ᠦᠪᠦᠷ ᠮᠣᠩᠭᠤᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠰᠡᠷᠡᠮᠵᠢᠯᠡᠯ ᠴᠡᠭᠡᠷᠯᠡᠯ ᠤᠨ ᠪᠢᠴᠢᠭ ᠨᠡᠶᠢᠲᠡᠯᠡᠪᠡ
ᠨᠡᠶᠢᠲᠡᠯᠡᠭᠰᠡᠨ ᠴᠠᠭ᠄
2017-05-02
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠨ ᠪᠡᠯᠭᠡᠯᠡᠵᠦ᠂ ᠮᠠᠨ ᠤ ᠤᠷᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠵᠢᠷᠤᠮ ᠢ ᠤᠯᠠᠮ ᠵᠢᠷᠤᠮᠵᠢᠭᠤᠯᠬᠤ ᠶᠢᠨ ᠲᠤᠰᠠᠳᠠ᠂ 4 ᠳ᠋ᠦᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠬᠢᠭᠡᠳ ᠭᠠᠭᠴᠠᠭᠠᠷ ᠡᠵᠡᠮᠰᠢᠯ ᠢ ᠡᠰᠡᠷᠭᠦᠴᠡᠬᠦ ᠲᠣᠪᠴᠢᠶ᠎ᠠ ᠨᠡᠶᠢᠭᠡᠮ ᠨᠡᠶᠢᠲᠡ ᠳᠤ ︽ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠰᠡᠷᠡᠮᠵᠢᠯᠡᠯ ᠴᠡᠭᠡᠷᠯᠡᠯ ᠤᠨ ᠪᠢᠴᠢᠭ︾ ᠢ ᠨᠡᠶᠢᠲᠡᠯᠡᠵᠦ᠂ ᠪᠥᠬᠦ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯ᠎ᠡ ᠬᠠᠮᠢᠶ᠎ᠠ ᠪᠥᠬᠦᠢ ᠡᠵᠡᠩᠨᠡᠯᠲᠡ ᠶᠢᠨ ᠦᠢᠯᠡᠴᠢᠯᠡᠭᠡᠨ ᠤ ᠨᠢᠭᠡᠴᠡ᠂ ᠬᠤᠪᠢ ᠶᠢᠨ ᠡᠵᠡᠩᠨᠡᠯᠲᠡ ᠶᠢᠨ ᠥᠮᠴᠢᠲᠡᠨ ᠳᠤ ᠳᠣᠣᠷᠠᠬᠢ ᠮᠡᠲᠦ ᠴᠡᠭᠡᠷᠯᠡᠭᠦᠯᠦᠪᠡ᠄         — — ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ᠂ ᠲᠣᠭᠤᠷᠢᠨ ᠦᠵᠡᠬᠦ ᠲᠡᠷᠭᠡᠨ ᠪᠢᠯᠧᠲ ᠤᠨ ᠦᠨ᠎ᠡ ᠳᠤ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ᠂ ᠵᠢᠯᠣᠭᠤᠳᠬᠤ ᠦᠨ᠎ᠡ ᠶᠢ ᠡᠷᠬᠡᠪᠰᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠡᠷᠬᠡᠪᠰᠢ ᠴᠢᠩᠭ᠎ᠠ ᠬᠡᠷᠡᠭᠵᠢᠭᠦᠯᠵᠦ᠂ ᠪᠢᠯᠧᠲ ᠬᠤᠳᠠᠯᠳᠤᠬᠤ ᠭᠠᠵᠠᠷ ᠤᠨ ᠢᠯᠡ ᠪᠠᠶᠢᠷᠢᠨ ᠳᠤ ᠪᠢᠯᠧᠲ ᠤᠨ ᠦᠨ᠎ᠡ ᠵᠢᠴᠢ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢᠨ ᠠᠭᠤᠯᠭ᠎ᠠ ᠶᠢ ᠨᠡᠶᠢᠲᠡᠯᠡᠵᠦ ᠂ ᠳᠠᠭᠠᠯᠳᠤᠭᠤᠯᠤᠨ ᠬᠤᠳᠠᠯᠳᠤᠬᠤ ᠵᠡᠷᠭᠡ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠲᠠᠰᠤ ᠵᠣᠭᠰᠣᠭᠠᠬᠤ ᠬᠡᠷᠡᠭᠲᠡᠶ ︔         — — ᠦᠵᠡᠮᠵᠢ ᠶᠢᠨ ᠤᠷᠤᠨ ᠤ ᠳᠣᠲᠣᠷᠠᠬᠢ ᠵᠤᠭ᠎ᠠ ᠴᠡᠩᠭᠡᠯ᠂ ᠢᠳᠡᠭᠡᠨ ᠤᠮᠳᠠᠭᠠᠨ᠂ ᠬᠤᠨᠣᠭᠯᠠᠬᠤ ᠴᠢᠭ᠋ ᠤᠨ ᠲᠠᠸᠠᠷ ᠵᠢᠴᠢ ᠲᠥᠯᠥᠪᠦᠷᠢ ᠲᠠᠢ ᠦᠢᠯᠡᠴᠢᠯᠡᠬᠦ ᠵᠡᠭᠦᠯᠲᠡ ᠦᠨ᠎ᠡ ᠬᠠᠩᠰᠢ ᠶᠢ ᠢᠯᠡ ᠪᠠᠶᠢᠯᠭᠠᠬᠤ ᠠᠵᠢᠯ ᠢ ᠪᠦᠷᠢᠨᠰᠢᠭᠦᠯᠬᠦ ᠬᠡᠷᠡᠭᠲᠡᠶ᠃ ᠵᠡᠭᠦᠯᠲᠡ ᠦᠨ᠎ᠡ ᠠᠴᠠ ᠭᠠᠳᠠᠨ᠎ᠠ ᠪᠤᠰᠤᠳ ᠵᠠᠷᠤᠳᠠᠯ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ︔ ᠲᠠᠸᠠᠷ ᠤᠨ ᠦᠨ᠎ᠡ ᠶᠢᠨ ᠱᠣᠰᠢᠭ᠎ᠠ ᠪᠤᠶᠤ ᠦᠨ᠎ᠡ ᠬᠠᠩᠰᠢ ᠶᠢᠨ ᠬᠦᠰᠦᠨᠦᠭᠲᠦ ᠳᠤ ᠲᠠᠸᠠᠷ ᠤᠨ ᠨᠡᠷ᠎ᠡ᠂ ᠦᠢᠯᠡᠳᠪᠦᠷᠢᠯᠡᠭᠰᠡᠨ ᠭᠠᠵᠠᠷ᠂ ᠬᠡᠪ ᠪᠠᠷᠢᠮᠵᠢᠶ᠎ᠠ᠂ ᠦᠨ᠎ᠡ ᠲᠣᠭᠠᠴᠠᠬᠤ ᠨᠢᠭᠡᠴᠢ᠂ ᠦᠨ᠎ᠡ ᠬᠠᠩᠰᠢ ᠪᠣᠯᠣᠨ ᠲᠥᠯᠥᠪᠦᠷᠢ ᠲᠠᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠦᠢᠯᠡᠰ᠂ ᠪᠠᠷᠢᠮᠵᠢᠶ᠎ᠠ ᠵᠡᠷᠭᠡ ᠠᠭᠤᠯᠭ᠎ᠠ ᠶᠢ ᠡᠷᠬᠡᠪᠰᠢ ᠪᠠᠭᠲᠠᠭᠠᠬᠤ ᠬᠡᠷᠡᠭᠲᠡᠢ᠃ ᠬᠤᠳᠠᠯ ᠬᠠᠭᠤᠷᠮᠠᠭ᠂ ᠬᠦᠮᠦᠨ ᠳᠤ ᠠᠳᠡᠭᠦᠦ ᠣᠶᠢᠯᠠᠭᠠᠯᠲᠠ ᠥᠭᠬᠦ ᠵᠡᠭᠦᠯᠲᠡ ᠦᠨ᠎ᠡ ᠶᠢᠨ ᠠᠷᠭ᠎ᠠ ᠪᠠᠷᠢᠯ ᠢᠶᠠᠷ ᠬᠡᠷᠡᠭᠯᠡᠭᠴᠢᠳ ᠢ ᠮᠡᠬᠡᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ︔         — — ᠦᠵᠡᠮᠵᠢ ᠶᠢᠨ ᠤᠷᠤᠨ ᠤ ᠳᠣᠲᠣᠷᠠᠬᠢ ᠲᠡᠷᠭᠡ ᠵᠣᠭᠰᠤᠭᠠᠬᠤ ᠲᠠᠯᠠᠪᠤᠷ ᠰᠦᠢᠳᠬᠡᠯ ᠬᠤᠷᠢᠶᠠᠬᠤ ᠳᠠᠭᠠᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠷᠢᠶᠠᠬᠤ ᠪᠥᠭᠡᠳ ᠵᠡᠭᠦᠯᠲᠡ ᠦᠨ᠎ᠡ ᠬᠠᠳᠠᠬᠤ ᠬᠡᠷᠡᠭᠲᠡᠢ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠶᠠᠮᠠᠷᠪᠠ ᠰᠢᠯᠲᠠᠭ ᠢᠶᠠᠷ ᠲᠡᠷᠭᠡ ᠬᠥᠰᠬᠡ ᠬᠠᠷᠠᠵᠤ ᠬᠠᠮᠢᠶᠠᠷᠬᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ ᠤᠭᠲᠤ ᠪᠣᠯᠬᠤ ᠦᠭᠡᠢ ︔         — — ᠬᠤᠭᠤᠯᠠ ᠤᠮᠳᠠᠭᠠᠨ ᠤ ᠠᠵᠢᠯ ᠲᠥᠷᠦᠯ ᠤᠨ ᠬᠢᠨ ᠬᠠᠯᠠᠭᠤᠨ ᠬᠦᠶᠢᠲᠡᠨ ᠢ ᠲᠣᠬᠢᠷᠠᠭᠤᠯᠬᠤ ᠵᠠᠷᠤᠳᠠᠯ᠂ ᠴᠠᠶ ᠶᠢᠨ ᠪᠠᠶᠢᠷᠢ ᠶᠢᠨ ᠵᠠᠷᠤᠳᠠᠯ᠂ ᠰᠠᠭᠤᠳᠠᠯ ᠤᠨ ᠵᠠᠷᠤᠳᠠᠯ᠂ ᠬᠤᠭᠤᠯᠠᠨ ᠤ ᠪᠠᠭᠠᠵᠢ ᠬᠡᠷᠡᠭᠰᠡᠯ ᠠᠷᠢᠭᠤᠳᠬᠠᠬᠤ ᠵᠠᠷᠤᠳᠠᠯ᠂ ᠯᠣᠩᠬᠤ ᠨᠡᠭᠡᠭᠡᠬᠦ ᠰᠦᠢᠳᠬᠡᠯ᠂ ᠬᠤᠭᠤᠯᠠᠨ ᠤ ᠬᠡᠷᠡᠭᠰᠡᠯ ᠬᠡᠷᠡᠭᠯᠡᠬᠦ ᠵᠠᠷᠤᠳᠠᠯ ᠵᠡᠷᠭᠡ ᠰᠦᠢᠳᠬᠡᠯ ᠬᠤᠷᠢᠶᠠᠵᠤ ᠪᠣᠯᠬᠤ ᠦᠭᠡᠢ᠃ ᠶᠠᠮᠠᠷᠪᠠ ᠢᠯᠡ ᠲᠣᠳᠣ ᠪᠣᠰᠤ ᠵᠠᠷᠤᠳᠠᠯ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ︔         — — ᠡᠵᠡᠩᠨᠡᠭᠴᠢᠳ ᠪᠠᠯᠠᠷᠬᠠᠶ ᠵᠡᠭᠦᠯᠲᠡ ᠦᠨ᠎ᠡ᠂ ᠬᠤᠳᠠᠯ ᠬᠠᠭᠤᠷᠮᠠᠭ ᠵᠡᠭᠦᠯᠲᠡ ᠦᠨ᠎ᠡ᠂ ᠬᠤᠶᠠᠷ ᠵᠦᠢᠯ ᠤᠨ ᠦᠨ᠎ᠡ ᠬᠠᠩᠰᠢ ᠲᠠᠢ ᠵᠠᠭᠤᠰᠢᠨ ᠤ ᠵᠢᠭᠰᠠᠭᠠᠯᠲᠠ ᠵᠡᠷᠭᠡ ᠠᠷᠭ᠎ᠠ ᠪᠠᠷᠢᠯ ᠢᠶᠠᠷ ᠬᠡᠷᠡᠭᠯᠡᠭᠴᠢᠳ ᠢ ᠮᠡᠬᠡᠯᠡᠨ ᠬᠢᠬᠠᠬᠤ ᠦᠢᠯᠡ ᠠᠵᠢᠯᠯᠠᠭ᠎ᠠ ᠬᠢᠵᠦ ᠪᠣᠯᠬᠤ ᠦᠭᠡᠢ ︔ ᠬᠠᠮᠤᠭ ᠤᠨ ᠬᠢᠮᠳᠠ ᠬᠡᠷᠡᠭᠯᠡᠭᠡᠨ ᠤ ᠦᠨ᠎ᠡ ᠬᠠᠩᠰᠢ ᠲᠣᠭᠲᠠᠭᠠᠵᠤ ᠪᠣᠯᠬᠤ ᠦᠭᠡᠢ ︔ ᠡᠵᠡᠷᠬᠡᠭ ᠵᠦᠢᠯ ᠵᠤᠷᠪᠤᠰ ᠲᠣᠭᠲᠠᠭᠠᠵᠤ ᠪᠣᠯᠬᠤ ᠦᠭᠡᠢ ︔ ᠦᠨ᠎ᠡ ᠥᠰᠬᠦ ᠬᠤᠳᠠᠯ ᠮᠡᠳᠡᠭᠡ ᠵᠠᠩᠭᠢ ᠶᠢ ᠲᠠᠷᠬᠠᠭᠠᠵᠤ᠂ ᠦᠨ᠎ᠡ ᠬᠠᠩᠰᠢ ᠪᠠᠨ ᠥᠰᠬᠡᠵᠦ ᠪᠣᠯᠬᠤ ᠦᠭᠡᠢ ︔         — — ᠢᠳᠡᠭᠡᠨ ᠤᠮᠳᠠᠭᠠᠨ᠂ ᠵᠢᠭᠤᠯᠴᠢᠯᠠᠯ ᠵᠡᠷᠭᠡ ᠠᠵᠢᠯ ᠲᠥᠷᠥᠯ ᠤᠨ ᠨᠡᠶᠢᠭᠡᠮᠯᠢᠭ ᠨᠢ ᠳᠤᠰ ᠠᠵᠢᠯ ᠳᠦᠷᠦᠯ ᠤᠨ ᠢᠶᠠᠨ ᠡᠵᠡᠩᠨᠡᠭᠴᠢᠳ ᠢ ᠵᠣᠬᠢᠶᠠᠨ ᠪᠠᠶᠢᠭᠤᠯᠤᠨ ᠬᠤᠭᠤᠷᠣᠨᠳᠣ ᠪᠠᠨ ᠰᠥᠯᠪᠡᠭᠡᠯᠳᠦᠨ ᠦᠨ᠎ᠡ ᠲᠣᠭᠲᠠᠭᠠᠵᠦ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠠᠰᠢᠭᠯᠠᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠵᠠᠬᠢᠷᠤᠨ ᠡᠵᠡᠮᠰᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ︔         — — ᠠᠯᠪᠠᠳᠠᠯᠭ᠎ᠠ ᠪᠠᠷ ᠦᠢᠯᠡᠴᠢᠯᠡᠭᠦᠯᠬᠦ᠂ ᠠᠶᠠᠨᠴᠢᠳ ᠢ ᠳᠠᠷᠤᠯᠠᠬᠤ ᠬᠢᠬᠠᠬᠤ ᠵᠢᠴᠢ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠯᠠᠬᠤ ᠬᠡᠷᠡᠭᠲᠡᠢ᠃ ᠡᠯ᠎ᠡ ᠡᠵᠡᠩᠨᠡᠭᠴᠢ ᠵᠢᠴᠢ ᠬᠠᠮᠢᠶ᠎ᠠ ᠪᠦᠬᠦᠢ ᠨᠢᠭᠡᠴᠡ ᠨᠦᠭᠦᠳ ᠰᠡᠷᠡᠮᠵᠢᠯᠡᠯ ᠴᠡᠭᠡᠷᠯᠡᠯ ᠤᠨ ᠱᠠᠭᠠᠷᠳᠠᠯᠭ᠎ᠠ ᠶᠣᠰᠣᠭᠠᠷ᠂ ᠲᠤᠰ ᠪᠡᠶ᠎ᠡ ᠶᠢᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠰᠡᠷᠡᠮᠵᠢᠯᠡᠭᠦᠯᠵᠦ ᠴᠡᠭᠡᠷᠯᠡᠭᠦᠯᠦᠭᠰᠡᠨ ᠪᠠᠶᠢᠲᠠᠯ᠎ᠠ ᠮᠥᠨᠬᠦ ᠦᠨ᠎ᠡ ᠬᠠᠩᠰᠢ᠂ ᠰᠦᠢᠳᠬᠡᠯ ᠬᠤᠷᠢᠶᠠᠬᠤ ᠥᠢᠯᠡ ᠠᠵᠢᠯᠯᠠᠭ᠎ᠠ ᠪᠠᠨ ᠵᠢᠷᠤᠮᠵᠢᠭᠤᠯᠤᠭᠰᠠᠨ ᠦᠭᠡᠢ ᠮᠦᠷᠲᠡᠭᠡᠨ ᠪᠠᠰᠠ ᠦᠨ᠎ᠡ ᠬᠠᠩᠰᠢ᠂ ᠰᠦᠢᠳᠬᠡᠯ ᠬᠤᠷᠢᠶᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠵᠦᠷᠢᠴᠡᠭᠰᠡᠨ ᠪᠣᠯ᠂ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠦᠨ᠎ᠡ ᠬᠠᠩᠰᠢ ᠶᠢᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠲᠤᠬᠠᠶ ᠲᠣᠭᠲᠠᠭᠠᠯ︾ ᠢᠶᠠᠷ ᠴᠢᠩᠭ᠎ᠠ ᠰᠢᠶ᠋ᠳᠪᠦᠷᠢᠯᠡᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号