︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠨᠠᠢᠮᠠᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017-05-04
        ᠥᠪᠥᠷ ᠵᠠᠰᠠᠭ ᠲᠠᠷᠬᠠᠭᠠᠭᠰᠠᠨ ﹇2017﹈ 2 ᠳ᠋ᠤᠭᠠᠷ ᠲᠤᠭᠠᠳᠤ 1 ᠳ᠋ᠤᠭᠡᠷ ᠰᠠᠷ᠎ᠠ ᠶᠢᠨ 4 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄         ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠨᠠᠢᠮᠠᠨ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠪᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠨᠠᠢᠮᠠᠨ ᠠᠷᠭ᠎ᠠ ᠬᠡᠮᠵᠢᠶ᠎ᠡ         ᠬᠡᠷᠡᠭᠯᠡᠭᠡᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠨᠢ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠮᠠᠨ ᠤ ᠣᠷᠣᠨ ᠤ ᠬᠥᠭᠵᠢᠯᠲᠡ ᠶᠢᠨ ᠠᠷᠭ᠎ᠠ ᠮᠠᠶ᠋ᠢᠭ ᠢ ᠤᠯᠠᠷᠢᠭᠤᠯᠬᠤ ᠰᠢᠭᠤᠳ ᠬᠥᠳᠡᠯᠭᠡᠬᠦ ᠬᠦᠴᠦᠨ ᠪᠣᠯᠬᠤ ᠪᠦᠭᠡᠳ ᠪᠠᠰᠠ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠪᠣᠯᠣᠨ᠎ᠠ᠂ ᠲᠡᠷᠡ ᠨᠢ ᠰᠢᠨ᠎ᠡ ᠶᠢ ᠡᠭᠦᠳᠬᠦ ᠬᠥᠭᠵᠢᠯᠲᠡ ᠶᠢᠨ ᠶᠡᠷᠦᠩᠬᠡᠶ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠦᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠶ ᠶᠢᠨ ᠨᠢᠭᠲᠠ ᠤᠶᠠᠯᠳᠤᠯ ᠢ ᠠᠬᠢᠭᠤᠯᠬᠤ ᠶᠢᠨ ᠲᠤᠰᠠᠳᠠ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃       ᠨᠢᠭᠡ᠂ ᠬᠡᠷᠡᠭᠯᠡᠭᠡᠨ ᠤ ᠲᠣᠮᠣ ᠳ᠋ᠠᠶᠢᠲ᠋ᠠ ᠶᠢᠨ ᠠᠷᠠᠯᠵᠢᠶᠠᠨ ᠤ ᠲᠠᠪᠴᠠᠩ         ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠲᠤᠮᠤ ᠳ᠋ᠠᠶᠢᠲ᠋ᠠ᠂ ᠡᠭᠦᠯᠡᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠮᠡᠷᠭᠡᠵᠢᠯ ᠢ ᠠᠷᠠᠯᠵᠢᠶᠠᠯᠠᠬᠤ᠂ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠪᠠ ᠲᠦᠷᠦ ᠶᠢᠨ ᠪᠤᠳᠤᠯᠭ᠎ᠠ ᠪᠠᠷ ᠤᠷᠮᠠᠰᠢᠭᠤᠯᠬᠤ ᠶᠢ ᠨᠢᠭᠡ ᠴᠣᠭᠴᠠᠵᠢᠭᠤᠯᠤᠭᠰᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠬᠠᠷᠢᠯᠴᠠᠨ ᠤᠶᠠᠯᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠢ ᠴᠣᠭᠴᠠᠯᠠᠨ ᠪᠠᠶᠢᠭᠤᠯᠤᠨ᠎ᠠ᠃ ᠠᠷᠠᠯᠵᠢᠶᠠᠨ ᠤ ᠲᠠᠪᠴᠠᠩ ᠤᠨ ᠠᠵᠢᠯᠯᠠᠭᠠᠨ ᠨᠢ ᠥᠷᠢᠰᠥᠯᠳᠦᠭᠡᠨ ᠢᠶᠠᠷ ᠳᠠᠮᠵᠢᠭᠤᠯᠤᠨ ᠰᠢᠯᠢᠳᠡᠭ ᠢ ᠨᠢ ᠰᠤᠩᠭᠤᠵᠤ᠂ ᠰᠢᠯᠢᠳᠡᠭ ᠦᠢᠯᠡᠴᠢᠯᠡᠭᠡᠨ ᠤ ᠪᠦᠯᠬᠦᠮ ᠨᠡᠶᠢᠲᠡ ᠶᠢ ᠰᠢᠯᠢᠨ ᠰᠤᠩᠭᠤᠵᠤ ᠪᠠᠶᠢᠭᠠᠳ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠲᠤᠰᠬᠠᠶ ᠦᠢᠯᠡᠴᠢᠯᠡᠭᠡ ᠬᠠᠩᠭᠠᠨ᠎ᠠ᠃ ᠪᠠᠶᠢᠷᠢᠰᠢᠭᠤᠯᠤᠯ ᠨᠢ ᠵᠦᠢ ᠵᠣᠬᠢᠰᠲᠠᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠪᠠᠷᠢᠮᠵᠢᠶ᠎ᠠ ᠨᠢ ᠨᠢᠭᠡᠳᠦᠯᠲᠡᠶ᠂ ᠦᠢᠯᠡᠴᠢᠯᠡᠭᠡ ᠨᠢ ᠵᠢᠷᠤᠮᠵᠢᠭᠤᠨ ᠪᠠᠶᠢᠬᠤ ᠪᠦᠲᠦᠭᠡᠨ ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠡᠳᠦᠶ ᠲᠡᠳᠦᠶ ᠣᠷᠣᠨ ᠪᠦᠰᠡ ᠶᠢᠨ ᠴᠢᠨᠠᠷᠲᠠᠶ ᠮᠡᠷᠭᠡᠵᠢᠯ ᠤᠨ ᠥᠮᠴᠢᠯᠡᠬᠦ ᠡᠷᠬᠡ ᠶᠢᠨ ᠠᠷᠠᠯᠵᠢᠶᠠᠨ ᠤ ᠲᠠᠪᠴᠠᠩ ᠢ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠣᠭᠤᠳᠴᠤ ᠪᠠᠶᠢᠭᠠᠳ ᠲᠠᠪᠴᠠᠩ ᠤᠨ ᠡᠬᠢ ᠪᠠᠶᠠᠯᠢᠭ ᠢ ᠬᠠᠮᠲᠤᠪᠡᠷ ᠬᠦᠷᠲᠡᠬᠦ ᠶᠢ ᠪᠡᠶᠡᠯᠡᠭᠦᠯᠦᠨ᠎ᠡ᠃       ᠬᠤᠶᠠᠷ᠂ ᠳᠠᠷᠠᠭᠠᠬᠢ ᠨᠥᠬᠦᠪᠦᠷᠢ ᠥᠭᠴᠦ ᠱᠠᠩᠨᠠᠬᠤ ᠳᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ       ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠲᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯᠯᠠᠭ᠎ᠠ ᠳᠤ ᠳᠠᠷᠠᠭ᠎ᠠ ᠪᠠᠷ ᠨᠢ ᠨᠥᠬᠦᠪᠦᠷᠢ ᠦᠭᠬᠦ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠬᠤ ᠪᠠ ᠭᠠᠶᠢᠯᠢ ᠲᠤᠰᠢᠶᠠᠵᠤ ᠪᠠᠶᠢᠭ᠎ᠠ ᠭᠠᠵᠠᠷ ᠨᠢ ᠪᠦᠷ ᠮᠠᠨ ᠤ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠮᠡᠷᠭᠡᠵᠢᠯ ᠢ ᠤᠯᠠᠷᠢᠭᠤᠯᠬᠤ ᠶᠢ ᠳᠠᠭᠠᠭᠠᠨ ᠠᠪᠴᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠤᠨ ᠮᠡᠷᠭᠡᠵᠢᠯ ᠤᠨ ᠠᠷᠠᠯᠵᠢᠶᠠᠨ ᠤ ᠪᠤᠳᠠᠲᠠᠢ ᠬᠡᠮᠵᠢᠶ᠎ᠡ ᠨᠢ 100 ᠲᠦᠮᠡᠨ ᠲᠥᠭᠦᠷᠢᠭ ᠠᠴᠠ ᠳᠣᠣᠷ᠎ᠠ ᠪᠠᠶᠢᠪᠠᠯ 10% ᠪᠠᠷ ᠨᠥᠬᠦᠪᠥᠷᠢ ᠥᠭᠴᠦ᠂ 100 ᠲᠦᠮᠡᠨ ᠲᠥᠭᠦᠷᠢᠭ ᠠᠴᠠ 500 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ ᠨᠣᠷᠮ᠎ᠠ ᠳᠠᠪᠠᠭᠤᠯᠤᠭᠰᠠᠨ ᠢᠶᠠᠷ ᠨᠢ ᠠᠬᠢᠭᠤᠯᠤᠨ ᠪᠤᠳᠣᠵᠤ 5% ᠪᠠᠷ ᠨᠥᠬᠦᠪᠥᠷᠢ ᠥᠭᠭᠦᠨ᠎ᠡ᠂ 500 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 3% ᠪᠠᠷ ᠨᠥᠬᠦᠪᠥᠷᠢ ᠥᠭᠴᠦ᠂ ᠨᠥᠬᠦᠪᠥᠷᠢ ᠥᠭᠬᠦ ᠬᠠᠮᠤᠭ ᠤᠨ ᠥᠨᠳᠥᠷ ᠬᠢᠵᠠᠭᠠᠷ ᠲᠤᠭ᠎ᠠ ᠨᠢ 200 ᠲᠦᠮᠡᠨ ᠲᠥᠭᠦᠷᠢᠭ ᠪᠣᠯᠣᠨ᠎ᠠ᠃ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠳᠤ ᠮᠡᠷᠭᠡᠵᠢᠯ ᠤᠨ ᠦᠷ᠎ᠡ ᠪᠦᠲᠦᠭᠡᠯ ᠢᠶᠠᠨ ᠰᠢᠯᠵᠢᠭᠦᠯᠦᠨ ᠬᠤᠳᠠᠯᠳᠤᠵᠦ᠂ ᠮᠡᠷᠭᠡᠵᠢᠯ ᠤᠨ ᠠᠷᠠᠯᠵᠢᠶᠠᠨ ᠤ ᠪᠤᠳᠠᠲᠠᠢ ᠬᠡᠮᠵᠢᠶ᠎ᠡ ᠨᠢ 500 ᠲᠦᠮᠡᠨ ᠲᠥᠭᠦᠷᠢᠭ ᠠᠴᠠ ᠳᠣᠣᠷ᠎ᠠ ᠪᠠᠶᠢᠪᠠᠯ 10% ᠪᠠᠷ ᠬᠤᠳᠠᠯᠳᠤᠭᠰᠠᠨ ᠳᠠᠯ᠎ᠠ ᠳᠤ ᠳᠠᠷᠠᠭᠠᠬᠢ ᠨᠥᠬᠦᠪᠥᠷᠢ ᠨᠢ ᠥᠭᠴᠦ᠂ 500 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠨᠣᠷᠮ᠎ᠠ ᠳᠠᠪᠠᠭᠤᠯᠤᠭᠰᠠᠨ ᠢᠶᠠᠷ ᠨᠢ ᠠᠬᠢᠭᠤᠯᠤᠨ ᠪᠤᠳᠤᠵᠤ 5% ᠪᠠᠷ ᠨᠥᠬᠦᠪᠥᠷᠢ ᠥᠭᠴᠦ᠂ ᠨᠥᠬᠦᠪᠥᠷᠢ ᠥᠭᠬᠦ ᠬᠠᠮᠤᠭ ᠤᠨ ᠥᠨᠳᠥᠷ ᠬᠢᠵᠠᠭᠠᠷ ᠲᠤᠭ᠎ᠠ ᠨᠢ 100 ᠲᠦᠮᠡᠨ ᠲᠥᠭᠦᠷᠢᠭ ︵ᠠᠳᠠᠯᠢ ᠨᠢᠭᠡ ᠲᠥᠷᠥᠯ ᠵᠦᠢᠯ ᠢ ᠣᠯᠠᠨᠲᠠ ᠰᠢᠯᠵᠢᠭᠦᠯᠦᠨ ᠬᠤᠳᠠᠯᠳᠤᠬᠰᠠᠨ ᠪᠣᠯ ᠳᠠᠪᠲᠠᠨ ᠨᠥᠬᠦᠪᠦᠷᠢ ᠥᠭᠬᠦ ᠦᠭᠡᠢ︶ ᠪᠣᠯᠣᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠯᠤᠭ᠎ᠠ ᠬᠤᠯᠪᠣᠭᠳᠠᠭᠰᠠᠨ ᠮᠡᠷᠭᠡᠵᠢᠯ ᠢ ᠨᠡᠭᠡᠭᠡᠨ ᠠᠰᠢᠭᠯᠠᠬᠤ᠂ ᠮᠡᠷᠭᠡᠵᠢᠯ ᠤᠨ ᠯᠠᠪᠯᠠᠯᠭ᠎ᠠ ᠬᠢᠬᠦ᠂ ᠮᠡᠷᠭᠡᠵᠢᠯ ᠤᠨ ᠦᠢᠯᠡᠴᠢᠯᠡᠭᠡᠨ᠂ ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠳᠠᠭᠠᠭᠠᠴᠢᠯᠠᠬᠤ᠂ ᠮᠡᠷᠭᠡᠵᠢᠯ ᠵᠠᠭᠤᠴᠢᠯᠠᠬᠤ ᠵᠡᠷᠭᠡ ᠠᠵᠢᠯᠯᠠᠭ᠎ᠠ ᠳᠤ ᠦᠢᠯᠡᠴᠢᠯᠡᠭᠡᠨ ᠤ ᠬᠤᠶᠠᠷ ᠡᠲᠡᠭᠡᠳ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠳᠤ ᠭᠡᠷ᠎ᠡ ᠲᠣᠭᠲᠠᠬᠤ ᠶᠢᠨ ᠬᠠᠮᠲᠤ ᠠᠷᠠᠯᠵᠢᠶᠠᠨ ᠤ ᠰᠦᠢᠳᠬᠡᠯ ᠡᠭᠦᠰᠦᠭᠰᠡᠨ ᠪᠠᠶᠢᠪᠠᠯ᠂ ᠦᠢᠯᠡᠴᠢᠯᠡᠭᠡᠨ ᠤ ᠪᠤᠳᠠᠲᠠᠢ ᠵᠣᠭᠤᠰ ᠤᠨ 10% ᠪᠠᠷ ᠣᠷᠣᠨ ᠤ ᠳᠣᠲᠣᠷᠠᠬᠢ ᠦᠢᠯᠡᠴᠢᠯᠡᠭᠡᠨ ᠬᠤᠳᠠᠯᠳᠤᠨ ᠠᠪᠣᠭᠰᠠᠨ ᠲᠠᠯ᠎ᠠ ᠳᠤ ᠳᠠᠷᠠᠭᠠᠬᠢ ᠨᠥᠬᠦᠪᠥᠷᠢ ᠶᠢ ᠦᠭᠴᠦ᠂ ᠨᠥᠬᠦᠪᠥᠷᠢ ᠥᠭᠬᠦ ᠬᠠᠮᠤᠭ ᠤᠨ ᠥᠨᠳᠥᠷ ᠬᠢᠵᠠᠭᠠᠷ ᠲᠤᠭ᠎ᠠ ᠨᠢ 50 ᠲᠦᠮᠡᠨ ᠲᠥᠭᠦᠷᠢᠭ ᠪᠣᠯᠤᠨ᠎ᠠ᠃       ᠭᠤᠷᠪᠠ᠂ ᠰᠢᠨ᠎ᠡ ᠶᠢ ᠡᠭᠦᠳᠬᠦ ᠭᠤᠣᠯ ᠴᠣᠭᠴᠠ ᠶᠢ ᠬᠥᠲᠥᠯᠥᠨ ᠵᠢᠯᠣᠭᠤᠳᠬᠤ ᠪᠠ ᠤᠷᠮᠠᠰᠢᠭᠤᠯᠤᠨ᠎ᠠ       ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠠᠵᠢᠯ ᠤᠨ ᠪᠠᠶᠢᠭᠤᠯᠤᠮᠵᠢ ᠲᠣᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ ᠨᠡᠭᠡᠭᠡᠵᠦ ᠤᠯᠠᠷᠢᠭᠤᠯᠬᠤ ᠣᠨᠴᠠᠯᠢᠭ ᠲᠤ ᠨᠡᠶᠢᠴᠡᠭᠰᠡᠨ ᠳᠣᠲᠣᠭᠠᠳᠤ ᠶᠢᠨ ᠤᠷᠮᠠᠰᠢᠭᠤᠯᠬᠤ ᠳᠦᠷᠢᠮ ᠢ ᠪᠠᠶᠢᠭᠤᠯᠤᠨ᠎ᠠ᠃ ᠵᠣᠬᠢᠬᠤ ᠬᠠᠷᠢᠴᠠᠯ ᠲᠠᠢ ᠬᠦᠳᠡᠯᠦᠩᠭᠦᠢ ᠠᠵᠢᠯ ᠤᠨ ᠪᠠᠶᠢᠷᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠦᠢᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠤᠷᠢᠵᠤ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠬᠠᠪᠰᠤᠷᠭᠠᠨ ᠠᠵᠢᠯᠯᠠᠭᠤᠯᠬᠤ ᠶᠢ ᠵᠣᠷᠢᠬᠵᠢᠭᠤᠯᠤᠨ᠎ᠠ᠃       ᠰᠤᠳᠤᠯᠤᠨ ᠨᠡᠭᠡᠭᠡᠬᠦ ᠰᠦᠢᠳᠬᠡᠯ ᠢ ᠨᠡᠮᠡᠨ ᠪᠤᠳᠤᠵᠤ ᠰᠠᠭᠤᠳᠬᠠᠨ ᠠᠪᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠰᠤᠳᠤᠯᠤᠨ ᠨᠡᠭᠡᠭᠡᠬᠦ ᠰᠦᠢᠳᠬᠡᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠮᠡᠷᠭᠡᠵᠢᠯ ᠬᠡᠷᠡᠭᠯᠡᠬᠦ ᠶᠢ ᠲᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠣᠷᠣᠭᠤᠯᠤᠯᠲᠠ ᠪᠠᠨ ᠨᠡᠮᠡᠭᠳᠡᠭᠦᠯᠦᠨ᠂ ᠰᠲ᠋ᠣᠺ ᠤᠨ ᠡᠷᠬᠡ᠂ ᠬᠤᠭᠤᠴᠠᠭᠠᠲᠤ ᠪᠠᠷᠠᠭᠠᠨ ᠤ ᠡᠷᠬᠡ᠂ ᠠᠵᠢᠯ ᠤᠨ ᠠᠮᠵᠢᠯᠲᠠ ᠪᠦᠲᠦᠮᠵᠢ ᠵᠡᠷᠭᠡ ᠤᠷᠮᠠᠰᠢᠭᠤᠯᠬᠤ ᠳᠦᠷᠢᠮ ᠢ ᠪᠠᠶᠢᠭᠤᠯᠤᠨ᠎ᠠ᠃       ᠠᠺᠠᠳᠧᠮᠢᠴᠢ ᠲᠤᠰᠬᠠᠢ ᠮᠡᠷᠭᠡᠵᠢᠯᠲᠡᠳ ᠤᠨ ᠠᠵᠢᠯ ᠤᠨ ᠦᠷᠳᠡᠭᠡ᠂ ᠠᠵᠤ ᠠᠬᠤᠶᠢᠯᠠᠯ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ᠂ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢᠨ ᠰᠠᠭᠤᠷᠢᠨ ᠭᠠᠵᠠᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠶᠢ ᠠᠵᠢᠯ ᠤᠨ ᠴᠢᠬᠤᠯᠠ ᠬᠠᠷᠠᠯᠲᠠ ᠪᠣᠯᠭᠠᠵᠤ᠂ ᠠᠵᠤ ᠠᠬᠤᠶᠢᠯᠠᠯ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠳᠤᠷᠠᠯᠴᠠᠭ᠎ᠠ ᠶᠢᠨ ᠵᠠᠭᠪᠤᠷ ᠢ ᠬᠠᠶᠢᠨ ᠰᠦᠪᠡᠭᠴᠢᠯᠡᠬᠦ ᠵᠢᠴᠢ ᠳᠡᠭᠡᠳᠦ ᠦᠵᠦᠭᠦᠷ ᠤᠨ ᠮᠡᠷᠭᠡᠵᠢᠯ ᠢ ᠣᠷᠣᠭᠤᠯᠤᠨ ᠠᠪᠴᠢᠷᠠᠵᠤ ᠤᠯᠠᠷᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠦᠨ᠎ᠡ᠃       ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠳᠤ ᠠᠰᠢᠭᠲᠠᠢ ᠰᠢᠨᠵᠢᠯᠡᠬᠦ ᠤᠬᠠᠭᠠᠨ ᠤ ᠰᠤᠳᠤᠯᠭᠠᠨ ᠢ ᠦᠨᠡᠯᠡᠬᠦ ᠪᠠ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢᠨ ᠣᠷᠣᠭᠤᠯᠤᠯᠲᠠ ᠶᠢ ᠨᠡᠮᠡᠭᠳᠡᠭᠦᠯᠬᠦ ᠪᠠᠷ ᠬᠥᠲᠥᠯᠥᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ ᠨᠡᠭᠡᠭᠡᠵᠦ ᠤᠯᠠᠷᠢᠭᠤᠯᠬᠤ ᠣᠨᠴᠠᠯᠢᠭ ᠲᠤ ᠨᠡᠶᠢᠴᠡᠭᠰᠡᠨ ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠲᠣᠭᠲᠠᠭᠠᠬᠤ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠪᠣᠯᠣᠨ ᠠᠵᠢᠯ ᠤᠨ ᠠᠮᠵᠢᠯᠲᠠ ᠪᠦᠲᠦᠮᠵᠢ ᠶᠢᠨ ᠤᠷᠮᠠᠰᠢᠭᠤᠯᠬᠤ ᠳᠦᠷᠢᠮ ᠢ ᠪᠠᠶᠢᠭᠤᠯᠤᠨ᠎ᠠ᠃       ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠰᠢᠯᠭᠠᠨ ᠬᠢᠨᠠᠬᠤ᠂ ᠬᠦᠲᠦᠯᠦᠨ ᠵᠢᠯᠣᠭᠤᠳᠬᠤ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠶᠢ ᠠᠬᠢᠭᠤᠯᠬᠤ ᠳᠤ ᠠᠰᠢᠭᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠣᠨ ᠤ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠦᠨ᠎ᠡ᠃       ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠠᠷᠭ᠎ᠠ ᠳᠤ ᠵᠠᠰᠠᠪᠤᠷᠢ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃       ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠬᠢᠨᠠᠨ ᠲᠣᠭᠲᠠᠭᠠᠬᠤ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢᠨ ᠲᠡᠩᠨᠡᠭᠦᠯᠬᠦ ᠬᠡᠮᠵᠢᠶ᠎ᠡ ᠶᠢ ᠴᠢᠩᠭᠠᠷᠠᠭᠤᠯᠤᠨ᠂ ᠱᠠᠩᠨᠠᠯ ᠬᠦᠷᠲᠡᠬᠦ ᠬᠥᠮᠦᠨ ᠤ ᠲᠤᠭ᠎ᠠ ᠶᠢ ᠨᠡᠮᠡᠭᠳᠡᠭᠦᠯᠦᠨ᠎ᠡ᠃       ᠲᠦᠷᠪᠡ᠂ ᠪᠡᠯᠡ ᠮᠥᠩᠭᠦ ᠶᠢᠨ ᠤᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ       ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ 5 ᠳ᠋ᠦᠩᠰᠢᠭᠤᠷ ᠲᠥᠭᠦᠷᠢᠭ ᠤᠨ ᠲᠤᠰᠬᠠᠶ ᠪᠡᠯᠡ ᠮᠥᠩᠭᠦ ᠶᠢ ᠪᠠᠶᠢᠷᠢᠯᠠᠭᠤᠯᠵᠤ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠴᠠᠩᠭᠤᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠪᠡᠯᠡ ᠮᠥᠩᠭᠦ ᠪᠠᠶᠢᠷᠢᠯᠠᠭᠤᠯᠤᠨ᠂ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠬᠥᠲᠥᠯᠥᠨ ᠵᠢᠯᠣᠭᠤᠳᠬᠤ᠂ ᠳᠠᠷᠠᠭᠠᠬᠢ ᠨᠥᠬᠦᠪᠥᠷᠢ ᠥᠭᠬᠦ᠂ ᠰᠢᠨ᠎ᠡ ᠶᠢ ᠡᠭᠦᠳᠬᠦ ᠲᠡᠮᠳᠡᠭᠲᠦ᠂ ᠲᠦᠭᠰᠢᠭᠦᠷᠢ ᠶᠢᠨ ᠲᠦᠯᠦᠪᠦᠷᠢ ᠥᠭᠬᠦ ᠵᠡᠷᠭᠡ ᠳᠤ ᠬᠡᠷᠡᠭᠯᠡᠨ᠎ᠡ᠃         ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠤᠷᠢᠳᠠᠪᠡᠷ ᠬᠤᠳᠠᠯᠳᠤᠨ ᠠᠪᠬᠤ ᠪᠠ ᠵᠠᠬᠢᠶᠠᠯᠠᠨ ᠬᠤᠳᠠᠯᠳᠤᠨ ᠠᠪᠬᠤ ᠵᠡᠷᠭᠡ ᠲᠦᠷᠦ ᠶᠢᠨ ᠪᠤᠳᠤᠯᠭ᠎ᠠ ᠪᠠᠷ ᠳᠠᠮᠵᠢᠭᠤᠯᠤᠨ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡ ᠶᠢ ᠬᠤᠳᠠᠯᠳᠤᠨ ᠠᠪᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠨ᠎ᠡ᠃ ᠤᠯᠠᠷᠢᠭᠤᠯᠤᠬᠰᠠᠨ ᠤ ᠲᠠᠷᠠᠭ᠎ᠠ ᠱᠠᠩᠨᠠᠵᠤ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ᠂ ᠲᠦᠭᠰᠢᠭᠦᠷᠢ ᠶᠢᠨ ᠲᠦᠯᠦᠪᠦᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠩᠬᠠᠨ ᠤ ᠰᠠᠤᠷᠢ ︵ᠢᠵᠢ︶ ᠲᠣᠨᠤᠭ ᠲᠦᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠡᠵᠡᠨ ᠮᠡᠳᠡᠭᠰᠡᠨ ᠥᠮᠴᠢᠯᠡᠬᠦ ᠡᠷᠬᠡ ᠲᠠᠢ ᠴᠢᠬᠤᠯᠠ ᠶᠡᠭᠡ ᠢᠵᠢ ᠪᠦᠷᠢᠨ ᠲᠥᠬᠦᠭᠡᠷᠦᠮᠵᠢ ᠵᠢᠴᠢ ᠭᠤᠣᠯᠯᠠᠬᠤ ᠰᠠᠯᠪᠢᠡᠭ ᠲᠤᠨᠤᠭ ᠵᠡᠷᠭᠡ ᠲᠡᠷᠢᠭᠦᠨ ᠤ ᠲᠣᠨᠤᠭ ᠲᠥᠬᠦᠭᠡᠷᠦᠮᠵᠢ ᠶᠢ ᠠᠩᠬ᠎ᠠ ᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠤ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠨ ᠰᠢᠨ᠎ᠡ ᠶᠢ ᠡᠭᠦᠳᠬᠦ ᠰᠠᠭᠤᠷᠢ ᠮᠥᠩᠭᠦ ᠯᠦᠭᠡ ᠬᠠᠮᠵᠢᠯᠴᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠳᠠᠭᠠᠯᠲᠠ ᠰᠠᠭᠤᠷᠢ ᠮᠥᠩᠭᠦ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠦᠷᠨᠢᠭᠦᠯᠵᠦ ᠪᠠᠶᠢᠭ᠎ᠠ ᠠᠩᠬ᠎ᠠ ᠡᠭᠦᠳᠦᠯᠲᠡ ᠶᠢᠨ ᠬᠤᠭᠤᠴᠠᠭᠠᠨ ᠳᠠᠬᠢ ᠠᠵᠤ ᠠᠬᠤᠶᠢᠯᠠᠯ ᠤᠳ ᠢ ᠳᠡᠮᠵᠢᠨ᠎ᠡ ︔ ᠠᠶᠢᠮᠠᠭ ᠬᠤᠲᠠ ᠨᠤᠭᠤᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠮᠥᠩᠭᠦ ᠶᠢ ᠣᠯᠠᠨ ᠠᠷᠭ᠎ᠠ ᠬᠡᠯᠪᠡᠷᠢ ᠪᠠᠷ ᠪᠠᠶᠢᠭᠤᠯᠤᠨ᠎ᠠ᠃         ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠳᠠᠯᠳᠤᠨ ᠠᠪᠤᠭᠰᠠᠨ ᠲᠠᠯ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠭᠤᠶᠤᠴᠢᠯᠠᠵᠤ᠂ ᠤᠯᠠᠷᠢᠭᠤᠯᠬᠤ ᠶᠠᠪᠤᠴᠠ ᠳᠤ ᠲᠤᠮᠤ ᠬᠡᠯᠪᠡᠷᠢ ᠶᠢᠨ ᠰᠢᠨᠵᠢᠯᠡᠬᠦ ᠤᠬᠠᠭᠠᠨ ᠤ ᠬᠡᠮᠵᠢᠭᠦᠷᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠤᠷ ᠪᠢᠴᠢᠭ ᠮᠡᠳᠡᠭᠡ ᠵᠠᠩᠭᠢ ᠵᠡᠷᠭᠡ ᠰᠢᠨ᠎ᠡ ᠶᠢ ᠡᠭᠦᠳᠬᠦ ᠦᠢᠯᠡᠴᠢᠯᠡᠭᠡᠨ ᠤ ᠰᠦᠢᠳᠬᠡᠯ ᠥᠭᠬᠦ ᠳᠤ ᠬᠡᠷᠡᠭᠯᠡᠨ᠎ᠡ᠃         ᠡᠯ᠎ᠡ ᠲᠦᠷᠤᠯ ᠤᠨ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠬᠦᠲᠦᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠤᠨ ᠣᠷᠣᠭᠤᠯᠤᠯᠲᠠ ᠬᠢᠬᠦ ᠳᠤ ᠣᠷᠣᠯᠴᠠᠭᠤᠯᠵᠤ᠂ ᠣᠷᠣᠭᠤᠯᠤᠯᠲᠠ ᠶᠢᠨ ᠲᠥᠷᠥᠯ ᠵᠦᠢᠯ ᠤᠨ ᠢᠯᠠᠭᠳᠠᠯ ᠠᠴᠠ ᠪᠣᠯᠵᠤ ᠬᠤᠬᠢᠷᠠᠯ ᠲᠠᠢ ᠪᠤᠯᠤᠬᠰᠠᠨ ᠪᠠᠶᠢᠪᠠᠯ᠂ ᠲᠡᠳᠡᠨ ᠤ ᠪᠡᠯᠡ ᠣᠷᠣᠭᠤᠯᠤᠯᠲᠠ ᠶᠢᠨ ᠶᠡᠷᠦᠩᠬᠡᠶ ᠬᠡᠮᠵᠢᠶᠡᠨ ᠤ 10% ᠪᠠᠷ ᠲᠦᠯᠦᠪᠦᠷᠢ ᠥᠭᠴᠦ᠂ ᠳᠠᠩ ᠭᠠᠭᠴᠠ ᠲᠦᠷᠦᠯ ᠵᠦᠢᠯ ᠤᠨ ᠬᠠᠮᠤᠭ ᠤᠨ ᠦᠨᠳᠦᠷ ᠲᠦᠯᠦᠪᠦᠷᠢ ᠥᠭᠬᠦ ᠲᠤᠭ᠎ᠠ ᠶᠢ 50 ᠲᠦᠮᠡᠨ ᠲᠥᠭᠦᠷᠢᠭ ᠠᠴᠠ ᠦᠯᠦ ᠬᠡᠲᠦᠷᠡᠭᠦᠯᠦᠨ᠎ᠡ᠃         ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠡᠯᠡᠯᠭᠡ ᠶᠢᠨ ᠲᠦᠭᠰᠢᠭᠦᠷᠢ ᠳᠤ ᠲᠦᠯᠦᠪᠦᠷᠢ ᠥᠭᠬᠦ ᠲᠤᠰᠬᠠᠶ ᠪᠡᠯᠡ ᠮᠥᠩᠭᠦ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠠᠨᠵᠢᠯᠠᠬᠤ ᠳᠤ ᠬᠡᠷᠡᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃         ᠲᠠᠪᠤ᠂ ᠵᠠᠭᠤᠴᠢᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠤᠶᠢᠵᠢᠭᠤᠯᠤᠨ᠎ᠠ         ᠡᠯ᠎ᠡ ᠲᠦᠷᠦᠯ ᠤᠨ ᠭᠤᠣᠯ ᠴᠣᠭᠴᠠ ᠶᠢ ᠵᠣᠷᠢᠬᠵᠢᠭᠤᠯᠤᠨ ᠮᠡᠷᠭᠡᠵᠢᠯ ᠤᠨ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠴᠤᠬᠯᠠᠭᠠᠨ ᠦᠵᠡᠰᠭᠦᠯᠡᠩ ᠤᠨ ᠪᠠᠶᠢᠭᠤᠯᠤᠮᠵᠢ᠂ ᠮᠡᠷᠭᠡᠵᠢᠯ ᠰᠢᠯᠵᠢᠭᠦᠯᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨ᠎ᠡ ᠥᠷᠲᠡᠭ ᠢ ᠦᠨᠡᠯᠡᠬᠦ ᠪᠠᠶᠢᠭᠤᠯᠤᠮᠵᠢ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠨᠡᠪᠴᠢᠭᠦᠯᠦᠯᠲᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠯᠭ᠎ᠠ ᠥᠭᠬᠦ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ᠂ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠡᠶ᠎ᠡ ᠪᠠᠨ ᠳᠠᠭᠠᠭᠠᠬᠤ ᠪᠤᠶᠤ ᠬᠤᠯᠪᠣᠭᠠᠯᠠᠨ ᠪᠠᠶᠢᠭᠤᠯᠤᠨ᠎ᠠ᠃ ᠮᠡᠷᠭᠡᠵᠢᠯ ᠤᠨ ᠠᠷᠠᠯᠵᠢᠶ᠎ᠠ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠨᠡᠶᠢᠯᠡᠯ ᠬᠢᠭᠡᠳ ᠡᠵᠡᠩᠨᠡᠯᠲᠡ ᠪᠣᠯᠤᠨ ᠮᠡᠷᠭᠡᠵᠢᠯ ᠤᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠵᠡᠷᠭᠡ ᠲᠤᠰᠬᠠᠶᠢᠯᠠᠨ ᠠᠵᠢᠯᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠶᠢᠨ ᠪᠠᠷᠢᠮᠵᠢᠶ᠎ᠠ ᠬᠢᠭᠡᠳ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠢᠰᠲ᠋ᠧᠮᠵᠢᠭᠰᠡᠨ᠂ ᠪᠠᠷᠢᠮᠵᠢᠶᠠᠵᠢᠭᠰᠠᠨ ᠴᠢᠭᠯᠡᠯ ᠢᠶᠠᠷ ᠬᠦᠭᠵᠢᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷᠢᠮᠵᠢᠶ᠎ᠠ ᠪᠣᠯᠤᠨ ᠬᠢᠷᠢ ᠴᠢᠳᠠᠮᠵᠢ ᠳᠤ ᠨᠡᠶᠢᠴᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠦᠢᠯᠡᠴᠢᠯᠡᠭᠡᠨ ᠤ ᠳᠤᠮᠳᠠ ᠦᠷ᠎ᠡ ᠪᠦᠲᠦᠮᠵᠢ ᠨᠢ ᠢᠯᠡᠳᠲᠡ ᠪᠠᠶᠢᠪᠠᠯ᠂ ᠲᠡᠳᠡᠨ ᠤ ᠦᠢᠯᠡᠴᠢᠯᠡᠭᠡᠨ ᠤ ᠠᠮᠵᠢᠯᠲᠠ ᠪᠦᠲᠦᠮᠵᠢ ᠶᠣᠰᠣᠭᠠᠷ ᠡᠳ᠋ ᠤᠨ ᠵᠠᠰᠠᠭ ᠤᠨ ᠳᠠᠷᠠᠭᠠᠬᠢ ᠨᠥᠬᠦᠪᠥᠷᠢ ᠶᠢ ᠥᠭᠴᠦ ᠳᠡᠮᠵᠢᠯᠭᠡ ᠦᠵᠡᠭᠦᠯᠦᠨ᠎ᠡ᠃         ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠬᠦ ᠡᠷᠬᠡ᠂ ᠠᠰᠢᠭ ᠤᠯᠬᠤ ᠡᠷᠬᠡ᠂ ᠰᠢᠢᠳᠪᠦᠷᠢᠯᠡᠬᠦ ᠡᠷᠬᠡ ᠶᠢᠨ ᠬᠠᠷᠢᠴᠠᠭ᠎ᠠ ᠶᠢ ᠰᠢᠯᠤᠭᠤᠳᠬᠠᠨ᠎ᠠ         ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠤᠯᠤᠰ ᠤᠨ ᠠᠮᠤᠷ ᠲᠦᠪᠰᠢᠨ᠂ ᠤᠯᠤᠰ ᠤᠨ ᠠᠰᠢᠭ ᠲᠤᠰᠠ ᠪᠠ ᠨᠡᠶᠢᠭᠡᠮ ᠤᠨ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠠᠴᠠ ᠭᠠᠳᠠᠨ᠎ᠠ᠂ ᠰᠢᠯᠵᠢᠭᠦᠯᠦᠨ ᠬᠤᠳᠠᠯᠳᠤᠬᠤ᠂ ᠵᠥᠪᠰᠢᠶᠡᠷᠡᠬᠦ᠂ ᠬᠠᠩᠰᠢᠯᠠᠵᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠤᠯᠠᠷᠢᠭᠤᠯᠬᠤ ᠪᠠᠷ ᠡᠵᠡᠨ ᠮᠡᠳᠡᠨ ᠲᠣᠭᠲᠠᠭᠠᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ᠂ ᠰᠢᠢᠳᠪᠦᠷᠢᠯᠡᠬᠦ ᠪᠠ ᠠᠰᠢᠭ ᠣᠷᠣᠯᠭ᠎ᠠ ᠶᠢ ᠬᠤᠪᠢᠶᠠᠷᠢᠯᠠᠬᠤ ᠳᠤ ᠳᠠᠬᠢᠵᠤ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ ᠦᠭᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠤᠭᠠᠳ ᠣᠯᠤᠭᠰᠠᠨ ᠣᠷᠣᠯᠭ᠎ᠠ ᠶᠢ ᠨᠢ ᠤᠯᠤᠰ ᠤᠨ ᠰᠠᠩ ᠳᠤ ᠲᠤᠰᠢᠶᠠᠬᠤ ᠦᠭᠡᠢ᠂ ᠪᠦᠬᠦᠨ ᠢ ᠨᠢ ᠨᠢᠭᠡᠴᠡ ᠳᠤᠨᠢ ᠦᠯᠡᠳᠡᠭᠡᠵᠦ᠂ ᠨᠢᠭᠡᠴᠡ ᠶᠢᠨ ᠲᠥᠰᠦᠪ ᠲᠤ ᠣᠷᠣᠭᠤᠯᠤᠨ᠂ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃         ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠬᠡᠷᠡᠭᠵᠢᠭᠦᠯᠬᠦ ᠳᠡᠭᠡᠨ᠂ ᠲᠡᠳᠡᠭᠡᠷ ᠤᠨ ᠦᠨ᠎ᠡ ᠬᠠᠩᠰᠢ ᠶᠢ ᠵᠦᠪᠯᠡᠯᠴᠡᠭᠡᠷ ᠢᠶᠠᠷ ᠦᠨ᠎ᠡ ᠲᠣᠭᠲᠠᠭᠠᠬᠤ᠂ ᠫᠠᠶᠢᠰᠠ ᠡᠯᠭᠦᠨ ᠠᠷᠠᠯᠵᠢᠶᠠᠯᠠᠬᠤ᠂ ᠦᠨ᠎ᠡ ᠬᠠᠶᠠᠯᠴᠠᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠲᠣᠭᠲᠠᠭᠠᠨ᠎ᠠ᠃ ᠡᠭᠦᠨ ᠳᠤ ᠄ ᠵᠦᠪᠳᠡᠯᠡᠯᠴᠡᠭᠡᠷ ᠢᠶᠠᠷ ᠳᠠᠮᠵᠢᠨ ᠦᠨ᠎ᠡ ᠲᠣᠭᠲᠠᠭᠠᠭᠰᠠᠨ ᠪᠠᠶᠢᠪᠠᠯ᠂ ᠲᠤᠰ ᠨᠢᠭᠡᠴᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠨᠡᠷᠡᠶᠢᠳᠦᠯ ᠪᠣᠯᠣᠨ ᠠᠷᠠᠯᠵᠢᠶᠠᠯᠠᠬᠤ ᠪᠠᠷ ᠲᠥᠰᠦᠭᠡᠯᠡᠭᠰᠡᠨ ᠦᠨ᠎ᠡ ᠬᠠᠩᠰᠢ ᠶᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 15 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃         ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠵᠦᠪᠯᠡᠯᠴᠡᠭᠡᠷ ᠢᠶᠠᠷ ᠲᠠᠮᠵᠢᠨ ᠦᠨ᠎ᠡ ᠲᠣᠭᠲᠠᠭᠠᠬᠤ᠂ ᠫᠠᠶᠢᠰᠠ ᠡᠯᠭᠦᠨ ᠠᠷᠠᠯᠵᠢᠶᠠᠯᠠᠬᠤ᠂ ᠦᠨ᠎ᠡ ᠬᠠᠶᠠᠵᠤ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠦᠨ᠎ᠡ ᠬᠠᠩᠰᠢ ᠲᠣᠭᠲᠠᠭᠠᠵᠤ᠂ ᠨᠢᠭᠡᠴᠡ ᠶᠢᠨ ᠤᠳᠤᠷᠢᠳᠤᠯᠭ᠎ᠠ ᠨᠢ ᠬᠡᠪ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠪᠤᠰᠤ ᠠᠰᠢᠭ ᠤᠷᠤᠯᠭ᠎ᠠ ᠣᠯᠬᠤ ᠦᠭᠡᠢ ᠪᠠᠶᠢᠬᠤ ᠶᠢ ᠦᠨᠳᠦᠰᠦᠯᠡᠯ ᠪᠤᠯᠭᠠᠬᠰᠠᠨ ᠤᠷᠢᠲᠠᠯ ᠳᠣᠣᠷ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠷᠳᠡᠭ ᠤᠨ ᠳᠠᠭᠠᠯᠳᠤᠯ ᠬᠤᠪᠢᠷᠠᠯᠲᠠ ᠠᠴᠠ ᠪᠣᠯᠵᠤ ᠰᠢᠢᠳᠪᠦᠷᠢᠲᠦ ᠪᠤᠳᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠭᠳᠡᠬᠦ ᠦᠭᠡᠢ ᠪᠤᠯᠭᠠᠨ᠎ᠠ᠃ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠣᠯᠤᠭᠰᠠᠨ ᠠᠰᠢᠭ ᠣᠷᠣᠯᠭ᠎ᠠ ᠶᠢ ᠲᠣᠰ ᠦᠷ᠎ᠡ ᠪᠦᠲᠦᠭᠡᠯ ᠢ ᠰᠤᠳᠤᠯᠤᠨ ᠨᠡᠭᠡᠭᠡᠬᠦ ᠵᠢᠴᠢ ᠤᠯᠠᠷᠢᠭᠤᠯᠬᠤ ᠠᠵᠢᠯ ᠤᠨ ᠳᠤᠮᠳᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠳ ᠢ ᠱᠠᠩᠨᠠᠬᠤ ᠳᠤ ᠬᠡᠷᠡᠭᠯᠡᠵᠦ ᠪᠣᠯᠣᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠭᠦᠯᠦᠭᠰᠡᠨ ᠨᠢᠭᠡᠴᠡ ᠨᠢ ᠠᠰᠢᠭ ᠣᠷᠣᠯᠭ᠎ᠠ ᠶᠢ ᠲᠤᠳᠤᠷᠬᠠᠢ ᠬᠤᠪᠢᠶᠠᠷᠢᠯᠠᠬᠤ ᠲᠦᠷᠢᠮ ᠪᠤᠶᠤ ᠭᠡᠷ᠎ᠡ ᠪᠣᠯᠵᠣᠨ ᠲᠣᠭᠲᠠᠭᠠᠭᠰᠠᠨ ᠪᠠᠶᠢᠪᠠᠯ᠂ ᠲᠡᠳᠡᠭᠡᠷ ᠤᠨ ᠲᠥᠷᠢᠮ ᠪᠤᠶᠤ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠣᠯᠭᠤᠨ᠎ᠠ ︔ ᠳᠦᠷᠢᠮ ᠪᠠ ᠭᠡᠷ᠎ᠡ ᠪᠠᠶᠢᠬᠤ ᠦᠭᠡᠢ ᠪᠠᠶᠢᠪᠠᠯ᠂ ᠦᠷ᠎ᠡ ᠪᠦᠲᠦᠭᠡᠯ ᠢ ᠰᠢᠯᠵᠢᠭᠦᠯᠦᠨ ᠥᠭᠭᠦᠭᠰᠡᠨ ᠪᠤᠶᠤ ᠵᠥᠪᠰᠢᠶᠡᠷᠡᠯ ᠢᠶᠠᠷ ᠣᠯᠤᠭᠰᠠᠨ ᠴᠡᠪᠡᠷ ᠣᠷᠣᠯᠭ᠎ᠠ᠂ ᠮᠡᠷᠭᠡᠵᠢᠯ ᠢᠶᠠᠷ ᠬᠤᠪᠢ ᠣᠷᠤᠭᠤᠯᠤᠭᠠᠳ ᠪᠣᠢ ᠪᠣᠯᠣᠭᠰᠠᠨ ᠰᠲ᠋ᠣᠺ ᠤᠨ ᠡᠷᠬᠡ ᠶᠢ ᠨᠢ 70% ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ᠂ ᠡᠰᠡᠪᠡᠯ ᠡᠵᠡᠨ ᠮᠡᠳᠡᠵᠦ ᠪᠠᠶᠢᠭᠠᠳ ᠤᠯᠠᠷᠢᠭᠤᠯᠬᠤ ᠶᠢ ᠬᠡᠷᠡᠭᠵᠢᠭᠦᠯᠦᠭᠡᠳ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ 5 ᠵᠢᠯ ᠤᠨ ᠳᠣᠲᠣᠷᠠᠬᠢ ᠵᠢᠯ ᠪᠦᠷᠢ ᠶᠢᠨ ᠡᠵᠡᠩᠨᠡᠯᠲᠡ ᠶᠢᠨ ᠠᠰᠢᠭ ᠤᠯᠵᠠᠪᠣᠷᠢ ᠶᠢ 5% ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠶᠤᠰᠤᠭᠠᠷ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠣᠯᠭᠤᠨ᠎ᠠ᠃       ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠦᠷ᠎ᠡ ᠪᠦᠲᠦᠭᠡᠯ ᠢ ᠤᠯᠠᠷᠢᠭᠤᠯᠵᠦ ᠣᠯᠤᠭᠰᠠᠨ ᠠᠰᠢᠭ ᠣᠷᠣᠯᠭ᠎ᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠥᠭᠬᠦ ᠳᠤ ᠬᠡᠷᠡᠭᠯᠡᠬᠦ ᠵᠠᠷᠤᠯᠭ᠎ᠠ ᠶᠢ ᠲᠤᠬᠠᠶ ᠶᠢᠨ ᠵᠢᠯ ᠤᠨ ᠲᠤᠰ ᠨᠢᠭᠡᠴᠡ ᠶᠢᠨ ᠴᠠᠯᠢᠩ ᠤᠨ ᠶᠡᠷᠦᠩᠬᠡᠶ ᠲᠣᠭᠠᠨ ᠳᠤ ᠪᠣᠳᠣᠵᠤ ᠣᠷᠣᠭᠤᠯᠤᠨ᠎ᠠ᠂ ᠭᠡᠪᠡᠴᠦ ᠲᠤᠬᠠᠶ ᠶᠢᠨ ᠵᠢᠯ ᠤᠨ ᠲᠤᠰ ᠨᠢᠭᠡᠴᠡ ᠶᠢᠨ ᠴᠠᠯᠢᠩ ᠤᠨ ᠶᠡᠷᠦᠩᠬᠡᠶ ᠲᠣᠭᠠᠨ ᠳᠤ ᠬᠢᠵᠠᠭᠠᠷᠯᠠᠬᠳᠠᠬᠤ ᠦᠭᠡᠢ᠂ ᠲᠤᠰ ᠨᠢᠭᠡᠴᠡ ᠶᠢᠨ ᠴᠠᠯᠢᠩ ᠤᠨ ᠶᠡᠷᠦᠩᠬᠡᠶ ᠲᠣᠭᠠᠨ ᠤ ᠰᠠᠭᠤᠷᠢ ᠲᠣᠭᠠᠨ ᠳᠤ ᠣᠷᠣᠭᠤᠯᠬᠤ ᠦᠭᠡᠢ᠃       ᠲᠤᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠠᠮᠢᠵᠢᠷᠠᠯ ᠤᠨ ᠬᠦᠴᠦᠨ ᠢ ᠬᠦᠭᠵᠢᠭᠡᠨ᠎ᠡ       ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠠᠰᠠᠭ ᠵᠠᠬᠢᠷᠭᠠᠨ ᠤ ᠲᠤᠰᠢᠶᠠᠯ ᠢ ᠡᠭᠦᠷᠭᠡᠯᠡᠬᠦ ᠠᠴᠠ ᠡᠮᠦᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠪᠠᠶᠢᠷᠢ ᠭᠠᠷᠤᠯ ᠲᠠᠢ ᠪᠠᠶᠢᠪᠠᠯ᠂ ᠺᠠᠳ᠋ᠷ ᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠪᠠᠷ ᠵᠣᠬᠢᠶᠠᠨ ᠪᠠᠶᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ᠂ ᠲᠤᠰ ᠨᠢᠭᠡᠴᠡ ᠳᠤ ᠪᠡᠯᠡ ᠣᠷᠣᠭᠤᠯᠵᠤ ᠪᠠᠶᠢᠭᠤᠯᠤᠭᠰᠠᠨ ᠪᠤᠶᠤ ᠰᠲ᠋ᠣᠺ ᠤᠨ ᠡᠷᠬᠡ ᠡᠵᠡᠮᠰᠢᠵᠦ ᠪᠠᠶᠢᠭ᠎ᠠ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠡᠷᠬᠢᠯᠡᠵᠦ᠂ ᠵᠣᠬᠢᠬᠤ ᠠᠵᠢᠯ ᠤᠨ ᠠᠮᠵᠢᠯᠲᠠ ᠶᠢ ᠨᠢ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠳᠤ ᠪᠤᠳᠤᠨ ᠣᠷᠣᠭᠤᠯᠤᠨ᠎ᠠ᠂ ᠲᠡᠳᠡᠨ ᠤᠳᠤᠷᠢᠳᠤᠯᠭ᠎ᠠ ᠶᠢᠨ ᠠᠵᠢᠯ ᠤᠨ ᠪᠠᠶᠢᠷᠢᠨ ᠳᠤ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ᠂ ᠲᠤᠰᠢᠶᠠᠯ ᠬᠠᠪᠰᠤᠷᠭᠠᠵᠤ ᠪᠠᠶᠢᠭ᠎ᠠ ᠠᠵᠤ ᠠᠬᠤᠶᠢᠯᠠᠯ ᠠᠴᠠ ᠴᠠᠯᠢᠩ ᠣᠯᠭᠤᠮᠵᠢ ᠠᠪᠴᠤ ᠪᠣᠯᠬᠤ ᠦᠭᠡᠢ᠂ ᠭᠡᠪᠡᠴᠦ ᠲᠤᠰ ᠬᠥᠮᠦᠨ ᠨᠢ ᠭᠤᠣᠯ ᠪᠡᠶᠡᠯᠡᠭᠦᠯᠦᠭᠰᠡᠨ ᠬᠥᠮᠦᠨ ᠤ ᠬᠤᠪᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠢ ᠨᠢᠭᠡᠨᠲᠡ ᠤᠯᠠᠷᠢᠭᠤᠯᠬᠤ ᠶᠢ ᠬᠡᠷᠡᠭᠵᠢᠭᠦᠯᠦᠭᠰᠡᠨ ᠤ ᠬᠠᠮᠲᠤ ᠱᠠᠩᠨᠠᠯ ᠣᠯᠭᠤᠬᠤ ᠦᠶᠡᠰ᠂ ᠡᠮᠦᠨ᠎ᠡ ᠳᠤᠷᠠᠳᠤᠭᠰᠠᠨ ᠪᠡᠯᠡᠨ ᠵᠣᠭᠤᠰ ᠤᠨ ᠱᠠᠩᠨᠠᠯ ᠢ ᠭᠥᠷᠳᠡᠵᠦ ᠪᠣᠯᠬᠤ ᠪᠦᠭᠡᠳ ᠲᠤᠰ ᠨᠢᠭᠡᠴᠡ ᠳᠡᠭᠡᠨ ᠢᠯᠡ ᠨᠡᠶᠢᠲᠡᠯᠡᠨ᠎ᠡ         ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠵᠣᠷᠢᠬᠵᠢᠭᠤᠯᠤᠨ ᠤᠷᠢᠭᠳᠠᠭᠰᠠᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠤᠷᠢᠲᠠᠯ ᠳᠣᠣᠷ᠎ᠠ᠂ ᠨᠢᠭᠡᠴᠡ ᠶᠢᠨ ᠵᠥᠪᠰᠢᠶᠡᠷᠡᠯ ᠢ ᠣᠯᠤᠭᠰᠠᠨ ᠤ ᠲᠠᠷᠠᠭ᠎ᠠ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠲᠤᠰᠢᠶᠠᠯ ᠬᠠᠪᠰᠤᠷᠭᠠᠨ ᠬᠢᠭᠡᠳ ᠣᠯᠤᠭᠰᠠᠨ ᠣᠷᠣᠯᠭ᠎ᠠ ᠶᠢ ᠬᠤᠪᠢ ᠬᠥᠮᠦᠨ ᠪᠣᠯᠤᠨ ᠨᠢᠭᠡᠴᠡ ᠠᠴᠠ ᠵᠥᠪᠳᠡᠯᠴᠡᠨ ᠬᠤᠪᠢᠶᠠᠷᠢᠯᠠᠨ᠎ᠠ᠃       ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠨᠢ ᠪᠠᠶᠢᠭ᠎ᠠ ᠨᠢᠭᠡᠴᠡ ᠪᠠᠷ ᠢᠶᠠᠨ ᠵᠥᠪᠰᠢᠶᠡᠷᠡᠭᠦᠯᠦᠭᠡᠳ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠣᠯᠣᠨ ᠦᠷ᠎ᠡ ᠪᠦᠲᠦᠭᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠵᠤ ᠠᠵᠢᠯ ᠦᠢᠯᠡᠰ ᠴᠣᠭᠴᠠᠯᠠᠵᠤ ᠪᠤᠯᠤᠨ᠎ᠠ᠂ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭ᠎ᠠ ᠶᠢ 3 ᠵᠢᠯ ᠢᠶᠠᠷ ᠨᠢᠭᠡ ᠬᠤᠭᠤᠴᠠᠭ᠎ᠠ ᠪᠣᠯᠭᠠᠵᠤ᠂ ᠬᠠᠮᠤᠭ ᠤᠷᠲᠦ ᠳᠠᠭᠠᠨ ᠬᠤᠶᠠᠷ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠤᠭᠤᠴᠠᠭᠠᠨ ᠳᠤ ᠠᠳᠠᠯ ᠦᠢᠯᠡᠰ ᠴᠣᠭᠴᠠᠯᠠᠬᠤ ᠠᠵᠢᠯᠳᠠᠨ ᠨᠢ ᠠᠵᠢᠯᠳᠠᠨ ᠤ ᠬᠠᠷᠢᠴᠠᠭ᠎ᠠ ᠪᠠ ᠦᠨᠳᠦᠰᠦᠨ ᠣᠯᠭᠤᠮᠵᠢ ᠪᠠᠨ ᠦᠯᠡᠳᠡᠭᠡᠵᠦ᠂ ᠤᠤᠯ ᠤᠨ ᠨᠢᠭᠡᠴᠡ ᠠᠴᠠ ᠲᠡᠳᠡᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠵᠤ᠂ ᠬᠡᠷᠡᠭᠰᠡᠬᠦ ᠰᠦᠢᠳᠬᠡᠯ ᠢ ᠨᠢ ᠠᠵᠢᠯ ᠤᠨ ᠪᠠᠶᠢᠷᠢ ᠠᠴᠠ ᠪᠠᠨ ᠰᠠᠯᠤᠬᠰᠠᠨ ᠠᠳᠠᠯ ᠦᠢᠯᠡᠰ ᠴᠣᠭᠴᠠᠯᠠᠭᠴᠢ ᠪᠠ ᠪᠠᠶᠢᠭ᠎ᠠ ᠠᠵᠤ ᠠᠬᠤᠶᠢᠯᠠᠯ ᠨᠢ ᠬᠠᠮᠲᠤᠪᠡᠷ ᠡᠭᠦᠷᠭᠡᠯᠡᠨ᠎ᠡ ︔ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠴᠢ ᠨᠢ ᠤᠤᠯ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠪᠤᠰᠤᠳ ᠬᠥᠮᠦᠰ ᠯᠦᠭᠡ ᠠᠳᠠᠯᠢ ᠪᠠᠷ ᠲᠤᠰᠬᠠᠶ ᠮᠡᠷᠭᠡᠵᠢᠯ ᠤᠨ ᠲᠤᠰᠢᠶᠠᠯ ᠢ ᠰᠢᠯᠭᠠᠨ ᠲᠣᠭᠲᠠᠭᠠᠵᠤ ᠤᠷᠢᠨ ᠬᠡᠷᠡᠭᠯᠡᠬᠦ ᠪᠠ ᠠᠵᠢᠯ ᠤᠨ ᠪᠠᠶᠢᠷᠢ ᠶᠢᠨ ᠵᠡᠷᠭᠡ ᠳᠡᠰ ᠳᠡᠪᠰᠢᠭᠦᠯᠬᠦ ᠡᠷᠬᠡ ᠶᠢ ᠠᠳᠠᠯᠢ ᠲᠡᠭᠰᠢ ᠪᠠᠷ ᠬᠦᠷᠲᠡᠨ᠎ᠡ ︔ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠴᠢ ᠨᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠠᠵᠢᠯᠯᠠᠭᠰᠠᠨ ᠣᠨ ᠵᠢᠯ ᠢ ᠨᠢ ᠦᠷᠭᠦᠯᠵᠢᠯᠡᠨ ᠪᠣᠳᠣᠵᠣ ᠥᠭᠭᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠤᠳᠤᠷᠢᠳᠬᠤ ᠲᠤᠰᠢᠶᠠᠯ ᠢ ᠡᠭᠦᠷᠭᠡᠯᠡᠵᠦ ᠪᠦᠬᠦᠢ ᠬᠥᠮᠥᠰ᠂ ᠤᠳᠤᠷᠢᠳᠬᠤ ᠲᠤᠰᠢᠶᠠᠯ ᠡᠭᠦᠷᠭᠡᠯᠡᠬᠦ ᠪᠠᠨ ᠪᠤᠯᠢᠬᠰᠠᠨ ᠤ ᠳᠠᠷᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠡᠠ ᠤ ᠬᠤᠪᠢ ᠪᠠᠷ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠵᠤ ᠪᠣᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠤᠤᠯ ᠤᠨ ᠨᠢᠭᠡᠴᠡ ᠳᠡᠭᠡᠨ ᠪᠤᠴᠠᠪᠠᠯ᠂ ᠨᠢᠭᠡᠴᠡ ᠨᠢ ᠵᠣᠬᠢᠬᠤ ᠲᠤᠰᠬᠠᠶ ᠮᠡᠷᠭᠡᠵᠢᠯ ᠤᠨ ᠲᠤᠰᠢᠶᠠᠯ ᠶᠣᠰᠣᠭᠠᠷ ᠠᠵᠢᠯ ᠤᠨ ᠪᠠᠶᠢᠷᠢ ᠳᠤ ᠤᠷᠢᠬᠤ ᠠᠵᠢᠯ ᠢ ᠰᠠᠶᠢᠲᠤᠷ ᠬᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠠᠰᠢᠭᠲᠠᠶ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠠᠵᠢᠯ ᠤᠨ ᠪᠠᠶᠢᠷᠢ ᠶᠢᠨ ᠰᠢᠯᠭᠠᠨ ᠬᠢᠨᠠᠬᠤ᠂ ᠮᠡᠷᠭᠡᠵᠢᠯ ᠤᠨ ᠴᠣᠯᠠ ᠳᠡᠪᠰᠢᠭᠦᠯᠬᠦ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠥᠭᠦᠯᠡᠯ ᠲᠠᠢ ᠨᠢᠭᠡᠯᠡ ᠠᠳᠠᠯᠢ ᠪᠠᠷ ᠬᠠᠨᠳᠤᠵᠤ᠂ ᠲᠤᠰ ᠱᠠᠲᠤᠨ ᠤ ᠰᠡᠳᠦᠪ ᠢ ᠳᠡᠭᠡᠳᠦ ᠳᠤᠤᠷᠠᠳᠦ ᠱᠠᠲᠤᠨ ᠤ ᠰᠡᠳᠦᠪ ᠲᠠᠢ ᠨᠢᠭᠡᠯᠡ ᠠᠳᠠᠯᠢ ᠪᠠᠷ ᠬᠠᠨᠳᠤᠨ᠎ᠠ᠃       ᠨᠠᠢᠮᠠ᠂ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ         ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠣᠬᠠᠢ ᠳᠤᠨᠢ ᠰᠤᠳᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠬᠤᠯᠠ ᠶᠡᠭᠡ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠬᠢᠨᠠᠨ ᠵᠥᠪᠯᠡᠬᠦ ᠪᠠ ᠲᠣᠭᠲᠠᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯᠯᠠᠭ᠎ᠠ ᠶᠢᠨ ᠲᠥᠰᠦᠯ ᠢ ᠬᠡᠷᠡᠭᠵᠢᠭᠦᠯᠬᠦ ᠯᠦᠭᠡ ᠢᠳᠡᠪᠬᠢᠲᠡᠢ ᠪᠠᠷ ᠵᠤᠯᠭᠠᠭᠤᠯᠵᠤ᠂ ᠳᠥᠷᠪᠡᠨ ᠱᠠᠲᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠰᠲ᠋ᠧᠮ ᠲᠠᠢ ᠪᠠᠷ ᠡᠮᠬᠢᠯᠡᠨ ᠨᠡᠶᠢᠯᠡᠭᠦᠯᠵᠦ᠂ ᠪᠤᠳᠠᠲᠠᠢ ᠪᠠᠷ ᠠᠬᠢᠭᠤᠯᠤᠨ᠎ᠠ᠃       ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠠᠶᠢᠮᠠᠭ ᠬᠤᠳᠠ᠂ ᠰᠠᠯᠠᠭ᠎ᠠ ᠮᠥᠴᠢᠷ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ '       ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠬᠤ ᠳᠤ ᠣᠷᠣᠭᠤᠯᠵᠤ᠂ ᠲᠡᠳᠡᠨ ᠢ ᠬᠦᠲᠦᠯᠦᠨ ᠵᠢᠯᠣᠭᠤᠳᠴᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠠᠬᠢ ᠣᠷᠣᠭᠤᠯᠤᠯᠲᠠ ᠶᠢ ᠴᠢᠩᠭᠠᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号