ᠯᠢᠨᠰᠢ ᠰᠢᠶᠠᠨ ︽ᠡᠷᠬᠢᠨ ᠬᠠᠷᠠᠬᠤ︾ ᠠᠵᠢᠯᠯᠠᠭᠠᠨ ᠦᠷᠨᠢᠬᠦᠯᠵᠤ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠪᠠᠳᠤᠯᠠᠪᠠ
ᠨᠡᠶᠢᠲᠡᠯᠡᠭᠰᠡᠨ ᠴᠠᠭ᠄
2017-07-13
       ᠯᠢᠨᠰᠢ ᠰᠢᠶᠠᠨ ᠤ ᠯᠢᠨᠰᠢ ᠪᠠᠯᠭᠠᠰᠦ ᠨᠢ ︽ᠡᠷᠬᠢᠨ ᠬᠠᠷᠠᠬᠤ︾ ᠠᠵᠢᠯᠯᠠᠭᠠᠨ ᠦᠷᠨᠢᠭᠦᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠳᠤ ᠨᠡᠶᠢᠴᠡᠬᠦ ᠦᠬᠡᠢ ᠨᠢᠬᠡ ᠪᠦᠯᠦᠭ ᠬᠦᠮᠦᠰ ᠢ ᠬᠢᠨᠠᠨ ᠬᠠᠷᠭᠤᠭᠤᠯᠵᠤ᠂ ᠲᠤᠪᠤᠶᠢᠮ᠎ᠠ ᠠᠰᠠᠭᠤᠳᠠᠯ ᠢ ᠲᠦᠪᠯᠡᠷᠡᠬᠦᠯᠦᠨ ᠵᠠᠰᠠᠵᠦ᠂ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠲᠤᠯᠤᠯᠳᠤᠭᠠᠨ ᠳᠤ ᠪᠠᠳᠤ ᠪᠠᠬᠢ ᠰᠠᠭᠤᠷᠢ ᠲᠠᠯᠪᠢᠪᠠ᠃        ᠬᠢᠨᠠᠨ ᠬᠠᠷᠭᠤᠭᠤᠯᠬᠤ ᠶᠠᠪᠤᠴᠠ ᠳᠤ᠂ ᠯᠢᠨᠰᠢ ᠪᠠᠯᠭᠠᠰᠦᠨ ᠤ ᠲᠤᠰᠬᠤᠨ ᠳᠤ ᠰᠠᠭᠤᠭ᠎ᠠ ᠠᠵᠢᠯᠯᠠᠬᠤ ᠲᠤᠭᠤᠢᠢᠯᠠᠩ ᠨᠢ ᠬᠢᠨᠠᠨ ᠬᠠᠷᠭᠤᠭᠤᠯᠬᠤ ᠪᠦᠬᠦ ᠶᠠᠪᠤᠴᠠ ᠳᠤ ᠤᠷᠤᠯᠴᠠᠬᠤ ᠶᠢᠨ ᠬᠠᠮᠲᠤ ᠵᠠᠰᠠᠭ ᠵᠠᠬᠢᠷᠭᠠᠨ ᠤ ᠲᠤᠰᠬᠤᠨ᠂ ᠲᠤᠰᠬᠤᠨ ᠤ ᠠᠷᠠᠳ ᠤᠨ ᠲᠤᠭᠤᠢᠢᠯᠠᠩ ᠳᠤ ᠬᠢᠨᠠᠯᠳᠠ ᠲᠠᠯᠪᠢᠵᠦ᠂ ᠲᠤᠰᠬᠤᠨ ᠤ ᠠᠷᠠᠳ ᠤᠨ ᠵᠦᠪᠯᠡᠯ ᠤᠨ ᠲᠤᠭᠲᠠᠭᠰᠠᠨ ᠨᠡᠷᠡᠰ ᠤᠨ ᠪᠦᠷᠢᠳᠬᠡᠯ ᠳᠠᠬᠢ ᠶᠠᠳᠠᠭᠤ ᠬᠦᠴᠢᠷᠳᠡᠢ ᠡᠷᠦᠬᠡ ᠶᠢ ᠲᠠᠷᠠᠭᠠᠯᠠᠨ ᠪᠠᠶᠢᠴᠠᠭᠠᠬᠤ ᠶᠢ ᠱᠠᠭᠠᠷᠳᠡᠵᠦ᠂ ᠤᠯᠠᠨ ᠲᠦᠮᠡᠨ ᠬᠠᠷᠢᠯᠴᠠᠨ ᠬᠢᠨᠠᠯᠳᠠ ᠲᠠᠯᠪᠢᠬᠤ ᠪᠠᠷ ᠲᠠᠮᠵᠢᠨ ᠪᠠᠶᠢᠴᠠᠭᠠᠯᠳᠠ ᠶᠢᠨ ᠦᠷ᠎ᠡ ᠳ᠋ᠦᠩ ᠤᠨ ᠦᠨᠡᠨ ᠪᠤᠳᠠᠳᠠᠢ ᠴᠢᠨᠠᠷ ᠢ ᠪᠠᠳᠤᠯᠠᠪᠠ᠃        ᠤᠢᠢᠷ᠎ᠠ ᠶᠢᠨ ᠡᠳᠦᠷ᠂ ᠯᠢᠨᠰᠢ ᠪᠠᠯᠭᠠᠰᠤ ᠶᠢᠨ ᠵᠡᠬᠦᠨ ᠪᠤᠯᠤᠩ ᠲᠤᠰᠬᠤᠨ ᠨᠢ ᠢᠯᠡ ᠨᠡᠶᠢᠳᠡᠯᠡᠬᠦ ᠰᠠᠮᠪᠠᠷ᠎ᠠ ᠳᠤ ᠤᠨᠢᠨ ᠲᠡᠭᠡᠷ ᠎ᠡ ᠨᠢ ᠶᠠᠳᠠᠭᠤ ᠶᠢ ᠲᠡᠳᠬᠦᠬᠦ ᠶᠠᠳᠠᠭᠤ ᠬᠦᠴᠢᠷᠳᠡᠢ ᠡᠷᠦᠬᠡ ᠶᠢᠨ ᠨᠡᠷᠡᠰ ᠤᠨ ᠪᠦᠷᠢᠳᠬᠡᠯ ᠢ ᠨᠡᠶᠢᠳᠡᠯᠡᠵᠤ᠂ ᠤᠯᠠᠨ ᠲᠦᠮᠡᠨ ᠳᠤ ᠲᠡᠯᠬᠡᠨ ᠦᠵᠡᠬᠦᠯᠪᠠ᠃ ᠡᠨᠡᠬᠦ ᠪᠠᠶᠢᠳᠠᠯ ᠨᠢ ᠯᠢᠨᠰᠢ ᠰᠢᠶᠠᠨ ᠤ ᠡᠯ᠎ᠡ ᠲᠤᠰᠬᠤᠨ ᠤ ᠶᠠᠳᠠᠭᠤ ᠶᠢ ᠲᠡᠳᠬᠦᠬᠦ ᠠᠵᠢᠯ ᠢ ᠢᠯᠡ ᠪᠤᠯᠭᠠᠬᠤ ᠬᠡᠪ ᠤᠨ ᠪᠠᠶᠢᠳᠠᠯ ᠪᠤᠯᠪᠠ᠃ ᠲᠤᠰᠬᠤᠨ ᠤ ᠨᠠᠮ ᠤᠨ ᠡᠭᠦᠷ ᠤᠨ ᠱᠦᠵᠢ ᠵᠠᠩ ᠯᠢᠶᠠᠨ ᠢ ᠰᠤᠷᠪᠤᠯᠵᠢᠯᠠᠭᠴᠢ ᠳᠤ᠄ ︽ᠲᠤᠰᠬᠤᠨ ᠳᠤ ᠰᠠᠭᠤᠭ᠎ᠠ ᠠᠵᠢᠯ ᠤᠨ ᠲᠤᠭᠤᠢᠢᠯᠠᠩ ᠨᠢ ᠵᠡᠬᠦᠨ ᠪᠤᠯᠤᠩ ᠲᠤᠰᠬᠤᠨ ᠤ ᠬᠢᠨᠠᠨ ᠬᠠᠷᠭᠤᠭᠤᠯᠬᠤ ᠠᠵᠢᠯ ᠤᠨ ᠪᠦᠬᠦ ᠶᠠᠪᠤᠴᠠ ᠳᠤ ᠤᠷᠤᠯᠴᠠᠵᠦ᠂ ᠡᠷᠭᠡ ᠲᠡᠭᠰᠢ ᠲᠦᠪ ᠭᠤᠤᠯᠴᠢ ᠵᠠᠷᠴᠢᠮ ᠢᠶᠠᠷ ᠡᠷᠦᠬᠡ ᠳᠤ ᠤᠷᠤᠵᠦ ᠪᠠᠶᠢᠴᠠᠭᠠᠯᠳᠠ ᠬᠢᠵᠤ᠂ ᠨᠦᠬᠦᠴᠡᠯ ᠳᠤ ᠨᠡᠶᠢᠴᠡᠬᠦ ᠦᠬᠡᠢ 11 ᠡᠷᠦᠬᠡ ᠶᠢᠨ ᠬᠢᠷᠢ ᠬᠡᠮ ᠢ ᠨᠢ ᠬᠠᠰᠤᠵᠤ᠂ 32 ᠡᠷᠦᠬᠡ ᠶᠢ ᠦᠯᠡᠳᠡᠬᠡᠬᠦ ᠶᠢᠨ ᠬᠠᠮᠳᠤ 13 ᠡᠷᠦᠬᠡ ᠶᠢ ᠰᠢᠨ᠎ᠡ ᠪᠠᠷ ᠨᠡᠮᠡᠨ ᠤᠷᠤᠭᠤᠯᠵᠤ᠂ ᠲᠤᠰᠬᠤᠨ ᠤ ᠠᠷᠠᠳ ᠤᠨ ᠬᠦᠷᠢᠶᠡᠯᠡᠯ ᠢ ᠤᠯᠵᠠᠢ︾ ᠭᠡᠪᠡ᠃ ᠵᠡᠬᠦᠨ ᠪᠤᠯᠤᠩ ᠲᠤᠰᠬᠤᠨ ᠤ ᠬᠤᠶᠠᠳᠤᠭᠠᠷ ᠲᠤᠭᠤᠢᠢᠯᠠᠩ ᠤᠨ ᠯᠢᠦ ᠱᠢ ᠯᠢᠶᠠᠨ ᠤ ᠬᠢᠨ ᠪᠤᠯ ᠰᠢᠨ᠎ᠠ ᠪᠠᠷ ᠨᠡᠮᠡᠨ ᠤᠷᠤᠭᠤᠯᠤᠭᠰᠠᠨ ᠶᠠᠳᠠᠭᠤ ᠬᠦᠴᠢᠷᠲᠡᠢ ᠡᠷᠦᠬᠡ ᠪᠤᠯᠤᠨ᠎ᠠ᠂ 64 ᠨᠠᠰᠤᠳᠠᠢ ᠯᠢᠦ ᠱᠢ ᠯᠢᠶᠠᠨ ᠨᠢᠳᠤᠨᠤᠨ ᠵᠢᠯ ᠵᠢᠷᠦᠬᠡᠨ ᠡᠪᠡᠳᠴᠢᠨ ᠤᠯᠵᠦ᠂ ᠬᠡᠷᠬᠡᠢ ᠨᠢ ᠤᠳᠠᠭᠠᠨ ᠵᠢᠯ ᠬᠦᠬᠦᠨ ᠦᠮᠡᠨ ᠳᠤ ᠨᠡᠷᠪᠡᠭᠳᠡᠵᠦ᠂ ᠬᠡᠦᠬᠡᠳ ᠠᠴᠢᠨᠠᠷ ᠨᠢ ᠬᠠᠵᠠᠭᠤ ᠳᠤᠨᠢ ᠪᠠᠶᠢᠬᠤ ᠦᠭᠡᠢ᠂ ᠬᠡᠳᠦᠬᠡᠨ ᠮᠦ ᠲᠠᠷᠢᠶ᠎ᠠ ᠶᠢᠨ ᠤᠷᠤᠯᠭ᠎ᠠ ᠨᠢ ᠡᠪᠡᠳᠴᠢᠨ ᠦᠵᠡᠬᠦᠯᠬᠦ ᠳᠤᠨᠢ ᠬᠦᠷᠦᠯᠴᠡᠬᠦ ᠦᠬᠡᠢ ᠪᠤᠯᠵᠦ᠂ ᠬᠦᠮᠦᠨ ᠲᠤᠮᠲᠠᠴᠢ ᠶᠢᠨ ᠵᠢᠯ ᠤᠨ ᠤᠷᠤᠯᠭ᠎ᠠ ᠨᠢ ᠵᠦᠪᠬᠡᠨ 2952 ᠲᠦᠭᠦᠷᠢᠭ ᠯᠠ ᠪᠠᠶᠢᠳᠠᠭ᠃ ᠲᠤᠰ ᠤᠳᠠᠭᠠᠨ ᠤ ᠬᠢᠨᠠᠨ ᠬᠠᠷᠭᠤᠭᠤᠯᠬᠤ ᠠᠵᠢᠯᠯᠠᠭᠠᠨ ᠳᠤ᠂ ᠲᠤᠰᠬᠤᠨ ᠤ ᠵᠦᠪᠯᠡᠯ ᠤᠨ ᠲᠠᠨᠢᠯᠴᠠᠭᠤᠯᠭ᠎ᠠ ᠪᠠᠷ᠂ ᠯᠢᠦ ᠱᠢ ᠯᠢᠶᠠᠨ ᠭᠤᠶᠤᠴᠢᠯᠠᠨ ᠮᠡᠳᠡᠬᠦᠯᠵᠤ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠢᠢᠯᠠᠩ ᠬᠢᠨᠠᠨ ᠵᠦᠪᠯᠡᠭᠰᠡᠨ ᠤ ᠲᠠᠷᠠᠭ᠎ᠠ᠂ ᠲᠡᠬᠦᠨ ᠤ ᠬᠡᠷ ᠪᠦᠯᠢ ᠶᠢ ᠶᠠᠳᠠᠭᠤ ᠬᠦᠴᠢᠷᠳᠡᠢ ᠡᠷᠦᠬᠡ ᠪᠠᠷ ᠲᠤᠲᠤᠯᠠᠭᠰᠠᠨ ᠪᠠᠶᠢᠨ᠎ᠠ᠃         ᠠᠵᠢᠯᠯᠠᠭᠠᠨ ᠤ ᠪᠦᠬᠦ ᠶᠠᠪᠤᠴᠠ ᠳᠤ᠂ ᠯᠢᠨᠰᠢ ᠪᠠᠯᠭᠠᠰᠦ ᠨᠢ ᠶᠠᠳᠠᠭᠤ ᠬᠦᠴᠢᠷᠳᠡᠢ ᠡᠷᠦᠬᠡ ᠶᠢᠨ ︽ᠭᠠᠷᠴᠦ ︾ ︽ᠤᠷᠤᠬᠤ︾ ᠪᠤᠭᠤᠮᠳᠠ ᠶᠢ ᠴᠢᠩᠭ᠎ᠠ ᠰᠠᠬᠢᠵᠤ᠂ ᠤᠯᠠᠨ ᠲᠦᠮᠡᠨ ᠤ ᠢᠳᠡᠪᠬᠢᠵᠢᠯ ᠢ ᠲᠠᠶᠢᠴᠢᠯᠠᠵᠤ᠂ ᠵᠠᠰᠠᠭ ᠵᠠᠬᠢᠷᠭᠠᠨ ᠤ ᠲᠤᠰᠬᠤᠨ ᠪᠠ ᠲᠤᠰᠬᠤᠨ ᠤ ᠠᠷᠠᠳ ᠤᠨ ᠲᠤᠭᠤᠢᠢᠯᠠᠩ ᠠᠴᠠ ᠶᠠᠳᠠᠭᠤ ᠬᠦᠴᠢᠷᠳᠡᠢ ᠡᠷᠦᠬᠡ ᠶᠢ ᠢᠯᠭᠠᠨ ᠲᠤᠳᠤᠯᠠᠬᠤ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠢᠢᠯᠠᠩ ᠡᠷᠦᠬᠡ ᠳᠤ ᠬᠦᠷᠴᠤ ᠬᠢᠨᠠᠨ ᠬᠠᠷᠭᠤᠭᠤᠯᠬᠤ ᠪᠠ ᠪᠠᠯᠭᠠᠰᠤᠨ ᠤ ᠬᠢᠨᠠᠯᠳᠠ ᠲᠠᠯᠪᠢᠬᠤ ᠲᠤᠭᠤᠢᠢᠯᠠᠩ ᠰᠤᠩᠭᠤᠨ ᠪᠠᠶᠢᠴᠠᠭᠠᠬᠤ᠂ ᠪᠦᠬᠦ ᠲᠤᠰᠬᠤᠨ ᠤ ᠠᠷᠠᠳ ᠤᠨ ᠲᠦᠯᠦᠬᠡᠯᠡᠭᠴᠢ ᠶᠢᠨ ᠬᠤᠷᠠᠯ ᠢᠶᠠᠷ ᠪᠠᠳᠤᠯᠠᠬᠤ ᠵᠡᠷᠭᠡ ᠪᠦᠬᠦ ᠶᠠᠪᠤᠴᠠ ᠳᠤ ᠨᠠᠷᠢᠨ ᠨᠢᠭᠳᠠ ᠲᠤᠬᠢᠷᠠᠭᠤᠯᠤᠯᠳᠠ ᠬᠢᠬᠦ ᠶᠢᠨ ᠬᠠᠮᠳᠤ ᠬᠡᠷᠡᠴᠢ ᠪᠠᠷᠢᠮᠳᠠ ᠦᠯᠡᠳᠡᠭᠡᠪᠡ᠃          ᠤᠳᠤᠬᠠᠨ ᠪᠤᠯᠳᠠᠯ᠎ᠠ᠂ ᠪᠦᠬᠦ ᠪᠠᠯᠭᠠᠰᠤ 175 ᠶᠠᠳᠠᠭᠤ ᠬᠦᠴᠢᠷᠳᠡᠢ ᠡᠷᠦᠬᠡ᠂ 362 ᠶᠠᠳᠠᠭᠤ ᠬᠦᠴᠢᠷᠳᠡᠢ ᠬᠦᠮᠦᠨ ᠠᠮᠠ ᠶᠢ ᠰᠢᠨ᠎ᠠ ᠪᠠᠷ ᠪᠦᠷᠢᠳᠭᠡᠨ ᠲᠠᠩᠰᠠᠯᠠᠵᠤ᠂ ᠨᠦᠬᠦᠴᠡᠯ ᠳᠤ ᠨᠡᠶᠢᠴᠡᠬᠦ ᠦᠬᠡᠢ 264 ᠡᠷᠦᠬᠡ 455 ᠬᠦᠮᠦᠨ ᠠᠮᠠ ᠶᠢ ᠶᠠᠳᠠᠭᠤ ᠬᠦᠴᠢᠷᠳᠡᠢ ᠡᠷᠦᠬᠡ ᠶᠢᠨ ᠨᠡᠷᠡᠰ ᠤᠨ ᠪᠦᠷᠢᠳᠭᠡᠯ ᠠᠴᠠ ᠬᠠᠰᠤᠵᠤ᠂ ᠤᠤᠯ ᠤᠨ ᠲᠠᠩᠰᠠ ᠪᠠᠶᠢᠭᠤᠯᠤᠨ ᠺᠠᠷᠲ ᠵᠤᠬᠢᠶᠠᠭᠰᠠᠨ 342 ᠶᠠᠳᠠᠭᠤ ᠬᠦᠴᠢᠷᠳᠡᠢ ᠡᠷᠦᠬᠡ ᠶᠢᠨ 455 ᠶᠠᠳᠠᠭᠤ ᠬᠦᠴᠢᠷᠳᠡᠢ ᠬᠦᠮᠦᠨ ᠠᠮᠠ ᠶᠢ ᠦᠯᠡᠳᠡᠬᠡᠵᠡᠢ᠃ ᠴᠠᠩ ᠱᠧᠩ ᠲᠤᠰᠬᠤᠨ ᠤ ᠬᠤᠶᠠᠳᠤᠭᠠᠷ ᠲᠤᠭᠤᠢᠢᠯᠠᠩ ᠤᠨ ᠵᠠᠩ ᠵᠢᠩ ᠸᠧᠨ ᠨᠦᠬᠦᠴᠡᠯ ᠳᠤ ᠨᠡᠶᠢᠴᠡᠬᠦ ᠦᠬᠡᠢ ᠪᠤᠯᠵᠤ ᠶᠠᠳᠠᠭᠤ ᠬᠦᠴᠢᠷᠳᠡᠢ ᠡᠷᠦᠬᠡ ᠶᠢᠨ ᠨᠡᠷᠡᠰ ᠠᠴᠠ ᠬᠠᠰᠤᠭᠳᠠᠭᠰᠠᠨ ᠪᠠᠶᠢᠨ᠎ᠠ᠃ ᠡᠬᠦᠨ ᠳᠤ ᠲᠡᠷᠡ᠄ ︽ᠪᠢᠳᠡ ᠨᠡᠷᠡᠰ ᠠᠴᠠ ᠬᠠᠰᠤᠭᠳᠠᠬᠤ ᠶᠢ ᠵᠦᠪᠰᠢᠶᠡᠷᠡᠵᠤ ᠪᠠᠶᠢᠨ᠎ᠠ᠃ ᠬᠡᠦᠬᠡᠳ ᠤᠳ ᠪᠢᠳᠡᠨ ᠢ ᠨᠢᠬᠡᠨᠳᠡ ᠨᠠᠰᠤᠳᠠᠨ ᠢ ᠠᠰᠠᠷᠠᠬᠤ ᠲᠠᠭᠠᠳᠬᠠᠯ ᠳᠤ ᠤᠷᠤᠭᠤᠯᠪᠠ᠂ ᠤᠳᠤ ᠤᠯᠤᠰ ᠢᠶᠠᠷ ᠬᠠᠷᠠᠭᠠᠯᠵᠠᠭᠤᠯᠵᠤ ᠪᠤᠯᠬᠤ ᠦᠭᠡᠢ ᠰᠢᠦ︾ ᠬᠡᠮᠡᠨ ᠨᠡᠷᠡᠰ ᠤᠨ ᠪᠦᠷᠢᠳᠬᠡᠯ ᠳᠤ ᠭᠠᠷ ᠤᠨ ᠦᠰᠦᠭ ᠢᠶᠠᠨ ᠵᠢᠷᠤᠯ᠎ᠠ᠃ ᠴᠠᠩ ᠱᠧᠩ ᠲᠤᠰᠬᠤᠨ ᠳᠤ ᠵᠠᠩ ᠵᠢᠩ ᠸᠧᠨ ᠰᠢᠭ ᠶᠠᠳᠠᠭᠤ ᠬᠦᠴᠢᠷᠳᠡᠢ ᠡᠷᠦᠬᠡ ᠶᠢᠨ ᠨᠡᠷᠡᠰ ᠠᠴᠠ ᠬᠠᠰᠤᠭᠳᠠᠭᠰᠠᠨ 67 ᠡᠷᠦᠬᠡ ᠪᠠᠶᠢᠵᠦ᠂ ᠪᠦᠬᠦ ᠶᠠᠪᠤᠴᠠ ᠶᠢ ᠢᠯᠡ ᠪᠠᠷ ᠨᠡᠶᠢᠳᠡᠯᠡᠨ᠂ ᠤᠯᠠᠨ ᠲᠦᠮᠡᠨ ᠡᠨᠡᠬᠦ ᠦᠷ᠎ᠡ ᠳ᠋ᠦᠩ ᠳᠤ ᠮᠠᠰᠢ ᠬᠠᠨᠤᠮᠵᠢᠲᠠᠢ ᠪᠠᠶᠢᠨ᠎ᠠ᠃ (ᠵᠠᠩ ᠹᠧᠢ ᠷᠠᠠ)
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ ​
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号