| ᠲᠦᠮᠦᠰᠦ ᠪᠤᠯ ᠪᠢᠳᠡᠨ ᠤ ᠦᠷᠬᠦᠯᠵᠢ ᠢᠳᠡᠳᠡᠭ ᠢᠳᠡᠰᠢᠨ ᠨᠤᠭᠤᠭ᠎ᠠ᠂ ᠲᠡᠭᠡᠪᠡᠴᠦ ᠲᠦᠮᠦᠰᠦ ᠢᠳᠡᠬᠦ | ᠲᠤᠬᠠᠢ ᠠᠳᠡᠬᠦᠤ ᠪᠤᠷᠤᠭᠤ ᠤᠶᠢᠯᠠᠭᠠᠯᠳᠠ ᠴᠦ ᠵᠦᠡᠭᠳᠡᠬᠡᠨ ᠪᠠᠶᠢᠳᠠᠭ᠃ ᠲᠡᠶᠢᠨᠬᠦ᠂ ᠠᠳᠡ ᠲᠠ ᠪᠦᠬᠦᠨ ᠳᠡᠭᠡᠨ | ᠲᠤᠰᠬᠠᠢ ᠮᠡᠷᠬᠡᠵᠢᠯᠳᠡᠨ ᠤ ᠲᠠᠶᠢᠯᠪᠤᠷᠢᠯᠠᠭᠰᠠᠨ ᠢ ᠵᠦᠪᠯᠡᠮᠵᠢ ᠪᠤᠯᠭᠠᠨ ᠲᠡᠪᠰᠢᠬᠦᠯᠦᠶ᠎ᠡ᠃ | 1. ᠰᠠ ᠳᠤ ᠲᠠᠭᠠᠷᠢᠭᠳᠠᠬᠤ ᠶᠢ ᠰᠡᠷᠬᠡᠶᠢᠯᠡᠨ᠎ᠡ᠄ ᠲᠦᠮᠦᠰᠦᠨ ᠳᠤ ᠮᠠᠰᠢ ᠡᠯᠪᠡᠭ ᠠᠭᠤᠯᠤᠭᠳᠠᠭ᠎ᠠ | ᠸᠢᠲ᠋ᠠᠮᠢᠨ B ᠶᠢᠨ ᠪᠦᠯᠦᠭ ᠪᠤᠯᠤᠨ ᠤᠨᠴᠠ ᠰᠠᠶᠢᠨ ᠰᠢᠷᠬᠡᠭᠯᠢᠭ ᠡᠳ᠋ ᠪᠡᠶ᠎ᠡ ᠮᠠᠬᠠᠪᠤᠳ ᠤᠨ ᠦᠳᠡᠯᠵᠦ ᠲᠤᠷᠤᠶᠢᠳᠠᠬᠤ | ᠶᠢ ᠤᠳᠠᠭᠠᠰᠢᠷᠠᠭᠤᠯᠬᠤ ᠳᠤ ᠴᠢᠬᠤᠯᠠ ᠦᠢᠯᠡᠳᠦᠯ ᠦᠵᠡᠬᠦᠯᠳᠡᠭ᠃ ᠲᠦᠮᠦᠰᠦᠨ ᠳᠤ ᠡᠯᠪᠡᠭ ᠪᠠᠶᠢᠳᠠᠭ ᠢᠳᠡᠰᠢ ᠶᠢᠨ | ᠰᠢᠷᠬᠡᠭᠯᠢᠭ ᠪᠤᠯᠤᠨ ᠨᠢᠰᠢᠩᠬᠦ ᠶᠢᠨ ᠰᠢᠬᠢᠷ ᠰᠢᠩᠬᠡᠬᠡᠯᠳᠡ ᠶᠢᠨ ᠵᠠᠮ ᠤᠨ ᠦᠮᠡᠨ ᠢ ᠰᠡᠷᠬᠡᠶᠢᠯᠡᠨ ᠡᠮᠴᠢᠯᠡᠵᠦ᠂ ᠴᠢᠰᠦᠨ | ᠳᠠᠬᠢ ᠰᠦᠰᠦᠨ ᠴᠢᠯᠠᠭᠤᠯᠢᠭ ᠠᠯᠺᠤᠤᠯ ᠤᠨ ᠠᠭᠤᠯᠤᠭᠳᠠᠴᠠ ᠶᠢ ᠡᠷᠬᠡᠰᠢᠶᠡᠬᠦ ᠳᠤ ᠲᠤᠰᠠᠳᠠᠢ᠃ ᠡᠬᠦᠨ ᠤ | ᠲᠤᠳᠤᠷᠠᠬᠢ ᠨᠢᠯᠴᠠᠭᠠᠢ ᠤᠭᠤᠷᠠᠭ ᠨᠢ ᠵᠢᠷᠤᠬᠡ ᠴᠢᠰᠦᠨ ᠰᠤᠳᠠᠯ ᠤᠨ ᠡᠪᠡᠳᠴᠢᠨ ᠬᠡᠮ ᠢ ᠤᠷᠢᠳᠴᠢᠯᠠᠨ | ᠰᠡᠷᠬᠡᠶᠢᠯᠡᠳᠡᠭ᠃ ᠲᠦᠮᠦᠰᠦ ᠪᠠᠰᠠ ᠺᠠᠯᠢ ᠶᠢᠨ ᠡᠯᠧᠮᠧᠨ᠋ᠲ ᠡᠯᠪᠡᠭ ᠠᠭᠤᠯᠤᠭᠳᠠᠳᠠᠭ ᠪᠠᠨᠠᠨᠠ᠂ ᠬᠦᠢᠯᠡᠰᠦ᠂ ᠲᠤᠭᠤᠷ | ᠲᠠᠢ ᠠᠳᠠᠯᠢᠬᠠᠨ ᠰᠠ ᠡᠪᠡᠳᠴᠢᠨ ᠲᠤᠰᠬᠤ ᠠᠶᠤᠯ ᠢ ᠪᠠᠭᠠᠰᠬᠠᠬᠤ ᠮᠦᠷᠳᠡᠬᠡᠨ ᠶᠠᠮᠠᠷᠴᠦ ᠭᠠᠵᠢᠭᠤ ᠦᠢᠯᠡᠳᠦᠯ | ᠦᠬᠡᠢ᠃ ᠰᠤᠳᠤᠯᠭᠠᠳᠠᠳ᠂ ᠡᠳᠦᠷ ᠪᠤᠯᠭᠠᠨ ᠨᠢᠬᠡ ᠲᠦᠮᠦᠰᠦ ᠢᠳᠡᠪᠡᠯ ᠰᠠ ᠳᠤ ᠲᠠᠭᠠᠷᠢᠭᠳᠠᠬᠤ ᠲᠤᠬᠢᠶᠠᠯᠳᠤᠮᠵᠢ | 40% ᠪᠠᠷ ᠲᠤᠷᠤᠭᠰᠢᠯᠠᠨ᠎ᠠ ᠬᠡᠵᠦ ᠵᠢᠭᠠᠵᠦ ᠭᠠᠷᠭᠠᠭᠰᠠᠨ ᠪᠠᠶᠢᠨ᠎ᠠ᠃ | 2. ᠮᠠᠷᠢᠶ᠎ᠠ ᠰᠢᠭᠤᠷᠠᠨ᠎ᠠ᠄ ᠡᠩ ᠲᠡᠷᠢᠬᠦᠨ ᠳᠤ᠂ ᠲᠦᠮᠦᠰᠦ ᠢᠳᠡᠬᠦ ᠳᠤ ᠪᠡᠶ᠎ᠡ ᠮᠠᠬᠠᠪᠤᠳ ᠲᠤ ᠦᠬᠡᠬᠦ | ᠬᠤᠷᠠᠮᠳᠤᠬᠤ ᠠᠴᠠ ᠰᠠᠨᠠᠭ᠎ᠠ ᠠᠯᠭᠠᠰᠬᠤ ᠤᠴᠢᠷ ᠦᠬᠡᠢ᠃ ᠲᠡᠬᠦᠨ ᠳᠤ᠂ ᠵᠦᠪᠬᠡᠨ 0.1% ᠶᠢᠨ ᠯᠡ ᠦᠬᠡᠬᠦ | ᠠᠭᠤᠯᠤᠭᠳᠠᠳᠠᠭ᠃ ᠲᠡᠶᠢᠨᠬᠦ᠂ ᠡᠳᠦᠷ ᠪᠤᠯᠭᠠᠨ ᠲᠦᠮᠦᠰᠦ ᠢᠯᠡᠬᠦᠬᠡᠨ ᠢᠳᠡᠪᠡᠯ ᠪᠡᠶ᠎ᠡ ᠮᠠᠬᠠᠪᠤᠳ ᠲᠤ ᠰᠢᠩᠬᠡᠬᠦ | ᠦᠬᠡᠬᠦ ᠬᠠᠰᠤᠭᠳᠠᠵᠦ᠂ ᠢᠯᠡᠬᠦᠴᠡ ᠦᠬᠡᠬᠦ ᠠᠯᠭᠤᠷ ᠰᠤᠯᠢᠯᠴᠠᠭ᠎ᠠ ᠪᠠᠷ ᠭᠠᠳᠠᠭᠰᠢᠯᠠᠬᠤ ᠪᠤᠯᠤᠨ᠎ᠠ᠃ ᠲᠠᠬᠢᠪᠠᠯ | ᠲᠦᠮᠦᠰᠦ ᠢᠳᠡᠪᠡᠯ ᠰᠢᠮ᠎ᠡ ᠲᠡᠵᠢᠬᠡᠯ ᠴᠤᠯᠭᠤᠶᠢᠳᠠᠨ ᠡᠷᠡᠬᠦᠯ ᠮᠡᠨᠳᠦ ᠬᠤᠬᠢᠷᠠᠬᠤ ᠠᠴᠠ ᠰᠠᠨᠠᠭ᠎ᠠ ᠵᠤᠪᠠᠭ᠋ᠤ ᠵᠦᠢᠯ | ᠦᠬᠡᠢ᠃ ᠲᠦᠮᠦᠰᠦᠨ ᠳᠤ ᠠᠭᠤᠯᠤᠭᠳᠠᠭ᠎ᠠ ᠰᠢᠯᠢᠳᠡᠭ ᠴᠢᠨᠠᠷ ᠤᠨ ᠤᠭᠤᠷᠠᠭ ᠤᠨ ᠰᠢᠮ᠎ᠡ ᠲᠡᠵᠢᠬᠡᠯ ᠤᠨ ᠦᠷᠳᠡᠭ | ᠴᠦ ᠲᠡᠷᠡ᠂ ᠡᠷᠡᠬᠦᠯᠵᠢᠯ ᠤᠨ ᠦᠢᠯᠡᠳᠦᠯ ᠨᠢ ᠴᠦ ᠪᠤᠯᠤᠭ᠂ ᠪᠦᠷ ᠰᠢᠷ᠎ᠠ ᠪᠤᠷᠴᠠᠭ ᠠᠴᠠ ᠲᠤᠤᠷᠠᠳᠠᠬᠤ ᠦᠬᠡᠢ᠃ | ᠪᠡᠶ᠎ᠡ ᠮᠠᠬᠠᠪᠤᠳ ᠲᠤ ᠱᠠᠭᠠᠷᠳᠠᠭᠳᠠᠳᠠᠭ ᠨᠡᠬᠦᠷᠡᠰᠦ ᠤᠰᠤᠨ ᠤ ᠨᠢᠬᠡᠳᠪᠦᠷᠢ᠂ ᠡᠯ᠎ᠡ ᠵᠦᠢᠯ ᠤᠨ ᠸᠢᠲ᠋ᠠᠮᠢᠨ᠂ | ᠡᠷᠤᠳᠡᠰᠦ ᠪᠤᠳᠠᠰ ᠵᠡᠷᠭᠡ ᠶᠢᠨ ᠪᠤᠰᠤᠳ ᠰᠢᠮ᠎ᠡ ᠲᠡᠵᠢᠬᠡᠯᠳᠤ ᠪᠤᠳᠠᠰ ᠨᠢ ᠴᠦ ᠲᠤᠳᠤᠷᠭ᠎ᠠ᠂ ᠭᠤᠯᠢᠷ ᠠᠴᠠ ᠨᠡᠩ | ᠪᠦᠷᠢᠨ ᠲᠡᠬᠦᠯᠳᠡᠷ ᠪᠠᠶᠢᠳᠠᠭ᠃ ᠤᠷᠴᠢᠮ ᠤᠨ ᠵᠢᠯ ᠠᠴᠠ ᠢᠲ᠋ᠠᠯᠢ᠂ ᠢᠰᠫᠠᠨᠢ᠂ ᠠᠮᠧᠷᠢᠺᠠ᠂ ᠺᠠᠨᠠᠳᠠ᠂ ᠤᠷᠤᠰ | ᠵᠡᠷᠭᠡ ᠤᠯᠤᠰ ᠤᠷᠤᠨ ᠳᠤ ᠤᠷᠢᠳ ᠬᠤᠵᠢᠳ ᠨᠢᠬᠡ ᠪᠦᠯᠦᠭ ᠦᠪᠡᠷᠮᠢᠴᠡ ᠦᠨᠦᠷ ᠠᠮᠳᠠ ᠪᠦᠬᠦᠢ ᠲᠦᠮᠦᠰᠦᠨ | ᠵᠠᠰᠠᠯᠭ᠎ᠠ ᠶᠢᠨ ᠬᠤᠭᠤᠯᠠᠨ ᠭᠡᠷ ᠡᠬᠦᠳᠡ ᠡᠷᠦᠬᠡ ᠪᠠᠨ ᠰᠡᠬᠦᠵᠦ᠂ ᠪᠡᠶ᠎ᠡ ᠴᠢᠬᠢᠷᠠᠭᠵᠢᠭᠤᠯᠤᠨ᠂ ᠮᠠᠷᠢᠶ᠎ᠠ ᠮᠢᠬ᠎ᠠ ᠪᠠᠨ | ᠰᠢᠭᠤᠷᠠᠭᠤᠯᠵᠦ᠂ ᠭᠤᠸ᠎ᠠ ᠰᠠᠶᠢᠬᠠᠨ ᠢ ᠬᠦᠬᠡᠬᠡᠴᠯᠳᠦᠳᠡᠭ ᠬᠦᠮᠦᠰ ᠤᠨ ᠡᠳᠦᠷ ᠲᠤᠳᠤᠮ ᠤᠨ ᠬᠦᠰᠡᠯ | ᠬᠦᠬᠡᠬᠡᠴᠡᠯᠳᠦᠯ ᠢ ᠬᠠᠨᠭ᠍ᠭᠠᠨ ᠪᠠᠶᠢᠨ᠎ᠠ᠃ | 3. ᠬᠤᠳᠤᠭᠤᠳᠤ ᠶᠢ ᠰᠤᠪᠢᠯᠠᠨ᠎ᠠ᠄ ᠬᠢᠳᠡᠳ ᠡᠮᠨᠡᠯᠬᠡ ᠲᠦᠮᠦᠰᠦ ᠬᠤᠳᠤᠭᠤᠳᠤ ᠶᠢ ᠰᠤᠪᠢᠯᠠᠵᠦ᠂ | ᠲᠡᠯᠢᠬᠦᠤ ᠶᠢ ᠴᠢᠬᠢᠷᠠᠭᠵᠢᠭᠤᠯᠤᠨ᠂ ᠬᠤᠳᠤᠭᠤᠳᠤᠨ ᠤ ᠰᠢᠷᠬᠠᠯᠠᠭ᠎ᠠ ᠶᠢ ᠡᠮᠴᠢᠯᠡᠨ᠎ᠡ ᠬᠡᠵᠦ ᠦᠵᠡᠳᠡᠭ᠃ ᠵᠤᠷᠰᠢᠯ ᠤᠨ | ᠴᠢᠨᠠᠷᠳᠠᠢ ᠬᠤᠷᠭᠤᠰᠤᠯᠠᠳᠠᠭ ᠡᠪᠡᠳᠴᠢᠨ ᠬᠡᠮ ᠳᠤ ᠮᠠᠰᠢ ᠲᠤᠰᠠᠳᠠᠢ ᠮᠦᠷᠳᠡᠬᠡᠨ ᠬᠤᠤᠷ ᠲᠠᠶᠢᠯᠵᠦ᠂ ᠦᠷᠪᠢᠰᠦᠯ ᠢ | ᠲᠠᠷᠤᠬᠤ ᠦᠢᠯᠡᠳᠦᠯ ᠲᠠᠢ᠃ | |