ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ᠄ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠳᠤ ᠰᠢᠯᠭᠠᠭᠤᠯᠤᠭᠰᠠᠳ 3 ᠤᠳᠠᠭ᠎ᠠ ᠶᠢᠨ ᠡᠯᠰᠡᠬᠦ ᠲᠣᠬᠢᠶᠠᠯ ᠢ ᠰᠤᠩᠭᠤᠵᠤ ᠪᠤᠯᠤᠨ᠎ᠠ
ᠨᠡᠶᠢᠲᠡᠯᠡᠭᠰᠡᠨ ᠴᠠᠭ᠄
2017-04-07
       4 ᠳ᠋ᠤᠭᠡᠷ ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠮᠠᠨ ᠤ ᠣᠷᠣᠨ ᠤ ᠤᠳᠠᠯ ᠦᠭᠡᠢ ᠲᠡᠭᠦᠰᠬᠦ ᠪᠠᠷ ᠪᠠᠶᠢᠭ᠎ᠠ ᠳᠤᠮᠳᠠᠳᠤ ᠰᠤᠷᠭᠠᠭᠤᠯᠢ ᠶᠢᠨ ᠰᠤᠷᠤᠭᠴᠢ ᠨᠡᠶᠢᠲᠡ 3 ᠤᠳᠠᠭ᠎ᠠ ᠶᠢᠨ ᠡᠯᠰᠡᠬᠦ ᠲᠣᠬᠢᠶᠠᠯ ᠢ ᠰᠣᠩᠭᠤᠵᠤ ᠪᠣᠯᠤᠨ᠎ᠠ ᠬᠡᠵᠤ ᠮᠡᠳᠡᠭᠡ ᠨᠡᠶᠢᠲᠡᠯᠡᠪᠡ᠂ ᠪᠣᠳᠠᠲᠠᠶ ᠪᠠᠷ ᠬᠡᠯᠡᠪᠡᠯ᠄        1. ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠬᠦ᠃ 7 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠪᠦᠬᠦ ᠣᠷᠣᠨ ᠤ ᠡᠯ᠎ᠡ ᠠᠶᠢᠮᠠᠭ ᠬᠤᠲᠠ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠬᠦ ᠠᠵᠢᠯ ᠢ ᠪᠡᠶᠡᠯᠡᠬᠦᠯᠬᠦ ᠶᠢᠨ ᠬᠠᠮᠲᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠦᠯᠦ ᠡᠯᠰᠡᠭᠳᠡᠭᠰᠡᠨ ᠰᠤᠷᠤᠭᠴᠢᠳ ᠤᠨ ᠬᠢᠷᠢ ᠪᠦᠲᠦᠮᠵᠢ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠬᠡᠷᠡᠭᠲᠠᠢ᠂ ᠡᠨᠡ ᠬᠦ ᠲᠤᠭ᠎ᠠ ᠪᠠᠷᠢᠮᠲᠠ ᠶᠢ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠳᠤ ᠡᠷᠡᠮᠡᠯᠵᠡᠯ ᠲᠠᠭᠯᠠᠬᠤ ᠪᠠ ᠡᠯᠰᠡᠵᠦ ᠠᠪᠬᠤ ᠳᠤ ᠬᠡᠷᠡᠭᠯᠡᠨ᠎ᠡ ︔        2. ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠳᠤ ᠡᠯᠰᠡᠬᠦ᠃ 7 ᠳ᠋ᠤᠭᠠᠷ ᠰᠠᠷ᠎ᠠ ᠶᠢᠨ 31 ᠤ ᠡᠳᠦᠷ ᠠᠴᠠ 8 ᠳ᠋ᠤᠭᠠᠷ ᠰᠠᠷ᠎ᠠ ᠶᠢᠨ 3 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠪᠦᠬᠦ ᠣᠷᠣᠨ ᠤ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠵᠣᠬᠢᠶᠠᠨ ᠪᠠᠶᠢᠭᠤᠯᠤᠨ ᠪᠡᠶᠡᠯᠡᠬᠦᠯᠦᠨ᠎ᠡ᠃ ᠰᠦᠯᠵᠢᠶᠡᠨ ᠳᠡᠭᠡᠷ᠎ᠡ ᠨᠢᠭᠡᠳᠦᠯᠲᠡᠶ ᠨᠡᠷ᠎ᠡ ᠮᠡᠳᠡᠭᠦᠯᠬᠦ ᠳᠤ ᠣᠷᠣᠯᠴᠠᠭᠰᠠᠨ ᠦᠭᠡᠢ ᠪᠤᠶᠤ ᠨᠢᠭᠡᠨᠲᠡ ᠡ᠊ᠩ ᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠳᠤ ᠡᠯᠰᠡᠭᠳᠡᠭᠰᠡᠨ ᠰᠢᠯᠭᠠᠭᠤᠯᠤᠭᠰᠠᠳ ᠪᠤᠯ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠣᠷᠣᠯᠴᠠᠵᠤ ᠪᠣᠯᠬᠤ ᠦᠭᠡᠢ᠂ ᠰᠣᠷᠣᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ ᠳᠠᠭᠢᠵᠤ ᠨᠥᠬᠦᠨ ᠡᠯᠰᠡᠬᠦ ᠦᠭᠡᠢ ︔        3. ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠡᠯᠰᠡᠬᠦ᠃ 8 ᠳ᠋ᠤᠭᠠᠷ ᠰᠠᠷ᠎ᠠ ᠶᠢᠨ 4 ᠤ ᠡᠳᠦᠷ ᠠᠴᠠ ᠬᠤᠶᠢᠰᠢ᠂ ᠡᠯ᠎ᠡ ᠠᠶᠢᠮᠠᠭ ᠬᠤᠲᠠ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠤᠭ᠎ᠠ ᠪᠠᠷᠢᠮᠲᠠ ᠶᠢ ᠪᠠᠭᠤᠯᠭᠠᠨ ᠠᠪᠬᠤ ᠶᠢᠨ ᠬᠠᠮᠲᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠣᠷᠣᠭᠴᠢ ᠡᠯᠰᠡᠬᠦ ᠠᠵᠢᠯ ᠢ ᠵᠣᠬᠢᠶᠠᠨ ᠪᠠᠶᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号