᠤ ᠮᠠᠲ᠋ᠧᠷᠢᠶᠠᠯ ︔           ︵ᠭᠤᠷᠪᠠ︶ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠬᠠᠮᠢᠶ᠎ᠠ ᠪᠦᠬᠦᠢ ᠮᠠᠲ᠋ᠧᠷᠢᠶᠠᠯ᠂ ᠡᠭᠦᠨ ᠳᠤ ᠲᠦᠷᠦᠭᠦᠦ ᠭᠤᠷᠪᠠᠨ ᠵᠢᠯ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠵᠢᠴᠢ ᠡᠳ᠋ ᠤᠨ ᠶᠠᠪᠤᠳᠠᠯ ᠤᠨ ᠲᠣᠭᠠᠴᠠᠭᠠᠨ ᠤ ᠪᠠᠶᠢᠳᠠᠯ ᠪᠠᠭᠲᠠᠨ᠎ᠠ ︔           ︵ᠲᠦᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠤᠰᠤᠳ ᠮᠠᠲ᠋ᠧᠷᠢᠶᠠᠯ           ᠶᠢᠰᠦᠳᠦᠭᠡᠷ ᠵᠦᠢᠯ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠪᠠᠶᠢᠭᠤᠯᠬᠤ᠂ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠤ ᠲᠠᠷᠠᠭ᠎ᠠ᠂ ᠭᠤᠶᠤᠴᠢᠯᠠᠯ ᠤᠨ ᠮᠠᠲ᠋ᠧᠷᠢᠶᠠᠯ ᠢ ᠠᠩᠬ᠎ᠠ ᠠᠯᠬᠤᠮ ᠬᠢᠨᠠᠨ ᠪᠠᠶᠢᠴᠠᠭᠠᠵᠤ᠂ ᠱᠠᠭᠠᠷᠳᠠᠯᠭ᠎ᠠ ᠳᠤ ᠨᠡᠶᠢᠴᠡᠭᠰᠡᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ ︔ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠦᠭᠡᠶ ᠪᠠᠶᠢᠪᠠᠯ᠂ ᠭᠤᠶᠤᠴᠢᠯᠠᠭᠴᠢ ᠳᠤ ᠨᠥᠬᠦᠵᠦ ᠪᠦᠷᠢᠳᠦᠭᠦᠯᠬᠦ ᠶᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠬᠦ ᠬᠡᠷᠡᠭᠲᠡᠶ᠃ ᠳᠣᠣᠷᠠᠬᠢ ᠮᠡᠲᠦ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠦᠭᠡᠢ᠄           ︵ᠨᠢᠭᠡ︶ ᠦᠨᠳᠦᠰᠦ ᠪᠠᠷᠢᠮᠲᠠ ᠪᠠ ᠤᠴᠢᠷ ᠰᠢᠯᠲᠠᠭᠠᠨ ᠨᠢ ᠭᠦᠢᠴᠡᠳ ᠪᠤᠰᠤ ︔           ︵ᠬᠤᠶᠠᠷ︶ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ ︔           ︵ᠭᠤᠷᠪᠠ︶ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠷᠬᠡ ᠮᠡᠳᠡᠯ ᠠᠴᠠ ᠳᠠᠪᠠᠭᠰᠠᠨ᠃           ᠠᠷᠪᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠭᠤᠶᠤᠴᠢᠯᠠᠬᠤ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠪᠠᠷ ᠭᠤᠶᠤᠴᠢᠯᠠᠬᠤ ᠳᠤ᠂ ᠪᠥᠬᠦ ᠣᠷᠣᠨ ᠤ ᠴᠢᠨᠠᠷᠲᠠᠶ ᠰᠦᠢᠳᠬᠡᠯ ᠬᠤᠷᠢᠶᠠᠬᠤ ᠳᠤ ᠬᠤᠯᠪᠣᠭᠳᠠᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠨ᠎ᠡ ︔ ᠠᠶᠢᠮᠠᠭ ᠬᠤᠲᠠ ᠶᠢᠨ ᠣᠷᠣᠨ ᠨᠤᠲᠤᠭ ᠤᠨ ᠴᠢᠨᠠᠷᠲᠠᠶ ᠰᠦᠢᠳᠬᠡᠯ ᠬᠤᠷᠢᠶᠠᠬᠤ ᠳᠤ ᠬᠤᠯᠪᠣᠭᠳᠠᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠦᠯᠢᠶᠡᠨ ᠠᠪᠴᠤ ᠰᠢᠢᠳᠪᠦᠷᠢᠯᠡᠬᠦ ᠪᠥᠭᠡᠳ ᠬᠢᠨᠠᠨ ᠪᠠᠶᠢᠴᠠᠭᠠᠭᠰᠠᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃           ᠠᠷᠪᠠᠨ ᠨᠢᠭᠡᠳᠦᠭᠡᠷ ᠵᠦᠢᠯ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠬᠤ ᠳᠤ᠂ ᠰᠦᠢᠳᠬᠡᠯ ᠬᠤᠷᠢᠶᠠᠬᠤ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠤ ᠬᠤᠭᠤᠷᠣᠨᠳᠣᠬᠢ ᠴᠢᠬᠤᠯᠠ ᠶᠡᠭᠡ ᠠᠰᠢᠭ ᠲᠤᠰᠠ ᠶᠢᠨ ᠬᠠᠷᠢᠴᠠᠭ᠎ᠠ ᠳᠤ ᠰᠢᠭᠤᠳ ᠬᠤᠯᠪᠣᠭᠳᠠᠭᠰᠠᠨ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠶᠢᠨ ᠬᠠᠮᠲᠤ᠂ ᠭᠡᠷᠡᠴᠢᠯᠡᠭᠡ ᠰᠣᠨᠣᠰᠬᠤ ᠶᠢ ᠶᠠᠪᠤᠭᠳᠠᠭᠤᠯᠤᠨ᠎ᠠ᠃ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠨᠢ ᠵᠠᠭᠠᠯᠳᠤᠭᠳᠠᠭᠴᠢ ᠶᠢᠨ ᠰᠠᠨᠠᠯ ᠰᠣᠨᠣᠰᠤᠭᠤᠯᠬᠤ ᠡᠷᠬᠡ ᠪᠠᠨ ᠣᠯᠤᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠭᠡᠷᠡᠴᠢᠯᠡᠭᠡ ᠰᠣᠨᠣᠰᠬᠤ ᠭᠤᠶᠤᠴᠢᠯᠠᠯ ᠳᠤᠷᠠᠳᠤᠭᠰᠠᠨ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ 20 ᠡᠳᠦᠷ ᠤᠨ ᠳᠣᠲᠣᠷ᠎ᠠ ᠭᠡᠷᠡᠴᠢᠯᠡᠭᠡ ᠰᠣᠨᠣᠰᠤᠬᠤ ᠶᠢ ᠵᠣᠬᠢᠶᠠᠨ ᠪᠠᠶᠢᠭᠤᠯᠤᠨ᠎ᠠ᠃           ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠰᠦᠢᠳᠬᠡᠯ ᠬᠤᠷᠢᠶᠠᠬᠤ ᠶᠢᠨ ᠢᠯᠡ ᠨᠡᠶᠢᠲᠡᠯᠡᠬᠦ ᠲᠥᠷᠢᠮ ᠢ ᠬᠡᠷᠡᠭᠵᠢᠭᠦᠯᠦᠨ᠎ᠡ᠃ ᠰᠦᠢᠳᠬᠡᠯ ᠬᠤᠷᠢᠶᠠᠬᠤ ᠨᠢᠭᠡᠴᠡ ᠠᠴᠠ ᠠᠳᠠᠯᠢ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠢᠯᠡ ᠨᠡᠶᠢᠲᠡᠯᠡᠬᠦ ᠳᠡᠰ ᠳᠠᠷᠠᠭᠠᠯᠠᠯ ᠢ ᠭᠦᠢᠴᠡᠳᠬᠡᠨ᠎ᠡ᠃ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃           ᠠᠷᠪᠠᠨ ᠭᠤᠷᠪᠠᠳᠤᠭᠠᠷ ᠵᠦᠢᠯ ᠰᠦᠢᠳᠬᠡᠯ ᠬᠤᠷᠢᠶᠠᠬᠤ ᠨᠢᠭᠡᠴᠡ ᠨᠢ ᠵᠢᠯ ᠪᠦᠷᠢ ᠶᠢᠨ ᠭᠤᠷᠪᠠᠳᠤᠭᠠᠷ ᠰᠠᠷ᠎ᠠ ᠶᠢᠨ ᠨᠢᠭᠡᠨ ᠤ ᠡᠳᠦᠷ ᠠᠴᠠ ᠡᠮᠦᠨ᠎ᠡ ᠠᠳᠠᠯᠢ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠣᠨ ᠤ ᠰᠦᠢᠳᠬᠡᠯ ᠬᠤᠷᠢᠶᠠᠭᠰᠠᠨ ᠪᠠᠶᠢᠳᠠᠯ ᠢ ᠮᠡᠳᠡᠭᠦᠯᠦᠨ᠎ᠡ ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠦᠢᠳᠬᠡᠯ ᠬᠤᠷᠢᠶᠠᠭᠰᠠᠨ ᠪᠠᠶᠢᠳᠠᠯ ᠢ ᠪᠦᠷᠢᠳᠬᠡᠵᠦ᠂ ᠵᠢᠯ ᠪᠦᠷᠢ ᠶᠢᠨ ᠲᠠᠪᠤᠳᠤᠭᠠᠷ ᠰᠠᠷ᠎ᠠ ᠶᠢᠨ ᠨᠢᠭᠡᠨ ᠤ ᠡᠳᠦᠷ ᠠᠴᠠ ᠡᠮᠦᠨ᠎ᠡ ᠳᠡᠭᠡᠳᠦ ᠨᠢᠭᠡ ᠱᠠᠲᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ᠃           ᠠᠷᠪᠠᠨ ᠳᠥᠷᠪᠡᠳᠦᠭᠡᠷ ᠵᠦᠢᠯ ᠰᠦᠢᠳᠬᠡᠯ ᠬᠤᠷᠢᠶᠠᠬᠤ ᠨᠢᠭᠡᠴᠡ ᠨᠢ ᠰᠦᠢᠳᠬᠡᠯ ᠬᠤᠷᠢᠶᠠᠬᠤ ᠭᠠᠵᠠᠷ ᠤᠨ ᠢᠯᠡ ᠪᠠᠶᠢᠷᠢᠨ ᠳᠤ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠪᠣᠳᠤᠬᠤ ᠨᠢᠭᠡᠴᠡ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦ ᠪᠠᠷᠢᠮᠲᠠ᠂ ᠬᠢᠨᠠᠯᠲᠠ ᠲᠠᠯᠪᠢᠬᠤ ᠤᠲᠠᠰᠤ ᠶᠢᠨ ᠨᠣᠮᠧᠷ ᠵᠡᠷᠭᠡ ᠠᠭᠤᠯᠭ᠎ᠠ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃           ᠠᠷᠪᠠᠨ ᠲᠠᠪᠤᠳᠤᠭᠠᠷ ᠵᠦᠢᠯ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠰᠦᠢᠳᠬᠡᠯ ᠬᠤᠷᠢᠶᠠᠬᠤ ᠬᠥᠮᠥᠰ ᠲᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃           ᠠᠷᠪᠠᠨ ᠵᠢᠷᠭᠤᠳᠤᠭᠠᠷ ᠵᠦᠢᠯ ᠰᠦᠢᠳᠬᠡᠯ ᠬᠤᠷᠢᠶᠠᠬᠤ ᠨᠢᠭᠡᠴᠡ ᠨᠢ ᠰᠦᠢᠳᠬᠡᠯ ᠬᠤᠷᠢᠶᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠳᠠᠷᠤᠮᠠᠯᠯᠠᠨ ᠵᠣᠬᠢᠶᠠᠭᠰᠠᠨ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠡᠷᠡᠭᠯᠡᠨ᠎ᠡ ︔ ᠬᠡᠷᠡᠭᠯᠡᠭᠰᠡᠨ ᠦᠭᠡᠢ ᠪᠠᠶᠢᠪᠠᠯ᠂ ᠰᠦᠢᠳᠬᠡᠯ ᠲᠤᠰᠢᠶᠠᠭᠴᠢ ᠠᠴᠠ ᠰᠦᠢᠳᠬᠡᠯ ᠲᠤᠰᠢᠶᠠᠬᠤ ᠶᠢ ᠲᠡᠪᠴᠢᠬᠦ ᠡᠷᠬᠡ ᠲᠠᠢ᠃           ᠠᠷᠪᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠯᠴᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠶᠢᠨ ᠬᠠᠮᠲᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃           ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠡᠷᠬᠡᠪᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠬᠤᠷᠢᠶᠠᠭᠰᠠᠨ ᠪᠡᠯᠡ ᠮᠥᠩᠭᠦ ᠶᠢ ᠴᠦᠮ ᠤᠯᠤᠰ ᠤᠨ ᠬᠥᠮᠥᠷᠭᠡ ᠪᠤᠶᠤ ᠠᠳᠠᠯᠢ ᠱᠠᠲᠤᠨ ᠤ ᠡᠳ᠋ ᠤᠨ ᠵᠠᠰᠠᠭ ᠤᠨ ᠲᠤᠰᠬᠠᠶ ᠳᠠᠩᠰᠠᠨ ᠡᠷᠦᠬᠡ ᠳᠤ ᠲᠤᠰᠢᠶᠠᠵᠤ᠂ ᠣᠷᠣᠯᠭ᠎ᠠ ᠵᠠᠷᠤᠯᠭ᠎ᠠ ᠶᠢ ᠲᠤᠰ ᠲᠤᠰ ᠲᠤᠨᠢ ᠬᠠᠮᠢᠶᠠᠷᠬᠤ ᠶᠢ ᠬᠡᠷᠡᠭᠵᠢᠭᠦᠯᠦᠨ᠎ᠡ᠃           ᠠᠷᠪᠠ ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠤᠯᠢ ᠠᠴᠠ ᠵᠦᠷᠢᠴᠡᠵᠦ ᠰᠦᠢᠳᠬᠡᠯ ᠬᠤᠷᠢᠶᠠᠭᠰᠠᠨ ᠦᠢᠯᠡ ᠠᠵᠢᠯᠯᠠᠭ᠎ᠠ ᠪᠠᠷ ᠦᠵᠡᠨ᠎ᠡ᠄           ︵ᠨᠢᠭᠡ︶ ᠰᠦᠢᠳᠬᠡᠯ ᠬᠤᠷᠢᠶᠠᠬᠤ ᠶᠢᠨ ᠢᠯᠡ ᠨᠡᠶᠢᠲᠡᠯᠡᠬᠦ ᠲᠦᠷᠢᠮ ᠢ ᠦᠯᠦ ᠬᠡᠷᠡᠭᠵᠢᠭᠦᠯᠦᠭᠰᠡᠨ ︔           ︵ᠬᠤᠶᠠᠷ︶ ᠲᠣᠭᠲᠠᠭᠠᠭᠰᠠᠨ ᠰᠦᠢᠳᠬᠡᠯ ᠬᠤᠷᠢᠶᠠᠬᠤ ᠲᠦᠷᠦᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠰᠦᠢᠳᠬᠡᠯ ᠦᠯᠦ ᠬᠤᠷᠢᠶᠠᠭᠰᠠᠨ ︔           ︵ᠭᠤᠷᠪᠠ︶ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠨ᠂ ᠰᠦᠢᠳᠬᠡᠯ ᠬᠤᠷᠢᠶᠠᠬᠤ ᠴᠠᠭ ᠬᠤᠭᠤᠴᠠᠭ᠎ᠠ ᠠᠴᠠ ᠳᠠᠪᠠᠵᠤ᠂ ᠰᠦᠢᠳᠬᠡᠯ ᠬᠤᠷᠢᠶᠠᠬᠤ ᠤᠳᠠᠭ᠎ᠠ ᠳᠠᠷᠠᠭ᠎ᠠ ᠶᠢ ᠨᠡᠮᠡᠭᠳᠡᠭᠦᠯᠵᠦ ᠰᠦᠢᠳᠬᠡᠯ ᠬᠤᠷᠢᠶᠠᠭᠰᠠᠨ ︔           ︵ᠲᠦᠷᠪᠡ︶ ᠣᠨᠴᠠ ᠲᠣᠭᠲᠠᠭᠠᠭᠰᠠᠨ ᠦᠢᠯᠡᠴᠢᠯᠡᠭᠡ ᠬᠠᠩᠭᠠᠵᠤ ᠰᠦᠢᠳᠬᠡᠯ ᠬᠤᠷᠢᠶᠠᠬᠤ ᠶᠤᠰᠤᠲᠠᠢ ᠪᠠᠶᠢᠲᠠᠯ᠎ᠠ᠂ ᠵᠥᠪᠬᠡᠨ ᠰᠦᠢᠳᠬᠡᠯ ᠬᠤᠷᠢᠶᠠᠭᠠᠳ ᠦᠢᠯᠡᠴᠢᠯᠡᠭᠡ ᠦᠯᠦ ᠬᠠᠩᠭᠠᠭᠰᠠᠨ ︔           ︵ᠲᠠᠪᠤ︶ ᠡᠷᠬᠡ ᠠᠴᠠ ᠪᠠᠨ ᠳᠠᠪᠠᠵᠤ ᠲᠣᠭᠲᠠᠭᠠᠭᠰᠠᠨ ᠰᠦᠢᠳᠬᠡᠯ ᠬᠤᠷᠢᠶᠠᠬᠤ ᠪᠢᠴᠢᠭ ᠮᠠᠲ᠋ᠧᠷᠢᠶᠠᠯ ᠢ ᠦᠨᠳᠦᠰᠦᠯᠡᠨ ᠰᠦᠢᠳᠬᠡᠯ ᠬᠤᠷᠢᠶᠠᠭᠰᠠᠨ ︔           ︵ᠵᠢᠷᠭᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠬᠦᠴᠦᠨ ᠦᠭᠡᠢ ᠪᠣᠯᠭᠠᠬᠤ ᠪᠠᠷ ᠲᠤᠲᠤᠷᠬᠠᠢ ᠵᠠᠷᠯᠢᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠤᠳ ᠠᠴᠠ ᠦᠷᠭᠦᠯᠵᠢᠯᠡᠨ ᠰᠦᠢᠳᠬᠡᠯ ᠬᠤᠷᠢᠶᠠᠭᠰᠠᠨ ︔           ︵ᠲᠤᠯᠤᠭ᠎ᠠ︶ ᠬᠠᠮᠢᠶᠠᠷᠤᠯᠲᠠ ᠶᠢᠨ ᠡᠷᠬᠡ ᠲᠤᠰᠢᠶᠠᠯ ᠪᠠ ᠠᠵᠢᠯ ᠲᠥᠷᠥᠯ ᠤᠨ ᠭᠠᠭᠴᠠᠭᠠᠷ ᠡᠵᠡᠮᠰᠢᠬᠦ ᠪᠠᠶᠢᠷᠢ ᠶᠢ ᠠᠰᠢᠭᠯᠠᠨ ᠬᠡᠯᠪᠡᠷᠢ ᠶᠢ ᠨᠢ ᠥᠭᠡᠷᠡᠲᠦᠭᠦᠯᠦᠨ ᠰᠦᠢᠳᠬᠡᠯ ᠬᠤᠷᠢᠶᠠᠭᠰᠠᠨ ︔         ︵ᠨᠠᠢᠮᠨ︶ ᠲᠦᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠯᠪᠠᠨ ᠠᠵᠢᠯ ᠢ ᠲᠥᠯᠥᠪᠦᠷᠢ ᠦᠭᠡᠢ ᠪᠠᠶᠢᠭᠰᠠᠨ ᠠᠴᠠ ᠨᠢ ᠦᠨ᠎ᠡ ᠲᠥᠯᠥᠪᠦᠷᠢ ᠲᠠᠢ ᠪᠣᠯᠭᠠᠨ ᠬᠤᠪᠢᠷᠠᠭᠤᠯᠵᠤ ᠪᠠᠶᠢᠭᠠᠳ ᠰᠦᠢᠳᠬᠡᠯ ᠬᠤᠷᠢᠶᠠᠭᠰᠠᠨ ︔           ︵ᠶᠢᠰᠦ︶ ᠬᠠᠣᠯᠢ ᠠᠴᠠ ᠵᠦᠷᠢᠴᠡᠵᠦ ᠰᠦᠢᠳᠬᠡᠯ ᠬᠤᠷᠢᠶᠠᠭᠰᠠᠨ ᠪᠤᠰᠤᠳ ᠦᠢᠯᠡ ᠠᠵᠢᠯᠯᠠᠭ᠎ᠠ᠃         ᠬᠤᠷᠢᠳᠤᠭᠠᠷ ᠵᠦᠢᠯ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠠᠭᠠᠨ ᠬᠠᠣᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠬᠤ᠂ ᠰᠦᠢᠳᠬᠡᠯ ᠬᠤᠷᠢᠶᠠᠬᠤ ᠫᠢᠶᠣᠣ ᠪᠠᠷᠢᠮᠲᠠ ᠶᠢ ᠬᠡᠷᠡᠭᠯᠡᠬᠦ ᠪᠠ ᠬᠤᠷᠢᠶᠠᠭᠰᠠᠨ ᠰᠦᠢᠳᠬᠡᠯ ᠤᠨ ᠪᠡᠯᠡ ᠮᠥᠩᠭᠦ ᠶᠢ ᠬᠡᠷᠡᠭᠯᠡᠬᠦ ᠳᠤ ᠬᠢᠨᠠᠯᠲᠠ ᠪᠠᠶᠢᠴᠠᠭᠠᠯᠲᠠ ᠬᠢᠨ᠎ᠠ᠃           ᠬᠤᠷᠢᠨ ᠨᠢᠭᠡᠳᠦᠭᠡᠷ ᠵᠦᠢᠯ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠰᠦᠢᠳᠬᠡᠯ ᠬᠤᠷᠢᠶᠠᠬᠤ ᠥᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠳᠤ ᠳᠣᠣᠷᠠᠬᠢ ᠮᠡᠲᠦ ᠵᠢᠭᠰᠠᠭᠠᠭᠰᠠᠨ ᠡᠷᠬᠡ ᠲᠤᠰᠢᠶᠠᠯ ᠤᠳ ᠢ ᠬᠡᠷᠡᠭᠵᠢᠭᠦᠯᠵᠦ ᠪᠣᠯᠤᠨ᠎ᠠ᠄           ︵ᠨᠢᠭᠡ︶ ᠲᠤᠬᠠᠶᠢᠲᠠᠢ ᠬᠥᠮᠦᠨ ᠪᠤᠶᠤ ᠬᠤᠯᠪᠣᠭᠳᠠᠯ ᠪᠦᠬᠦᠢ ᠬᠥᠮᠦᠰ ᠠᠴᠠ ᠯᠠᠪᠯᠠᠨ ᠠᠰᠠᠭᠤᠬᠤ ᠶᠢᠨ ᠬᠠᠮᠲᠤ᠂ ᠲᠡᠳᠡᠨ ᠢ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠨ᠎ᠠ ︔           ︵ᠬᠤᠶᠠᠷ︶ ᠰᠦᠢᠳᠬᠡᠯ ᠬᠤᠷᠢᠶᠠᠬᠤ ᠳᠤ ᠬᠤᠯᠪᠣᠭᠳᠠᠭᠰᠠᠨ ᠲᠡᠩᠰᠠ ᠬᠠᠷ᠎ᠠ᠂ ᠪᠠᠷᠢᠮᠲᠠ ᠪᠢᠴᠢᠭ᠂ ᠭᠡᠷᠡᠴᠢᠯᠡᠭᠡ᠂ ᠪᠢᠴᠢᠭ ᠮᠠᠲ᠋ᠧᠷᠢᠶᠠᠯ ᠵᠢᠴᠢ ᠪᠤᠰᠤᠳ ᠮᠠᠲ᠋ᠧᠷᠢᠶᠠᠯ ᠢ ᠪᠠᠶᠢᠴᠠᠭᠠᠨ ᠯᠠᠪᠯᠠᠵᠤ᠂ ᠬᠠᠭᠤᠯᠪᠤᠷᠢᠯᠠᠨ᠎ᠠ ︔           ︵ᠭᠤᠷᠪᠠ︶ ᠣᠷᠣᠯᠠᠨ ᠰᠦᠢᠳᠬᠡᠯ ᠬᠤᠷᠢᠶᠠᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠤᠷᠢᠶᠠᠭᠰᠠᠨ ᠰᠦᠢᠳᠭᠡᠯ ᠤᠨ ᠪᠡᠯᠡ ᠮᠥᠩᠭᠦ ᠶᠢᠨ ᠬᠤᠷᠢᠶᠠᠵᠤ ᠲᠤᠰᠢᠶᠠᠭᠰᠠᠨ ᠪᠠᠶᠢᠳᠠᠯ ᠢ ᠪᠠᠶᠢᠴᠠᠭᠠᠨ ᠯᠠᠪᠯᠠᠨ᠎ᠠ ︔           ︵ᠳᠥᠷᠪᠡ︶ ᠭᠡᠷᠡᠴᠢ ᠪᠠᠷᠢᠮᠲᠠ ᠰᠦᠢᠳᠴᠦ ᠭᠡᠭᠡᠭᠳᠡᠵᠦ ᠮᠡᠳᠡᠬᠦ ᠪᠤᠶᠤ ᠬᠤᠵᠢᠮ ᠣᠯᠬᠤᠶ᠎ᠠ ᠪᠡᠷᠬᠡ ᠪᠤᠯᠵᠦ ᠮᠡᠳᠡᠬᠦ ᠪᠠᠶᠢᠳᠠᠯ ᠤᠨ ᠳᠣᠣᠷ᠎ᠠ᠂ ᠬᠠᠤᠯᠢ ᠶᠣᠰᠣᠭᠠᠷ ᠤᠷᠢᠳᠠᠪᠠᠷ ᠲᠡᠩᠰᠡᠯᠡᠠ ᠲᠡᠮᠲᠡᠭᠯᠡᠵᠦ ᠬᠠᠳᠠᠭᠠᠯᠠᠵᠤ ᠪᠣᠯᠤᠨ᠎ᠠ ︔           ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠷᠬᠡ ᠲᠤᠰᠢᠶᠠᠯ ᠢ ᠭᠦᠢᠴᠡᠳᠬᠡᠨ᠎ᠡ᠃         ᠬᠤᠷᠢᠨ ᠬᠤᠶᠠᠳᠤᠭᠠᠷ ᠵᠦᠢᠯ ᠬᠤᠷᠢᠶᠠᠬᠤ ᠨᠢᠭᠡᠴᠡ ᠨᠢ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠶᠢ ᠬᠦᠯᠢᠶᠡᠨ ᠠᠪᠴᠤ᠂ ᠰᠦᠢᠳᠬᠡᠯ ᠬᠤᠷᠢᠶᠠᠭᠰᠠᠨ ᠢ ᠬᠢᠨᠠᠨ ᠪᠠᠶᠢᠴᠠᠭᠠᠬᠤ ᠳᠤ ᠬᠡᠷᠡᠭᠰᠡᠬᠦ ᠲᠡᠩᠰᠠ ᠬᠠᠷ᠎ᠠ᠂ ᠪᠠᠷᠢᠮᠲᠠ ᠪᠢᠴᠢᠭ᠂ ᠭᠡᠷᠡᠴᠢᠯᠡᠭᠡ᠂ ᠪᠢᠴᠢᠭ ᠮᠠᠲ᠋ᠧᠷᠢᠶᠠᠯ ᠵᠢᠴᠢ ᠪᠤᠰᠤᠳ ᠮᠠᠲ᠋ᠧᠷᠢᠶᠠᠯ ᠢ ᠦᠨᠡᠨ ᠮᠦᠨ ᠢᠶᠠᠷ ᠨᠢ ᠬᠠᠩᠭᠠᠨ᠎ᠠ᠃           ᠬᠤᠷᠢᠨ ᠭᠤᠷᠪᠠᠳᠤᠭᠠᠷ ᠵᠦᠢᠯ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠤᠯᠢ ᠠᠴᠠ ᠵᠦᠷᠢᠴᠡᠵᠦ ᠰᠦᠢᠳᠬᠡᠯ ᠬᠤᠷᠢᠶᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠢᠯᠡᠴᠢᠯᠡᠨ ᠮᠡᠳᠡᠭᠦᠯᠦᠭᠳᠡᠭᠰᠡᠨ ᠬᠠᠤᠯᠢ ᠠᠴᠠ ᠵᠦᠷᠢᠴᠡᠵᠦ ᠰᠦᠢᠳᠬᠡᠯ ᠬᠤᠷᠢᠶᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠲᠤᠳᠦᠯᠠᠭᠰᠡᠠ ᠤ ᠲᠡᠷᠠᠭ᠎ᠠ᠂ ᠢᠯᠡᠴᠢᠯᠡᠨ ᠮᠡᠳᠡᠭᠦᠯᠦᠭᠰᠡᠳ ᠢ ᠬᠥᠬᠢᠭᠦᠯᠦᠨ ᠱᠠᠩᠨᠠᠬᠤ ᠶᠢᠨ ᠬᠠᠮᠲᠤ᠂ ᠢᠯᠡᠴᠢᠯᠡᠨ ᠮᠡᠳᠡᠭᠦᠯᠦᠭᠰᠡᠳ ᠤᠨ ᠨᠢᠭᠤᠴᠠ ᠶᠢ ᠬᠠᠮᠠᠭᠠᠯᠠᠨ᠎ᠠ᠃           ᠬᠤᠷᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠤᠨ ᠠᠷᠪᠠᠨ ᠵᠢᠷᠭᠤᠳᠤᠭᠠᠷ ᠵᠦᠢᠯ ᠤᠨ ᠲᠤᠬᠲᠠᠭᠠᠯ ᠢ ᠵᠦᠷᠢᠴᠡᠭᠰᠡᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠂ ᠡᠵᠡᠩᠨᠡᠯᠲᠡ ᠶᠢᠨ ᠪᠤᠰᠤ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ 1000 ᠲᠥᠭᠦᠷᠢᠭ ᠠᠴᠠ ᠳᠣᠭᠤᠭᠰᠢ ᠵᠣᠭᠤᠰ ᠲᠣᠷᠭᠠᠬᠤ ᠪᠠᠷ ᠰᠢᠳᠬᠡᠨ᠎ᠡ ︔ ᠡᠵᠡᠩᠨᠡᠯᠲᠡ ᠶᠢᠨ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠠᠴᠠ ᠵᠥᠷᠢᠴᠡᠵᠦ ᠣᠯᠤᠭᠰᠠᠨ ᠵᠣᠭᠤᠰ ᠤᠨ ᠲᠤᠭᠠᠨ ᠤ ᠭᠤᠷᠪᠠᠨ ᠲᠡᠬᠢᠠ ᠠᠴᠠ ᠳᠣᠭᠤᠭᠰᠢ 3 ᠲᠦᠮᠡᠨ ᠲᠥᠭᠦᠷᠢᠭ ᠵᠣᠭᠤᠰ ᠠᠴᠠ ᠬᠡᠲᠦᠷᠡᠭᠦᠯᠬᠦ ᠦᠭᠡᠢ ᠵᠣᠭᠤᠰ ᠲᠣᠷᠭᠠᠬᠤ ᠪᠠᠷ ᠰᠢᠳᠬᠡᠨ᠎ᠡ ︔ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃           ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠪᠡᠯᠡ ᠮᠥᠩᠭᠦ ᠶᠢ ᠨᠢ ᠨᠡᠬᠡᠨ ᠠᠪᠴᠢᠷᠠᠵᠤ ᠠᠳᠠᠯᠢ ᠱᠠᠲᠤᠨ ᠤ ᠡᠳ᠋ ᠤᠨ ᠵᠠᠰᠠᠭ ᠲᠤ ᠲᠤᠰᠢᠶᠠᠬᠤ ᠶᠢᠨ ᠬᠠᠮᠲᠤ᠂ 1000 ᠲᠥᠭᠦᠷᠢᠭ ᠵᠣᠭᠤᠰ ᠲᠣᠷᠭᠠᠬᠤ ᠪᠠᠷ ᠰᠢᠳᠬᠡᠨ᠎ᠡ᠃           ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠨ᠎ᠠ᠂ ᠡᠵᠡᠩᠨᠡᠯᠲᠡ ᠶᠢᠨ ᠪᠤᠰᠤ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ 1000 ᠲᠥᠭᠦᠷᠢᠭ ᠠᠴᠠ ᠳᠣᠭᠤᠭᠰᠢ ᠵᠣᠭᠤᠰ ᠲᠣᠷᠭᠠᠬᠤ ᠪᠠᠷ ᠰᠢᠳᠬᠡᠨ᠎ᠡ ︔ ᠡᠵᠡᠩᠨᠡᠯᠲᠡ ᠶᠢᠨ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠪᠠᠶᠢᠪᠠᠯ᠂ ᠬᠤᠭᠤᠴᠠᠭ᠎ᠠ ᠬᠢᠵᠠᠭᠠᠷᠯᠠᠨ ᠪᠤᠴᠠᠭᠠᠯᠭᠠᠨ᠎ᠠ ︔ ᠪᠤᠴᠠᠭᠠᠬᠤ ᠶᠢᠨ ᠠᠷᠭ᠎ᠠ ᠦᠭᠡᠢ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠨ ᠠᠪᠴᠤ ᠡᠳ᠋ ᠤᠨ ᠵᠠᠰᠠᠭ ᠲᠤ ᠲᠤᠰᠢᠶᠠᠬᠤ ᠶᠢᠨ ᠬᠠᠮᠲᠤ᠂ ᠬᠠᠤᠯᠢ ᠠᠴᠠ ᠵᠥᠷᠢᠴᠡᠵᠦ ᠣᠯᠤᠭᠰᠠᠨ ᠵᠣᠭᠤᠰ ᠤᠨ ᠲᠤᠭᠠᠨ ᠤ ᠭᠤᠷᠪᠠᠨ ᠲᠡᠬᠢᠠ ᠠᠴᠠ ᠳᠣᠭᠤᠭᠰᠢ 3 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠵᠣᠭᠤᠰ ᠲᠣᠷᠭᠠᠬᠤ ᠪᠠᠷ ᠰᠢᠳᠬᠡᠨ᠎ᠡ ︔ ᠬᠠᠤᠯᠢ ᠠᠴᠠ ᠵᠦᠷᠢᠴᠡᠭᠰᠡᠨ ᠣᠯᠵᠠ ᠠᠰᠢᠭ ᠣᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠲᠣᠷᠭᠠᠬᠤ ᠪᠠᠷ ᠰᠢᠳᠬᠡᠨ᠎ᠡ᠃           ᠬᠤᠷᠢᠨ ᠳᠣᠯᠣᠳᠤᠭᠠᠷ ᠵᠦᠢᠯ ᠰᠦᠢᠳᠬᠡᠯ ᠬᠤᠷᠢᠶᠠᠬᠤ ᠨᠢᠭᠡᠴᠡ ᠨᠢ ᠲᠤᠰ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠭᠰᠠᠨ ᠪᠤᠶᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠤᠰᠬᠠᠶ ᠬᠡᠷᠡᠭᠯᠡᠭᠡᠨ ᠤ ᠰᠦᠢᠳᠬᠡᠯ ᠬᠤᠷᠢᠶᠠᠬᠤ ᠫᠢᠶᠣᠣ ᠪᠠᠷᠢᠮᠲᠠ ᠶᠢ ᠬᠡᠷᠡᠭᠯᠡᠬᠦ ᠦᠭᠡᠢ᠂ ︽ᠣᠷᠣᠯᠭ᠎ᠠ ᠵᠠᠷᠤᠯᠭ᠎ᠠ ᠶᠢ ᠠᠰ ᠲᠤᠨᠢ ᠪᠤᠳᠤᠬᠤ︾ ᠬᠠᠮᠢᠶᠠᠷᠤᠯᠲᠠ ᠶᠣᠰᠣᠭᠠᠷ ᠬᠡᠷᠡᠭᠵᠢᠭᠦᠯᠬᠦ ᠦᠭᠡᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠂ ᠲᠡᠳᠡᠭᠡᠷ ᠤᠨ ᠲᠤᠰᠢᠶᠠᠯ ᠳᠤ ᠲᠣᠮᠢᠯᠠᠵᠤ ᠪᠠᠭᠤᠯᠭᠠᠬᠤ ᠪᠠᠶᠢᠭᠤᠯᠭ᠎ᠠ ᠪᠤᠶᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃           ᠬᠤᠷᠢᠨ ᠨᠠᠢᠮᠠᠳᠤᠭᠠᠷ ᠵᠦᠢᠯ ᠲᠣᠰ ᠲᠣᠭᠲᠠᠭᠠᠯ ᠢ ᠵᠥᠷᠢᠴᠡᠵᠦ ᠡᠷᠬᠡ ᠠᠴᠠ ᠪᠠᠨ ᠳᠠᠪᠠᠵᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠭᠰᠠᠨ ᠪᠠᠶᠢᠪᠠᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠥᠮᠥᠰ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠬᠠᠣᠯᠢ ᠶᠣᠰᠣᠭᠠᠷ ᠨᠡᠬᠡᠮᠵᠢᠯᠡᠨ᠎ᠡ᠃           ᠬᠤᠷᠢ ᠶᠢᠰᠦᠳᠦᠭᠡᠷ ᠵᠦᠢᠯ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠠᠵᠢᠯᠲᠠᠳ ᠰᠦᠢᠳᠬᠡᠯ ᠬᠤᠷᠢᠶᠠᠬᠤ ᠬᠠᠮᠢᠶᠠᠷᠤᠯᠲᠠ ᠳᠤ ᠬᠤᠪᠢ ᠶᠢᠨ ᠨᠠᠶᠢᠷ ᠢᠶᠠᠷ ᠬᠠᠤᠯᠢ ᠶᠣᠰᠣ ᠠᠴᠠ ᠵᠥᠷᠢᠴᠡᠵᠦ᠂ ᠡᠭᠦᠷᠭᠡ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠪᠠᠶᠢᠪᠠᠯ᠂ ᠲᠡᠳᠡᠨ ᠤ ᠲᠤᠰᠢᠶᠠᠯ ᠳᠤ ᠲᠣᠮᠢᠯᠠᠵᠤ ᠪᠠᠭᠤᠯᠭᠠᠬᠤ ᠪᠠᠶᠢᠭᠤᠯᠭ᠎ᠠ ᠪᠤᠶᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ ᠶᠠᠯ᠎ᠠ ᠬᠢᠭᠰᠡᠨ ᠳᠤ ᠬᠦᠷᠦᠭᠰᠡᠨ ᠪᠠᠶᠢᠪᠠᠯ᠂ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃           ᠭᠤᠴᠢᠳᠤᠭᠠᠷ ᠵᠦᠢᠯ ᠲᠣᠰ ᠲᠣᠭᠲᠠᠭᠠᠯ ᠢ 2005 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号