ᠵᠦᠢ ᠪᠤᠰᠤ ᠵᠢᠭᠡᠯᠡᠯᠭᠡ ᠶᠢ ᠠᠷᠢᠯᠭᠠᠵᠤ ᠮᠥᠩᠭᠦᠨ ᠭᠦᠢᠯᠭᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2017/5/5
    ᠥᠪᠥᠷ ᠵᠠᠰᠠᠭ ᠠᠯᠪᠠᠨ ᠲᠠᠷᠬᠠᠭᠠᠭᠰᠠᠨ ﹇2016﹈ 166 ᠳ᠋ᠤᠭᠠᠷ ᠲᠤᠭᠠᠳᠤ          2016 ᠤᠨ ᠤ 11 ᠳ᠋ᠤᠭᠡᠷ ᠰᠠᠷ᠎ᠠ ᠶᠢᠨ 15᠎ ᠤ ᠤᠨ ᠡᠳᠥᠷ        ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠦᠢ ᠪᠣᠰᠣ ᠵᠢᠭᠡᠯᠡᠯᠭᠡ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠠ ᠶᠢ ᠡᠵᠡᠮᠳᠡᠵᠣ ᠬᠠᠭᠤᠴᠢᠨ ᠢ ᠨᠢ ᠠᠷᠢᠯᠭᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠣᠳᠠᠲᠤ ᠴᠣᠭᠴᠠᠳᠣ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠠᠰᠣ ᠴᠢᠨᠠᠷ ᠢ ᠳᠡᠭᠡᠭᠰᠢᠯᠡᠭᠦᠯᠣᠨ ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠦᠨᠡᠡᠭᠦ ᠬᠠᠮᠠᠭᠠᠯᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠦᠯᠣ ᠡᠭᠦᠰᠭᠦ ᠬᠤᠷᠢᠭ᠎ᠠ ᠱᠤᠭᠤᠮ ᠢ ᠪᠠᠳᠣ ᠰᠠᠬᠢᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃        ᠨᠢᠭᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠨᠢᠭᠡᠳᠦᠭᠡᠷ ᠬᠠᠷᠢᠭᠤᠴᠠᠯᠭᠠᠳᠣ ᠭᠦᠮᠣᠨ ᠤ ᠡᠭᠦᠷᠭᠡ ᠶᠢ ᠦᠨᠡᠡᠭᠦ ᠭᠦᠢᠴᠡᠳᠬᠡᠭᠦ ᠬᠡᠷᠩᠳᠠᠢ              ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠳᠣᠲᠣᠭᠠᠳᠤ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠳᠠᠢ᠃ ᠵᠢᠭᠡᠯᠡᠯᠭᠡ ᠶᠢᠨ ︽ᠭᠤᠷᠪᠡᠨ ᠪᠠᠶᠢᠴᠠᠭᠠᠯᠳᠠ︾ ︵ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ᠂ ᠵᠢᠭᠡᠯᠡᠯᠭᠡ ᠲᠠᠯᠪᠢᠬᠤ ᠦᠶ᠎ᠡ ᠶᠢᠨ ᠬᠢᠨᠠᠨ ᠪᠠᠶᠢᠴᠠᠭᠠᠯᠳᠠ᠂ ᠵᠢᠭᠡᠯᠡᠭᠦᠯᠦᠭᠰᠡᠨ ᠳᠠᠷᠠᠭᠠᠬᠢ ᠪᠠᠶᠢᠴᠠᠭᠠᠯᠳᠠ︶᠎ ᠶᠢᠨ ᠲᠥᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠲᠤᠭ᠎ᠠ ᠨᠤᠷᠮ᠎ᠠ ᠠᠴᠠ ᠳᠠᠪᠠᠭᠤᠯᠵᠦ ᠢᠲᠡᠭᠡᠮᠵᠢ ᠣᠯᠭᠤᠬᠤ᠂ ᠬᠡᠲᠦᠷᠬᠡᠶ ᠢᠲᠡᠭᠡᠮᠵᠢ ᠣᠯᠭᠤᠬᠤ᠂ ᠣᠯᠠᠨ ᠲᠠᠯ᠎ᠠ ᠠᠴᠠ ᠢᠲᠡᠭᠡᠮᠵᠢ ᠣᠯᠭᠤᠬᠤ ᠪᠠ ᠬᠤᠯᠪᠤᠬᠳᠠᠭᠤᠯᠤᠨ ᠢᠲᠡᠭᠡᠮᠵᠢ ᠣᠯᠭᠤᠬᠤ ᠶᠠᠪᠤᠳᠠᠯ ᠢ ᠴᠢᠩᠭ᠎ᠠ ᠴᠠᠭᠠᠵᠠᠯᠠᠨ᠂ ᠬᠠᠭᠤᠷᠮᠠᠭ ᠨᠡᠷ᠎ᠡ ᠪᠠᠷ ᠵᠢᠭᠡᠯᠡᠯᠭᠡ ᠠᠪᠬᠤ᠂ ᠨᠡᠷ᠎ᠡ ᠵᠢᠭᠡᠯᠡᠵᠣ ᠵᠢᠭᠡᠯᠡᠯᠭᠡ ᠠᠪᠬᠤ ᠪᠠ ᠪᠣᠰᠣᠣᠨ ᠤᠨ ᠨᠡᠷ᠎ᠡ ᠪᠠᠷ ᠵᠢᠭᠡᠯᠡᠯᠭᠡ ᠠᠪᠬᠤ ᠶᠢ ᠴᠢᠩᠭ᠎ᠠ ᠴᠠᠭᠠᠵᠠᠯᠠᠬᠤ ᠬᠡᠷᠩᠳᠠᠢ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠣᠠᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠳᠠᠲᠠᠶ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠪᠠ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠡᠷᠡᠭᠯᠡᠭᠡᠨᠳᠣ ᠴᠢᠨᠠᠷ ᠪᠠ ᠠᠵᠢᠯᠯᠠᠭᠠᠲᠦ ᠴᠢᠨᠠᠷ ᠢ ᠳᠡᠭᠡᠭᠰᠢᠯᠡᠭᠦᠯᠭᠦ ᠬᠡᠷᠩᠳᠠᠢ᠃ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠣ ᠡᠭᠦᠰᠭᠦ ᠬᠤᠷᠢᠭ᠎ᠠ ᠱᠤᠭᠤᠮ ᠤᠨ ᠰᠡᠳᠬᠢᠬᠦᠶ ᠶᠢ ᠪᠠᠳᠣ ᠪᠣᠢ ᠪᠣᠯᠭᠠᠵᠣ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠲᠣᠣᠷ ᠤᠨ ᠲᠡᠷᠢᠭᠦᠨ ᠴᠢᠬᠤᠯᠠ ᠰᠡᠷᠭᠡᠶᠢᠯᠡᠯᠲᠡ ᠶᠢᠨ ᠱᠤᠭᠤᠮ ᠢ ᠪᠠᠳᠣ ᠪᠠᠬᠢ ᠪᠠᠶᠢᠭᠤᠯᠵᠣ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠦᠨᠡᠡᠭᠦ ᠬᠠᠮᠠᠭᠠᠯᠠᠬᠤ ᠬᠡᠷᠩᠳᠠᠢ᠃         ᠬᠤᠶᠠᠷ᠂ ᠪᠤᠴᠠᠭᠠᠨ ᠠᠪᠴᠦ ᠢᠷᠡᠬᠦ ᠪᠤᠯᠤᠮᠵᠢ ᠦᠭᠡᠢ ᠵᠤᠭᠤᠰ ᠤᠨ ᠰᠠᠯᠭᠠᠨ ᠪᠡᠯᠡᠳᠭᠡᠯ ᠤᠨ ᠪᠣᠳᠣᠵᠤ ᠠᠪᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠭᠦ ᠬᠡᠷᠩᠳᠠᠢ         ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠢᠳᠡᠭᠡᠮᠵᠢᠳᠣ ᠵᠢᠭᠡᠯᠡᠯᠭᠡ ᠶᠢᠨ ᠡᠳ᠋ ᠭᠦᠷᠤᠩᠭᠡ ᠶᠢᠨ ᠶᠠᠰᠣ ᠴᠢᠨᠠᠷ ᠢ ᠦᠨᠡᠨ ᠪᠣᠳᠠᠲᠠᠶ᠂ ᠣᠨᠣᠪᠴᠢᠲᠠᠶ ᠪᠠᠷ ᠲᠤᠰᠬᠠᠵᠤ᠂ ᠵᠢᠭᠡᠯᠡᠯᠭᠡ ᠶᠢᠨ ᠦᠨᠡᠨ ᠪᠣᠳᠠᠲᠠᠶ ᠠᠩᠭᠢᠯᠠᠯ ᠶᠣᠰᠣᠭᠠᠷ ᠪᠣᠳᠣᠵᠣ ᠠᠪᠬᠤ ᠳᠤ ᠰᠠᠯᠭᠠᠨ ᠦᠭᠬᠦ ᠪᠠᠷ ᠪᠡᠯᠡᠣᠡᠭᠡᠵᠣ᠂ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠷᠦᠩᠭᠡ ᠮᠦᠡᠭᠭᠦ ᠠᠬᠤᠶᠢᠯᠠᠬᠤ ᠪᠡᠯᠡ ᠮᠥᠩᠭᠦ ᠶᠢ ᠠᠰᠢᠭᠯᠠᠨ ᠰᠢᠭᠤᠳ ᠪᠡᠯᠡ ᠣᠷᠣᠭᠤᠯᠬᠤ᠂ ᠡᠰᠡᠬᠦᠯ᠎ᠡ ᠪᠠᠩᠬᠢ ᠶᠢᠨ ᠦᠢᠯᠡᠰ ᠤᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠳ᠋ ᠬᠦᠷᠤᠩᠭᠡ ᠶᠢᠨ ᠠᠷᠠᠯᠵᠢᠶ᠎ᠠ ᠶᠢᠨ ᠲᠠᠪᠴᠠᠩ ᠵᠡᠷᠭᠡ ᠪᠠᠷ ᠳᠡᠮᠵᠢᠭᠤᠯᠣᠨ ︽ᠪᠠᠷᠢᠮᠵᠢᠶᠠᠵᠢᠭᠤᠯᠤᠭᠰᠠᠨ ᠦᠭᠡᠢ ᠠᠪᠴᠠᠭᠠᠨ ᠤ ᠡᠷᠬᠡ ᠲᠠᠢ ᠡᠳ᠋ ᠬᠦᠷᠦᠩᠭᠡ︾᠎ ᠳᠤ ᠳᠠᠮ ᠢᠶᠠᠷ ᠪᠡᠯᠡ ᠣᠷᠣᠭᠤᠯᠬᠤ ᠠᠵᠢᠯᠯᠠᠭ᠎ᠠ ᠶᠢ ᠴᠢᠩᠭ᠎ᠠ ᠵᠢᠷᠣᠮᠵᠢᠭᠤᠯᠵᠣ᠂ ︽ᠮᠥᠨ ᠴᠢᠨᠠᠷ ᠨᠢ ᠬᠡᠯᠪᠡᠷᠢ ᠠᠴᠠ ᠪᠠᠨ ᠴᠢᠬᠤᠯᠨ ᠪᠠᠶᠢᠬᠤ︾ ᠵᠠᠷᠴᠢᠮ ᠪᠠ ᠪᠣᠯᠭᠤᠮᠵᠢᠲᠠᠶ ᠬᠠᠮᠢᠶᠠᠷᠬᠤ ᠶᠢᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠠᠯᠭᠠᠨ ᠥᠭᠬᠦ ᠪᠡᠯᠡᠳᠭᠡᠯ ᠠᠴᠠ ᠪᠣᠳᠣᠵᠣ ᠠᠪᠣᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠷᠤᠩᠭᠡ ᠨᠥᠬᠦᠪᠥᠷᠢᠯᠡᠬᠦ ᠲᠣᠭᠲᠠᠴᠠ ᠪᠠᠶᠢᠭᠤᠯᠬᠤ ᠶᠢ ᠬᠥᠲᠥᠯᠥᠨ ᠵᠢᠯᠣᠭᠤᠳᠴᠤ᠂ ᠬᠦᠷᠦᠩᠭᠡ ᠶᠢᠨ ᠶᠠᠰᠤ ᠴᠢᠨᠠᠷ ᠢ ᠳᠡᠭᠡᠭᠰᠢᠯᠡᠭᠦᠯᠣᠨ᠂ ᠬᠦᠷᠦᠩᠭᠡ ᠬᠦᠯᠢᠶᠡᠰᠦᠯᠡᠬᠦ ᠶᠢ ᠴᠢᠩᠭᠠᠣᠠᠬᠠᠨ᠎ᠠ᠃        ᠭᠤᠷᠪᠠ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠵᠠᠮ ᠮᠦᠷ ᠢ ᠣᠯᠠᠮ ᠨᠢᠭᠡ ᠠᠯᠬᠤᠮ ᠦᠷᠭᠡᠣᠡᠭᠡᠭᠦ ᠬᠡᠷᠩᠳᠠᠢ        ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ︽ᠨᠢᠭᠡ ᠪᠦᠯᠦᠭ ᠢ ᠢᠯᠭᠠᠷᠠᠭᠤᠯᠣᠨ ᠬᠤᠷᠢᠶᠠᠬᠤ᠂ ᠨᠢᠭᠡ ᠪᠦᠯᠦᠭ ᠢ ᠰᠢᠯᠵᠢᠭᠦᠯᠦᠨ ᠥᠭᠬᠦ᠂ ᠨᠢᠭᠡ ᠪᠦᠯᠦᠭ ᠢ ᠦᠷᠭᠦᠯᠵᠢᠯᠡᠨ ᠬᠢᠭᠦ᠂ ᠨᠢᠭᠡ ᠪᠦᠯᠦᠭ ᠢ ᠳᠠᠬᠢᠨ ᠵᠣᠬᠢᠶᠠᠨ ᠪᠠᠶᠢᠭᠤᠯᠬᠤ᠂ ᠨᠢᠭᠡ ᠪᠦᠯᠦᠭ ᠢ ᠬᠠᠷᠭᠤᠭᠤᠯᠤᠨ ᠬᠦᠴᠦᠨ ᠦᠭᠡᠢ ᠪᠤᠯᠭᠠᠬᠤ᠂ ᠨᠢᠭᠡ ᠪᠦᠯᠦᠭ ᠢ ᠥᠷᠢ ᠲᠦᠯᠦᠬᠦ︾᠎ ᠪᠠᠷ ᠲᠥᠷᠥᠯ ᠬᠤᠪᠢᠶᠠᠨ ᠰᠢᠢᠳᠪᠦᠷᠢᠯᠡᠬᠦ ᠲᠥᠯᠥᠪᠯᠡᠭᠡ ᠲᠣᠭᠳᠠᠭᠠᠵᠣ᠂ ᠵᠦᠢ ᠪᠤᠰᠤ ᠵᠢᠭᠡᠯᠡᠯᠭᠡ ᠶᠢᠨ ᠬᠠᠷᠭᠤᠭᠤᠯᠤᠨ ᠬᠦᠴᠦᠨ ᠦᠭᠡᠢ ᠪᠤᠯᠭᠠᠬᠤ ᠪᠠ ᠪᠦᠭᠡᠮ ᠢᠶᠠᠷ ᠰᠢᠯᠵᠢᠭᠦᠯᠣᠨ ᠦᠭᠭᠦ ᠠᠬᠢᠴᠨ ᠶᠢ ᠲᠦᠷᠭᠡᠳᠬᠡᠭᠦ ᠬᠡᠷᠩᠳᠠᠢ᠃ ᠬᠠᠷᠭᠤᠭᠤᠯᠤᠨ ᠬᠦᠴᠦᠨ ᠦᠭᠡᠢ ᠪᠤᠯᠭᠠᠬᠤ ᠲᠦᠷᠣ ᠶᠢᠨ ᠪᠣᠳᠣᠯᠭ᠎ᠠ ᠶᠢ ᠭᠦᠢᠴᠡᠣᠨ ᠰᠠᠶᠢᠨ ᠠᠰᠢᠭᠯᠠᠵᠣ᠂ ᠬᠠᠷᠭᠤᠭᠤᠯᠤᠨ ᠬᠦᠴᠦᠨ ᠦᠭᠡᠢ ᠪᠤᠯᠭᠠᠬᠤ ᠠᠬᠢᠴᠨ ᠶᠢ ᠲᠦᠷᠭᠡᠣᠡᠭᠡᠨ᠂ ︽ᠬᠠᠷᠭᠤᠭᠤᠯᠪᠠᠰᠣ ᠵᠣᠬᠢᠬᠤ ᠶᠢ ᠨᠢ ᠪᠦᠭᠦᠨ ᠢ ᠬᠠᠷᠭᠤᠭᠤᠯᠬᠤ︾᠎ ᠶᠢ ᠪᠡᠶᠡᠯᠡᠭᠦᠯᠭᠦ ᠬᠡᠷᠡᠭᠲᠡᠶ ︔ ︽ᠦᠷᠢ ᠥᠭᠴᠡᠭᠡ ᠶᠢ ᠰᠲ᠋ᠣᠺ ᠪᠣᠯᠭᠠᠨ ᠰᠢᠯᠵᠢᠭᠦᠯᠣᠨ ᠬᠤᠪᠢᠷᠠᠭᠤᠯᠬᠤ︾᠎ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠦᠷᠨᠢᠭᠦᠯᠭᠦ ᠶᠢ ᠠᠬᠢᠭᠤᠯᠵᠤ᠂ ᠡᠮᠬᠢ ᠵᠢᠷᠤᠮ ᠲᠠᠢ ᠪᠠᠷ ᠦᠷᠢ ᠥᠭᠴᠡᠭᠡ ᠶᠢ ᠲᠠᠬᠢᠨ ᠵᠤᠬᠢᠶᠠᠨ ᠪᠠᠶᠢᠭᠤᠯᠬᠤ ᠶᠢ ᠪᠡᠶᠡᠯᠡᠭᠦᠯᠵᠣ᠂ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ ᠪᠠᠭᠤᠷᠠᠭᠤᠯᠣᠨ᠂ ᠡᠳ᠋ ᠤᠨ ᠶᠠᠪᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ ︔ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠠᠷᠠᠯᠵᠢᠶ᠎ᠠ ᠶᠢᠨ ᠲᠠᠪᠴᠠᠩ ᠢ ᠪᠠᠶᠢᠭᠤᠯᠵᠤ᠂ ᠪᠠᠩᠬᠢ ᠶᠢᠨ ᠵᠦᠢ ᠪᠤᠰᠤ ᠡᠳ᠋ ᠬᠦᠷᠦᠩᠭᠡ ᠶᠢ ᠫᠠᠶᠢᠰᠠ ᠡᠯᠭᠦᠨ ᠰᠢᠯᠵᠢᠭᠦᠯᠦᠨ ᠥᠭᠬᠦ ᠶᠢ ᠦᠷᠨᠢᠭᠦᠯᠵᠣ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠩᠳᠠᠢ ︔ ᠡᠳ᠋ ᠬᠦᠷᠦᠩᠭᠡ ᠶᠢ ᠦᠨᠡᠳᠣ ᠲᠡᠮᠳᠡᠭᠲᠦ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠯᠡᠳᠡᠭᠡᠯ ᠡᠳ᠋ ᠭᠦᠷᠤᠩᠭᠡ ᠶᠢ ᠴᠢᠯᠣᠭᠡᠳᠠᠢ ᠭᠦᠢᠯᠭᠡᠭᠡᠵᠣ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠤᠩᠭᠡ ᠶᠢᠨ ᠭᠦᠢᠯᠭᠡᠭᠡᠨᠲᠦ ᠴᠢᠨᠠᠷ ᠢ ᠴᠢᠩᠭᠠᠷᠠᠭᠤᠯᠤᠨ᠎ᠠ᠃         ᠲᠦᠷᠪᠡ᠂ ᠠᠪᠤᠴᠠᠭᠠᠨ ᠤ ᠡᠷᠭᠡᠳᠣ ᠭᠦᠮᠣᠨ ᠤ ᠺᠣᠮᠢᠰ ᠤᠨ ᠨᠡᠩ ᠶᠡᠭᠡ ᠦᠢᠯᠡᠳᠦᠯ ᠪᠠᠳᠠᠷᠠᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠳᠠᠢ         ᠳᠠᠩ ᠴᠣᠯᠭᠤᠢ ᠠᠵᠤ ᠠᠬᠤᠶᠢᠯᠠᠯ ︵ᠪᠦᠯᠦᠭᠯᠡᠯ︶᠎ ᠤᠨ ᠵᠦᠢ ᠪᠤᠰᠤ ᠵᠢᠭᠡᠯᠡᠯᠭᠡ ᠶᠢᠨ ᠵᠣᠭᠤᠰᠣᠨ ᠤ ᠲᠤᠭ᠎ᠠ ᠶᠡᠭᠡ᠂ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠭ᠎ᠠ ᠣᠯᠠᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠵᠦᠢᠯ ᠤᠨ ᠲᠦᠷᠣ ᠶᠢᠨ ᠪᠣᠳᠣᠯᠭ᠎ᠠ︾᠎ ᠶᠢ ᠬᠡᠷᠡᠭᠯᠡᠵᠦ᠂ ᠠᠪᠴᠠᠭᠠᠨ ᠤ ᠡᠷᠭᠡᠳᠣ ᠭᠦᠮᠣᠨ ᠤ ᠺᠣᠮᠢᠰ ᠢ ᠵᠣᠬᠢᠶᠠᠨ ᠪᠠᠶᠢᠭᠤᠯᠣᠨ᠂ ᠵᠢᠭᠡᠯᠡᠯᠭᠡ ᠨᠡᠮᠡᠭᠳᠡᠭᠦᠯᠭᠦ᠂ ᠵᠢᠭᠡᠯᠡᠯᠭᠡ ᠶᠢ ᠲᠣᠭᠲᠠᠪᠦᠷᠢᠵᠢᠭᠤᠯᠬᠤ᠂ ᠵᠢᠭᠡᠯᠡᠯᠭᠡ ᠶᠢ ᠬᠠᠰᠣᠬᠤ᠂ ᠲᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠵᠣ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠡᠳ᠋ ᠬᠦᠷᠦᠩᠭᠡ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠭᠦᠢ ᠠᠵᠢᠯ ᠢ ᠡᠮᠬᠢ ᠵᠢᠷᠤᠮ ᠲᠠᠢ ᠥᠷᠨᠢᠭᠦᠯᠣᠨ᠎ᠠ᠃ ᠠᠵᠤ ᠠᠬᠤᠶᠢᠯᠠᠯ ᠤᠨ ᠳᠤᠷᠠᠳᠤᠭᠰᠠᠨ ᠪᠡᠯᠠ ᠮᠥᠩᠭᠦᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠶᠢᠨ ᠤᠴᠢᠷ ᠰᠢᠯᠲᠠᠭᠠᠨ ᠨᠢ ᠭᠦᠢᠴᠡᠳ ᠪᠠᠶᠢᠪᠠᠯ᠂ ᠠᠪᠤᠴᠠᠭᠠᠨ ᠤ ᠡᠷᠭᠡᠳᠣ ᠭᠦᠮᠣᠨ ᠤ ᠺᠣᠮᠢᠰ ᠨᠢ ᠪᠠᠩᠬᠢ ᠶᠢᠨ ᠪᠦᠯᠦᠭᠯᠡᠯ ᠠᠴᠠ ᠵᠢᠭᠡᠯᠡᠯᠭᠡ ᠠᠪᠬᠤ᠂ ᠵᠦᠢ ᠪᠤᠰᠦ ᠵᠢᠭᠡᠯᠡᠯᠭᠡ ᠠᠷᠢᠯᠭᠠᠬᠰᠠᠨ ᠳᠤ ᠬᠠᠮᠲᠦᠷᠠᠨ ᠢᠲᠡᠭᠡᠮᠵᠢ ᠣᠯᠭᠤᠬᠤ ᠲᠣᠭᠲᠠᠴᠠ ᠶᠢ ᠪᠠᠶᠢᠭᠤᠯᠬᠤ ᠪᠤᠶᠤ ᠪᠢᠲᠡᠭᠦᠮᠵᠢᠯᠡᠭᠰᠡᠨ ᠮᠠᠶ᠋ᠢᠭ ᠢᠶᠠᠷ ᠪᠡᠯᠡ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠣᠨ ᠳᠡᠮᠵᠢᠯᠭᠡ ᠦᠵᠡᠭᠦᠯᠬᠦ ᠬᠡᠷᠡᠭᠲᠡᠶ᠃ ᠡᠯ᠎ᠡ ᠠᠪᠴᠠᠭᠠᠨ ᠤ ᠡᠷᠭᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠢᠭᠡᠳᠦᠯᠲᠡᠶ ᠠᠵᠢᠯᠯᠠᠭ᠎ᠠ ᠠᠪᠴᠣ᠂ ᠵᠢᠱᠢᠯᠲᠡ ᠲᠥᠰᠦᠪᠯᠡᠯ ᠢ ᠲᠣᠭᠲᠠᠪᠤᠷᠢᠵᠢᠭᠤᠯᠬᠤ᠂ ᠢᠳᠡᠭᠡᠮᠵᠢᠳᠣ ᠵᠢᠭᠡᠯᠡᠯᠭᠡ ᠶᠢ ᠲᠣᠭᠲᠠᠭᠤᠨ ᠪᠠᠶᠢᠯᠭᠠᠬᠤ᠂ ᠲᠣᠭᠲᠠᠪᠤᠷᠢᠲᠠᠶ ᠲᠡᠮᠵᠢᠭᠦ ᠶᠢ ᠦᠨᠡᠡᠭᠦ ᠪᠡᠶᠡᠯᠡᠭᠦᠯᠵᠦ᠂ ᠵᠢᠭᠡᠯᠡᠯᠭᠡ ᠶᠢ ᠳᠤᠷ᠎ᠠ ᠪᠠᠷ ᠢᠶᠠᠨ ᠵᠣᠭᠰᠣᠭᠠᠬᠤ ᠪᠠ ᠰᠤᠭᠤᠴᠠᠵᠣ ᠪᠣᠯᠬᠤ ᠦᠭᠡᠢ ︔ ᠴᠢᠬᠤᠯᠠ ᠪᠦᠬᠦᠢ᠂ ᠲᠦᠭᠰᠢᠭᠦᠷᠢ ᠶᠢ ᠡᠵᠡᠮᠳᠡᠵᠦ ᠳᠡᠶᠢᠯᠭᠦ ᠬᠤᠷᠢᠶᠠᠵᠤ ᠠᠪᠤᠭᠠᠳ ᠲᠠᠬᠢᠨ ᠵᠢᠭᠡᠯᠡᠯᠭᠡ ᠠᠪᠬᠤ᠂ ᠬᠤᠭᠤᠴᠠᠭ᠎ᠠ ᠶᠢ ᠨᠢ ᠬᠤᠶᠢᠰᠢᠯᠠᠭᠤᠯᠵᠦ ᠦᠷᠭᠦᠯᠵᠢᠯᠡᠨ ᠵᠢᠭᠡᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠠᠵᠤ ᠠᠬᠤᠶᠢᠯᠠᠯ ᠤᠨ ᠬᠦᠴᠢᠷᠳᠡᠯ ᠢ ᠬᠠᠮᠤᠭ ᠤᠨ ᠶᠡᠭᠡ ᠭᠡᠮᠵᠢᠶ᠎ᠠ ᠪᠠᠷ ᠬᠠᠪᠰᠤᠷᠴᠣ ᠰᠢᠢᠳᠪᠦᠷᠢᠯᠡᠬᠦ ᠬᠡᠷᠡᠭᠲᠡᠶ᠃         ᠲᠠᠪᠤ᠂ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠮᠥᠩᠭᠦᠨ ᠭᠦᠢᠯᠭᠡᠭᠡᠨ ᠢ ᠲᠣᠭᠲᠠᠪᠣᠷᠢᠵᠢᠭᠤᠯᠬᠤ︾ ᠦᠢᠯᠡᠳᠦᠯ ᠢ ᠭᠦᠢᠴᠡᠣᠨ ᠪᠠᠳᠠᠷᠠᠭᠤᠯᠬᠤ ᠬᠡᠷᠩᠳᠠᠢ          ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠫᠠᠶᠢᠰᠠ ᠲᠡᠮᠳᠡᠭ ᠪᠦᠷᠢᠨ᠂ ᠵᠠᠬ᠎ᠠ ᠳᠡᠯᠭᠡᠭᠦᠷ ᠥᠷᠭᠡᠨ᠂ ᠵᠠᠮ ᠮᠥᠷ ᠤᠯᠨᠨ ᠪᠠᠶᠢᠬᠤ︾ ᠲᠤᠰᠬᠠᠶ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠣ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠬᠤ᠂ ᠵᠣᠬᠢᠴᠠᠭᠤᠯᠬᠤ᠂ ᠬᠠᠮᠳᠣᠷᠠᠯᠴᠠᠬᠤ ᠶᠢ ᠴᠢᠩᠭᠠᠳᠬᠠᠨ᠂ ᠵᠦᠢ ᠪᠤᠰᠤ ᠵᠢᠭᠡᠯᠡᠯᠭᠡ ᠶᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠠᠷᠢᠯᠭᠠᠨ᠎ᠠ᠃ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠲᠦᠷᠭᠡᠨ ᠬᠥᠭᠵᠢᠭᠦ ᠶᠢ ᠳᠡᠮᠵᠢᠵᠣ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢ ᠬᠠᠰᠤᠬᠤ ᠬᠡᠯᠲᠦᠷᠢᠭᠦᠯᠬᠦ ᠲᠦᠷᠣ ᠶᠢᠨ ᠪᠤᠳᠤᠯᠭ᠎ᠠ ᠶᠢ ᠭᠦᠷᠳᠡᠭᠡᠨ᠎ᠠ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠳᠣ ᠬᠤᠷᠰᠢᠶ᠎ᠠ᠂ ᠥᠪᠥᠷ ᠮᠣᠩᠭᠤᠯ ᠪᠠᠩᠬᠢ᠂ ᠪᠤᠭᠤᠲᠤ ᠬᠤᠳᠠᠯᠳᠤᠭᠠᠨ ᠤ ᠪᠠᠩᠬᠢ᠂ ᠤᠷᠳᠤᠰ ᠪᠠᠩᠬᠢ ᠪᠠ ᠦᠬᠠᠶ ᠪᠠᠩᠬᠢ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠶᠢᠨ ᠬᠡᠷᠡᠭᠴᠡᠭᠡ ᠱᠠᠭᠠᠷᠳᠠᠯᠭ᠎ᠠ ᠶᠢ ᠭᠤᠣᠯᠴᠢᠯᠠᠨ ᠰᠤᠳᠤᠯᠬᠤ ᠪᠠ ᠵᠠᠳᠠᠯᠤᠯᠳᠠ ᠬᠢᠵᠣ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ ᠵᠢᠭᠡᠯᠡᠯᠭᠡ ᠶᠢ ᠠᠷᠢᠯᠭᠠᠬᠤ ᠪᠠ ᠰᠢᠢᠳᠪᠦᠷᠢᠯᠡᠬᠦ ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠣᠨ᠎ᠠ᠃          ᠵᠢᠷᠭᠤᠭ᠎ᠠ᠂ ᠵᠢᠭᠡᠯᠡᠯᠭᠡ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠪᠠ ᠨᠥᠬᠦᠪᠥᠷᠢᠯᠡᠭᠦ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ          ᠵᠠᠰᠠᠭ ᠤᠨ ᠣᠷᠳᠣᠨ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠺᠣᠮᠫᠠᠨᠢ ᠶᠢᠨ ᠬᠠᠮᠳᠣᠷᠠᠯᠴᠠᠭ᠎ᠠ ᠶᠢ ᠴᠢᠩᠭᠠᠣᠠᠬᠠᠨ᠂ ᠤᠯᠠᠨ ᠲᠠᠯ᠎ᠠ ᠶᠢᠨ ᠬᠠᠮᠳᠣᠷᠠᠯᠴᠠᠬᠤ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ᠂ ᠠᠵᠢᠯᠯᠠᠭᠠᠲᠦ ᠴᠢᠨᠠᠷᠳᠠᠢ ᠵᠢᠭᠡᠯᠡᠯᠭᠡ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠪᠠ ᠨᠥᠬᠦᠪᠥᠷᠢᠯᠡᠭᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠰᠣᠯᠢᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠵᠨ ᠲᠣᠬᠢᠶᠠᠯ ᠢ ᠭᠦᠢᠴᠡᠳ ᠠᠰᠢᠭᠯᠠᠨ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠪᠰᠤᠷᠴᠤ ᠪᠠᠶᠢᠭᠠᠳ ᠨᠢᠭᠡᠨᠳᠠ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠣᠭᠰᠠᠨ ᠵᠦᠢ ᠪᠤᠰᠤ ᠡᠳ᠋ ᠬᠦᠷᠦᠩᠭᠡ ᠶᠢ ᠠᠷᠢᠯᠭᠠᠨ᠎ᠠ᠃         ᠲᠤᠯᠤᠭ᠎ᠠ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠷᠢᠶᠡᠰᠦᠯᠡᠭᠦ ᠺᠣᠮᠫᠠᠨᠢ ᠪᠠᠷ ᠳᠠᠮᠵᠢᠭᠤᠯᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠨᠤᠷᠮ᠎ᠠ ᠪᠠᠨ ᠪᠠᠭᠤᠷᠠᠭᠤᠯᠬᠤ ᠶᠢ ᠳᠡᠮᠵᠢᠭᠦ ᠬᠡᠷᠩᠳᠠᠢ         ᠠᠵᠤ ᠠᠬᠤᠶᠢᠯᠠᠯ ᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠨᠤᠷᠮ᠎ᠠ ᠶᠢ ᠪᠠᠭᠤᠷᠠᠭᠤᠯᠬᠤ ᠳᠠᠯ᠎ᠠ ᠪᠠᠷ ᠬᠢ ᠮᠥᠩᠭᠦᠨ ᠭᠦᠢᠯᠭᠡᠭᠡᠨ ᠤ ᠲᠦᠷᠢᠶᠡᠰᠦᠯᠡᠭᠦ ᠺᠣᠮᠫᠠᠨᠢ ᠶᠢᠨ ᠦᠢᠯᠡᠳᠦᠯ ᠢ ᠪᠠᠳᠠᠷᠠᠭᠤᠯᠣᠨ᠂ ᠠᠵᠤ ᠠᠬᠤᠶᠢᠯᠠᠯ ᠤᠨ ᠪᠡᠯᠡᠣᠡᠭᠡᠮᠵᠢ ᠲᠦᠷᠢᠶᠡᠰᠦᠯᠡᠬᠦ ᠪᠠᠷ ᠳᠠᠮᠵᠢᠭᠤᠯᠣᠨ ᠠᠵᠤ ᠠᠬᠤᠶᠢᠯᠠᠯ ᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠨᠤᠷᠮ᠎ᠠ ᠪᠠᠨ ᠪᠠᠭᠤᠷᠠᠭᠤᠯᠬᠤ ᠶᠢ ᠳᠡᠮᠵᠢᠵᠣ᠂ ᠪᠣᠳᠠᠲᠤ ᠵᠦᠢᠯ ᠢᠶᠠᠨ ᠰᠢᠯᠵᠢᠭᠦᠯᠦᠨ ᠲᠦᠷᠢᠶᠡᠰᠦᠯᠡᠭᠦᠯᠬᠦ ᠪᠠᠷ ᠳᠠᠮᠵᠢᠭᠤᠯᠣᠨ ᠦᠢᠯᠡᠳᠪᠦᠷᠢᠯᠡᠯ ᠤᠨ ᠴᠢᠳᠠᠪᠤᠷᠢ ᠶᠢ ᠰᠢᠯᠵᠢᠭᠦᠯᠭᠦ᠂ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠬᠤ ᠪᠠ ᠦᠢᠯᠡᠳᠪᠦᠷᠢᠯᠡᠯ ᠤᠨ ᠬᠡᠷᠡᠭᠰᠡᠯ ᠤᠨ ᠰᠢᠨᠡᠳᠬᠡᠨ ᠰᠣᠯᠢᠵᠣ ᠳᠡᠰ ᠳᠡᠪᠰᠢᠭᠦᠯᠬᠦ ᠶᠢ ᠠᠬᠢᠭᠤᠯᠵᠣ᠂ ᠡᠭᠡᠭᠦᠯᠦᠨ ᠬᠤᠳᠠᠯᠳᠤᠨ ᠠᠪᠴᠣ ᠪᠤᠴᠠᠭᠠᠨ ᠲᠦᠷᠢᠶᠡᠰᠦᠯᠡᠬᠦ ᠪᠠᠷ ᠳᠠᠮᠵᠢᠭᠤᠯᠣᠨ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠨᠧᠷᠭᠢ᠂ ᠪᠤᠯᠤᠳ ᠲᠡᠮᠦᠷ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠬᠤ ᠲᠦᠷᠣᠯ ᠵᠦᠢᠯ ᠢ ᠭᠦᠴᠣᠳᠠᠢ ᠳᠡᠮᠵᠢᠵᠣ᠂ ︽ᠪᠣᠷᠣᠯᠠᠭᠤᠯᠤᠭᠰᠠᠨ ᠤ ᠲᠠᠷᠠᠭ᠎ᠠ ᠡᠭᠡᠭᠦᠯᠦᠨ ᠲᠦᠷᠢᠶᠡᠰᠦᠯᠡᠭᠦ︾ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠦᠯᠡᠳᠡᠭᠡᠯ ᠡᠳ᠋ ᠭᠦᠷᠤᠩᠭᠡ ᠶᠢ ᠴᠢᠯᠣᠭᠡᠳᠠᠢ ᠭᠦᠢᠯᠭᠡᠭᠡᠵᠣ᠂ ᠡᠳ᠋ ᠭᠦᠷᠦᠩᠭᠡ ᠶᠢᠨ ᠰᠣᠯᠢᠬᠤ ᠪᠠ ᠲᠠᠬᠢᠨ ᠵᠣᠬᠢᠶᠠᠨ ᠪᠠᠶᠢᠭᠤᠯᠬᠤ ᠶᠢ ᠬᠢᠭᠦ ᠬᠡᠷᠩᠳᠠᠢ᠃         ᠨᠠᠶᠢᠮᠨ᠂ ᠰᠢᠭᠤᠳ ᠪᠡᠯᠡ ᠲᠤᠬᠢᠷᠠᠭᠤᠯᠭ᠎ᠠ ᠬᠢᠭᠦ ᠶᠢ ᠶᠡᠬᠡᠪᠡᠷ ᠬᠥᠭᠵᠢᠭᠦᠯᠭᠦ ᠬᠡᠷᠡᠭᠳᠠᠢ         ᠦᠨᠡᠲᠦ ᠲᠡᠮᠳᠡᠭᠲᠦ ᠶᠢᠨ ᠺᠣᠮᠫᠠᠨᠢ᠂ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠰᠲ᠋ᠣᠺ ᠤᠨ ᠡᠷᠭᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠶᠢᠨ ᠠᠵᠤ ᠠᠬᠤᠶᠢᠯᠠᠯ ᠢ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠳᠤ ᠣᠷᠣᠯᠴᠠᠬᠤ ᠶᠢ ᠢᠳᠡᠪᠬᠢᠳᠠᠢ ᠠᠬᠢᠭᠤᠯᠬᠤ ᠬᠡᠷᠩᠳᠠᠢ᠃ ᠠᠵᠤ ᠠᠬᠤᠶᠢᠯᠠᠯ ᠤᠨ ᠤᠷᠲᠤᠪᠲᠤᠷ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠲᠡᠮᠳᠡᠭᠲᠦ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠳᠡᠭᠲᠦ᠂ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ ᠠᠵᠤ ᠠᠬᠤᠶᠢᠯᠠᠯ ᠤᠨ ᠵᠢᠭᠡᠯᠡᠯᠭᠡ ᠵᠡᠷᠭᠡ ᠪᠡᠯᠡ ᠳᠤᠬᠢᠷᠠᠭᠤᠯᠭ᠎ᠠ ᠶᠢᠨ ᠪᠠᠭᠠᠵᠢ ᠬᠡᠷᠡᠭᠯᠡᠭᠦᠷ ᠢᠶᠠᠷ ᠳᠡᠮᠵᠢᠭᠤᠯᠣᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠬᠵᠢᠭᠤᠯᠵᠤ᠂ ᠪᠡᠯᠡ ᠲᠣᠬᠢᠷᠠᠭᠤᠯᠬᠤ ᠵᠠᠮ ᠮᠦᠷ ᠢ ᠥᠷᠭᠡᠳᠬᠡᠨ᠂ ᠠᠵᠤ ᠠᠬᠤᠶᠢᠯᠠᠯ ᠤᠨ ᠪᠡᠯᠡ ᠮᠥᠩᠭᠦᠨ ᠤ ᠬᠡᠯᠬᠢᠶ᠎ᠡ᠂ ᠳᠠᠭᠠᠭᠠᠯᠲᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠬᠡᠷᠡᠭᠲᠡᠶ᠃ ᠠᠵᠤ ᠠᠬᠤᠶᠢᠯᠠᠯ ᠤᠨ ᠳᠠᠮ ᠪᠡᠯᠡ ᠲᠤᠬᠢᠷᠠᠭᠤᠯᠭ᠎ᠠ ᠳᠤ ᠬᠡᠲᠦᠷᠬᠡᠶ ᠲᠦᠰᠢᠭᠯᠡᠭᠦ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠣ᠂ ᠲᠤᠭ᠎ᠠ ᠭᠡᠮᠵᠢᠶ᠎ᠠ ᠶᠢᠨ ᠨᠡᠮᠡᠭᠳᠡᠭᠦ ᠳᠠᠯ᠎ᠠ ᠠᠴᠠ ᠵᠦᠢ ᠪᠤᠰᠤ ᠵᠢᠭᠡᠯᠡᠯᠭᠡ ᠪᠦᠷᠢᠯᠳᠦᠭᠦ ᠶᠢ ᠰᠡᠷᠭᠡᠶᠢᠯᠡᠭᠦ ᠬᠡᠷᠩᠳᠠᠢ᠃         ᠶᠢᠰᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠦᠴᠦᠯᠡᠨ ᠰᠠᠶᠢᠵᠢᠷᠠᠭᠤᠯᠬᠤ ᠬᠡᠷᠩᠳᠠᠢ          ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ︽ᠳᠠᠭᠠᠯᠳᠤᠨ ᠡᠭᠦᠰᠦᠭᠰᠡᠨ ᠪᠠᠩᠬᠢ︾ ᠵᠢᠴᠢ ᠠᠵᠢᠯ ᠲᠦᠷᠦᠯ ᠠᠯᠤᠰᠯᠠᠭᠰᠠᠨ᠂ ᠵᠠᠬ᠎ᠠ ᠳᠡᠯᠭᠡᠭᠦᠷ ᠠᠯᠤᠰᠯᠠᠭᠰᠠᠨ ᠮᠥᠩᠭᠦᠨ ᠭᠦᠢᠯᠭᠡᠭᠡᠨ ᠤ ᠨᠡᠷᠡᠣᠡᠭᠦᠨ ᠪᠣᠯᠤᠨ ᠲᠤᠬᠠᠶᠢᠯᠠᠭᠰᠠᠨ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠴᠡᠭᠡ ᠶᠢᠨ ᠬᠦᠰᠦᠨᠦᠭᠲᠦ ᠶᠢᠨ ᠭᠠᠳᠠᠨᠠᠬᠢ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠣᠨ᠂ ᠵᠠᠬ᠎ᠠ ᠳᠡᠯᠭᠡᠭᠦᠷ ᠠᠯᠤᠰᠯᠠᠭᠰᠠᠨ᠂ ᠰᠣᠯᠪᠢᠴᠠᠯ ᠤᠨ ᠴᠢᠨᠠᠷᠲᠠᠶ ᠨᠡᠷᠡᠣᠡᠭᠦᠨ ᠪᠠ ᠲᠤᠬᠠᠶᠢᠯᠠᠭᠰᠠᠨ ᠠᠵᠢᠯ ᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ ᠴᠠᠭ ᠲᠤᠬᠠᠶ ᠳᠤᠨᠢ ᠬᠢᠨᠠᠨ ᠬᠠᠮᠢᠶᠠᠷᠴᠣ᠂ ᠬᠢᠨᠠᠯᠲᠠ ᠬᠠᠮᠢᠶᠠᠷᠤᠯᠲᠠ ᠦᠭᠡᠢ ᠪᠠᠶᠢᠬᠤ ᠦᠵᠡᠭᠳᠠᠯ ᠭᠠᠷᠬᠤ ᠠᠴᠠ ᠰᠡᠷᠭᠡᠶᠢᠯᠡᠨ᠂ ᠰᠢᠨ᠎ᠡ ᠪᠠᠷ ᠪᠣᠢ ᠪᠣᠯᠣᠭᠰᠠᠨ ᠮᠥᠩᠭᠦᠨ ᠭᠦᠢᠯᠭᠡᠭᠡᠨ ᠤ ᠡᠵᠡᠩᠨᠠᠯᠳᠠ ᠶᠢᠨ ᠪᠠᠶᠢᠳᠠᠯ ᠤᠨ ᠵᠢᠷᠤᠮᠵᠢᠨ ᠬᠥᠭᠵᠢᠭᠦ ᠶᠢ ᠠᠬᠢᠭᠤᠯᠬᠤ ᠶᠢᠨ ᠬᠠᠮᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ᠲᠦᠭᠰᠢᠭᠦᠷᠢ ᠬᠠᠯᠳᠠᠪᠣᠷᠢᠯᠠᠬᠤ ᠠᠴᠠ ᠵᠠᠶᠢᠯᠠᠰᠬᠢᠭᠦ ᠬᠡᠷᠩᠳᠠᠢ᠃         ᠠᠷᠪᠠ᠂ ᠵᠦᠢ ᠪᠤᠰᠤ ᠵᠢᠭᠡᠯᠡᠯᠭᠡ ᠶᠢᠨ ᠲᠦᠭᠰᠢᠭᠦᠷᠢ ᠶᠢ ᠬᠢᠨᠠᠨ ᠰᠢᠨᠵᠢᠵᠣ ᠵᠠᠳᠠᠯᠤᠯᠲᠠ ᠬᠢᠬᠦ ᠶᠢ ᠴᠢᠩᠭᠠᠳᠬᠠᠬᠤ ᠬᠡᠷᠩᠳᠠᠢ         ᠭᠤᠣᠯᠳᠠᠯᠭ᠎ᠠ ᠲᠠᠢ ᠭᠠᠵᠠᠷ ᠣᠷᠣᠨ᠂ ᠲᠦᠭᠰᠢᠭᠦᠷᠢ ᠶᠡᠬᠡᠲᠡᠶ ᠪᠠᠶᠢᠭᠤᠯᠤᠮᠵᠢ ᠳᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠰᠢᠨᠵᠢᠭᠦ ᠡᠷᠴᠢᠮ ᠢ ᠴᠢᠩᠭᠠᠷᠠᠭᠤᠯᠣᠨ᠂ ᠭᠡᠷ ᠪᠠᠶᠢᠰᠢᠩ ᠭᠠᠵᠠᠷ ᠬᠦᠷᠦᠩᠭᠡ᠂ ᠪᠤᠯᠤᠳ ᠲᠡᠮᠦᠷ ᠂ ᠨᠡᠭᠦᠷᠡᠰᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢᠨ ᠪᠠᠶᠢᠳᠠᠯ ᠢ ᠠᠩᠬᠠᠷᠴᠣ᠂ ᠵᠦᠢ ᠪᠤᠰᠤ ᠵᠢᠭᠡᠯᠡᠯᠭᠡ ᠶᠢᠨ ᠬᠥᠭᠵᠢᠯᠲᠡ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠰᠢᠨ᠎ᠠ᠃ ᠬᠠᠷᠢᠴᠠᠭᠠᠨ ᠤ ᠡᠷᠦᠬᠡ ᠶᠢᠨ ᠡᠵᠡᠩᠨᠡᠯᠲᠡ ᠶᠢᠨ ᠪᠠᠶᠢᠳᠠᠯ᠂ ᠡᠳ᠋ ᠤᠨ ᠶᠠᠪᠤᠳᠠᠯ ᠤᠨ ᠠᠵᠢᠯᠯᠠᠭᠠᠨ᠂ ᠪᠡᠯᠡ ᠲᠤᠬᠢᠷᠠᠭᠤᠯᠭ᠎ᠠ ᠶᠢᠨ ᠪᠠᠶᠢᠳᠠᠯ᠂ ᠪᠡᠯᠡ ᠲᠣᠬᠢᠷᠠᠭᠤᠯᠭ᠎ᠠ ᠶᠢᠨ ᠣᠷᠴᠢᠨ ᠲᠤᠭᠤᠷᠢᠨ ᠪᠠ ᠲᠦᠭᠰᠢᠭᠦᠷᠢ ᠶᠢᠨ ᠠᠰᠠᠭᠤᠳᠠᠯ ᠵᠡᠷᠭᠡ ᠳᠤ ᠭᠤᠤᠯᠳᠠᠯᠭ᠎ᠠ ᠲᠠᠢ ᠪᠠᠷ ᠭᠦᠨᠵᠡᠭᠡᠶ ᠵᠠᠳᠠᠯᠤᠯᠲᠠ ᠬᠢᠵᠦ᠂ ᠬᠠᠷᠢᠴᠠᠭᠠᠨ ᠤ ᠡᠷᠦᠭᠡ ᠶᠢᠨ ᠢᠲᠡᠭᠡᠮᠵᠢ ᠶᠢᠨ ᠲᠦᠭᠰᠢᠭᠦᠷᠢ ᠵᠢᠴᠢ ᠲᠠᠯᠳᠠ ᠭᠡᠮ ᠳᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠬᠠᠮᠢᠶᠠᠷᠬᠤ ᠪᠣᠳᠠᠲᠠᠶ ᠰᠠᠨᠠᠯ ᠲᠣᠷᠠᠣᠴᠣ᠂ ᠲᠦᠭᠰᠢᠭᠦᠷᠢ ᠶᠢᠨ ᠦᠷᠪᠢᠰᠬᠦ ᠶᠢ ᠴᠢᠩᠭ᠎ᠠ ᠰᠡᠷᠭᠡᠶᠢᠯᠠᠭᠦ ᠬᠡᠷᠩᠳᠠᠢ ︔ ᠠᠵᠤ ᠠᠬᠤᠶ ᠶᠢᠨ ᠪᠠᠭᠤᠷᠠᠯᠲᠠ ᠶᠢᠨ ᠬᠤᠭᠤᠴᠠᠭᠠᠨ ᠳᠠᠬᠢ ᠪᠣᠯᠵᠤᠭ᠎ᠠ ᠠᠴᠠ ᠵᠥᠷᠢᠴᠡᠭᠰᠡᠨ ᠪᠠᠶᠢᠳᠠᠯ ᠢ ᠰᠤᠳᠤᠯᠬᠤ ᠪᠠ ᠣᠷᠢᠣᠡᠴᠢᠯᠠᠵᠣ ᠮᠠᠭᠠᠳᠯᠠᠬᠤ ᠶᠢ ᠴᠢᠩᠭᠠᠣᠠᠬᠠᠨ᠂ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃         ᠠᠷᠪᠠᠨ ᠨᠢᠭᠡ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠩᠳᠠᠢ          ᠵᠦᠢ ᠪᠤᠰᠤ ᠵᠢᠭᠡᠯᠡᠯᠭᠡ ᠶᠢ ᠰᠢᠢᠳᠪᠦᠷᠢᠯᠡᠭᠰᠡᠨ ᠡᠷᠴᠢᠮ ᠢᠶᠠᠷ ᠴᠢᠩᠭ᠎ᠠ᠂ ᠦᠷ᠎ᠡ ᠪᠦᠲᠦᠮᠵᠢ ᠨᠢ ᠢᠯᠡᠳᠲᠡ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠳ᠋ ᠤᠨ ᠵᠠᠰᠠᠭ ᠤᠨ ᠴᠢᠨᠠᠷᠳᠠᠢ ᠬᠠᠳᠠᠭᠠᠯᠠᠮᠵᠢ ᠶᠢᠨ ᠵᠣᠭᠤᠰᠤᠨ ᠤ ᠳᠡᠮᠵᠢᠯᠭᠡ ᠦᠵᠡᠭᠦᠯᠣᠨ᠎ᠠ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠳᠤᠮᠳᠠᠬᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠦᠯᠢᠴᠡᠬᠦ ᠬᠡᠮᠵᠢᠶ᠎ᠠ ᠶᠢ ᠵᠣᠬᠢᠬᠤ ᠭᠡᠮᠵᠢᠶ᠎ᠠ ᠪᠠᠷ ᠳᠡᠭᠡᠭᠰᠢᠯᠡᠭᠦᠯᠭᠦ ᠬᠡᠷᠩᠳᠠᠢ᠃ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠨᠢ ᠠᠪᠤᠴᠠᠭ᠎ᠠ ᠥᠭᠴᠡᠭᠡ ᠶᠢᠨ ᠬᠠᠷᠢᠴᠠᠭ᠎ᠠ ᠪᠠᠷ ᠲᠣᠳᠣᠷᠬᠠᠶ ᠮᠥᠩᠭᠦᠨ ᠭᠦᠢᠯᠭᠡᠭᠡᠨ ᠤ ᠠᠪᠤᠴᠠᠭᠠᠨ ᠤ ᠡᠷᠬᠡ ᠶᠢᠨ ᠵᠠᠷᠭᠤ ᠶᠢᠨ ᠬᠡᠷᠡᠭ ᠲᠤ ︽ᠰᠠᠭᠠᠳ ᠥᠭᠡᠢ ᠨᠡᠪᠲᠡᠷᠡᠬᠦ ᠵᠠᠮ︾ ᠨᠡᠭᠡᠭᠡᠵᠦ᠂ ᠮᠥᠩᠭᠦᠨ ᠭᠦᠢᠯᠭᠡᠭᠡᠨ ᠤ ᠠᠪᠤᠴᠠᠭᠠᠨ ᠤ ᠡᠷᠬᠡ ᠶᠢᠨ ᠬᠡᠷᠡᠭ ᠤᠨ ᠬᠥᠨᠳᠡᠯᠡᠨ ᠠᠴᠠ ᠲᠠᠰᠤᠯᠬᠤ ᠪᠠ ᠡᠴᠣᠰ ᠤᠨ ᠰᠢᠭᠦᠯᠳᠠ ᠬᠡᠷᠩᠵᠢᠭᠦᠯᠭᠦ ᠡᠷᠴᠢᠮ ᠢ ᠴᠢᠩᠭᠠᠷᠠᠭᠤᠯᠵᠣ᠂ ᠠᠪᠴᠠᠭᠠᠨ ᠤ ᠡᠷᠬᠡ ᠶᠢ ᠢᠯᠭᠠᠷᠠᠭᠤᠯᠣᠨ ᠬᠤᠷᠢᠶᠠᠬᠤ ᠬᠠᠤᠯᠢ ᠴᠠᠭᠠᠵᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃          ᠠᠷᠪᠠᠨ ᠬᠤᠶᠠᠷ᠂ ᠪᠠᠷᠢᠴᠠᠭᠠᠨ ᠤ ᠡᠳ᠋ ᠬᠦᠷᠦᠩᠭᠡ ᠶᠢᠨ ᠦᠨᠡᠯᠡᠨ ᠵᠢᠱᠢᠬᠦ ᠪᠠ ᠦᠨ᠎ᠡ ᠬᠠᠶᠠᠵᠣ ᠬᠤᠳᠠᠯᠳᠤᠬᠤ ᠶᠢ ᠵᠢᠷᠣᠮᠵᠢᠭᠤᠯᠣᠬᠤ ᠬᠡᠷᠩᠳᠠᠢ          ᠪᠠᠷᠢᠴᠠᠭᠠᠨ ᠤ ᠡᠳ᠋ ᠭᠦᠷᠦᠩᠭᠡ ᠶᠢᠨ ᠦᠨᠡᠯᠡᠨ ᠵᠢᠱᠢᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠬᠦ ᠠᠷᠭ᠎ᠠ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠷᠢᠴᠠᠭᠠᠯᠠᠭᠰᠠᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠬᠤ ᠳᠡᠰ ᠳᠠᠷᠠᠭᠠᠯᠠᠯ ᠢ ᠵᠢᠷᠤᠮᠵᠢᠭᠤᠯᠣᠨ᠂ ᠢᠯᠡ ᠪᠦᠭᠡᠳ ᠵᠠᠬ᠎ᠠ ᠳᠡᠯᠭᠡᠭᠦᠷᠴᠢᠯᠡᠭᠰᠡᠨ ᠦᠨ᠎ᠡ ᠬᠠᠶᠠᠵᠤ ᠬᠤᠳᠠᠯᠳᠤᠬᠤ ᠠᠷᠭ᠎ᠠ ᠮᠠᠶ᠋ᠢᠭ ᠢ ᠬᠡᠷᠩᠵᠢᠭᠦᠯᠵᠣ᠂ ᠦᠨᠡᠯᠡᠨ ᠵᠢᠱᠢᠭᠰᠡᠨ ᠦᠨ᠎ᠡ ᠨᠢ ᠵᠠᠬ᠎ᠠ ᠳᠡᠯᠭᠡᠭᠦᠷ ᠤᠨ ᠦᠷᠳᠡᠭ ᠠᠴᠠ ᠰᠠᠯᠣᠩᠬᠢᠷᠠᠭᠰᠠᠨ ᠠᠴᠠ ᠪᠣᠯᠵᠣ ᠵᠦᠢ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠨᠥᠯᠥᠭᠡᠯᠡᠭᠦ ᠠᠴᠠ ᠵᠠᠶᠢᠯᠡᠰᠬᠢᠨ᠂ ᠪᠠᠷᠢᠴᠠᠭᠠᠯᠠᠬᠰᠠᠨ ᠡᠳ᠋ ᠬᠦᠷᠦᠩᠭᠡ ᠶᠢ ᠰᠢᠢᠳᠪᠦᠷᠢᠯᠡᠬᠦ ᠬᠤᠷᠳᠤᠴᠠ ᠪᠠᠨ ᠲᠦᠷᠭᠡᠳᠬᠡᠭᠦ ᠬᠡᠷᠩᠳᠠᠢ᠃          ᠠᠷᠪᠠᠨ ᠭᠤᠷᠪᠠ᠂ ᠢᠲᠡᠭᠡᠮᠵᠢ ᠶᠢᠨ ᠰᠢᠰᠲ᠋ᠤᠮ ᠤᠨ ᠪᠠᠶᠢᠭᠤᠯᠤᠯᠲᠠ ᠶᠢ ᠲᠦᠷᠭᠡᠳᠬᠡᠭᠦ ᠬᠡᠷᠩᠳᠠᠢ          ᠪᠦᠬᠦ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠳ᠋ᠠᠶᠢᠳ᠋ᠨ ᠬᠥᠮᠥᠷᠭᠡ ᠶᠢᠨ ᠪᠠᠶᠢᠭᠤᠯᠤᠯᠳᠠ ᠶᠢ ᠲᠦᠷᠭᠡᠣᠡᠭᠡᠵᠣ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠵᠣ ᠬᠠᠷᠢᠯᠴᠠᠨ ᠨᠡᠪᠲᠡᠷᠡᠭᠦᠯᠵᠦ᠂ ᠬᠠᠮᠲᠤᠪᠠᠷ ᠪᠠᠶᠢᠭᠤᠯᠵᠤ ᠭᠦᠷᠳᠡᠭᠦ ᠶᠢ ᠪᠡᠶᠡᠯᠡᠭᠦᠯᠣᠨ᠎ᠠ᠃ ᠢᠲᠡᠭᠡᠮᠵᠢ ᠶᠢᠨ ᠳᠡᠰ ᠲᠣᠭᠳᠠᠭᠠᠬᠤ ᠪᠠᠶᠢᠭᠤᠯᠤᠮᠵᠢ᠂ ᠢᠲᠡᠭᠡᠮᠵᠢ ᠶᠢᠨ ᠯᠠᠪᠯᠠᠯᠭ᠎ᠠ ᠶᠢᠨ ᠺᠣᠮᠫᠠᠨᠢ ᠵᠡᠷᠭᠡ ᠵᠠᠭᠤᠴᠢᠯᠠᠬᠤ ᠪᠠᠶᠢᠭᠤᠯᠤᠮᠵᠢ ᠶᠢ ᠲᠡᠳᠬᠦᠨ ᠬᠥᠭᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠯᠠᠪᠯᠠᠯᠭ᠎ᠠ ᠶᠢᠨ ᠦᠷ᠎ᠡ ᠳ᠋ᠦᠶᠢᠩ ᠤᠨ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠪᠣᠯᠵᠤᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠣᠨ᠂ ᠢᠲᠡᠭᠡᠮᠵᠢ ᠶᠢᠨ ᠦᠵᠡᠯᠲᠡ ᠶᠢ ᠴᠢᠩᠭᠠᠳᠬᠠᠨ ᠳᠡᠯᠭᠡᠷᠡᠭᠦᠯᠵᠣ᠂ ᠤᠯᠠᠨ ᠨᠡᠶᠢᠲᠡ ᠶᠢᠨ ᠦᠨᠡᠨᠴᠢ ᠢᠲᠡᠭᠡᠮᠵᠢᠲᠡᠶ ᠦᠵᠡᠯ ᠤᠬᠠᠮᠰᠠᠷ ᠢ ᠳᠡᠭᠡᠭᠰᠢᠯᠡᠭᠦᠯᠣᠨ᠂ ᠪᠡᠯᠡ ᠲᠤᠬᠢᠷᠠᠭᠤᠯᠭ᠎ᠠ ᠶᠢᠨ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠵᠦᠢ ᠪᠤᠰᠤ ᠵᠢᠭᠡᠯᠡᠯᠭᠡ ᠶᠢᠨ ᠪᠦᠷᠢᠯᠳᠦᠭᠦ ᠶᠢ ᠡᠬᠢ ᠡᠭᠦᠰᠦᠯ ᠠᠴᠠ ᠨᠢ ᠰᠡᠷᠭᠡᠶᠢᠯᠡᠭᠦ ᠬᠡᠷᠩᠳᠠᠢ᠃         ᠠᠷᠪᠠᠨ ᠲᠦᠷᠪᠡ᠂ ᠥᠷᠢ ᠦᠭᠴᠡᠭᠡ ᠠᠴᠠ ᠵᠠᠶᠢᠯᠠᠵᠦ ᠦᠭᠡᠶᠢᠰᠭᠡᠬᠦ ᠦᠢᠯᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠭᠦᠨ᠎ᠠ         ᠲᠣᠰᠬᠠᠶᠢᠯᠠᠨ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠪᠠᠷ ᠥᠷᠨᠢᠭᠦᠯᠵᠦ᠂ ᠡᠯ᠎ᠡ ᠨᠢᠭᠡᠴᠡ᠂ ᠡᠯ᠎ᠡ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠠ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠳ᠋ᠨ ᠬᠥᠮᠥᠷᠭᠡ ᠶᠢᠨ ᠦᠢᠯᠡᠳᠦᠯ ᠢ ᠭᠦᠢᠴᠡᠣᠨ ᠪᠠᠳᠠᠷᠠᠭᠤᠯᠣᠨ᠂ ᠢᠲᠡᠭᠡᠮᠵᠢ ᠠᠯᠳᠠᠭᠰᠠᠨ ᠠᠵᠤ ᠠᠬᠤᠶᠢᠯᠠᠯ᠂ ᠢᠲᠡᠭᠡᠮᠵᠢ ᠠᠯᠳᠠᠭᠰᠠᠨ ᠬᠥᠮᠦᠰ ᠢ ᠮᠡᠳᠡᠭᠡᠯᠡᠭᠦ ᠲᠥᠷᠢᠮ ᠪᠣᠯᠤᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠳᠣᠷᠠᠨ ᠵᠠᠯᠬᠠᠭᠠᠨ ᠴᠡᠭᠡᠷᠯᠡᠭᠦᠯᠬᠦ ᠰᠠᠯᠠᠭ᠎ᠠ ᠮᠥᠴᠢᠷ ᠠᠯᠤᠰᠯᠠᠬᠰᠠᠨ ᠲᠣᠭᠲᠠᠴᠠ ᠶᠢ ᠪᠠᠶᠢᠭᠤᠯᠣᠨ ᠪᠦᠷᠢᠨᠰᠢᠭᠦᠯᠭᠦ ᠶᠢ ᠠᠬᠢᠭᠤᠯᠵᠤ᠂ ᠵᠣᠷᠢᠭᠤᠳᠠ ᠳᠠᠮᠫᠤᠷᠠᠭᠤᠯᠬᠤ᠂ ᠡᠳ᠋ ᠬᠦᠷᠦᠩᠭᠡ ᠪᠠᠨ ᠬᠤᠪᠢᠶᠠᠷᠢᠯᠠᠨ ᠰᠢᠯᠵᠢᠭᠦᠯᠬᠦ ᠪᠠ ᠰᠠᠯᠭᠠᠬᠤ ᠵᠡᠷᠭᠡ ᠮᠠᠭᠤ ᠰᠠᠨᠠᠭ᠎ᠠ ᠲᠠᠢ ᠪᠠᠷ ᠥᠷᠢ ᠦᠭᠴᠡᠭᠡ ᠠᠴᠠ ᠵᠠᠶᠢᠯᠠᠵᠦ ᠦᠭᠡᠶᠢᠰᠭᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠬᠦ ᠬᠡᠷᠡᠭᠲᠡᠶ᠃        ᠠᠷᠪᠠᠨ ᠲᠠᠪᠤ᠂ ᠵᠣᠬᠢᠶᠠᠨ ᠪᠠᠶᠢᠭᠤᠯᠣᠨ ᠤᠳᠤᠷᠢᠣᠠᠬᠤ ᠪᠠ ᠵᠣᠬᠢᠴᠠᠭᠤᠯᠣᠨ ᠬᠠᠮᠵᠢᠯᠴᠠᠬᠤ ᠪᠠᠨ ᠴᠢᠩᠭᠠᠣᠠᠬᠠᠬᠤ ᠬᠡᠷᠩᠳᠠᠢ        ᠡᠯ᠎ᠡ ᠱᠠᠲᠤᠨ ᠤ ᠵᠠᠰᠠᠭ ᠤᠨ ᠣᠷᠳᠣᠨ ᠨᠢ ᠮᠠᠨ ᠤ ᠣᠷᠣᠨ ᠤ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶ ᠶᠢᠨ ᠬᠥᠭᠵᠢᠯᠲᠡ ᠶᠢ ᠳᠡᠮᠵᠢᠭᠦ ᠳᠤᠮᠳᠠᠬᠢ ᠵᠦᠢ ᠪᠤᠰᠤ ᠵᠢᠭᠡᠯᠡᠯᠭᠡ ᠶᠢ ᠠᠷᠢᠯᠭᠠᠬᠤ ᠠᠵᠢᠯ ᠤᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠡᠯ᠎ᠡ ᠱᠠᠲᠤᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠡᠭᠦᠷᠭᠡ ᠴᠢᠳᠠᠪᠤᠷᠢ ᠶᠢ ᠴᠢᠩᠭᠠᠳᠬᠠᠨ᠂ ᠵᠦᠢ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠠᠯᠪᠠᠨ ᠭᠡᠷ ᠤᠨ ᠡᠭᠦᠷᠭᠡ ᠴᠢᠳᠠᠪᠣᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠣᠨ ᠤᠳᠤᠷᠢᠣᠠᠬᠤ ᠪᠠ ᠵᠣᠬᠢᠴᠠᠭᠤᠯᠣᠨ ᠠᠬᠢᠭᠤᠯᠬᠤ ᠪᠠᠨ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠨ ᠬᠠᠮᠲᠤᠷᠠᠨ ᠵᠥᠪᠳᠡᠯᠴᠡᠬᠦ ᠬᠠᠮᠲᠤᠷᠠᠬᠰᠠᠨ ᠲᠣᠭᠲᠠᠴᠠ ᠶᠢ ᠪᠠᠶᠢᠭᠤᠯᠣᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠨᠢᠭᠲᠠ ᠠᠩᠬᠠᠷᠴᠤ᠂ ᠵᠦᠢ ᠪᠤᠰᠤ ᠵᠢᠭᠡᠯᠡᠯᠭᠡ ᠶᠢᠨ ᠲᠦᠭᠰᠢᠭᠦᠷᠢ ᠶᠢ ᠬᠢᠨᠠᠨ ᠰᠢᠨᠵᠢᠭᠦ ᠪᠠ ᠮᠡᠳᠡᠭᠡ ᠵᠠᠩᠭᠢ ᠶᠢ ᠮᠡᠳᠡᠭᠡᠯᠡᠬᠦ ᠪᠠᠨ ᠴᠢᠩᠭᠠᠳᠬᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠪᠠᠶᠢᠭᠠᠣᠨ ᠵᠦᠢ ᠪᠤᠰᠤ ᠵᠢᠭᠡᠯᠡᠯᠭᠡ ᠶᠢ ᠠᠷᠢᠯᠭᠠᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠣᠨ᠂ ᠲᠤᠷᠰᠢᠯᠭ᠎ᠠ ᠪᠠᠨ ᠰᠣᠯᠢᠯᠴᠠᠵᠤ᠂ ᠤᠯᠠᠨ ᠲᠠᠯ᠎ᠠ ᠪᠠᠷ ᠢᠶᠠᠨ ᠬᠠᠮᠳᠣᠷᠠᠯᠴᠠᠨ ᠠᠷᠢᠯᠭᠠᠬᠤ ᠠᠷᠭ᠎ᠠ ᠮᠠᠶ᠋ᠢᠭ ᠢ ᠠᠬᠢᠭᠤᠯᠵᠤ᠂ ᠠᠷᠢᠯᠭᠠᠬᠤ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠣᠨ ᠂ ᠠᠵᠢᠯ ᠤᠨ ᠳᠤᠮᠳᠠᠬᠢ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号