ᠮᠧᠩ ᠰᠢᠶᠠᠨ ᠳ᠋ᠦᠩ ᠯᠢᠨᠰᠢ ᠰᠢᠶᠠᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2017-06-28
         6 ᠰᠠᠷ᠎ᠠ ᠶᠢᠨ 25 ᠤ ᠡᠳᠤᠷ᠂ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠮᠧᠩ ᠰᠢᠶᠠᠨ ᠳ᠋ᠦᠩ ᠠᠵᠦ ᠦᠢᠯᠡᠳᠪᠦᠷᠢ ᠶᠢᠨ ᠠᠵᠦ ᠠᠬᠤᠢ᠂ ᠠᠵᠦ ᠦᠢᠯᠡᠰ ᠪᠠ ᠬᠤᠳᠠ ᠪᠠᠯᠭᠠᠰᠤᠵᠢᠯᠳᠠ ᠶᠢᠨ ᠨᠢᠬᠡ ᠴᠤᠬᠴᠠᠵᠢᠭᠤᠯᠤᠯᠳᠠ ᠶᠢᠨ ᠪᠦᠳᠦᠭᠡᠨ ᠪᠠᠶᠢᠭᠤᠯᠤᠯᠳᠠ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠪᠠ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠵᠡᠷᠭᠡ ᠠᠵᠢᠯ ᠤᠨ ᠲᠤᠬᠠᠢ ᠯᠢᠨᠰᠢ ᠰᠢᠶᠠᠨ ᠳᠤ ᠪᠠᠶᠢᠴᠠᠭᠠᠨ ᠰᠤᠳᠤᠯᠵᠠᠢ᠃          ᠮᠧᠩ ᠰᠢᠶᠠᠨ ᠳ᠋ᠦᠩ ᠨᠠᠷ ᠤᠷᠢᠳ ᠬᠤᠵᠢᠳ ᠹᠦ᠋ ᠴᠢᠶᠠᠩ ᠬᠤᠪᠤᠷ ᠴᠤᠬᠠᠭ ᠦᠡᠭᠭᠡᠳᠤ ᠲᠡᠮᠦᠷᠯᠢᠭ ᠤᠨ ᠶᠡᠷᠦᠩᠭᠡᠶᠢᠯᠡᠨ ᠪᠤᠴᠠᠭᠠᠨ ᠬᠤᠷᠢᠶᠠᠬᠤ ᠲᠦᠷᠦᠯ ᠵᠦᠢᠯ᠂ ᠯᠢᠨᠰᠢ ᠰᠢᠶᠠᠨ ᠤ ᠡᠯᠧᠺᠲ᠋ᠤᠷᠤᠨ ᠬᠤᠳᠠᠯᠳᠤᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ᠂ ᠵᠡᠬᠦᠨ ᠠᠭᠤᠯᠠ ᠶᠢᠨ ᠠᠮᠢ ᠠᠬᠤᠢ ᠶᠢᠨ ᠠᠵᠦ ᠦᠢᠯᠡᠰ ᠤᠨ ᠬᠦᠷᠢᠶᠡᠯᠡᠩ ᠵᠡᠷᠭᠡ ᠭᠠᠵᠠᠷ ᠤᠳ ᠢᠶᠠᠷ ᠬᠦᠷᠴᠦ ᠪᠠᠶᠢᠴᠠᠭᠠᠨ ᠰᠤᠳᠤᠯᠤᠯᠳᠠ ᠬᠢᠵᠦ᠂ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠦ᠂ ᠲᠦᠷᠦᠯ ᠵᠦᠢᠯ ᠤᠨ ᠲᠦᠯᠦᠪᠵᠢᠬᠦᠯᠭᠡ᠂ ᠪᠦᠳᠦᠭᠡᠨ ᠪᠠᠶᠢᠭᠤᠯᠤᠯᠳᠠ ᠶᠢᠨ ᠠᠬᠢᠴᠠ ᠵᠡᠷᠭᠡ ᠪᠠᠶᠢᠳᠠᠯ ᠢ ᠨᠠᠷᠢᠯᠢᠬ ᠤᠢᠢᠯᠠᠭᠠᠵᠠᠢ᠃          ᠮᠧᠩ ᠰᠢᠶᠠᠨ ᠳ᠋ᠦᠩ᠂ ᠯᠢᠨᠰᠢ ᠰᠢᠶᠠᠨ ᠤᠷᠤᠨ ᠪᠦᠰᠡ ᠶᠢᠨ ᠠᠵᠦ ᠠᠬᠤᠢ ᠶᠢᠨ ᠬᠦᠭᠵᠢᠯᠳᠡ ᠶᠢ ᠲᠦᠷᠭᠡᠳᠭᠡᠬᠦ ᠲᠤᠮᠳᠠ᠂ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠭᠡᠷᠡᠭᠳᠠᠢ︔ ᠬᠦᠭᠵᠢᠯᠳᠡ ᠶᠢᠨ ᠰᠡᠳᠬᠢᠮᠵᠢ ᠪᠠᠨ ᠰᠢᠨᠡᠳᠭᠡᠨ᠂ ᠬᠦᠭᠵᠢᠯᠳᠡ ᠶᠢᠨ ᠤᠨᠤᠯᠵᠢᠬᠤᠨ ᠢᠶᠠᠨ ᠬᠤᠪᠢᠷᠠᠭᠤᠯᠬᠤ ᠶᠢᠨ ᠬᠠᠮᠳᠦ᠂ ᠲᠤᠯᠤᠭᠠᠢᠢᠯᠠᠬᠴᠢ ᠠᠵᠦ ᠠᠬᠤᠢᠢᠯᠠᠯ ᠤᠨ ᠲᠠᠶᠢᠴᠢᠯᠠᠨ ᠲᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠳᠠᠢ ︔ ᠡᠯᠧᠺᠲ᠋ᠤᠷᠤᠨ‌ᠬᠤᠳᠠᠯᠳᠤᠭᠠᠠ ᠤ ᠦᠢᠯᠡᠰ ᠤᠨ ᠰᠤᠯᠢᠯᠴᠠᠭᠠᠨ ᠤ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠴᠢᠬᠤᠯᠠᠴᠢᠯᠠᠬᠤ ᠶᠢᠨ ᠬᠠᠮᠳᠦ ᠦᠪᠠᠷᠮᠢᠴᠡ ᠤᠠᠴᠠᠯᠢᠭ ᠲᠠᠢ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠦᠪᠡᠷ ᠤᠨ ᠲᠠᠸᠠᠷ ᠤᠨ ᠲᠡᠮᠳᠡᠭ ᠢᠶᠠᠨ ᠲᠠᠩᠰᠠᠯᠠᠭᠤᠯᠵᠦ᠂ᠡᠯᠧᠺᠲ᠋ᠤᠷᠤᠨ‌ᠬᠤᠳᠤᠯᠳᠠᠭᠠᠨ ᠤ ᠦᠢᠯᠡᠰ ᠤᠨ ᠰᠤᠯᠢᠯᠴᠠᠭᠠᠨ ᠤ ᠲᠠᠪᠴᠠᠩ ᠤᠨ ᠪᠦᠳᠦᠭᠡᠨ ᠪᠠᠶᠢᠭᠤᠯᠤᠯᠳᠠ ᠪᠠᠷ ᠤᠯᠠᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠭᠡᠷᠡᠭᠳᠠᠢ︔ ᠰᠡᠯᠡᠬᠦᠴᠡᠯ ᠵᠢᠭᠤᠯᠴᠢᠯᠠᠯ ᠤᠨ ᠲᠦᠷᠦᠯ ᠵᠦᠢᠯ ᠢ ᠴᠤᠭᠴᠠᠯᠠᠬᠤ ᠶᠢᠨ ᠬᠠᠮᠳᠦ᠂ ᠰᠡᠯᠡᠬᠦᠴᠡᠯ ᠵᠢᠭᠤᠯᠴᠢᠯᠠᠯ ᠪᠤᠯᠤᠨ ᠠᠵᠦ ᠦᠢᠯᠡᠰ ᠤᠨ ᠬᠦᠭᠵᠢᠯᠳᠡ᠂ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠵᠡᠷᠭᠡ ᠠᠵᠢᠯ ᠲᠠᠢ ᠨᠢᠬᠳᠠ ᠤᠶᠠᠯᠳᠤᠭᠤᠯᠵᠦ᠂ ᠠᠮᠢ ᠠᠬᠤᠢ ᠶᠢᠨ ᠰᠡᠷᠬᠦᠯᠳᠡ᠂ ᠦᠵᠡᠮᠵᠢᠳᠦ ᠵᠢᠭᠤᠯᠴᠢᠯᠠᠯ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠵᠡᠷᠭᠡ ᠤᠯᠠᠨ ᠲᠠᠯ᠎ᠠ ᠶᠢᠨ ᠠᠭᠤᠯᠭ᠎ᠠ ᠶᠢ ᠬᠠᠮᠤᠷᠬᠤ ᠬᠡᠷᠡᠭᠳᠠᠢ ᠭᠡᠵᠦ ᠴᠢᠬᠤᠯᠠᠴᠢᠯᠠᠵᠠᠢ᠃          ᠮᠧᠩ ᠰᠢᠶᠠᠨ ᠳ᠋ᠦᠩ᠂ ᠯᠢᠨᠰᠢ ᠰᠢᠶᠠᠨ ᠬᠤᠶᠢᠰᠢᠳᠠ ᠶᠢᠨ ᠬᠦᠭᠵᠢᠯᠳᠡ ᠲᠤᠮᠳᠠ᠂ ᠡᠷᠭᠡᠪᠰᠢ ᠰᠢᠨᠵᠢᠯᠡᠬᠦ ᠤᠬᠠᠭᠠᠨᠴᠢ ᠪᠠᠷ ᠤᠷᠤᠨ ᠪᠠᠶᠢᠷᠢ ᠪᠠᠨ ᠲᠤᠭᠳᠠᠭᠠᠵᠦ᠂ ᠰᠢᠰᠲ᠋ᠧᠮ ᠲᠠᠢ ᠪᠠᠷ ᠲᠦᠯᠦᠪᠵᠢᠬᠦᠯᠵᠦ᠂ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠦ᠂ ᠤᠰᠤ᠂ ᠴᠠᠬᠢᠯᠭᠠᠨ᠂ ᠵᠠᠮ ᠵᠡᠷᠭᠡ ᠢᠵᠢ ᠲᠦᠬᠦᠷ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠬᠦ ᠭᠡᠷᠡᠭᠳᠠᠢ ᠭᠡᠵᠦ ᠱᠠᠭᠠᠷᠳᠠᠵᠠᠢ᠃
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ ​
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号