ᠵᠦᠢ ᠪᠤᠰᠤ ᠵᠢᠭᠡᠯᠡᠯᠭᠡ ᠶᠢ ᠠᠷᠢᠯᠭᠠᠵᠤ ᠮᠥᠩᠭᠦᠨ ᠭᠦᠢᠯᠭᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2017-05-05
    ᠥᠪᠥᠷ ᠵᠠᠰᠠᠭ ᠠᠯᠪᠠᠨ ᠲᠠᠷᠬᠠᠭᠠᠭᠰᠠᠨ ﹇2016﹈ 166 ᠳ᠋ᠤᠭᠠᠷ ᠲᠤᠭᠠᠳᠤ          2016 ᠤᠨ ᠤ 11 ᠳ᠋ᠤᠭᠡᠷ ᠰᠠᠷ᠎ᠠ ᠶᠢᠨ 15 ᠤ ᠤᠨ ᠡᠳᠥᠷ         ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄         ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠦᠢ ᠪᠣᠰᠣ ᠵᠢᠭᠡᠯᠡᠯᠭᠡ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠠ ᠶᠢ ᠡᠵᠡᠮᠳᠡᠵᠣ ᠬᠠᠭᠤᠴᠢᠨ ᠢ ᠨᠢ ᠠᠷᠢᠯᠭᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠣᠳᠠᠲᠤ ᠴᠣᠭᠴᠠᠳᠣ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠠᠰᠣ ᠴᠢᠨᠠᠷ ᠢ ᠳᠡᠭᠡᠭᠰᠢᠯᠡᠭᠦᠯᠣᠨ ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠦᠨᠡᠡᠭᠦ ᠬᠠᠮᠠᠭᠠᠯᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠦᠯᠣ ᠡᠭᠦᠰᠭᠦ ᠬᠤᠷᠢᠭ᠎ᠠ ᠱᠤᠭᠤᠮ ᠢ ᠪᠠᠳᠣ ᠰᠠᠬᠢᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃         ᠨᠢᠭᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠨᠢᠭᠡᠳᠦᠭᠡᠷ ᠬᠠᠷᠢᠭᠤᠴᠠᠯᠭᠠᠳᠣ ᠭᠦᠮᠣᠨ ᠤ ᠡᠭᠦᠷᠭᠡ ᠶᠢ ᠦᠨᠡᠡᠭᠦ ᠭᠦᠢᠴᠡᠳᠬᠡᠭᠦ ᠬᠡᠷᠩᠳᠠᠢ               ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠳᠣᠲᠣᠭᠠᠳᠤ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠳᠠᠢ᠃ ᠵᠢᠭᠡᠯᠡᠯᠭᠡ ᠶᠢᠨ ︽ᠭᠤᠷᠪᠡᠨ ᠪᠠᠶᠢᠴᠠᠭᠠᠯᠳᠠ︾ ︵ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ᠂ ᠵᠢᠭᠡᠯᠡᠯᠭᠡ ᠲᠠᠯᠪᠢᠬᠤ ᠦᠶ᠎ᠡ ᠶᠢᠨ ᠬᠢᠨᠠᠨ ᠪᠠᠶᠢᠴᠠᠭᠠᠯᠳᠠ᠂ ᠵᠢᠭᠡᠯᠡᠭᠦᠯᠦᠭᠰᠡᠨ ᠳᠠᠷᠠᠭᠠᠬᠢ ᠪᠠᠶᠢᠴᠠᠭᠠᠯᠳᠠ︶ ᠶᠢᠨ ᠲᠥᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠲᠤᠭ᠎ᠠ ᠨᠤᠷᠮ᠎ᠠ ᠠᠴᠠ ᠳᠠᠪᠠᠭᠤᠯᠵᠦ ᠢᠲᠡᠭᠡᠮᠵᠢ ᠣᠯᠭᠤᠬᠤ᠂ ᠬᠡᠲᠦᠷᠬᠡᠶ ᠢᠲᠡᠭᠡᠮᠵᠢ ᠣᠯᠭᠤᠬᠤ᠂ ᠣᠯᠠᠨ ᠲᠠᠯ᠎ᠠ ᠠᠴᠠ ᠢᠲᠡᠭᠡᠮᠵᠢ ᠣᠯᠭᠤᠬᠤ ᠪᠠ ᠬᠤᠯᠪᠤᠬᠳᠠᠭᠤᠯᠤᠨ ᠢᠲᠡᠭᠡᠮᠵᠢ ᠣᠯᠭᠤᠬᠤ ᠶᠠᠪᠤᠳᠠᠯ ᠢ ᠴᠢᠩᠭ᠎ᠠ ᠴᠠᠭᠠᠵᠠᠯᠠᠨ᠂ ᠬᠠᠭᠤᠷᠮᠠᠭ ᠨᠡᠷ᠎ᠡ ᠪᠠᠷ ᠵᠢᠭᠡᠯᠡᠯᠭᠡ ᠠᠪᠬᠤ᠂ ᠨᠡᠷ᠎ᠡ ᠵᠢᠭᠡᠯᠡᠵᠣ ᠵᠢᠭᠡᠯᠡᠯᠭᠡ ᠠᠪᠬᠤ ᠪᠠ ᠪᠣᠰᠣᠣᠨ ᠤᠨ ᠨᠡᠷ᠎ᠡ ᠪᠠᠷ ᠵᠢᠭᠡᠯᠡᠯᠭᠡ ᠠᠪᠬᠤ ᠶᠢ ᠴᠢᠩᠭ᠎ᠠ ᠴᠠᠭᠠᠵᠠᠯᠠᠬᠤ ᠬᠡᠷᠩᠳᠠᠢ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠣᠠᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠳᠠᠲᠠᠶ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠪᠠ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠡᠷᠡᠭᠯᠡᠭᠡᠨᠳᠣ ᠴᠢᠨᠠᠷ ᠪᠠ ᠠᠵᠢᠯᠯᠠᠭᠠᠲᠦ ᠴᠢᠨᠠᠷ ᠢ ᠳᠡᠭᠡᠭᠰᠢᠯᠡᠭᠦᠯᠭᠦ ᠬᠡᠷᠩᠳᠠᠢ᠃ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠣ ᠡᠭᠦᠰᠭᠦ ᠬᠤᠷᠢᠭ᠎ᠠ ᠱᠤᠭᠤᠮ ᠤᠨ ᠰᠡᠳᠬᠢᠬᠦᠶ ᠶᠢ ᠪᠠᠳᠣ ᠪᠣᠢ ᠪᠣᠯᠭᠠᠵᠣ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠲᠣᠣᠷ ᠤᠨ ᠲᠡᠷᠢᠭᠦᠨ ᠴᠢᠬᠤᠯᠠ ᠰᠡᠷᠭᠡᠶᠢᠯᠡᠯᠲᠡ ᠶᠢᠨ ᠱᠤᠭᠤᠮ ᠢ ᠪᠠᠳᠣ ᠪᠠᠬᠢ ᠪᠠᠶᠢᠭᠤᠯᠵᠣ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠦᠨᠡᠡᠭᠦ ᠬᠠᠮᠠᠭᠠᠯᠠᠬᠤ ᠬᠡᠷᠩᠳᠠᠢ᠃         ᠬᠤᠶᠠᠷ᠂ ᠪᠤᠴᠠᠭᠠᠨ ᠠᠪᠴᠦ ᠢᠷᠡᠬᠦ ᠪᠤᠯᠤᠮᠵᠢ ᠦᠭᠡᠢ ᠵᠤᠭᠤᠰ ᠤᠨ ᠰᠠᠯᠭᠠᠨ ᠪᠡᠯᠡᠳᠭᠡᠯ ᠤᠨ ᠪᠣᠳᠣᠵᠤ ᠠᠪᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠭᠦ ᠬᠡᠷᠩᠳᠠᠢ         ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠢᠳᠡᠭᠡᠮᠵᠢᠳᠣ ᠵᠢᠭᠡᠯᠡᠯᠭᠡ ᠶᠢᠨ ᠡᠳ᠋ ᠭᠦᠷᠤᠩᠭᠡ ᠶᠢᠨ ᠶᠠᠰᠣ ᠴᠢᠨᠠᠷ ᠢ ᠦᠨᠡᠨ ᠪᠣᠳᠠᠲᠠᠶ᠂ ᠣᠨᠣᠪᠴᠢᠲᠠᠶ ᠪᠠᠷ ᠲᠤᠰᠬᠠᠵᠤ᠂ ᠵᠢᠭᠡᠯᠡᠯᠭᠡ ᠶᠢᠨ ᠦᠨᠡᠨ ᠪᠣᠳᠠᠲᠠᠶ ᠠᠩᠭᠢᠯᠠᠯ ᠶᠣᠰᠣᠭᠠᠷ ᠪᠣᠳᠣᠵᠣ ᠠᠪᠬᠤ ᠳᠤ ᠰᠠᠯᠭᠠᠨ ᠦᠭᠬᠦ ᠪᠠᠷ ᠪᠡᠯᠡᠣᠡᠭᠡᠵᠣ᠂ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠷᠦᠩᠭᠡ ᠮᠦᠡᠭᠭᠦ ᠠᠬᠤᠶᠢᠯᠠᠬᠤ ᠪᠡᠯᠡ ᠮᠥᠩᠭᠦ ᠶᠢ ᠠᠰᠢᠭᠯᠠᠨ ᠰᠢᠭᠤᠳ ᠪᠡᠯᠡ ᠣᠷᠣᠭᠤᠯᠬᠤ᠂ ᠡᠰᠡᠬᠦᠯ᠎ᠡ ᠪᠠᠩᠬᠢ ᠶᠢᠨ ᠦᠢᠯᠡᠰ ᠤᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠳ᠋ ᠬᠦᠷᠤᠩᠭᠡ ᠶᠢᠨ ᠠᠷᠠᠯᠵᠢᠶ᠎ᠠ ᠶᠢᠨ ᠲᠠᠪᠴᠠᠩ ᠵᠡᠷᠭᠡ ᠪᠠᠷ ᠳᠡᠮᠵᠢᠭᠤᠯᠣᠨ ︽ ᠪᠠᠷᠢᠮᠵᠢᠶᠠᠵᠢᠭᠤᠯᠤᠭᠰᠠᠨ ᠦᠭᠡᠢ ᠠᠪᠴᠠᠭᠠᠨ ᠤ ᠡᠷᠬᠡ ᠲᠠᠢ ᠡᠳ᠋ ᠬᠦᠷᠦᠩᠭᠡ︾ ᠳᠤ ᠳᠠᠮ ᠢᠶᠠᠷ ᠪᠡᠯᠡ ᠣᠷᠣᠭᠤᠯᠬᠤ ᠠᠵᠢᠯᠯᠠᠭ᠎ᠠ ᠶᠢ ᠴᠢᠩᠭ᠎ᠠ ᠵᠢᠷᠣᠮᠵᠢᠭᠤᠯᠵᠣ᠂ ︽ᠮᠥᠨ ᠴᠢᠨᠠᠷ ᠨᠢ ᠬᠡᠯᠪᠡᠷᠢ ᠠᠴᠠ ᠪᠠᠨ ᠴᠢᠬᠤᠯᠨ ᠪᠠᠶᠢᠬᠤ︾ ᠵᠠᠷᠴᠢᠮ ᠪᠠ ᠪᠣᠯᠭᠤᠮᠵᠢᠲᠠᠶ ᠬᠠᠮᠢᠶᠠᠷᠬᠤ ᠶᠢᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠠᠯᠭᠠᠨ ᠥᠭᠬᠦ ᠪᠡᠯᠡᠳᠭᠡᠯ ᠠᠴᠠ ᠪᠣᠳᠣᠵᠣ ᠠᠪᠣᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠷᠤᠩᠭᠡ ᠨᠥᠬᠦᠪᠥᠷᠢᠯᠡᠬᠦ ᠲᠣᠭᠲᠠᠴᠠ ᠪᠠᠶᠢᠭᠤᠯᠬᠤ ᠶᠢ ᠬᠥᠲᠥᠯᠥᠨ ᠵᠢᠯᠣᠭᠤᠳᠴᠤ᠂ ᠬᠦᠷᠦᠩᠭᠡ ᠶᠢᠨ ᠶᠠᠰᠤ ᠴᠢᠨᠠᠷ ᠢ ᠳᠡᠭᠡᠭᠰᠢᠯᠡᠭᠦᠯᠣᠨ᠂ ᠬᠦᠷᠦᠩᠭᠡ ᠬᠦᠯᠢᠶᠡᠰᠦᠯᠡᠬᠦ ᠶᠢ ᠴᠢᠩᠭᠠᠣᠠᠬᠠᠨ᠎ᠠ᠃         ᠭᠤᠷᠪᠠ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠵᠠᠮ ᠮᠦᠷ ᠢ ᠣᠯᠠᠮ ᠨᠢᠭᠡ ᠠᠯᠬᠤᠮ ᠦᠷᠭᠡᠣᠡᠭᠡᠭᠦ ᠬᠡᠷᠩᠳᠠᠢ         ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ︽ᠨᠢᠭᠡ ᠪᠦᠯᠦᠭ ᠢ ᠢᠯᠭᠠᠷᠠᠭᠤᠯᠣᠨ ᠬᠤᠷᠢᠶᠠᠬᠤ᠂ ᠨᠢᠭᠡ ᠪᠦᠯᠦᠭ ᠢ ᠰᠢᠯᠵᠢᠭᠦᠯᠦᠨ ᠥᠭᠬᠦ᠂ ᠨᠢᠭᠡ ᠪᠦᠯᠦᠭ ᠢ ᠦᠷᠭᠦᠯᠵᠢᠯᠡᠨ ᠬᠢᠭᠦ᠂ ᠨᠢᠭᠡ ᠪᠦᠯᠦᠭ ᠢ ᠳᠠᠬᠢᠨ ᠵᠣᠬᠢᠶᠠᠨ ᠪᠠᠶᠢᠭᠤᠯᠬᠤ᠂ ᠨᠢᠭᠡ ᠪᠦᠯᠦᠭ ᠢ ᠬᠠᠷᠭᠤᠭᠤᠯᠤᠨ ᠬᠦᠴᠦᠨ ᠦᠭᠡᠢ ᠪᠤᠯᠭᠠᠬᠤ᠂ ᠨᠢᠭᠡ ᠪᠦᠯᠦᠭ ᠢ ᠥᠷᠢ ᠲᠦᠯᠦᠬᠦ︾  ᠪᠠᠷ ᠲᠥᠷᠥᠯ ᠬᠤᠪᠢᠶᠠᠨ ᠰᠢᠢᠳᠪᠦᠷᠢᠯᠡᠬᠦ ᠲᠥᠯᠥᠪᠯᠡᠭᠡ ᠲᠣᠭᠳᠠᠭᠠᠵᠣ᠂ ᠵᠦᠢ ᠪᠤᠰᠤ ᠵᠢᠭᠡᠯᠡᠯᠭᠡ ᠶᠢᠨ ᠬᠠᠷᠭᠤᠭᠤᠯᠤᠨ ᠬᠦᠴᠦᠨ ᠦᠭᠡᠢ ᠪᠤᠯᠭᠠᠬᠤ ᠪᠠ ᠪᠦᠭᠡᠮ ᠢᠶᠠᠷ ᠰᠢᠯᠵᠢᠭᠦᠯᠣᠨ ᠦᠭᠭᠦ ᠠᠬᠢᠴᠨ ᠶᠢ ᠲᠦᠷᠭᠡᠳᠬᠡᠭᠦ ᠬᠡᠷᠩᠳᠠᠢ᠃ ᠬᠠᠷᠭᠤᠭᠤᠯᠤᠨ ᠬᠦᠴᠦᠨ ᠦᠭᠡᠢ ᠪᠤᠯᠭᠠᠬᠤ ᠲᠦᠷᠣ ᠶᠢᠨ ᠪᠣᠳᠣᠯᠭ᠎ᠠ ᠶᠢ ᠭᠦᠢᠴᠡᠣᠨ ᠰᠠᠶᠢᠨ ᠠᠰᠢᠭᠯᠠᠵᠣ᠂ ᠬᠠᠷᠭᠤᠭᠤᠯᠤᠨ ᠬᠦᠴᠦᠨ ᠦᠭᠡᠢ ᠪᠤᠯᠭᠠᠬᠤ ᠠᠬᠢᠴᠨ ᠶᠢ ᠲᠦᠷᠭᠡᠣᠡᠭᠡᠨ᠂ ︽ᠬᠠᠷᠭᠤᠭᠤᠯᠪᠠᠰᠣ ᠵᠣᠬᠢᠬᠤ ᠶᠢ ᠨᠢ ᠪᠦᠭᠦᠨ ᠢ ᠬᠠᠷᠭᠤᠭᠤᠯᠬᠤ︾ ᠶᠢ ᠪᠡᠶᠡᠯᠡᠭᠦᠯᠭᠦ ᠬᠡᠷᠡᠭᠲᠡᠶ ︔ ︽ᠦᠷᠢ ᠥᠭᠴᠡᠭᠡ ᠶᠢ ᠰᠲ᠋ᠣᠺ ᠪᠣᠯᠭᠠᠨ ᠰᠢᠯᠵᠢᠭᠦᠯᠣᠨ ᠬᠤᠪᠢᠷᠠᠭᠤᠯᠬᠤ︾ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠦᠷᠨᠢᠭᠦᠯᠭᠦ ᠶᠢ ᠠᠬᠢᠭᠤᠯᠵᠤ᠂ ᠡᠮᠬᠢ ᠵᠢᠷᠤᠮ ᠲᠠᠢ ᠪᠠᠷ ᠦᠷᠢ ᠥᠭᠴᠡᠭᠡ ᠶᠢ ᠲᠠᠬᠢᠨ ᠵᠤᠬᠢᠶᠠᠨ ᠪᠠᠶᠢᠭᠤᠯᠬᠤ ᠶᠢ ᠪᠡᠶᠡᠯᠡᠭᠦᠯᠵᠣ᠂ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ ᠪᠠᠭᠤᠷᠠᠭᠤᠯᠣᠨ᠂ ᠡᠳ᠋ ᠤᠨ ᠶᠠᠪᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ ︔ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠠᠷᠠᠯᠵᠢᠶ᠎ᠠ ᠶᠢᠨ ᠲᠠᠪᠴᠠᠩ ᠢ ᠪᠠᠶᠢᠭᠤᠯᠵᠤ᠂ ᠪᠠᠩᠬᠢ ᠶᠢᠨ ᠵᠦᠢ ᠪᠤᠰᠤ ᠡᠳ᠋ ᠬᠦᠷᠦᠩᠭᠡ ᠶᠢ ᠫᠠᠶᠢᠰᠠ ᠡᠯᠭᠦᠨ ᠰᠢᠯᠵᠢᠭᠦᠯᠦᠨ ᠥᠭᠬᠦ ᠶᠢ ᠦᠷᠨᠢᠭᠦᠯᠵᠣ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠩᠳᠠᠢ ︔ ᠡᠳ᠋ ᠬᠦᠷᠦᠩᠭᠡ ᠶᠢ ᠦᠨᠡᠳᠣ ᠲᠡᠮᠳᠡᠭᠲᠦ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠯᠡᠳᠡᠭᠡᠯ ᠡᠳ᠋ ᠭᠦᠷᠤᠩᠭᠡ ᠶᠢ ᠴᠢᠯᠣᠭᠡᠳᠠᠢ ᠭᠦᠢᠯᠭᠡᠭᠡᠵᠣ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠤᠩᠭᠡ ᠶᠢᠨ ᠭᠦᠢᠯᠭᠡᠭᠡᠨᠲᠦ ᠴᠢᠨᠠᠷ ᠢ ᠴᠢᠩᠭᠠᠷᠠᠭᠤᠯᠤᠨ᠎ᠠ᠃         ᠲᠦᠷᠪᠡ᠂ ᠠᠪᠤᠴᠠᠭᠠᠨ ᠤ ᠡᠷᠭᠡᠳᠣ ᠭᠦᠮᠣᠨ ᠤ ᠺᠣᠮᠢᠰ ᠤᠨ ᠨᠡᠩ ᠶᠡᠭᠡ ᠦᠢᠯᠡᠳᠦᠯ ᠪᠠᠳᠠᠷᠠᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠳᠠᠢ         ᠳᠠᠩ ᠴᠣᠯᠭᠤᠢ ᠠᠵᠤ ᠠᠬᠤᠶᠢᠯᠠᠯ ︵ᠪᠦᠯᠦᠭᠯᠡᠯ︶ ᠤᠨ ᠵᠦᠢ ᠪᠤᠰᠤ ᠵᠢᠭᠡᠯᠡᠯᠭᠡ ᠶᠢᠨ ᠵᠣᠭᠤᠰᠣᠨ ᠤ ᠲᠤᠭ᠎ᠠ ᠶᠡᠭᠡ᠂ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠭ᠎ᠠ ᠣᠯᠠᠨ ᠪᠠᠶᠢᠭ᠎ᠠ ᠪᠠᠶᠢᠳᠠᠯ ᠳᠤ ᠴᠢᠭᠯᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠵᠦᠢᠯ ᠤᠨ ᠲᠦᠷᠣ ᠶᠢᠨ ᠪᠣᠳᠣᠯᠭ᠎ᠠ︾ ᠶᠢ ᠬᠡᠷᠡᠭᠯᠡᠵᠦ᠂ ᠠᠪᠴᠠᠭᠠᠨ ᠤ ᠡᠷᠭᠡᠳᠣ ᠭᠦᠮᠣᠨ ᠤ ᠺᠣᠮᠢᠰ ᠢ ᠵᠣᠬᠢᠶᠠᠨ ᠪᠠᠶᠢᠭᠤᠯᠣᠨ᠂ ᠵᠢᠭᠡᠯᠡᠯᠭᠡ ᠨᠡᠮᠡᠭᠳᠡᠭᠦᠯᠭᠦ᠂ ᠵᠢᠭᠡᠯᠡᠯᠭᠡ ᠶᠢ ᠲᠣᠭᠲᠠᠪᠦᠷᠢᠵᠢᠭᠤᠯᠬᠤ᠂ ᠵᠢᠭᠡᠯᠡᠯᠭᠡ ᠶᠢ ᠬᠠᠰᠣᠬᠤ᠂ ᠲᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠵᠣ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠡᠳ᠋ ᠬᠦᠷᠦᠩᠭᠡ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠭᠦᠢ ᠠᠵᠢᠯ ᠢ ᠡᠮᠬᠢ ᠵᠢᠷᠤᠮ ᠲᠠᠢ ᠥᠷᠨᠢᠭᠦᠯᠣᠨ᠎ᠠ᠃ ᠠᠵᠤ ᠠᠬᠤᠶᠢᠯᠠᠯ ᠤᠨ ᠳᠤᠷᠠᠳᠤᠭᠰᠠᠨ ᠪᠡᠯᠠ ᠮᠥᠩᠭᠦᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠶᠢᠨ ᠤᠴᠢᠷ ᠰᠢᠯᠲᠠᠭᠠᠨ ᠨᠢ ᠭᠦᠢᠴᠡᠳ ᠪᠠᠶᠢᠪᠠᠯ᠂ ᠠᠪᠤᠴᠠᠭᠠᠨ ᠤ ᠡᠷᠭᠡᠳᠣ ᠭᠦᠮᠣᠨ ᠤ ᠺᠣᠮᠢᠰ ᠨᠢ ᠪᠠᠩᠬᠢ ᠶᠢᠨ ᠪᠦᠯᠦᠭᠯᠡᠯ ᠠᠴᠠ ᠵᠢᠭᠡᠯᠡᠯᠭᠡ ᠠᠪᠬᠤ᠂ ᠵᠦᠢ ᠪᠤᠰᠦ ᠵᠢᠭᠡᠯᠡᠯᠭᠡ ᠠᠷᠢᠯᠭᠠᠬᠰᠠᠨ ᠳᠤ ᠬᠠᠮᠲᠦᠷᠠᠨ ᠢᠲᠡᠭᠡᠮᠵᠢ ᠣᠯᠭᠤᠬᠤ ᠲᠣᠭᠲᠠᠴᠠ ᠶᠢ ᠪᠠᠶᠢᠭᠤᠯᠬᠤ ᠪᠤᠶᠤ ᠪᠢᠲᠡᠭᠦᠮᠵᠢᠯᠡᠭᠰᠡᠨ ᠮᠠᠶ᠋ᠢᠭ ᠢᠶᠠᠷ ᠪᠡᠯᠡ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠣᠨ ᠳᠡᠮᠵᠢᠯᠭᠡ ᠦᠵᠡᠭᠦᠯᠬᠦ ᠬᠡᠷᠡᠭᠲᠡᠶ᠃ ᠡᠯ᠎ᠡ ᠠᠪᠴᠠᠭᠠᠨ ᠤ ᠡᠷᠭᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠨᠢᠭᠡᠳᠦᠯᠲᠡᠶ ᠠᠵᠢᠯᠯᠠᠭ᠎ᠠ ᠠᠪᠴᠣ᠂ ᠵᠢᠱᠢᠯᠲᠡ ᠲᠥᠰᠦᠪᠯᠡᠯ ᠢ ᠲᠣᠭᠲᠠᠪᠤᠷᠢᠵᠢᠭᠤᠯᠬᠤ᠂ ᠢᠳᠡᠭᠡᠮᠵᠢᠳᠣ ᠵᠢᠭᠡᠯᠡᠯᠭᠡ ᠶᠢ ᠲᠣᠭᠲᠠᠭᠤᠨ ᠪᠠᠶᠢᠯᠭᠠᠬᠤ᠂ ᠲᠣᠭᠲᠠᠪᠤᠷᠢᠲᠠᠶ ᠲᠡᠮᠵᠢᠭᠦ ᠶᠢ ᠦᠨᠡᠡᠭᠦ ᠪᠡᠶᠡᠯᠡᠭᠦᠯᠵᠦ᠂ ᠵᠢᠭᠡᠯᠡᠯᠭᠡ ᠶᠢ ᠳᠤᠷ᠎ᠠ ᠪᠠᠷ ᠢᠶᠠᠨ ᠵᠣᠭᠰᠣᠭᠠᠬᠤ ᠪᠠ ᠰᠤᠭᠤᠴᠠᠵᠣ ᠪᠣᠯᠬᠤ ᠦᠭᠡᠢ ︔ ᠴᠢᠬᠤᠯᠠ ᠪᠦᠬᠦᠢ᠂ ᠲᠦᠭᠰᠢᠭᠦᠷᠢ ᠶᠢ ᠡᠵᠡᠮᠳᠡᠵᠦ ᠳᠡᠶᠢᠯᠭᠦ ᠬᠤᠷᠢᠶᠠᠵᠤ ᠠᠪᠤᠭᠠᠳ ᠲᠠᠬᠢᠨ ᠵᠢᠭᠡᠯᠡᠯᠭᠡ ᠠᠪᠬᠤ᠂ ᠬᠤᠭᠤᠴᠠᠭ᠎ᠠ ᠶᠢ ᠨᠢ ᠬᠤᠶᠢᠰᠢᠯᠠᠭᠤᠯᠵᠦ ᠦᠷᠭᠦᠯᠵᠢᠯᠡᠨ ᠵᠢᠭᠡᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠠᠵᠤ ᠠᠬᠤᠶᠢᠯᠠᠯ ᠤᠨ ᠬᠦᠴᠢᠷᠳᠡᠯ ᠢ ᠬᠠᠮᠤᠭ ᠤᠨ ᠶᠡᠭᠡ ᠭᠡᠮᠵᠢᠶ᠎ᠠ ᠪᠠᠷ ᠬᠠᠪᠰᠤᠷᠴᠣ ᠰᠢᠢᠳᠪᠦᠷᠢᠯᠡᠬᠦ ᠬᠡᠷᠡᠭᠲᠡᠶ᠃         ᠲᠠᠪᠤ᠂ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠮᠥᠩᠭᠦᠨ ᠭᠦᠢᠯᠭᠡᠭᠡᠨ ᠢ ᠲᠣᠭᠲᠠᠪᠣᠷᠢᠵᠢᠭᠤᠯᠬᠤ︾ ᠦᠢᠯᠡᠳᠦᠯ ᠢ ᠭᠦᠢᠴᠡᠣᠨ ᠪᠠᠳᠠᠷᠠᠭᠤᠯᠬᠤ ᠬᠡᠷᠩᠳᠠᠢ           ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠫᠠᠶᠢᠰᠠ ᠲᠡᠮᠳᠡᠭ ᠪᠦᠷᠢᠨ᠂ ᠵᠠᠬ᠎ᠠ ᠳᠡᠯᠭᠡᠭᠦᠷ ᠥᠷᠭᠡᠨ᠂ ᠵᠠᠮ ᠮᠥᠷ ᠤᠯᠨᠨ ᠪᠠᠶᠢᠬᠤ︾ ᠲᠤᠰᠬᠠᠶ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠣ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠬᠤ᠂ ᠵᠣᠬᠢᠴᠠᠭᠤᠯᠬᠤ᠂ ᠬᠠᠮᠳᠣᠷᠠᠯᠴᠠᠬᠤ ᠶᠢ ᠴᠢᠩᠭᠠᠳᠬᠠᠨ᠂ ᠵᠦᠢ ᠪᠤᠰᠤ ᠵᠢᠭᠡᠯᠡᠯᠭᠡ ᠶᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠠᠷᠢᠯᠭᠠᠨ᠎ᠠ᠃ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠲᠦᠷᠭᠡᠨ ᠬᠥᠭᠵᠢᠭᠦ ᠶᠢ ᠳᠡᠮᠵᠢᠵᠣ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢ ᠬᠠᠰᠤᠬᠤ ᠬᠡᠯᠲᠦᠷᠢᠭᠦᠯᠬᠦ ᠲᠦᠷᠣ ᠶᠢᠨ ᠪᠤᠳᠤᠯᠭ᠎ᠠ ᠶᠢ ᠭᠦᠷᠳᠡᠭᠡᠨ᠎ᠠ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠳᠣ ᠬᠤᠷᠰᠢᠶ᠎ᠠ᠂ ᠥᠪᠥᠷ ᠮᠣᠩᠭᠤᠯ ᠪᠠᠩᠬᠢ᠂ ᠪᠤᠭᠤᠲᠤ ᠬᠤᠳᠠᠯᠳᠤᠭᠠᠨ ᠤ ᠪᠠᠩᠬᠢ᠂ ᠤᠷᠳᠤᠰ ᠪᠠᠩᠬᠢ ᠪᠠ ᠦᠬᠠᠶ ᠪᠠᠩᠬᠢ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠶᠢᠨ ᠬᠡᠷᠡᠭᠴᠡᠭᠡ ᠱᠠᠭᠠᠷᠳᠠᠯᠭ᠎ᠠ ᠶᠢ ᠭᠤᠣᠯᠴᠢᠯᠠᠨ ᠰᠤᠳᠤᠯᠬᠤ ᠪᠠ ᠵᠠᠳᠠᠯᠤᠯᠳᠠ ᠬᠢᠵᠣ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ ᠵᠢᠭᠡᠯᠡᠯᠭᠡ ᠶᠢ ᠠᠷᠢᠯᠭᠠᠬᠤ ᠪᠠ ᠰᠢᠢᠳᠪᠦᠷᠢᠯᠡᠬᠦ ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠣᠨ᠎ᠠ᠃           ᠵᠢᠷᠭᠤᠭ᠎ᠠ᠂ ᠵᠢᠭᠡᠯᠡᠯᠭᠡ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠪᠠ ᠨᠥᠬᠦᠪᠥᠷᠢᠯᠡᠭᠦ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ           ᠵᠠᠰᠠᠭ ᠤᠨ ᠣᠷᠳᠣᠨ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠺᠣᠮᠫᠠᠨᠢ ᠶᠢᠨ ᠬᠠᠮᠳᠣᠷᠠᠯᠴᠠᠭ᠎ᠠ ᠶᠢ ᠴᠢᠩᠭᠠᠣᠠᠬᠠᠨ᠂ ᠤᠯᠠᠨ ᠲᠠᠯ᠎ᠠ ᠶᠢᠨ ᠬᠠᠮᠳᠣᠷᠠᠯᠴᠠᠬᠤ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ᠂ ᠠᠵᠢᠯᠯᠠᠭᠠᠲᠦ ᠴᠢᠨᠠᠷᠳᠠᠢ ᠵᠢᠭᠡᠯᠡᠯᠭᠡ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠬᠦ ᠪᠠ ᠨᠥᠬᠦᠪᠥᠷᠢᠯᠡᠭᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠰᠣᠯᠢᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠵᠨ ᠲᠣᠬᠢᠶᠠᠯ ᠢ ᠭᠦᠢᠴᠡᠳ ᠠᠰᠢᠭᠯᠠᠨ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠪᠰᠤᠷᠴᠤ ᠪᠠᠶᠢᠭᠠᠳ ᠨᠢᠭᠡᠨᠳᠠ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠣᠭᠰᠠᠨ ᠵᠦᠢ ᠪᠤᠰᠤ ᠡᠳ᠋ ᠬᠦᠷᠦᠩᠭᠡ ᠶᠢ ᠠᠷᠢᠯᠭᠠᠨ᠎ᠠ᠃         ᠲᠤᠯᠤᠭ᠎ᠠ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠷᠢᠶᠡᠰᠦᠯᠡᠭᠦ ᠺᠣᠮᠫᠠᠨᠢ ᠪᠠᠷ ᠳᠠᠮᠵᠢᠭᠤᠯᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠨᠤᠷᠮ᠎ᠠ ᠪᠠᠨ ᠪᠠᠭᠤᠷᠠᠭᠤᠯᠬᠤ ᠶᠢ ᠳᠡᠮᠵᠢᠭᠦ ᠬᠡᠷᠩᠳᠠᠢ         ᠠᠵᠤ ᠠᠬᠤᠶᠢᠯᠠᠯ ᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠨᠤᠷᠮ᠎ᠠ ᠶᠢ ᠪᠠᠭᠤᠷᠠᠭᠤᠯᠬᠤ ᠳᠠᠯ᠎ᠠ ᠪᠠᠷ ᠬᠢ ᠮᠥᠩᠭᠦᠨ ᠭᠦᠢᠯᠭᠡᠭᠡᠨ ᠤ ᠲᠦᠷᠢᠶᠡᠰᠦᠯᠡᠭᠦ ᠺᠣᠮᠫᠠᠨᠢ ᠶᠢᠨ ᠦᠢᠯᠡᠳᠦᠯ ᠢ ᠪᠠᠳᠠᠷᠠᠭᠤᠯᠣᠨ᠂ ᠠᠵᠤ ᠠᠬᠤᠶᠢᠯᠠᠯ ᠤᠨ ᠪᠡᠯᠡᠣᠡᠭᠡᠮᠵᠢ ᠲᠦᠷᠢᠶᠡᠰᠦᠯᠡᠬᠦ ᠪᠠᠷ ᠳᠠᠮᠵᠢᠭᠤᠯᠣᠨ ᠠᠵᠤ ᠠᠬᠤᠶᠢᠯᠠᠯ ᠤᠨ ᠡᠳ᠋ ᠬᠦᠷᠦᠩᠭᠡ ᠶᠢᠨ ᠦᠷᠢ ᠦᠭᠴᠡᠭᠡ ᠶᠢᠨ ᠨᠤᠷᠮ᠎ᠠ ᠪᠠᠨ ᠪᠠᠭᠤᠷᠠᠭᠤᠯᠬᠤ ᠶᠢ ᠳᠡᠮᠵᠢᠵᠣ᠂ ᠪᠣᠳᠠᠲᠤ ᠵᠦᠢᠯ ᠢᠶᠠᠨ ᠰᠢᠯᠵᠢᠭᠦᠯᠦᠨ ᠲᠦᠷᠢᠶᠡᠰᠦᠯᠡᠭᠦᠯᠬᠦ ᠪᠠᠷ ᠳᠠᠮᠵᠢᠭᠤᠯᠣᠨ ᠦᠢᠯᠡᠳᠪᠦᠷᠢᠯᠡᠯ ᠤᠨ ᠴᠢᠳᠠᠪᠤᠷᠢ ᠶᠢ ᠰᠢᠯᠵᠢᠭᠦᠯᠭᠦ᠂ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠬᠤ ᠪᠠ ᠦᠢᠯᠡᠳᠪᠦᠷᠢᠯᠡᠯ ᠤᠨ ᠬᠡᠷᠡᠭᠰᠡᠯ ᠤᠨ ᠰᠢᠨᠡᠳᠬᠡᠨ ᠰᠣᠯᠢᠵᠣ ᠳᠡᠰ ᠳᠡᠪᠰᠢᠭᠦᠯᠬᠦ ᠶᠢ ᠠᠬᠢᠭᠤᠯᠵᠣ᠂ ᠡᠭᠡᠭᠦᠯᠦᠨ ᠬᠤᠳᠠᠯᠳᠤᠨ ᠠᠪᠴᠣ ᠪᠤᠴᠠᠭᠠᠨ ᠲᠦᠷᠢᠶᠡᠰᠦᠯᠡᠬᠦ ᠪᠠᠷ ᠳᠠᠮᠵᠢᠭᠤᠯᠣᠨ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠨᠧᠷᠭᠢ᠂ ᠪᠤᠯᠤᠳ ᠲᠡᠮᠦᠷ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠬᠤ ᠲᠦᠷᠣᠯ ᠵᠦᠢᠯ ᠢ ᠭᠦᠴᠣᠳᠠᠢ ᠳᠡᠮᠵᠢᠵᠣ᠂ ︽ᠪᠣᠷᠣᠯᠠᠭᠤᠯᠤᠭᠰᠠᠨ ᠤ ᠲᠠᠷᠠᠭ᠎ᠠ ᠡᠭᠡᠭᠦᠯᠦᠨ ᠲᠦᠷᠢᠶᠡᠰᠦᠯᠡᠭᠦ︾ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠦᠯᠡᠳᠡᠭᠡᠯ ᠡᠳ᠋ ᠭᠦᠷᠤᠩᠭᠡ ᠶᠢ ᠴᠢᠯᠣᠭᠡᠳᠠᠢ ᠭᠦᠢᠯᠭᠡᠭᠡᠵᠣ᠂ ᠡᠳ᠋ ᠭᠦᠷᠦᠩᠭᠡ ᠶᠢᠨ ᠰᠣᠯᠢᠬᠤ ᠪᠠ ᠲᠠᠬᠢᠨ ᠵᠣᠬᠢᠶᠠᠨ ᠪᠠᠶᠢᠭᠤᠯᠬᠤ ᠶᠢ ᠬᠢᠭᠦ ᠬᠡᠷᠩᠳᠠᠢ᠃         ᠨᠠᠶᠢᠮᠨ᠂ ᠰᠢᠭᠤᠳ ᠪᠡᠯᠡ ᠲᠤᠬᠢᠷᠠᠭᠤᠯᠭ᠎ᠠ ᠬᠢᠭᠦ ᠶᠢ ᠶᠡᠬᠡᠪᠡᠷ ᠬᠥᠭᠵᠢᠭᠦᠯᠭᠦ ᠬᠡᠷᠡᠭᠳᠠᠢ         ᠦᠨᠡᠲᠦ ᠲᠡᠮᠳᠡᠭᠲᠦ ᠶᠢᠨ ᠺᠣᠮᠫᠠᠨᠢ᠂ ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠰᠲ᠋ᠣᠺ ᠤᠨ ᠡᠷᠭᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠶᠢᠨ ᠠᠵᠤ ᠠᠬᠤᠶᠢᠯᠠᠯ ᠢ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠳᠤ ᠣᠷᠣᠯᠴᠠᠬᠤ ᠶᠢ ᠢᠳᠡᠪᠬᠢᠳᠠᠢ ᠠᠬᠢᠭᠤᠯᠬᠤ ᠬᠡᠷᠩᠳᠠᠢ᠃ ᠠᠵᠤ ᠠᠬᠤᠶᠢᠯᠠᠯ ᠤᠨ ᠤᠷᠲᠤᠪᠲᠤᠷ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠲᠡᠮᠳᠡᠭᠲᠦ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠳᠡᠭᠲᠦ᠂ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ ᠠᠵᠤ ᠠᠬᠤᠶᠢᠯᠠᠯ ᠤᠨ ᠵᠢᠭᠡᠯᠡᠯᠭᠡ ᠵᠡᠷᠭᠡ ᠪᠡᠯᠡ ᠳᠤᠬᠢᠷᠠᠭᠤᠯᠭ᠎ᠠ ᠶᠢᠨ ᠪᠠᠭᠠᠵᠢ ᠬᠡᠷᠡᠭᠯᠡᠭᠦᠷ ᠢᠶᠠᠷ ᠳᠡᠮᠵᠢᠭᠤᠯᠣᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠬᠵᠢᠭᠤᠯᠵᠤ᠂ ᠪᠡᠯᠡ ᠲᠣᠬᠢᠷᠠᠭᠤᠯᠬᠤ ᠵᠠᠮ ᠮᠦᠷ ᠢ ᠥᠷᠭᠡᠳᠬᠡᠨ᠂ ᠠᠵᠤ ᠠᠬᠤᠶᠢᠯᠠᠯ ᠤᠨ ᠪᠡᠯᠡ ᠮᠥᠩᠭᠦᠨ ᠤ ᠬᠡᠯᠬᠢᠶ᠎ᠡ᠂ ᠳᠠᠭᠠᠭᠠᠯᠲᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠬᠡᠷᠡᠭᠲᠡᠶ᠃ ᠠᠵᠤ ᠠᠬᠤᠶᠢᠯᠠᠯ ᠤᠨ ᠳᠠᠮ ᠪᠡᠯᠡ ᠲᠤᠬᠢᠷᠠᠭᠤᠯᠭ᠎ᠠ ᠳᠤ ᠬᠡᠲᠦᠷᠬᠡᠶ ᠲᠦᠰᠢᠭᠯᠡᠭᠦ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠣ᠂ ᠲᠤᠭ᠎ᠠ ᠭᠡᠮᠵᠢᠶ᠎ᠠ ᠶᠢᠨ ᠨᠡᠮᠡᠭᠳᠡᠭᠦ ᠳᠠᠯ᠎ᠠ ᠠᠴᠠ ᠵᠦᠢ ᠪᠤᠰᠤ ᠵᠢᠭᠡᠯᠡᠯᠭᠡ ᠪᠦᠷᠢᠯᠳᠦᠭᠦ ᠶᠢ ᠰᠡᠷᠭᠡᠶᠢᠯᠡᠭᠦ ᠬᠡᠷᠩᠳᠠᠢ᠃         ᠶᠢᠰᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠦᠴᠦᠯᠡᠨ ᠰᠠᠶᠢᠵᠢᠷᠠᠭᠤᠯᠬᠤ ᠬᠡᠷᠩᠳᠠᠢ           ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ︽ᠳᠠᠭᠠᠯᠳᠤᠨ ᠡᠭᠦᠰᠦᠭᠰᠡᠨ ᠪᠠᠩᠬᠢ︾ ᠵᠢᠴᠢ ᠠᠵᠢᠯ ᠲᠦᠷᠦᠯ ᠠᠯᠤᠰᠯᠠᠭᠰᠠᠨ᠂ ᠵᠠᠬ᠎ᠠ ᠳᠡᠯᠭᠡᠭᠦᠷ ᠠᠯᠤᠰᠯᠠᠭᠰᠠᠨ ᠮᠥᠩᠭᠦᠨ ᠭᠦᠢᠯᠭᠡᠭᠡᠨ ᠤ ᠨᠡᠷᠡᠣᠡᠭᠦᠨ ᠪᠣᠯᠤᠨ ᠲᠤᠬᠠᠶᠢᠯᠠᠭᠰᠠᠨ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠴᠡᠭᠡ ᠶᠢᠨ ᠬᠦᠰᠦᠨᠦᠭᠲᠦ ᠶᠢᠨ ᠭᠠᠳᠠᠨᠠᠬᠢ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠣᠨ᠂ ᠵᠠᠬ᠎ᠠ ᠳᠡᠯᠭᠡᠭᠦᠷ ᠠᠯᠤᠰᠯᠠᠭᠰᠠᠨ᠂ ᠰᠣᠯᠪᠢᠴᠠᠯ ᠤᠨ ᠴᠢᠨᠠᠷᠲᠠᠶ ᠨᠡᠷᠡᠣᠡᠭᠦᠨ ᠪᠠ ᠲᠤᠬᠠᠶᠢᠯᠠᠭᠰᠠᠨ ᠠᠵᠢᠯ ᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ ᠴᠠᠭ ᠲᠤᠬᠠᠶ ᠳᠤᠨᠢ ᠬᠢᠨᠠᠨ ᠬᠠᠮᠢᠶᠠᠷᠴᠣ᠂ ᠬᠢᠨᠠᠯᠲᠠ ᠬᠠᠮᠢᠶᠠᠷᠤᠯᠲᠠ ᠦᠭᠡᠢ ᠪᠠᠶᠢᠬᠤ ᠦᠵᠡᠭᠳᠠᠯ ᠭᠠᠷᠬᠤ ᠠᠴᠠ ᠰᠡᠷᠭᠡᠶᠢᠯᠡᠨ᠂ ᠰᠢᠨ᠎ᠡ ᠪᠠᠷ ᠪᠣᠢ ᠪᠣᠯᠣᠭᠰᠠᠨ ᠮᠥᠩᠭᠦᠨ ᠭᠦᠢᠯᠭᠡᠭᠡᠨ ᠤ ᠡᠵᠡᠩᠨᠠᠯᠳᠠ ᠶᠢᠨ ᠪᠠᠶᠢᠳᠠᠯ ᠤᠨ ᠵᠢᠷᠤᠮᠵᠢᠨ ᠬᠥᠭᠵᠢᠭᠦ ᠶᠢ ᠠᠬᠢᠭᠤᠯᠬᠤ ᠶᠢᠨ ᠬᠠᠮᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ᠲᠦᠭᠰᠢᠭᠦᠷᠢ ᠬᠠᠯᠳᠠᠪᠣᠷᠢᠯᠠᠬᠤ ᠠᠴᠠ ᠵᠠᠶᠢᠯᠠᠰᠬᠢᠭᠦ ᠬᠡᠷᠩᠳᠠᠢ᠃         ᠠᠷᠪᠠ᠂ ᠵᠦᠢ ᠪᠤᠰᠤ ᠵᠢᠭᠡᠯᠡᠯᠭᠡ ᠶᠢᠨ ᠲᠦᠭᠰᠢᠭᠦᠷᠢ ᠶᠢ ᠬᠢᠨᠠᠨ ᠰᠢᠨᠵᠢᠵᠣ ᠵᠠᠳᠠᠯᠤᠯᠲᠠ ᠬᠢᠬᠦ ᠶᠢ ᠴᠢᠩᠭᠠᠳᠬᠠᠬᠤ ᠬᠡᠷᠩᠳᠠᠢ         ᠭᠤᠣᠯᠳᠠᠯᠭ᠎ᠠ ᠲᠠᠢ ᠭᠠᠵᠠᠷ ᠣᠷᠣᠨ᠂ ᠲᠦᠭᠰᠢᠭᠦᠷᠢ ᠶᠡᠬᠡᠲᠡᠶ ᠪᠠᠶᠢᠭᠤᠯᠤᠮᠵᠢ ᠳᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠰᠢᠨᠵᠢᠭᠦ ᠡᠷᠴᠢᠮ ᠢ ᠴᠢᠩᠭᠠᠷᠠᠭᠤᠯᠣᠨ᠂ ᠭᠡᠷ ᠪᠠᠶᠢᠰᠢᠩ ᠭᠠᠵᠠᠷ ᠬᠦᠷᠦᠩᠭᠡ᠂ ᠪᠤᠯᠤᠳ ᠲᠡᠮᠦᠷ ᠂ ᠨᠡᠭᠦᠷᠡᠰᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢᠨ ᠪᠠᠶᠢᠳᠠᠯ ᠢ ᠠᠩᠬᠠᠷᠴᠣ᠂ ᠵᠦᠢ ᠪᠤᠰᠤ ᠵᠢᠭᠡᠯᠡᠯᠭᠡ ᠶᠢᠨ ᠬᠥᠭᠵᠢᠯᠲᠡ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠰᠢᠨ᠎ᠠ᠃ ᠬᠠᠷᠢᠴᠠᠭᠠᠨ ᠤ ᠡᠷᠦᠬᠡ ᠶᠢᠨ ᠡᠵᠡᠩᠨᠡᠯᠲᠡ ᠶᠢᠨ ᠪᠠᠶᠢᠳᠠᠯ᠂ ᠡᠳ᠋ ᠤᠨ ᠶᠠᠪᠤᠳᠠᠯ ᠤᠨ ᠠᠵᠢᠯᠯᠠᠭᠠᠨ᠂ ᠪᠡᠯᠡ ᠲᠤᠬᠢᠷᠠᠭᠤᠯᠭ᠎ᠠ ᠶᠢᠨ ᠪᠠᠶᠢᠳᠠᠯ᠂ ᠪᠡᠯᠡ ᠲᠣᠬᠢᠷᠠᠭᠤᠯᠭ᠎ᠠ ᠶᠢᠨ ᠣᠷᠴᠢᠨ ᠲᠤᠭᠤᠷᠢᠨ ᠪᠠ ᠲᠦᠭᠰᠢᠭᠦᠷᠢ ᠶᠢᠨ ᠠᠰᠠᠭᠤᠳᠠᠯ ᠵᠡᠷᠭᠡ ᠳᠤ ᠭᠤᠤᠯᠳᠠᠯᠭ᠎ᠠ ᠲᠠᠢ ᠪᠠᠷ ᠭᠦᠨᠵᠡᠭᠡᠶ ᠵᠠᠳᠠᠯᠤᠯᠲᠠ ᠬᠢᠵᠦ᠂ ᠬᠠᠷᠢᠴᠠᠭᠠᠨ ᠤ ᠡᠷᠦᠭᠡ ᠶᠢᠨ ᠢᠲᠡᠭᠡᠮᠵᠢ ᠶᠢᠨ ᠲᠦᠭᠰᠢᠭᠦᠷᠢ ᠵᠢᠴᠢ ᠲᠠᠯᠳᠠ ᠭᠡᠮ ᠳᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠬᠠᠮᠢᠶᠠᠷᠬᠤ ᠪᠣᠳᠠᠲᠠᠶ ᠰᠠᠨᠠᠯ ᠲᠣᠷᠠᠣᠴᠣ᠂ ᠲᠦᠭᠰᠢᠭᠦᠷᠢ ᠶᠢᠨ ᠦᠷᠪᠢᠰᠬᠦ ᠶᠢ ᠴᠢᠩᠭ᠎ᠠ ᠰᠡᠷᠭᠡᠶᠢᠯᠠᠭᠦ ᠬᠡᠷᠩᠳᠠᠢ ︔ ᠠᠵᠤ ᠠᠬᠤᠶ ᠶᠢᠨ ᠪᠠᠭᠤᠷᠠᠯᠲᠠ ᠶᠢᠨ ᠬᠤᠭᠤᠴᠠᠭᠠᠨ ᠳᠠᠬᠢ ᠪᠣᠯᠵᠤᠭ᠎ᠠ ᠠᠴᠠ ᠵᠥᠷᠢᠴᠡᠭᠰᠡᠨ ᠪᠠᠶᠢᠳᠠᠯ ᠢ ᠰᠤᠳᠤᠯᠬᠤ ᠪᠠ ᠣᠷᠢᠣᠡᠴᠢᠯᠠᠵᠣ ᠮᠠᠭᠠᠳᠯᠠᠬᠤ ᠶᠢ ᠴᠢᠩᠭᠠᠣᠠᠬᠠᠨ᠂ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃         ᠠᠷᠪᠠᠨ ᠨᠢᠭᠡ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠩᠳᠠᠢ           ᠵᠦᠢ ᠪᠤᠰᠤ ᠵᠢᠭᠡᠯᠡᠯᠭᠡ ᠶᠢ ᠰᠢᠢᠳᠪᠦᠷᠢᠯᠡᠭᠰᠡᠨ ᠡᠷᠴᠢᠮ ᠢᠶᠠᠷ ᠴᠢᠩᠭ᠎ᠠ᠂ ᠦᠷ᠎ᠡ ᠪᠦᠲᠦᠮᠵᠢ ᠨᠢ ᠢᠯᠡᠳᠲᠡ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠳ᠋ ᠤᠨ ᠵᠠᠰᠠᠭ ᠤᠨ ᠴᠢᠨᠠᠷᠳᠠᠢ ᠬᠠᠳᠠᠭᠠᠯᠠᠮᠵᠢ ᠶᠢᠨ ᠵᠣᠭᠤᠰᠤᠨ ᠤ ᠳᠡᠮᠵᠢᠯᠭᠡ ᠦᠵᠡᠭᠦᠯᠣᠨ᠎ᠠ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠳᠤᠮᠳᠠᠬᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠦᠯᠢᠴᠡᠬᠦ ᠬᠡᠮᠵᠢᠶ᠎ᠠ ᠶᠢ ᠵᠣᠬᠢᠬᠤ ᠭᠡᠮᠵᠢᠶ᠎ᠠ ᠪᠠᠷ ᠳᠡᠭᠡᠭᠰᠢᠯᠡᠭᠦᠯᠭᠦ ᠬᠡᠷᠩᠳᠠᠢ᠃ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠨᠢ ᠠᠪᠤᠴᠠᠭ᠎ᠠ ᠥᠭᠴᠡᠭᠡ ᠶᠢᠨ ᠬᠠᠷᠢᠴᠠᠭ᠎ᠠ ᠪᠠᠷ ᠲᠣᠳᠣᠷᠬᠠᠶ ᠮᠥᠩᠭᠦᠨ ᠭᠦᠢᠯᠭᠡᠭᠡᠨ ᠤ ᠠᠪᠤᠴᠠᠭᠠᠨ ᠤ ᠡᠷᠬᠡ ᠶᠢᠨ ᠵᠠᠷᠭᠤ ᠶᠢᠨ ᠬᠡᠷᠡᠭ ᠲᠤ ︽ᠰᠠᠭᠠᠳ ᠥᠭᠡᠢ ᠨᠡᠪᠲᠡᠷᠡᠬᠦ ᠵᠠᠮ︾ ᠨᠡᠭᠡᠭᠡᠵᠦ᠂ ᠮᠥᠩᠭᠦᠨ ᠭᠦᠢᠯᠭᠡᠭᠡᠨ ᠤ ᠠᠪᠤᠴᠠᠭᠠᠨ ᠤ ᠡᠷᠬᠡ ᠶᠢᠨ ᠬᠡᠷᠡᠭ ᠤᠨ ᠬᠥᠨᠳᠡᠯᠡᠨ ᠠᠴᠠ ᠲᠠᠰᠤᠯᠬᠤ ᠪᠠ ᠡᠴᠣᠰ ᠤᠨ ᠰᠢᠭᠦᠯᠳᠠ ᠬᠡᠷᠩᠵᠢᠭᠦᠯᠭᠦ ᠡᠷᠴᠢᠮ ᠢ ᠴᠢᠩᠭᠠᠷᠠᠭᠤᠯᠵᠣ᠂ ᠠᠪᠴᠠᠭᠠᠨ ᠤ ᠡᠷᠬᠡ ᠶᠢ ᠢᠯᠭᠠᠷᠠᠭᠤᠯᠣᠨ ᠬᠤᠷᠢᠶᠠᠬᠤ ᠬᠠᠤᠯᠢ ᠴᠠᠭᠠᠵᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃           ᠠᠷᠪᠠᠨ ᠬᠤᠶᠠᠷ᠂ ᠪᠠᠷᠢᠴᠠᠭᠠᠨ ᠤ ᠡᠳ᠋ ᠬᠦᠷᠦᠩᠭᠡ ᠶᠢᠨ ᠦᠨᠡᠯᠡᠨ ᠵᠢᠱᠢᠬᠦ ᠪᠠ ᠦᠨ᠎ᠡ ᠬᠠᠶᠠᠵᠣ ᠬᠤᠳᠠᠯᠳᠤᠬᠤ ᠶᠢ ᠵᠢᠷᠣᠮᠵᠢᠭᠤᠯᠣᠬᠤ ᠬᠡᠷᠩᠳᠠᠢ           ᠪᠠᠷᠢᠴᠠᠭᠠᠨ ᠤ ᠡᠳ᠋ ᠭᠦᠷᠦᠩᠭᠡ ᠶᠢᠨ ᠦᠨᠡᠯᠡᠨ ᠵᠢᠱᠢᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠬᠦ ᠠᠷᠭ᠎ᠠ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠷᠢᠴᠠᠭᠠᠯᠠᠭᠰᠠᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠬᠤ ᠳᠡᠰ ᠳᠠᠷᠠᠭᠠᠯᠠᠯ ᠢ ᠵᠢᠷᠤᠮᠵᠢᠭᠤᠯᠣᠨ᠂ ᠢᠯᠡ ᠪᠦᠭᠡᠳ ᠵᠠᠬ᠎ᠠ ᠳᠡᠯᠭᠡᠭᠦᠷᠴᠢᠯᠡᠭᠰᠡᠨ ᠦᠨ᠎ᠡ ᠬᠠᠶᠠᠵᠤ ᠬᠤᠳᠠᠯᠳᠤᠬᠤ ᠠᠷᠭ᠎ᠠ ᠮᠠᠶ᠋ᠢᠭ ᠢ ᠬᠡᠷᠩᠵᠢᠭᠦᠯᠵᠣ᠂ ᠦᠨᠡᠯᠡᠨ ᠵᠢᠱᠢᠭᠰᠡᠨ ᠦᠨ᠎ᠡ ᠨᠢ ᠵᠠᠬ᠎ᠠ ᠳᠡᠯᠭᠡᠭᠦᠷ ᠤᠨ ᠦᠷᠳᠡᠭ ᠠᠴᠠ ᠰᠠᠯᠣᠩᠬᠢᠷᠠᠭᠰᠠᠨ ᠠᠴᠠ ᠪᠣᠯᠵᠣ ᠵᠦᠢ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠨᠥᠯᠥᠭᠡᠯᠡᠭᠦ ᠠᠴᠠ ᠵᠠᠶᠢᠯᠡᠰᠬᠢᠨ᠂ ᠪᠠᠷᠢᠴᠠᠭᠠᠯᠠᠬᠰᠠᠨ ᠡᠳ᠋ ᠬᠦᠷᠦᠩᠭᠡ ᠶᠢ ᠰᠢᠢᠳᠪᠦᠷᠢᠯᠡᠬᠦ ᠬᠤᠷᠳᠤᠴᠠ ᠪᠠᠨ ᠲᠦᠷᠭᠡᠳᠬᠡᠭᠦ ᠬᠡᠷᠩᠳᠠᠢ᠃           ᠠᠷᠪᠠᠨ ᠭᠤᠷᠪᠠ᠂ ᠢᠲᠡᠭᠡᠮᠵᠢ ᠶᠢᠨ ᠰᠢᠰᠲ᠋ᠤᠮ ᠤᠨ ᠪᠠᠶᠢᠭᠤᠯᠤᠯᠲᠠ ᠶᠢ ᠲᠦᠷᠭᠡᠳᠬᠡᠭᠦ ᠬᠡᠷᠩᠳᠠᠢ           ᠪᠦᠬᠦ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠳ᠋ᠠᠶᠢᠳ᠋ᠨ ᠬᠥᠮᠥᠷᠭᠡ ᠶᠢᠨ ᠪᠠᠶᠢᠭᠤᠯᠤᠯᠳᠠ ᠶᠢ ᠲᠦᠷᠭᠡᠣᠡᠭᠡᠵᠣ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠵᠣ ᠬᠠᠷᠢᠯᠴᠠᠨ ᠨᠡᠪᠲᠡᠷᠡᠭᠦᠯᠵᠦ᠂ ᠬᠠᠮᠲᠤᠪᠠᠷ ᠪᠠᠶᠢᠭᠤᠯᠵᠤ ᠭᠦᠷᠳᠡᠭᠦ ᠶᠢ ᠪᠡᠶᠡᠯᠡᠭᠦᠯᠣᠨ᠎ᠠ᠃ ᠢᠲᠡᠭᠡᠮᠵᠢ ᠶᠢᠨ ᠳᠡᠰ ᠲᠣᠭᠳᠠᠭᠠᠬᠤ ᠪᠠᠶᠢᠭᠤᠯᠤᠮᠵᠢ᠂ ᠢᠲᠡᠭᠡᠮᠵᠢ ᠶᠢᠨ ᠯᠠᠪᠯᠠᠯᠭ᠎ᠠ ᠶᠢᠨ ᠺᠣᠮᠫᠠᠨᠢ ᠵᠡᠷᠭᠡ ᠵᠠᠭᠤᠴᠢᠯᠠᠬᠤ ᠪᠠᠶᠢᠭᠤᠯᠤᠮᠵᠢ ᠶᠢ ᠲᠡᠳᠬᠦᠨ ᠬᠥᠭᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠯᠠᠪᠯᠠᠯᠭ᠎ᠠ ᠶᠢᠨ ᠦᠷ᠎ᠡ ᠳ᠋ᠦᠶᠢᠩ ᠤᠨ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠪᠣᠯᠵᠤᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠣᠨ᠂ ᠢᠲᠡᠭᠡᠮᠵᠢ ᠶᠢᠨ ᠦᠵᠡᠯᠲᠡ ᠶᠢ ᠴᠢᠩᠭᠠᠳᠬᠠᠨ ᠳᠡᠯᠭᠡᠷᠡᠭᠦᠯᠵᠣ᠂ ᠤᠯᠠᠨ ᠨᠡᠶᠢᠲᠡ ᠶᠢᠨ ᠦᠨᠡᠨᠴᠢ ᠢᠲᠡᠭᠡᠮᠵᠢᠲᠡᠶ ᠦᠵᠡᠯ ᠤᠬᠠᠮᠰᠠᠷ ᠢ ᠳᠡᠭᠡᠭᠰᠢᠯᠡᠭᠦᠯᠣᠨ᠂ ᠪᠡᠯᠡ ᠲᠤᠬᠢᠷᠠᠭᠤᠯᠭ᠎ᠠ ᠶᠢᠨ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠵᠦᠢ ᠪᠤᠰᠤ ᠵᠢᠭᠡᠯᠡᠯᠭᠡ ᠶᠢᠨ ᠪᠦᠷᠢᠯᠳᠦᠭᠦ ᠶᠢ ᠡᠬᠢ ᠡᠭᠦᠰᠦᠯ ᠠᠴᠠ ᠨᠢ ᠰᠡᠷᠭᠡᠶᠢᠯᠡᠭᠦ ᠬᠡᠷᠩᠳᠠᠢ᠃         ᠠᠷᠪᠠᠨ ᠲᠦᠷᠪᠡ᠂ ᠥᠷᠢ ᠦᠭᠴᠡᠭᠡ ᠠᠴᠠ ᠵᠠᠶᠢᠯᠠᠵᠦ ᠦᠭᠡᠶᠢᠰᠭᠡᠬᠦ ᠦᠢᠯᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠭᠦᠨ᠎ᠠ         ᠲᠣᠰᠬᠠᠶᠢᠯᠠᠨ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠪᠠᠷ ᠥᠷᠨᠢᠭᠦᠯᠵᠦ᠂ ᠡᠯ᠎ᠡ ᠨᠢᠭᠡᠴᠡ᠂ ᠡᠯ᠎ᠡ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠠ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠳ᠋ᠨ ᠬᠥᠮᠥᠷᠭᠡ ᠶᠢᠨ ᠦᠢᠯᠡᠳᠦᠯ ᠢ ᠭᠦᠢᠴᠡᠣᠨ ᠪᠠᠳᠠᠷᠠᠭᠤᠯᠣᠨ᠂ ᠢᠲᠡᠭᠡᠮᠵᠢ ᠠᠯᠳᠠᠭᠰᠠᠨ ᠠᠵᠤ ᠠᠬᠤᠶᠢᠯᠠᠯ᠂ ᠢᠲᠡᠭᠡᠮᠵᠢ ᠠᠯᠳᠠᠭᠰᠠᠨ ᠬᠥᠮᠦᠰ ᠢ ᠮᠡᠳᠡᠭᠡᠯᠡᠭᠦ ᠲᠥᠷᠢᠮ ᠪᠣᠯᠤᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠳᠣᠷᠠᠨ ᠵᠠᠯᠬᠠᠭᠠᠨ ᠴᠡᠭᠡᠷᠯᠡᠭᠦᠯᠬᠦ ᠰᠠᠯᠠᠭ᠎ᠠ ᠮᠥᠴᠢᠷ ᠠᠯᠤᠰᠯᠠᠬᠰᠠᠨ ᠲᠣᠭᠲᠠᠴᠠ ᠶᠢ ᠪᠠᠶᠢᠭᠤᠯᠣᠨ ᠪᠦᠷᠢᠨᠰᠢᠭᠦᠯᠭᠦ ᠶᠢ ᠠᠬᠢᠭᠤᠯᠵᠤ᠂ ᠵᠣᠷᠢᠭᠤᠳᠠ ᠳᠠᠮᠫᠤᠷᠠᠭᠤᠯᠬᠤ᠂ ᠡᠳ᠋ ᠬᠦᠷᠦᠩᠭᠡ ᠪᠠᠨ ᠬᠤᠪᠢᠶᠠᠷᠢᠯᠠᠨ ᠰᠢᠯᠵᠢᠭᠦᠯᠬᠦ ᠪᠠ ᠰᠠᠯᠭᠠᠬᠤ ᠵᠡᠷᠭᠡ ᠮᠠᠭᠤ ᠰᠠᠨᠠᠭ᠎ᠠ ᠲᠠᠢ ᠪᠠᠷ ᠥᠷᠢ ᠦᠭᠴᠡᠭᠡ ᠠᠴᠠ ᠵᠠᠶᠢᠯᠠᠵᠦ ᠦᠭᠡᠶᠢᠰᠭᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠬᠦ ᠬᠡᠷᠡᠭᠲᠡᠶ᠃         ᠠᠷᠪᠠᠨ ᠲᠠᠪᠤ᠂ ᠵᠣᠬᠢᠶᠠᠨ ᠪᠠᠶᠢᠭᠤᠯᠣᠨ ᠤᠳᠤᠷᠢᠣᠠᠬᠤ ᠪᠠ ᠵᠣᠬᠢᠴᠠᠭᠤᠯᠣᠨ ᠬᠠᠮᠵᠢᠯᠴᠠᠬᠤ ᠪᠠᠨ ᠴᠢᠩᠭᠠᠣᠠᠬᠠᠬᠤ ᠬᠡᠷᠩᠳᠠᠢ         ᠡᠯ᠎ᠡ ᠱᠠᠲᠤᠨ ᠤ ᠵᠠᠰᠠᠭ ᠤᠨ ᠣᠷᠳᠣᠨ ᠨᠢ ᠮᠠᠨ ᠤ ᠣᠷᠣᠨ ᠤ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶ ᠶᠢᠨ ᠬᠥᠭᠵᠢᠯᠲᠡ ᠶᠢ ᠳᠡᠮᠵᠢᠭᠦ ᠳᠤᠮᠳᠠᠬᠢ ᠵᠦᠢ ᠪᠤᠰᠤ ᠵᠢᠭᠡᠯᠡᠯᠭᠡ ᠶᠢ ᠠᠷᠢᠯᠭᠠᠬᠤ ᠠᠵᠢᠯ ᠤᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠡᠯ᠎ᠡ ᠱᠠᠲᠤᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠡᠭᠦᠷᠭᠡ ᠴᠢᠳᠠᠪᠤᠷᠢ ᠶᠢ ᠴᠢᠩᠭᠠᠳᠬᠠᠨ᠂ ᠵᠦᠢ ᠪᠤᠰᠤ ᠡᠳ᠋ ᠬᠦᠷᠦᠩᠭᠡ ᠶᠢ ᠰᠢᠢᠳᠪᠦᠷᠢᠯᠡᠬᠦ ᠠᠯᠪᠠᠨ ᠭᠡᠷ ᠤᠨ ᠡᠭᠦᠷᠭᠡ ᠴᠢᠳᠠᠪᠣᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠣᠨ ᠤᠳᠤᠷᠢᠣᠠᠬᠤ ᠪᠠ ᠵᠣᠬᠢᠴᠠᠭᠤᠯᠣᠨ ᠠᠬᠢᠭᠤᠯᠬᠤ ᠪᠠᠨ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠨ ᠬᠠᠮᠲᠤᠷᠠᠨ ᠵᠥᠪᠳᠡᠯᠴᠡᠬᠦ ᠬᠠᠮᠲᠤᠷᠠᠬᠰᠠᠨ ᠲᠣᠭᠲᠠᠴᠠ ᠶᠢ ᠪᠠᠶᠢᠭᠤᠯᠣᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠨᠢᠭᠲᠠ ᠠᠩᠬᠠᠷᠴᠤ᠂ ᠵᠦᠢ ᠪᠤᠰᠤ ᠵᠢᠭᠡᠯᠡᠯᠭᠡ ᠶᠢᠨ ᠲᠦᠭᠰᠢᠭᠦᠷᠢ ᠶᠢ ᠬᠢᠨᠠᠨ ᠰᠢᠨᠵᠢᠭᠦ ᠪᠠ ᠮᠡᠳᠡᠭᠡ ᠵᠠᠩᠭᠢ ᠶᠢ ᠮᠡᠳᠡᠭᠡᠯᠡᠬᠦ ᠪᠠᠨ ᠴᠢᠩᠭᠠᠳᠬᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠪᠠᠶᠢᠭᠠᠣᠨ ᠵᠦᠢ ᠪᠤᠰᠤ ᠵᠢᠭᠡᠯᠡᠯᠭᠡ ᠶᠢ ᠠᠷᠢᠯᠭᠠᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠣᠨ᠂ ᠲᠤᠷᠰᠢᠯᠭ᠎ᠠ ᠪᠠᠨ ᠰᠣᠯᠢᠯᠴᠠᠵᠤ᠂ ᠤᠯᠠᠨ ᠲᠠᠯ᠎ᠠ ᠪᠠᠷ ᠢᠶᠠᠨ ᠬᠠᠮᠳᠣᠷᠠᠯᠴᠠᠨ ᠠᠷᠢᠯᠭᠠᠬᠤ ᠠᠷᠭ᠎ᠠ ᠮᠠᠶ᠋ᠢᠭ ᠢ ᠠᠬᠢᠭᠤᠯᠵᠤ᠂ ᠠᠷᠢᠯᠭᠠᠬᠤ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠣᠨ ᠂ ᠠᠵᠢᠯ ᠤᠨ ᠳᠤᠮᠳᠠᠬᠢ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号