ᠪᠦᠭᠦ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ ᠪᠦᠭᠦ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠤᠯᠠᠮ ᠨᠢᠬᠡ ᠠᠯᠬᠤᠮ ᠭᠦᠨᠵᠡᠬᠡᠶᠢᠷᠡᠬᠦᠯᠬᠦ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/5/24
  ᠦᠪᠦᠷ ᠵᠠᠰᠠᠭ ᠠᠯᠪᠠᠨ ᠲᠠᠷᠬᠠᠭᠠᠨᠨᠰᠠᠨ ᠴᠠᠬᠢᠯᠭᠠᠨ ﹇2017﹈ 5 ᠳ᠋ᠤᠭᠠᠷ ᠲᠤᠭᠠᠳᠤ                                    1 ᠳ᠋ᠦᠭᠡᠷ ᠰᠠᠷ᠎ᠠ ᠶᠢᠨ 12 ᠤᠨ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠵᠢᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄            2017 ᠤᠨ ᠤ 1 ᠳ᠋ᠤᠬᠡᠷ ᠰᠠᠷ᠎ᠠ ᠵᠢᠢᠨ 11 ᠤ ᠡᠳᠦᠷ᠂ ᠲᠦᠷᠦ ᠵᠢᠢᠨ ᠶᠠᠪᠤᠳᠠᠯ ᠤᠨ ᠬᠤᠷᠢᠶ᠎ᠠ ᠠᠴᠠ ᠪᠦᠭᠦ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠡᠳ᠋ ᠶᠡᠷᠦᠩᠬᠡᠢ ᠰᠠᠶᠢᠳ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠬᠡᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠮᠠ ᠺᠠᠢ ᠬᠤᠷᠠᠯ ᠳᠤ ᠤᠷᠤᠯᠴᠠᠬᠰᠠᠨ ᠤ ᠬᠠᠮᠳᠤ ᠴᠢᠬᠤᠯᠠ ᠶᠠᠷᠢᠶ᠎ᠠ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠤᠶᠢᠷ᠎ᠠ ᠶᠢᠨ ᠬᠤᠭᠤᠴᠠᠭᠠᠨ ᠳᠤ ᠪᠦᠭᠦ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠬᠤᠷᠠᠯᠳᠤᠭᠤᠯᠵᠦ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠬᠢᠨ᠎ᠠ᠃ ᠪᠦᠭᠦ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠤᠯᠤᠨ ᠲᠡᠳ᠋ ᠶᠡᠷᠦᠩᠬᠡᠢ ᠰᠠᠶᠢᠳ ᠮᠠ ᠺᠠᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠨ᠂ ᠪᠦᠭᠦ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠭᠦᠨᠵᠡᠬᠡᠢ ᠦᠷᠨᠢᠬᠦᠯᠬᠦ ᠪᠠᠷ ᠦᠷᠬᠦᠯᠵᠢᠯᠡᠨ ᠭᠦᠴᠦᠯᠡᠵᠦ᠂ ᠭᠦᠨᠳᠦ ᠤᠨᠴᠠ ᠶᠡᠭᠡ ᠠᠳᠡᠯ ᠭᠠᠷᠬᠤ ᠶᠢ ᠡᠷᠡᠰ ᠰᠡᠷᠬᠡᠶᠢᠯᠡᠨ ᠰᠡᠷᠡᠮᠵᠢᠯᠡᠬᠦ ᠪᠠ ᠬᠤᠷᠢᠨᠨᠯᠠᠨ ᠵᠤᠨᠨᠰᠤᠭᠠᠬᠤ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠬᠡᠳ᠂ ᠡᠳᠦᠬᠡ ᠬᠤᠯᠪᠤᠨᠨᠳᠠᠯ ᠪᠦᠭᠦᠢ ᠵᠦᠢᠯᠡᠰ ᠢ ᠲᠤᠤᠷᠠᠬᠢ ᠮᠡᠳᠦ ᠮᠡᠳᠡᠭᠳᠡᠪᠡ᠄             ᠨᠢᠬᠡ᠂ ᠪᠦᠭᠦ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠤᠯᠠᠮ ᠨᠢᠬᠡ ᠠᠯᠬᠤᠮ ᠭᠦᠨᠵᠡᠬᠡᠶᠢᠷᠡᠬᠦᠯᠦᠨ᠎ᠠ             ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠡ ᠨᠢ ᠪᠦᠭᠦ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠤᠯᠤᠨ ᠲᠡᠳ᠋ ᠶᠡᠷᠦᠩᠬᠡᠢ ᠰᠠᠶᠢᠳ ᠮᠠ ᠺᠠᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠲᠦᠷᠦᠭᠦᠦ ᠨᠢᠬᠡ ᠬᠤᠭᠤᠴᠠᠭ᠎ᠠ ᠶᠢᠨ ᠠᠵᠢᠯ ᠤᠨ ᠲᠤᠮᠳᠠ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠳᠠᠯ᠂ ᠪᠠᠭᠤᠷᠠᠢ ᠲᠠᠯ᠎ᠠ ᠪᠠ ᠭᠦᠷᠦᠯᠴᠡᠬᠦ ᠦᠬᠡᠢ ᠬᠠᠮᠤᠷᠤᠬᠳᠠᠬᠤ ᠦᠭᠡᠢ ᠭᠠᠵᠠᠷ ᠲᠤ ᠴᠢᠭᠯᠡᠬᠦᠯᠦᠨ᠂ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠲᠠᠬᠢᠨ ᠪᠠᠶᠢᠷᠢᠯᠠᠭᠤᠯᠵᠦ ᠲᠠᠬᠢᠨ ᠪᠠᠶᠢᠴᠠᠭᠠᠵᠦ ᠲᠠᠬᠢᠨ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠢ ᠬᠦᠴᠦᠯᠡᠨ ᠴᠢᠷᠮᠠᠶᠢᠵᠤ ᠤᠷᠤᠯᠴᠠᠬᠤ ᠪᠦᠭᠡᠳ ᠦᠷᠭᠦᠯᠵᠢᠯᠡᠨ ᠨᠢᠬᠡᠳᠦᠬᠡᠷ ᠹᠷᠦᠨᠲ ᠲᠤ ᠭᠦᠨᠵᠡᠬᠡᠶᠢᠷᠡᠵᠦ ᠲᠦᠷᠦᠭᠦᠯᠡᠨ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠬᠡᠷᠡᠭᠳᠡᠢ᠃ ︽ᠬᠡᠮ ᠰᠤᠭᠤᠭ ᠪᠤᠯ ᠠᠳᠡᠯ︾ ᠬᠡᠬᠦ ᠦᠵᠡᠯ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ᠠᠶᠤᠯ ᠦᠬᠡᠢ ᠦᠢᠯᠡᠳᠪᠦᠷᠢᠯᠡᠯ ᠤᠨ ᠬᠡᠮ ᠰᠤᠭᠤᠭ ᠲᠤ ︽ᠦᠴᠦᠬᠡᠨ ᠳᠤ ᠢᠯᠳᠠᠷ ᠬᠠᠶᠠᠬᠤ ᠦᠬᠡᠢ︾ ᠤᠪᠤᠷ ᠢᠶᠠᠷ᠂ ᠲᠦᠷᠦᠭᠦᠴᠢ ᠶᠢᠨ ᠬᠤᠭᠤᠴᠠᠭᠠᠨ ᠳᠤ ᠢᠯᠡᠷᠡᠬᠦᠯᠦᠭᠰᠡᠨ ᠬᠡᠮ ᠰᠤᠭᠤᠭ ᠪᠠ ᠠᠰᠠᠭᠤᠳᠠᠯ ᠳᠤ ︽ᠡᠷᠬᠢᠵᠦ ᠪᠠᠶᠢᠴᠠᠭᠠᠨ ᠦᠵᠡᠬᠦ︾ ᠶᠠᠪᠤᠳᠠᠯ ᠢ ᠴᠠᠭ ᠲᠤᠬᠠᠢ ᠳᠤᠨᠢ ᠵᠤᠬᠢᠶᠠᠨ ᠪᠠᠶᠢᠭᠤᠯᠤᠨ ᠦᠷᠨᠢᠬᠦᠯᠵᠦ᠂ ᠡᠷᠭᠢᠵᠦ ᠪᠠᠶᠢᠴᠠᠭᠠᠨ ᠨᠢᠬᠡᠳ ᠨᠢᠬᠡ ᠪᠠᠷ ᠲᠠᠬᠢᠵᠦ ᠪᠠᠶᠢᠴᠠᠭᠠᠬᠤ ᠬᠡᠷᠡᠭᠳᠡᠢ ︔ ᠴᠡᠭᠴᠡᠯᠡᠨ ᠦᠬᠡᠷᠡᠴᠢᠯᠡᠬᠦ ᠶᠢ ᠨᠢᠬᠡᠨᠳᠡ ᠪᠡᠶᠡᠯᠡᠬᠦᠯᠦᠭᠰᠡᠨ ᠪᠤᠯ ᠨᠢᠬᠡᠳ ᠨᠢᠬᠡ ᠪᠠᠷ ᠪᠠᠶᠢᠴᠠᠭᠠᠬᠤ ᠪᠠ ᠰᠢᠯᠭᠠᠨ ᠠᠪᠴᠤ᠂ ᠨᠢᠬᠡ ᠵᠦᠢᠯ ᠨᠢ ᠬᠢᠷᠢ ᠲᠡᠩᠴᠡᠪᠡᠯ ᠲᠡᠷᠡ ᠵᠦᠢᠯ ᠢ ᠨᠢ ᠳᠠᠩᠰᠠᠨ ᠳᠠᠬᠢ ᠲᠡᠮᠲᠡᠭᠯᠡᠯ ᠶᠤᠰᠤᠭᠠᠷ ᠬᠠᠰᠤᠬᠤ ᠬᠡᠷᠡᠭᠳᠡᠢ ︔ ᠲᠦᠷ ᠵᠠᠭᠤᠷ᠎ᠠ ᠴᠡᠭᠴᠡᠯᠡᠨ ᠦᠬᠡᠷᠡᠴᠢᠯᠡᠬᠦ ᠪᠤᠯᠤᠮᠵᠢ ᠦᠬᠡᠢ ᠭᠦᠨᠳᠦ ᠶᠡᠭᠡ ᠬᠡᠮ ᠰᠤᠭᠤᠭ ᠢ ᠨᠡᠷ᠎ᠡ ᠵᠢᠭᠠᠵᠦ ᠰᠢᠮᠳᠠᠭᠤᠯᠤᠨ ᠭᠦᠢᠴᠡᠳᠬᠡᠯᠬᠡᠵᠦ᠂ ᠨᠢᠨᠨᠳᠠ ᠴᠢᠩᠭ᠎ᠠ ᠬᠢᠨᠠᠨ ᠡᠵᠡᠮᠳᠡᠬᠦ ᠶᠢᠨ ᠬᠠᠮᠳᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ ︔ ᠱᠠᠭᠠᠷᠳᠠᠯᠭ᠎ᠠ ᠶᠤᠰᠤᠭᠠᠷ ᠦᠯᠦ ᠴᠡᠭᠴᠡᠯᠡᠨ ᠦᠬᠡᠷᠡᠴᠢᠯᠡᠭᠰᠡᠨ ᠢ ᠡᠷᠬᠡᠪᠰᠢ ᠬᠠᠤᠯᠢ ᠶᠤᠰᠤᠭᠠᠷ ᠦᠢᠯᠡᠳᠪᠦᠷᠢᠯᠡᠯ ᠢ ᠨᠢ ᠵᠤᠨᠨᠰᠤᠭᠠᠨ ᠴᠡᠭᠴᠡᠯᠡᠵᠦ ᠴᠢᠨ᠋ᠬᠠᠰᠢᠯᠠᠨ ᠡᠭᠦᠳᠡ ᠶᠢ ᠨᠢ ᠬᠠᠭᠠᠯᠭᠠᠵᠤ ᠭᠦᠴᠦᠨ ᠦᠬᠡᠢ ᠪᠤᠯᠭᠠᠬᠤ ᠶᠢᠨ ᠬᠠᠮᠳᠤ᠂ ᠬᠠᠤᠯᠢ ᠲᠦᠷᠢᠮ ᠶᠤᠰᠤᠭᠠᠷ ᠴᠢᠩᠭ᠎ᠠ ᠬᠠᠷᠢᠭᠤᠴᠠᠯᠭ᠎ᠠ ᠬᠡᠯᠡᠯᠴᠡᠬᠦ ᠬᠡᠷᠡᠭᠳᠡᠢ᠃ ᠡᠯ᠎ᠡ ᠭᠠᠵᠠᠷ ᠤᠷᠤᠨ ᠨᠢ ᠠᠵᠦ ᠠᠬᠤᠶᠢᠯᠠᠯ ᠤᠨ ᠦᠢᠯᠡᠳᠪᠦᠷᠢᠯᠡᠯ ᠪᠠ ᠠᠵᠢᠯ ᠢᠶᠠᠨ ᠰᠡᠷᠭᠦᠬᠡᠬᠦ ᠳᠤ ᠰᠢᠯᠭᠠᠨ ᠠᠪᠴᠤ ᠡᠵᠡᠮᠳᠡᠬᠦ ᠶᠢ ᠴᠢᠩᠭᠠᠳᠬᠠᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠦᠢᠯᠡᠳᠪᠦᠷᠢᠯᠡᠯ ᠪᠠ ᠠᠵᠢᠯ ᠢᠶᠠᠨ ᠵᠤᠬᠰᠤᠭᠠᠬᠰᠠᠨ ᠪᠤᠶᠤ ᠵᠠᠷᠯᠢᠭ ᠢᠶᠠᠷ ᠦᠢᠯᠡᠳᠪᠦᠷᠢᠯᠡᠯ ᠪᠠ ᠠᠵᠢᠯ ᠢᠶᠠᠨ ᠠᠵᠦ ᠠᠬᠤᠶᠢᠯᠠᠯ ᠤᠳ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠬᠦ ᠳᠤ᠂ ᠡᠷᠬᠡᠪᠰᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠨ ᠢᠶᠠᠷ ᠭᠠᠷ ᠤᠨ ᠦᠰᠦᠭ ᠵᠢᠷᠤᠭᠤᠯᠦᠨ ᠵᠦᠪᠰᠢᠶᠡᠷᠡᠬᠦᠯᠵᠦ᠂ ᠰᠢᠯᠭᠠᠨ ᠠᠪᠬᠤ ᠶᠢ ᠦᠩᠬᠡᠷᠡᠭᠦᠯᠦᠭᠰᠡᠨ ᠦᠬᠡᠢ ᠪᠠᠷ ᠲᠤᠷ᠎ᠠ ᠪᠠᠷ ᠦᠢᠯᠡᠳᠪᠦᠷᠢᠯᠡᠯ ᠪᠠ ᠠᠵᠢᠯ ᠢᠶᠠᠨ ᠰᠡᠷᠬᠦᠬᠡᠭᠰᠡᠨ ᠵᠢᠴᠢ ᠰᠢᠯᠭᠠᠨ ᠠᠪᠴᠤ ᠬᠢᠨᠠᠨ ᠪᠠᠶᠢᠴᠠᠭᠠᠬᠤ ᠳᠤ ᠬᠤᠳᠠᠯ ᠬᠠᠭᠤᠷᠮᠠᠭ ᠶᠠᠭᠤᠮ᠎ᠠ ᠵᠤᠬᠢᠶᠠᠵᠦ᠂ ᠡᠵᠡᠮᠳᠡᠭᠰᠡᠨ ᠨᠢ ᠴᠢᠩᠭ᠎ᠠ ᠦᠬᠡᠢ ᠪᠠᠶᠢᠪᠠᠯ᠂ ᠡᠷᠡᠰ ᠴᠢᠩᠭ᠎ᠠ ᠪᠠᠶᠢᠴᠠᠭᠠᠨ ᠰᠶᠢᠳᠪᠦᠷᠢᠯᠡᠬᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠠᠶᠤᠯ ᠦᠬᠡᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠬᠡᠷ ᠨᠢ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠵᠢᠢ ᠲᠤᠬᠢᠷᠠᠭᠤᠯᠵᠦ ᠮᠡᠳᠡᠬᠡᠯᠡᠬᠦ ᠠᠵᠢᠯ ᠢ ᠴᠢᠩᠭᠠᠳᠬᠠᠬᠤ ᠬᠡᠷᠡᠭᠳᠡᠢ᠃ ᠡᠯ᠎ᠡ ᠠᠶᠢᠮᠠᠭ ᠬᠤᠳᠠ ᠨᠢ ᠱᠠᠭᠠᠷᠳᠠᠯᠭ᠎ᠠ ᠶᠤᠰᠤᠭᠠᠷ ᠶᠡᠭᠡ ᠪᠠᠶᠢᠴᠠᠭᠠᠯᠳᠠ ᠶᠢ ᠦᠷᠨᠢᠬᠦᠯᠦᠭᠰᠡᠨ ᠪᠠᠶᠢᠳᠠᠯ ᠢ ᠭᠠᠷᠠᠭ ᠪᠦᠷᠢ ᠲᠡᠬᠡᠭᠰᠢ ᠮᠡᠳᠡᠬᠦᠯᠬᠦ ᠶᠢᠨ ᠬᠠᠮᠳᠤ᠂ ᠨᠠᠭᠠᠳᠤ ᠵᠠᠬ᠎ᠠ ᠳᠠᠭᠠᠨ 1 ᠨᠡᠶᠢᠳᠡᠯᠢᠭ ᠬᠡᠷᠡᠭ ᠢ ᠮᠡᠳᠡᠬᠦᠯᠦᠨ ᠭᠦᠷᠬᠡᠬᠦ ᠬᠡᠷᠡᠭᠳᠡᠢ᠃           ᠬᠤᠶᠠᠷ᠂ ᠭᠤᠤᠯᠳᠠᠯᠭ᠎ᠠ ᠲᠠᠢ ᠠᠵᠢᠯ ᠲᠦᠷᠦᠯ ᠭᠦᠷᠢᠶ᠎ᠡ ᠴᠠᠷᠠᠭ᠎ᠠ ᠶᠢᠨ ᠲᠤᠰᠬᠠᠢ ᠴᠡᠭᠴᠡᠯᠡᠨ ᠵᠠᠰᠠᠬᠤ ᠶᠢ ᠦᠷᠬᠦᠯᠵᠢᠯᠡᠨ ᠯᠠᠪᠳᠠᠭᠤᠨ ᠪᠠᠳᠤᠳᠠᠢ ᠦᠷᠨᠢᠬᠦᠯᠦᠨ᠎ᠠ           ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠡ ᠨᠢ ︽ᠨᠠᠮ ᠵᠠᠰᠠᠭ ᠠᠳᠠᠯᠢ ᠬᠠᠷᠢᠭᠤᠴᠠᠯᠭ᠎ᠠ ᠡᠬᠦᠷᠬᠡᠯᠡᠵᠦ᠂ ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠬᠡᠯᠡᠬᠦ︾᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠬᠠᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠳᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠤᠯᠴᠢᠯᠠᠨ ᠬᠠᠮᠢᠶᠠᠷᠪᠡᠯ ᠲᠡᠷᠡ ᠬᠠᠷᠢᠭᠤᠴᠠᠬᠤ︾ ᠵᠠᠷᠴᠢᠮ ᠶᠤᠰᠤᠭᠠᠷ᠂ ᠲᠤᠰ ᠭᠠᠵᠠᠷ ᠤᠷᠤᠨ᠂ ᠲᠤᠰ ᠠᠵᠢᠯ ᠲᠦᠷᠦᠯ᠂ ᠲᠤᠰ ᠨᠢᠬᠡᠴᠡ ᠶᠢᠨ ᠠᠶᠤᠯ ᠦᠬᠡᠢ ᠦᠢᠯᠡᠳᠪᠦᠷᠢᠯᠡᠯ ᠤᠨ ᠭᠤᠤᠯᠳᠠᠯᠭ᠎ᠠ ᠲᠠᠢ ᠪᠠ ᠪᠠᠭᠤᠷᠠᠢ ᠲᠠᠯ᠎ᠠ ᠶᠢ ᠬᠢᠨᠠᠮᠠᠭᠠᠢ ᠡᠮᠬᠢᠯᠡᠵᠦ᠂ ᠬᠠᠨᠳᠤᠯᠭᠠᠳᠤ ᠴᠢᠨᠠᠷ ᠲᠠᠢ ᠪᠠᠷ ᠴᠡᠭᠴᠡᠯᠡᠨ ᠵᠠᠰᠠᠬᠤ ᠶᠢ ᠦᠷᠨᠢᠬᠦᠯᠬᠦ ᠬᠡᠷᠡᠭᠳᠡᠢ᠃ ᠨᠡᠭᠦᠷᠡᠰᠦᠨ ᠠᠭᠤᠷᠬᠠᠢ ᠶᠢᠨ ᠲᠤᠰᠬᠠᠢ ᠴᠡᠭᠴᠡᠯᠡᠨ ᠵᠠᠰᠠᠬᠤ ᠶᠢ ᠲᠤᠪᠤᠶᠢᠮ᠎ᠠ ᠰᠠᠶᠢᠳᠤᠷ ᠠᠳᠬᠤᠵᠦ᠂ ᠴᠢᠳᠠᠮᠵᠢ ᠠᠴᠠ ᠪᠠᠨ ᠲᠠᠪᠠᠭᠤᠯᠵᠦ ᠬᠢᠵᠠᠭᠠᠷ ᠠᠴᠠ ᠨᠢ ᠬᠡᠳᠦᠷᠡᠬᠦᠯᠦᠨ ᠦᠢᠯᠡᠳᠪᠦᠷᠢᠯᠡᠬᠦ ᠶᠢ ᠴᠢᠩᠭ᠎ᠠ ᠬᠤᠷᠢᠨᠨᠯᠠᠨ᠂ ᠦᠢᠯᠡᠳᠪᠦᠷᠢᠯᠡᠯ ᠪᠠ ᠠᠵᠢᠯ ᠢᠶᠠᠨ ᠰᠡᠷᠬᠦᠬᠡᠬᠦ ᠳᠤ ᠰᠢᠯᠭᠠᠨ ᠠᠪᠬᠤ ᠶᠢ ᠴᠢᠩᠳᠠᠯᠠᠵᠦ᠂ ᠭᠠᠰ᠂ ᠤᠰᠤᠨ ᠭᠠᠮᠰᠢᠭ᠂ ᠭᠠᠯ ᠤᠨ ᠠᠶᠤᠯ ᠤᠨ ᠬᠡᠮ ᠰᠤᠭᠤᠭ ᠢ ᠵᠠᠰᠠᠬᠤ ᠶᠢ ᠴᠢᠩᠭᠠᠳᠬᠠᠬᠤ ᠬᠡᠷᠡᠭᠳᠡᠢ᠃ ᠠᠶᠤᠯ ᠲᠠᠢ ᠬᠢᠮᠢ ᠶᠢᠨ ᠪᠤᠳᠠᠰ ᠢ ᠵᠠᠰᠠᠬᠤ ᠶᠢ ᠲᠤᠪᠤᠶᠢᠮ᠎ᠠ ᠰᠠᠶᠢᠳᠤᠷ ᠠᠳᠬᠤᠵᠦ᠂ ᠲᠦᠯᠦᠪᠵᠢᠬᠦᠯᠵᠦ ᠪᠠᠶᠢᠷᠢᠯᠠᠭᠤᠯᠬᠤ᠂ ᠡᠬᠢ ᠡᠭᠦᠰᠦᠯ ᠠᠴᠠ ᠨᠢ ᠵᠦᠪᠰᠢᠶᠡᠷᠡᠨ ᠤᠷᠤᠭᠤᠯᠬᠤ᠂ ᠲᠦᠭᠰᠢᠬᠦᠷᠢ ᠶᠢ ᠵᠢᠨᠨᠰᠠᠭᠠᠨ ᠪᠠᠶᠢᠴᠠᠭᠠᠬᠤ᠂ ᠬᠠᠮᠢᠶᠠᠷᠴᠤ ᠡᠵᠡᠮᠳᠡᠬᠦ ᠶᠢ ᠴᠢᠩᠭᠠᠷᠠᠭᠤᠯᠬᠤ᠂ ᠡᠬᠦᠳᠡ ᠶᠢ ᠨᠢ ᠬᠠᠭᠠᠵᠦ ᠨᠡᠬᠦᠨ ᠰᠢᠯᠵᠢᠬᠦ ᠵᠡᠷᠬᠡ ᠲᠠᠯ᠎ᠠ ᠵᠢᠴᠢ ᠦᠢᠯᠡᠳᠪᠦᠷᠢᠯᠡᠯ᠂ ᠬᠠᠳᠠᠭᠠᠯᠠᠯᠳᠠ᠂ ᠡᠵᠡᠩᠨᠡᠯᠳᠡ᠂ ᠲᠡᠬᠡᠬᠡᠪᠦᠷᠢ᠂ ᠬᠡᠷᠡᠭᠯᠡᠯᠳᠡ ᠵᠡᠷᠬᠡ ᠡᠯ᠎ᠡ ᠲᠠᠯ᠎ᠠ ᠠᠴᠠ ᠠᠶᠤᠯ ᠲᠠᠢ ᠬᠢᠮᠢ ᠶᠢᠨ ᠪᠤᠳᠠᠰ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠳᠡᠢ᠃ ᠵᠠᠮ ᠬᠠᠷᠢᠯᠴᠠᠭ᠎ᠠ ᠲᠡᠬᠡᠬᠡᠪᠦᠷᠢ ᠵᠢᠢᠨ ᠠᠮᠤᠷ ᠲᠦᠪᠰᠢᠨ ᠢ ᠲᠤᠪᠤᠶᠢᠮ᠎ᠠ ᠰᠠᠶᠢᠳᠤᠷ ᠠᠳᠬᠤᠵᠦ᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠠᠶᠠᠯᠠᠯ ᠤᠨ ᠠᠮᠤᠷ ᠲᠦᠪᠰᠢᠨ ᠤ ᠲᠤᠰᠬᠠᠢ ᠵᠠᠰᠠᠯᠳᠠ ᠶᠢ ᠭᠦᠨᠵᠡᠬᠡᠢ ᠦᠷᠨᠢᠬᠦᠯᠦᠨ᠂ ᠠᠶᠠᠨᠴᠢᠳ ᠤᠨ ᠲᠡᠷᠬᠡ᠂ ᠵᠢᠭᠤᠯᠴᠢᠯᠠᠯ ᠤᠨ ᠭᠦᠯᠦᠰᠦᠯᠡᠭᠰᠡᠨ ᠲᠡᠷᠬᠡ ᠪᠠ ᠠᠶᠤᠯ ᠲᠠᠢ ᠬᠢᠮᠢ ᠶᠢᠨ ᠪᠤᠳᠠᠰ᠂ ᠬᠤᠸᠠᠷᠳᠤ ᠫᠤᠤᠵᠢᠩ᠂ ᠠᠷᠠᠳ ᠤᠨ ᠬᠡᠷᠡᠭᠯᠡᠬᠡᠨ ᠤ ᠲᠡᠯᠪᠡᠴᠢᠬᠦ ᠪᠤᠳᠠᠰ ᠵᠦᠬᠡᠬᠡᠪᠦᠷᠢᠯᠡᠬᠦ ᠵᠠᠮ ᠤᠨ ᠲᠤᠰᠬᠠᠢ ᠬᠡᠷᠡᠭᠯᠡᠬᠦ ᠲᠡᠬᠡᠬᠡᠪᠦᠷᠢ ᠶᠢᠨ ᠲᠡᠷᠬᠡ ᠭᠦᠰᠬᠡ᠂ ᠲᠤᠮᠤ ᠬᠡᠯᠪᠡᠷᠢ ᠶᠢᠨ ᠲᠡᠬᠡᠬᠡᠪᠦᠷᠢ ᠶᠢᠨ ᠲᠡᠷᠬᠡ ︵ᠪᠠᠷᠢᠯᠭ᠎ᠠ ᠶᠢᠨ ᠲᠡᠷᠬᠡ︶ ᠵᠡᠷᠬᠡ ᠭᠤᠤᠯᠳᠠᠯᠭ᠎ᠠ ᠲᠠᠢ ᠲᠡᠷᠬᠡ ᠭᠦᠰᠬᠡ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃ ᠪᠠᠷᠢᠯᠭ᠎ᠠ ᠶᠢᠨ ᠠᠵᠢᠯ ᠤᠨ ᠲᠤᠰᠬᠠᠢ ᠵᠠᠰᠠᠯᠳᠠ ᠶᠢ ᠲᠤᠪᠤᠶᠢᠮ᠎ᠠ ᠰᠠᠶᠢᠳᠤᠷ ᠠᠳᠬᠤᠵᠦ᠂ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠨᠤᠷᠠᠬᠤ ᠠᠴᠠ ᠰᠡᠷᠬᠡᠶᠢᠯᠡᠬᠦ ᠶᠢ ᠭᠤᠤᠯᠳᠠᠯᠭ᠎ᠠ ᠪᠤᠯᠭᠠᠵᠦ᠂ ᠦᠨᠳᠦᠷ ᠲᠡᠬᠡᠷ᠎ᠡ ᠪᠠᠷᠢᠯᠭ᠎ᠠ ᠶᠢᠨ ᠠᠵᠢᠯ ᠬᠢᠬᠦ ᠲᠡᠪᠴᠡᠩ᠂ ᠭᠦᠨᠳᠦ ᠡᠷᠬᠦᠬᠦ ᠮᠠᠰᠢᠨ᠂ ᠭᠦᠭᠦᠷᠬᠡ ᠲᠠᠯᠪᠢᠬᠤ ᠮᠠᠰᠢᠨ᠂ ᠴᠠᠬᠤᠯᠠᠭᠤᠷ᠂ ᠬᠡᠪᠰᠢᠮᠡᠯ ᠬᠠᠪᠳᠠᠰᠤ ᠶᠢᠨ ᠲᠤᠯᠭᠠᠭᠤᠷᠯᠠᠬᠤ ᠵᠡᠷᠬᠡ ᠠᠵᠢᠯ ᠤᠨ ᠶᠠᠪᠤᠴᠠ ᠳᠠᠬᠢ ᠲᠤᠨᠨᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠠᠰᠠᠵᠦ᠂ ᠬᠠᠤᠯᠢ ᠠᠴᠠ ᠵᠦᠷᠢᠴᠡᠵᠦ ᠬᠤᠪᠢᠶᠠᠨ ᠲᠠᠭᠠᠭᠠᠴᠢᠯᠠᠭᠤᠯᠬᠤ᠂ ᠰᠢᠯᠵᠢᠬᠦᠯᠦᠨ ᠲᠠᠭᠠᠭᠠᠴᠢᠯᠠᠭᠤᠯᠬᠤ ᠪᠠ ᠲᠠᠭᠠᠭᠠᠴᠢᠯᠠᠭᠤᠯᠬᠤ ᠪᠠᠷ ᠬᠠᠮᠢᠶᠠᠷᠬᠤ ᠶᠢ ᠤᠷᠤᠯᠠᠭᠤᠯᠬᠤ ᠵᠡᠷᠬᠡ ᠦᠢᠯᠡ ᠠᠵᠢᠯᠯᠠᠭ᠎ᠠ ᠶᠢ ᠡᠷᠡᠰ ᠴᠠᠭᠠᠵᠠᠯᠠᠬᠤ ᠬᠡᠷᠡᠭᠳᠡᠢ᠃ ᠬᠤᠳᠠ ᠶᠢᠨ ᠠᠮᠤᠷ ᠲᠦᠪᠰᠢᠨ ᠤ ᠲᠦᠭᠰᠢᠭᠦᠷᠢ ᠰᠡᠷᠡᠮᠵᠢᠯᠡᠬᠦᠯᠬᠦ ᠶᠢ ᠲᠤᠪᠤᠶᠢᠮ᠎ᠠ ᠰᠠᠶᠢᠳᠤᠷ ᠠᠳᠬᠤᠵᠦ᠂ ᠬᠤᠳᠠ ᠶᠢᠨ ᠦᠨᠳᠦᠷ ᠪᠠᠷᠢᠯᠭ᠎ᠠ᠂ ᠲᠤᠮᠤ ᠬᠡᠯᠪᠡᠷᠢ ᠵᠢᠢᠨ ᠶᠡᠷᠦᠩᠬᠡᠶᠢᠯᠡᠭᠰᠡᠨ ᠴᠤᠨᠨᠴᠠ᠂ ᠨᠦᠬᠡᠨ ᠵᠠᠮ ᠭᠦᠭᠦᠷᠬᠡ᠂ ᠬᠤᠭᠤᠯᠠᠶᠢᠳᠤ ᠱᠤᠭᠤᠮ ᠬᠤᠭᠤᠯᠠᠶᠢᠳᠤ ᠬᠤᠩᠬᠢᠯ᠂ ᠲᠡᠮᠦᠷ ᠵᠢᠮᠳᠤ ᠵᠠᠮ ᠬᠠᠷᠢᠯᠴᠠᠭ᠎ᠠ ᠵᠡᠷᠬᠡ ᠲᠦᠭᠰᠢᠭᠦᠷᠢᠳᠦ ᠭᠠᠵᠠᠷ᠂ ᠲᠦᠭᠰᠢᠭᠦᠷᠢ ᠶᠢᠨ ᠡᠬᠢ ᠶᠢ ᠭᠦᠴᠦᠯᠡᠨ ᠬᠢᠨᠠᠨ ᠡᠵᠡᠮᠳᠡᠵᠦ ᠵᠢᠨᠨᠰᠠᠭᠠᠨ ᠪᠠᠶᠢᠴᠠᠭᠠᠬᠤ ᠬᠡᠷᠡᠭᠳᠡᠢ᠃ ᠬᠠᠤᠯᠢ ᠪᠤᠰᠤ ᠪᠠ ᠬᠠᠤᠯᠢ ᠠᠴᠠ ᠵᠦᠷᠢᠴᠡᠭᠰᠡᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠳᠤ ᠴᠤᠬᠢᠯᠳᠠ ᠦᠭᠴᠤ᠂ ᠴᠢᠩᠭ᠎ᠠ ᠱᠠᠭᠠᠷᠳᠠᠯᠭᠠᠲᠦ ᠪᠠᠶᠢᠳᠠᠯ ᠢ ᠦᠷᠬᠦᠯᠵᠢᠯᠡᠨ ᠪᠠᠷᠢᠮᠳᠠᠯᠠᠵᠦ᠂ ᠬᠢᠨᠠᠨ ᠬᠠᠮᠢᠶᠠᠷᠴᠦ ᠬᠠᠤᠯᠢ ᠬᠡᠷᠡᠭᠵᠢᠬᠦᠯᠬᠦ ᠪᠠ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ᠂ ᠡᠷᠡᠭᠦᠦ ᠶᠢᠨ ᠬᠡᠷᠡᠭ ᠤᠨ ᠬᠠᠤᠯᠢ ᠴᠠᠭᠠᠵᠠ᠂ ᠨᠠᠮ ᠵᠠᠰᠠᠭ ᠤᠨ ᠰᠠᠬᠢᠯᠭ᠎ᠠ ᠪᠠᠳᠤ ᠵᠡᠷᠬᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠴᠠᠭᠠᠵᠠ ᠲᠦᠷᠢᠮ ᠲᠤᠨᠨᠳᠠᠭᠠᠯ ᠠᠴᠠ ᠵᠦᠷᠢᠴᠡᠭᠰᠡᠨ ᠡᠯ᠎ᠡ ᠲᠦᠷᠦᠯ ᠤᠨ ᠦᠢᠯᠡᠳᠪᠦᠷᠢᠯᠡᠵᠦ ᠡᠵᠡᠩᠨᠡᠵᠦ ᠪᠦᠳᠦᠬᠡᠨ ᠪᠠᠶᠢᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠬᠡᠷᠡᠭᠳᠡᠢ᠃          ᠭᠤᠷᠪᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠪᠦᠭᠦ ᠲᠠᠯ᠎ᠠ ᠪᠠᠷ ᠰᠠᠶᠢᠳᠤᠷ ᠬᠢᠨ᠎ᠠ          ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠡ ᠨᠢ ︽ᠬᠤᠶᠠᠷ ᠬᠤᠷᠠᠯ︾᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠰᠠᠶᠢᠳᠤᠷ ᠬᠢᠬᠦ ᠲᠤᠬᠠᠢ ᠤᠯᠤᠰ᠂ ᠦᠪᠡᠷᠳᠡᠬᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠲᠦᠷᠦᠭᠦᠴᠢ ᠬᠤᠭᠤᠴᠠᠭᠠᠨ ᠤ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠰᠠᠭᠤᠷᠢᠨ ᠲᠡᠬᠡᠷ᠎ᠡ᠂ ᠤᠳᠤᠬᠢ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠲᠠᠷᠤᠢ ᠲᠦᠷᠬᠡᠨ ᠲᠠᠬᠢᠨ ᠲᠠᠶᠢᠴᠢᠯᠠᠵᠦ ᠲᠠᠬᠢᠨ ᠪᠠᠶᠢᠷᠢᠯᠠᠭᠤᠯᠵᠦ᠂ ᠡᠯ᠎ᠡ ᠵᠦᠢᠯ ᠤᠨ ᠬᠠᠷᠢᠭᠤᠴᠠᠯᠭ᠎ᠠ ᠪᠠ ᠰᠡᠷᠬᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠤᠳᠠᠳᠠᠶᠢᠵᠢᠭᠤᠯᠵᠦ᠂ ᠲᠤᠤᠱᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠤᠷᠤᠨ ᠨᠤᠲᠤᠬ ᠤᠨ ᠡᠯ᠎ᠡ ᠱᠠᠳᠤᠨ ᠤ ᠵᠠᠰᠠᠭ ᠤᠨ ᠤᠷᠳᠤᠨ ᠨᠢ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠪᠠᠶᠢᠴᠠᠭᠠᠵᠦ ᠨᠠᠶᠢᠳᠠᠪᠤᠷᠢᠵᠢᠭᠤᠯᠬᠤ ᠪᠠᠨ ᠴᠢᠩᠭᠠᠳᠬᠠᠨ᠂ ᠡᠯ᠎ᠡ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠬᠡᠯᠡᠵᠦ᠂ ᠠᠵᠢᠯ ᠲᠦᠷᠦᠯ ᠬᠤᠪᠢᠶᠠᠨ ᠰᠠᠶᠢᠳᠤᠷ ᠰᠠᠬᠢᠵᠦ᠂ ᠠᠵᠦ ᠠᠬᠤᠶᠢᠯᠠᠯ ᠳᠤ ᠬᠢᠨᠠᠯᠳᠠ ᠲᠠᠯᠪᠢᠵᠦ ᠪᠠᠶᠢᠭᠠᠳ ᠬᠠᠷᠢᠭᠤᠴᠠᠯᠭ᠎ᠠ ᠶᠢ ᠠᠵᠢᠯ ᠤᠨ ᠪᠠᠶᠢᠷᠢ᠂ ᠠᠩᠬᠢ ᠲᠤᠭᠤᠶᠢᠯᠠᠩ᠂ ᠦᠢᠯᠡᠳᠪᠦᠷᠢ ᠶᠢᠨ ᠲᠠᠰᠤᠭ᠂ ᠠᠵᠢᠯᠳᠠᠨ ᠨᠢᠬᠡᠪᠦᠷᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠤᠶᠢᠷ᠎ᠠ ᠶᠢᠨ ᠬᠤᠭᠤᠴᠠᠭᠠᠨ ᠳᠤ ᠤᠷᠤᠨ ᠤ ᠭᠠᠳᠠᠨᠠᠬᠢ ᠬᠤᠸᠠᠷᠳᠤ ᠫᠤᠤᠵᠢᠩ ᠲᠡᠯᠪᠡᠷᠡᠭᠰᠡᠨ ᠬᠡᠷᠡᠭ ᠠᠴᠠ ᠭᠦᠨᠵᠡᠬᠡᠢ ᠰᠤᠷᠭᠠᠮᠵᠢ ᠠᠪᠴᠤ᠂ ᠲᠦᠭᠦᠬᠡᠢ ᠡᠳ᠋᠂ ᠦᠢᠯᠡᠳᠪᠦᠷᠢᠯᠡᠯ᠂ ᠬᠠᠳᠠᠭᠠᠯᠠᠯᠳᠠ᠂ ᠲᠡᠬᠡᠬᠡᠪᠦᠷᠢᠯᠡᠯᠳᠡ ᠪᠤᠷᠤᠯᠠᠭᠤᠯᠤᠯᠳᠠ ᠵᠡᠷᠬᠡ ᠡᠯ᠎ᠡ ᠲᠠᠯ᠎ᠠ ᠠᠴᠠ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠂ ᠡᠯ᠎ᠡ ᠲᠦᠷᠦᠯ ᠤᠨ ᠬᠠᠤᠯᠢ ᠪᠤᠰᠤ ᠪᠠ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠬᠡᠬᠦ ᠬᠡᠷᠡᠭᠳᠡᠢ᠃ ᠵᠠᠮ ᠬᠠᠷᠢᠯᠴᠠᠭ᠎ᠠ ᠲᠡᠬᠡᠬᠡᠪᠦᠷᠢ ᠶᠢᠨ ᠠᠮᠤᠷ ᠲᠦᠪᠰᠢᠨ ᠤ ᠬᠢᠨᠠᠨ ᠬᠠᠮᠢᠶᠠᠷᠴᠦ ᠬᠠᠤᠯᠢ ᠬᠡᠷᠡᠭᠵᠢᠬᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠦ᠂ ︽ᠬᠡᠳᠦᠷᠡᠳᠡᠯ᠎ᠡ ᠭᠦᠮᠦᠨ ᠰᠠᠭᠤᠯᠭᠠᠬᠤ᠂ ᠬᠡᠳᠦᠷᠡᠳᠡᠯ᠎ᠡ ᠬᠤᠷᠳᠤᠨ ᠵᠢᠯᠤᠭᠤᠳᠬᠤ᠂ ᠬᠡᠳᠦᠷᠡᠳᠡᠯ᠎ᠡ ᠠᠴᠢᠶ᠎ᠠ ᠠᠴᠢᠬᠤ᠂ ᠠᠷᠢᠬᠢ ᠤᠤᠭᠤᠨᠨᠰᠠᠨ ᠤ ᠲᠠᠷᠠᠭ᠎ᠠ ᠲᠡᠷᠬᠡ ᠵᠢᠯᠤᠭᠤᠳᠬᠤ᠂ ᠬᠤᠤᠷ ᠲᠠᠳ᠋ᠬᠠᠰᠨᠨ ᠤ ᠲᠠᠷᠠᠭ᠎ᠠ ᠲᠡᠷᠬᠡ ᠵᠢᠯᠤᠭᠤᠳᠬᠤ︾ ᠵᠡᠷᠬᠡ ᠬᠠᠤᠯᠢ ᠴᠠᠭᠠᠵᠠ ᠲᠦᠷᠢᠮ ᠲᠤᠨᠨᠳᠠᠭᠠᠯ ᠠᠴᠠ ᠭᠦᠨᠳᠦ ᠨᠤᠴᠢᠳᠠᠢ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠬᠡᠬᠦ ᠬᠡᠷᠡᠭᠳᠡᠢ᠃ ᠰᠤᠷᠭᠠᠭᠤᠯᠢ ᠡᠮᠨᠡᠯᠬᠡ ᠶᠢᠨ ᠬᠤᠷᠢᠶ᠎ᠠ᠂ ᠪᠠᠭᠤᠳᠠᠯ ᠬᠤᠭᠤᠯᠠᠨ ᠬᠡᠷ᠂ ᠬᠤᠳᠠᠯᠳᠤᠭᠠᠨ ᠤ ᠭᠠᠵᠠᠷ᠂ ᠵᠠᠬ᠎ᠠ ᠲᠡᠯᠬᠡᠭᠦᠷ᠂ ᠵᠤᠭ᠎ᠠ ᠴᠡᠩᠬᠡᠯ ᠤᠨ ᠲᠠᠯᠠᠪᠤᠷ ᠭᠠᠵᠠᠷ᠂ ᠨᠡᠶᠢᠬᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠬᠡ ᠭᠤᠤᠯᠳᠠᠯᠭ᠎ᠠ ᠲᠠᠢ ᠤᠷᠤᠨ ᠳᠠᠬᠢ ᠭᠠᠯ ᠰᠡᠷᠬᠡᠶᠢᠯᠡᠬᠦ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠵᠦ᠂ ︽ᠪᠢᠳᠡᠬᠦᠨ ᠤ ᠰᠦᠨᠢ︾ ᠵᠡᠷᠬᠡ ᠶᠢᠨ ᠲᠤᠮᠤ ᠬᠡᠯᠪᠡᠷᠢ ᠶᠢᠨ ᠴᠤᠨᠨᠯᠠᠭ᠎ᠠ᠂ ᠬᠤᠳᠠᠯᠳᠤᠭᠠᠨ ᠤ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠ ᠤᠯᠠᠨ ᠲᠦᠮᠡᠨ ᠤ ᠠᠶᠠᠨᠳᠠᠭᠠᠨ ᠦᠷᠨᠢᠭᠦᠯᠦᠭᠰᠡᠨ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠠᠯ ᠤᠨ ᠠᠶᠤᠯ᠂ ᠴᠢᠬᠢᠯᠳᠦᠵᠦ ᠰᠢᠬᠠᠯᠳᠤᠬᠤ᠂ ᠬᠢᠰᠬᠢᠯᠳᠦᠬᠦ ᠵᠡᠷᠬᠡ ᠤᠯᠠᠨ ᠭᠦᠮᠦᠨ ᠠᠳᠡᠵᠦ ᠰᠢᠷᠬᠠᠳᠤᠬᠤ ᠠᠳᠡᠯ ᠭᠠᠷᠬᠤ ᠠᠴᠠ ᠰᠡᠷᠬᠡᠶᠢᠯᠡᠬᠦ ᠬᠡᠷᠡᠭᠳᠡᠢ᠃ ᠵᠢᠵᠢᠭᠦᠷᠯᠡᠬᠦ ᠪᠠ ᠵᠢᠵᠢᠭᠦᠷᠯᠡᠨ ᠰᠠᠬᠢᠬᠤ ᠶᠢ ᠴᠢᠩᠭᠠᠷᠠᠭᠤᠯᠵᠦ᠂ ᠤᠳᠤᠷᠢᠳᠬᠤ ᠺᠠᠳ᠋ᠷ ᠲᠠᠭᠠᠭᠤᠯᠤᠨ ᠵᠢᠵᠢᠭᠦᠷᠯᠡᠬᠦ᠂ ᠵᠠᠩᠬᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠬᠦᠷᠯᠡᠬᠦ ᠲᠦᠷᠢᠮ ᠪᠠ ᠠᠳᠡᠯ ᠤᠨ ᠮᠡᠳᠡᠭᠡ ᠵᠠᠩᠬᠢ ᠶᠢ ᠮᠡᠳᠡᠬᠦᠯᠬᠦ ᠲᠦᠷᠢᠮ ᠢ ᠴᠢᠩᠳᠠᠯᠠᠨ᠂ ᠭᠠᠢ ᠭᠠᠮᠰᠢᠭ ᠡᠭᠦᠰᠬᠦ ᠴᠢᠨᠠᠷᠳᠠᠢ ᠴᠠᠭ ᠠᠭᠤᠷ ᠢ ᠲᠦᠰᠦᠬᠡᠯᠡᠵᠦ ᠤᠷᠢᠳᠴᠢᠯᠠᠨ ᠮᠡᠳᠡᠬᠡᠯᠡᠬᠦ᠂ ᠭᠦᠮᠦᠨ ᠪᠠ ᠮᠠᠰᠢᠨ ᠲᠡᠷᠭᠡ ᠶᠢᠨ ᠶᠠᠪᠤᠵᠦ ᠬᠦᠳᠡᠯᠬᠦ ᠶᠢ ᠬᠢᠨᠠᠨ ᠰᠢᠨᠵᠢᠬᠦ ᠶᠢ ᠴᠢᠩᠭᠠᠳᠬᠠᠵᠦ᠂ ᠤᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠨ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠵᠦ ᠰᠶᠢᠳᠪᠦᠷᠢᠯᠡᠬᠦ ᠪᠡᠯᠡᠳᠭᠡᠯ ᠲᠦᠰᠦᠯ ᠢ ᠪᠦᠷᠢᠨᠰᠢᠬᠦᠯᠦᠨ ᠨᠠᠷᠢᠯᠢᠨᠨᠵᠢᠭᠤᠯᠵᠦ᠂ ᠠᠳᠡᠯ ᠡᠭᠦᠰᠪᠡᠯ ᠲᠠᠷᠦ᠋ᠢᠬᠠᠨ ᠪᠦᠳᠦᠮᠵᠢᠳᠡᠢ ᠰᠶᠢᠳᠪᠦᠷᠢᠯᠡᠵᠦ ᠴᠢᠳᠠᠬᠤ ᠶᠢ ᠪᠠᠳᠤᠯᠠᠬᠤ ᠬᠡᠷᠡᠭᠳᠡᠢ᠃ ᠤᠬᠠᠭᠤᠯᠵᠦ ᠭᠦᠮᠦᠵᠢᠬᠦᠯᠬᠦ ᠪᠠᠨ ᠴᠢᠩᠭᠠᠳᠬᠠᠵᠦ᠂ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠨᠨᠯᠠᠨ᠂ ᠠᠮᠤᠷ ᠲᠦᠪᠰᠢᠨ ᠤ ᠤᠬᠠᠭᠤᠯᠵᠦ ᠰᠠᠨᠠᠭᠤᠯᠤᠮᠵᠢ ᠦᠭᠭᠦ ᠶᠢ ᠦᠷᠬᠡᠨ ᠢᠶᠠᠷ ᠬᠢᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠤ ᠦᠵᠡᠯ ᠤᠬᠠᠮᠰᠠᠷ ᠢ ᠲᠡᠬᠡᠭᠰᠢᠯᠡᠬᠦᠯᠬᠦ ᠬᠡᠷᠡᠭᠳᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠬᠡᠪ ᠤᠨ ᠪᠠᠶᠢᠢᠳᠠᠯ ᠢᠶᠠᠷ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠠᠵᠦ ᠠᠬᠤᠶᠢᠯᠠᠯ ᠤᠳ ᠨᠢ ᠠᠵᠢᠯᠳᠠᠨ ᠢᠯᠠᠩᠭᠤᠶ᠎ᠠ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠳᠠᠨ ᠳᠤ ᠠᠮᠤᠷ ᠲᠦᠪᠰᠢᠨ ᠤ ᠬᠠᠮᠢᠶᠠᠷᠤᠯᠳᠠ ᠪᠠ ᠭᠦᠮᠦᠵᠢᠯ ᠢ ᠴᠢᠩᠭᠠᠳᠬᠠᠵᠦ᠂ ᠴᠢᠭᠯᠡᠬᠦᠯᠬᠦ ᠴᠢᠨᠠᠷ ᠲᠠᠢ ᠪᠠᠷ ᠠᠮᠤᠷ ᠲᠦᠪᠰᠢᠨ ᠤ ᠪᠤᠯᠪᠠᠰᠤᠷᠠᠭᠤᠯᠤᠯ ᠦᠷᠨᠢᠬᠦᠯᠬᠦ ᠬᠡᠷᠡᠭᠳᠡᠢ᠃         ᠡᠯ᠎ᠡ ᠱᠠᠳᠤᠨ ᠤ ᠠᠶᠤᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠨᠢ ᠪᠦᠭᠦ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠤᠯᠤᠨ ᠲᠡᠳ᠋ ᠶᠡᠷᠦᠩᠬᠡᠢ ᠰᠠᠶᠢᠳ ᠮᠠ ᠺᠠᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ︽ᠬᠤᠶᠠᠷ ᠬᠤᠷᠠᠯ︾᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠳᠠ ᠦᠷᠨᠢᠬᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠᠷ ᠭᠤᠤᠯ ᠠᠭᠤᠯᠭ᠎ᠠ ᠪᠤᠯᠭᠠᠨ᠂ ᠱᠠᠳᠤ ᠱᠠᠳᠤ ᠪᠠᠷ ᠰᠢᠮᠳᠠᠭᠤᠯᠤᠨ ᠵᠢᠯᠤᠭᠤᠳᠴᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号