ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠦᠨᠦ ᠵᠢᠯ ᠤᠨ 4 ᠳ᠋ᠦᠭᠡᠷ ᠰᠠᠷ᠎ᠠ ᠶᠢᠨ ᠰᠤᠷᠭᠠᠨ | ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠤᠬᠢᠷᠠᠭᠤᠯᠤᠯᠲᠠ ᠶᠢ ᠨᠡᠶᠢᠲᠡᠯᠡᠪᠡ᠃ ᠦᠴᠦᠭᠡᠳᠦᠷ᠂ ᠦᠪᠦᠷ | ᠮᠣᠩᠭᠤᠯ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ︽ᠦᠪᠦᠷ ᠮᠣᠩᠭᠤᠯ ᠤᠨ | ᠰᠤᠷᠤᠭᠴᠢ ᠡᠯᠰᠡᠬᠦ ᠰᠢᠯᠭᠠᠯᠲᠠ︾ ᠶᠢᠨ ᠠᠯᠪᠠᠨ ᠪᠢᠴᠢᠯ ᠳᠤ ᠰᠤᠷᠠᠭ ᠵᠡᠩᠭᠢ ᠨᠡᠶᠢᠲᠡᠯᠡᠵᠤ᠂ 2017 ᠤᠨ ᠤ 4 | ᠳ᠋ᠦᠭᠡᠷ ᠰᠠᠷ᠎ᠠ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠳᠤ ᠨᠡᠶᠢᠲᠡ 7 ᠰᠤᠷᠭᠠᠨ ᠬᠦᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠲᠠᠢ᠃ | ᠤᠶᠢᠯᠠᠭᠠᠭᠰᠠᠨ ᠢᠶᠠᠷ᠂ ᠪᠤᠲᠠᠲᠠᠢ ᠰᠢᠯᠭᠠᠬᠤ ᠴᠠᠭ ᠪᠤᠯᠤᠨ ᠨᠡᠷ᠎ᠠ ᠪᠦᠷᠢᠳᠭᠡᠭᠦᠯᠬᠦ ᠴᠠᠭ ᠨᠢ᠄ 4 ᠳ᠋ᠦᠭᠡᠷ | ᠰᠠᠷ᠎ᠠ ᠶᠢᠨ 9 ᠤ ᠡᠳᠦᠷ᠂ ᠡᠩ ᠤᠨ ᠶᠡᠭᠡ ᠲᠡᠭᠡᠲᠤ ᠰᠤᠷᠭᠠᠭᠤᠯᠢ ᠦᠨᠳᠦᠰᠦᠲᠡᠨ ᠤ ᠬᠢᠲᠡᠳ ᠢᠶᠠᠷ ᠰᠢᠯᠭᠠᠬᠤ | ᠭᠤᠷᠪᠠᠳᠤᠭᠠᠷ ᠳᠡᠰ ᠤᠨ ᠰᠢᠯᠭᠠᠯᠲᠠ ᠶᠠᠪᠤᠭᠳᠠᠨ᠎ᠠ᠃ 4 ᠳ᠋ᠦᠭᠡᠷ ᠰᠠᠷ᠎ᠠ ᠶᠢᠨ 15 ᠤ ᠡᠳᠦᠷ᠂ ᠪᠠᠭᠰᠢ ᠶᠢᠨ | ᠦᠨᠡᠮᠯᠡᠯ ᠢ ᠭᠤᠶᠤᠴᠢᠯᠠᠬᠤ ᠰᠤᠷᠭᠠᠨ ᠬᠦᠮᠦᠵᠢᠯ ᠤᠨ ᠤᠬᠠᠭᠠᠨ ᠪᠤᠯᠤᠨ ᠰᠡᠳᠭᠢᠴᠡ ᠵᠦᠢ ᠶᠢᠨ ᠤᠬᠠᠭᠠᠨ ᠤ | ᠰᠢᠯᠭᠠᠯᠲᠠ ᠶᠠᠪᠤᠭᠳᠠᠨ᠎ᠠ᠃ 4 ᠳ᠋ᠦᠭᠡᠷ ᠰᠠᠷ᠎ᠠ ᠶᠢᠨ 15 ᠠᠴᠠ 16 ᠤ ᠡᠳᠦᠷ ᠪᠤᠯᠲᠠᠯ᠎ᠠ᠂ ᠲᠡᠭᠡᠲᠤ ᠵᠡᠷᠭᠡ ᠶᠢᠨ | ᠰᠤᠷᠭᠠᠨ ᠬᠦᠮᠦᠵᠢᠯ ᠤᠨ ᠦᠪᠡᠷ ᠢᠶᠠᠨ ᠰᠤᠷᠤᠭᠰᠠᠳ ᠤᠨ ᠰᠢᠯᠭᠠᠯᠲᠠ ᠶᠢᠨ ᠲᠡᠭᠡᠷ᠎ᠠ ᠬᠠᠭᠠᠰ ᠵᠢᠯ ᠤᠨ ᠪᠦᠬᠦ | ᠤᠯᠤᠰ ᠤᠨ ᠨᠢᠭᠡᠳᠦᠯᠲᠠᠢ ᠰᠢᠯᠭᠠᠯᠲᠠ᠃ 4 ᠳ᠋ᠦᠭᠡᠷ ᠰᠠᠷ᠎ᠠ ᠶᠢᠨ 22 ᠠᠴᠠ 23 ᠡᠳᠦᠷ ᠪᠤᠯᠲᠠᠯ᠎ᠠ᠂ ᠡᠩ ᠤᠨ ᠶᠡᠭᠡ | ᠲᠡᠭᠡᠳᠤ ᠰᠤᠷᠭᠠᠭᠤᠯᠢ ᠶᠢᠨ ᠬᠦᠳᠡᠯᠭᠡᠭᠡᠨ ᠤ ᠳᠠᠰᠬᠠᠵᠢᠭᠤᠯᠤᠯ ᠤᠨ ᠦᠱᠦ ᠵᠢᠴᠢ ᠦᠨᠳᠦᠰᠦᠲᠡᠨ ᠤ ᠤᠯᠠᠮᠵᠢᠯᠠᠯᠲᠤ | ᠲᠡᠮᠢᠷ ᠤᠨ ᠲᠤᠰᠬᠠᠢ ᠮᠡᠷᠭᠡᠵᠢᠯ ᠤᠨ ᠲᠤᠰᠠᠭᠠᠷ ᠰᠤᠷᠤᠭᠴᠢ ᠡᠯᠰᠡᠬᠦ ᠰᠤᠶᠤᠯ ᠤᠨ ᠬᠢᠴᠢᠶᠡᠯ ᠤᠨ ᠰᠢᠯᠭᠠᠯᠲᠠ | ᠶᠠᠪᠤᠭᠳᠠᠨ᠎ᠠ᠃ 4 ᠳ᠋ᠦᠭᠡᠷ ᠰᠠᠷ᠎ᠠ ᠶᠢᠨ 21 ᠠᠴᠠ 30 ᠤ ᠡᠳᠦᠷ ᠪᠤᠯᠲᠠᠯ᠎ᠠ᠂ 2016 — 2017 ᠤᠨ ᠤ | ᠰᠤᠷᠤᠯᠭ᠎ᠠ ᠶᠢᠨ ᠵᠢᠯ ᠤᠨ ᠬᠤᠶᠠᠳᠤᠭᠠᠷ ᠬᠤᠭᠤᠴᠠᠭᠠᠨ ᠤ ᠲᠡᠭᠡᠲᠤ ᠳᠤᠮᠳᠠᠳᠤ ᠶᠢᠨ ᠰᠤᠷᠤᠯᠭ᠎ᠠ ᠶᠢᠨ ᠬᠢᠷᠢ | ᠬᠡᠮᠵᠢᠶᠠᠨ ᠤ ᠰᠢᠯᠭᠠᠯᠲᠠ ᠳᠤ ᠨᠡᠷ᠎ᠡ ᠪᠦᠷᠢᠳᠭᠡᠭᠦᠯᠦᠨ᠎ᠠ᠃ 4 ᠳ᠋ᠦᠭᠡᠷ ᠰᠠᠷ᠎ᠠ ᠶᠢᠨ 25 ᠠᠴᠠ 5 ᠳ᠋ᠤᠭᠠᠷ ᠰᠠᠷ᠎ᠠ ᠶᠢᠨ | 2 ᠤᠨ ᠡᠳᠦᠷ ᠪᠤᠯᠳᠠᠯ᠎ᠠ᠂ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠲᠦᠷᠪᠡ᠂ ᠵᠢᠷᠭᠤᠳᠤᠭᠠᠷ | ᠳᠡᠰ ᠤᠨ ᠶᠠᠷᠢᠶ᠎ᠠ ᠶᠢᠨ ᠰᠢᠯᠭᠠᠯᠲᠠ ᠶᠢᠨ ᠨᠡᠷ᠎ᠠ ᠪᠦᠷᠢᠳᠭᠡᠭᠦᠯᠦᠨ᠎ᠠ᠃ ᠤᠷᠢᠳᠴᠢᠯᠠᠨ ᠲᠤᠭᠠᠴᠠᠭᠠᠯᠠᠭᠰᠠᠨ ᠢᠶᠠᠷ᠂ 4 | ᠳ᠋ᠦᠭᠡᠷ ᠰᠠᠷ᠎ᠠ ᠶᠢᠨ ᠰᠡᠭᠦᠯᠴᠢ ᠳᠤ᠂ ᠬᠦᠳᠡᠭᠡ ᠤᠷᠤᠨ ᠨᠤᠲᠤᠭ ᠤᠨ ᠠᠯᠪᠠᠨ ᠵᠢᠷᠤᠮ ᠶᠢᠨ ᠰᠤᠷᠭᠠᠨ ᠬᠦᠮᠦᠵᠢᠯ ᠤᠨ | ᠱᠠᠲᠤᠨ ᠳᠠᠬᠢ ᠪᠠᠭᠰᠢ ᠶᠢᠨ ᠤᠨᠴᠠ ᠲᠤᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ ᠶᠢᠨ ᠰᠢᠯᠭᠠᠯᠲᠠ ᠳᠤ | ᠨᠡᠷ᠎ᠠ ᠪᠦᠷᠢᠳᠭᠡᠭᠦᠯᠦᠨ᠎ᠠ᠃ | |