ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠭᠤᠷᠪᠠᠨ ᠳᠡᠰ ᠤᠨ ᠰᠢᠯᠭᠠᠯᠲᠠ 4 ᠳ᠋ᠦᠭᠡᠷ ᠰᠠᠷ᠎ᠠ ᠶᠢᠨ 9 ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2017-04-07
        2017 ᠣᠨ ᠤ ᠮᠠᠨ ᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠳᠡᠰ ᠤᠨ ᠰᠢᠯᠭᠠᠯᠲᠠ ︵ᠭᠤᠷᠪᠠᠨ ᠳᠡᠰ ︶ ︵ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠭᠤᠷᠪᠠᠨ ᠳᠡᠰ ᠭᠡᠵᠦ ᠲᠣᠪᠴᠢᠯᠠᠨ᠎ᠡ ︶ 4 ᠳ᠋ᠦᠭᠡᠷ ᠰᠠᠷ᠎ᠠ ᠶᠢᠨ 9 ᠤ ᠡᠳᠦᠷ ᠠᠴᠠ ᠡᠬᠢᠯᠡᠨ᠎ᠡ᠂ ᠡᠨᠡ ᠪᠣᠯ ᠬᠢᠲᠠᠳ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠠᠯᠪᠠᠨ ᠭᠡᠷ ᠠᠴᠠ ᠰᠢᠯᠭᠠᠬᠤ ᠴᠠᠭ ᠢ ᠲᠣᠬᠢᠷᠠᠭᠤᠯᠤᠭᠰᠠᠨ ᠤ ᠳᠠᠷᠠᠭᠠᠬᠢ ᠠᠩᠬᠠᠳᠤᠭᠠᠷ ᠤᠳᠠᠭᠠᠨ ᠤ ᠰᠢᠯᠭᠠᠯᠲᠠ ᠪᠣᠯᠣᠨ᠎ᠠ᠃        ᠣᠶᠢᠯᠠᠭᠠᠭᠰᠠᠨ ᠢᠶᠠᠷ᠂ ᠡᠨᠡ ᠵᠢᠯ ᠤᠨ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠭᠤᠷᠪᠠᠨ ᠳᠡᠰ ᠤᠨ ᠰᠢᠯᠭᠠᠯᠲᠠ ᠶᠢ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠲᠠᠢ ᠵᠡᠷᠭᠡ ᠳᠤᠨᠢ ᠰᠢᠯᠭᠠᠬᠤ ᠦᠭᠡᠢ ᠤᠴᠢᠷ ᠠᠴᠠ ᠪᠢᠴᠢᠭ ᠤᠨ ᠬᠡᠷᠡᠭᠰᠡᠯ ᠬᠠᠩᠭᠠᠬᠤ ᠦᠭᠡᠢ᠂ ᠰᠢᠯᠭᠠᠭᠤᠯᠤᠭᠴᠢ ᠰᠢᠯᠭᠠᠯᠲᠠ ᠳᠤ ᠬᠡᠷᠡᠭᠰᠡᠬᠦ ᠪᠢᠷ᠂ 2B ᠬᠠᠷᠠᠨᠳᠠ᠂ ᠪᠠᠯᠠᠯᠤᠭᠤᠷ ᠵᠡᠷᠭᠡ ᠪᠢᠴᠢᠭ ᠤᠨ ᠬᠡᠷᠡᠭᠰᠡᠯ ᠪᠠ ᠰᠢᠯᠭᠠᠯᠲᠠ ᠶᠢᠨ ᠬᠡᠷᠡᠭᠰᠡᠯ ᠢᠶᠠᠨ ᠥᠪᠡᠷ ᠲᠡᠭᠡᠨ ᠪᠡᠯᠡᠳᠬᠡᠨ᠎ᠡ᠃ ᠰᠢᠯᠭᠠᠯᠲᠠ ᠨᠢ ᠦᠳᠡ ᠶᠢᠨ ᠡᠮᠦᠨᠡᠬᠢ 9 ᠴᠠᠭ ᠠᠴᠠ 11 ᠴᠠᠭ ᠪᠣᠯᠲᠠᠯ᠎ᠠ ᠶᠠᠪᠤᠭᠳᠠᠨ᠎ᠠ᠂ ᠰᠢᠯᠭᠠᠯᠲᠠ ᠡᠬᠢᠯᠡᠭᠡᠳ 15 ᠮᠢᠨᠦ᠋ᠲ ᠪᠣᠯᠪᠠᠯ᠂ ᠰᠢᠯᠭᠠᠭᠤᠯᠤᠭᠴᠢᠳ ᠤᠨ ᠰᠢᠯᠭᠠᠯᠲᠠ ᠶᠢᠨ ᠲᠠᠯᠠᠪᠠᠢ ᠳᠤ ᠣᠷᠣᠬᠤ ᠶᠢ ᠴᠠᠭᠠᠵᠠᠯᠠᠨ᠎ᠡ᠃         ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠰᠢᠯᠭᠠᠯᠲᠠ ᠪᠣᠯ ᠡᠬᠡ ᠬᠡᠯᠡ ᠨᠢ ᠬᠢᠲᠠᠳ ᠬᠡᠯᠨ ᠪᠤᠰᠤ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡ ᠰᠤᠷᠤᠯᠴᠠᠭᠴᠢᠳ ᠤᠨ ᠬᠢᠲᠠᠳ ᠬᠡᠯᠡᠨ ᠤ ᠬᠢᠷᠢ ᠬᠡᠮᠵᠢᠶ᠎ᠡ ᠶᠢ ᠲᠤᠰᠬᠠᠶ ᠲᠤᠷᠰᠢᠨ ᠰᠢᠯᠭᠠᠬᠤ ᠤᠯᠤᠰ ᠤᠨ ᠳᠡᠰ ᠤᠨ ᠪᠡᠷᠢᠮᠵᠢᠶᠡᠴᠢᠯᠡᠬᠰᠡᠠ ᠰᠢᠯᠭᠠᠯᠲᠠ ᠪᠣᠯᠣᠨ᠎ᠠ᠃ ᠰᠢᠯᠭᠠᠯᠲᠠ ᠳᠤ ᠰᠣᠨᠣᠰᠴᠤ ᠣᠶᠢᠯᠠᠭᠠᠬᠤ᠂ ᠤᠩᠰᠢᠵᠤ ᠣᠶᠢᠯᠠᠭᠠᠬᠤ᠂ ᠪᠢᠴᠢᠭ ᠢᠶᠠᠷ ᠢᠯᠡᠳᠬᠡᠬᠦ᠂ ᠶᠠᠷᠢᠵᠤ ᠢᠯᠡᠳᠬᠡᠬᠦ 4 ᠬᠡᠰᠡᠭ ᠪᠠᠭᠲᠠᠵᠤ᠂ ᠬᠡᠯᠡᠨ ᠤ ᠠᠳᠠᠯᠢ ᠪᠤᠰᠤ ᠤᠷ᠎ᠠ ᠮᠡᠷᠭᠡᠵᠢᠯ ᠢ ᠰᠢᠯᠭᠠᠬᠤ ᠪᠠᠷ ᠳᠠᠮᠵᠢᠭᠤᠯᠤᠨ᠂ ᠰᠢᠯᠭᠠᠭᠤᠯᠤᠭᠴᠢ ᠶᠢᠨ ᠬᠢᠲᠠᠳ ᠬᠡᠯᠡ ᠪᠠᠷ ᠬᠠᠷᠢᠯᠴᠠᠬᠤ ᠴᠢᠳᠠᠪᠤᠷᠢ ᠶᠢ ᠨᠢ ᠪᠦᠬᠦ ᠲᠠᠯ᠎ᠠ ᠪᠠᠷ ᠬᠢᠨᠠᠨ ᠪᠠᠶᠢᠴᠠᠭᠠᠨ᠎ᠠ᠃ ᠣᠶᠢᠯᠠᠭᠠᠭᠰᠠᠨ ᠢᠶᠠᠷ᠂ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ ᠲᠦᠪᠰᠢᠨ ᠤ ᠭᠤᠷᠪᠠᠨ ᠳᠡᠰ ᠤᠨ ᠬᠢᠷᠢ ᠲᠡᠩᠴᠡᠬᠦ ᠪᠠᠷᠢᠮᠵᠢᠶ᠎ᠠ ᠶᠢᠨ ᠶᠡᠷᠦᠩᠬᠡᠶ ᠬᠤᠪᠢ ᠨᠢ 195 ᠬᠤᠪᠢ ᠠᠴᠠ ᠳᠡᠭᠡᠭᠰᠢ ᠪᠠᠶᠢᠬᠤ ᠪᠦᠭᠡᠳ ᠰᠣᠨᠣᠰᠬᠤ ᠴᠢᠳᠠᠪᠤᠷᠢ᠂ ᠤᠩᠰᠢᠬᠤ᠂ ᠪᠢᠴᠢᠭ ᠢᠶᠠᠷ ᠢᠯᠡᠳᠬᠡᠬᠦ ᠭᠤᠷᠪᠠᠨ ᠬᠡᠰᠡᠭ ᠤᠨ ᠬᠢᠷᠢ ᠪᠦᠲᠦᠮᠵᠢ ᠨᠢ ᠲᠤᠰ ᠲᠤᠰ 55 ᠬᠤᠪᠢ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号