︽ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠲᠤᠭᠤᠷᠢᠭ ᠤᠨ ᠬᠠᠮᠢᠶᠡᠷᠦᠯᠳᠡ ᠶᠢᠨ ᠠᠷᠭ᠎ᠠ ︵ᠲᠣᠷᠰᠢᠨ ᠭᠡᠷᠡᠭᠵᠢᠬᠦᠯᠬᠦ︶︾ ᠶᠢ ᠲᠠᠷᠣᠮᠠᠯᠯᠠᠨ ᠶᠠᠪᠤᠭᠤᠯᠬᠠᠥ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/7/17
ᠥᠪᠥᠷ ᠵᠠᠰᠠᠭ ᠠᠯᠪᠠᠨ ᠲᠠᠷᠬᠠᠭᠠᠭᠰᠠᠨ ﹇2017﹈ 38 ᠳ᠋ᠤᠭᠠᠷ ᠲᠤᠭᠠᠳᠤ 3 ᠳ᠋ᠣᠭᠠᠷ ᠰᠡᠷ᠎ᠠ ᠶᠢᠨ 8 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄         ︽ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠲᠤᠭᠤᠷᠢᠭ ᠤᠨ ᠬᠠᠮᠢᠶᠡᠷᠦᠯᠳᠡ ᠶᠢᠨ ᠠᠷᠭ᠎ᠠ ︵ᠲᠣᠷᠰᠢᠨ ᠭᠡᠷᠡᠭᠵᠢᠬᠦᠯᠬᠦ︶︾ ᠶᠢ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠣᠭᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠬᠢᠨᠠᠮᠠᠭᠠᠢ ᠲᠣᠣᠱᠯᠠᠭᠤᠯᠥᠨ ᠨᠠᠶᠢᠳᠡᠪᠦᠷᠢᠵᠢᠭᠤᠯᠳᠣᠭᠠᠢ᠃         ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠲᠤᠭᠤᠷᠢᠭ ᠤᠨ ᠬᠠᠮᠢᠶᠡᠷᠦᠯᠳᠡ ᠶᠢᠨ ᠠᠷᠭ᠎ᠠ ︵ᠲᠣᠷᠰᠢᠨ ᠭᠡᠷᠡᠭᠵᠢᠬᠦᠯᠬᠦ︶         ᠨᠢᠭᠡᠳᠣᠭᠡᠷ ᠪᠦᠯᠥᠭ  ᠶᠡᠷᠦᠩᠭᠡᠢ ᠵᠠᠷᠴᠢᠮ         ᠨᠢᠭᠡᠳᠣᠭᠡᠷ ᠵᠦᠢᠯ ᠣᠯᠥᠰ ᠤᠨ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠬᠤᠯᠪᠤᠠᠠᠳᠡᠯ ᠪᠦᠬᠦᠢ ᠳᠥᠷᠥ ᠶᠢᠨ ᠪᠤᠳᠣᠯᠭ᠎ᠠ ᠶᠢ ᠣᠯᠡᠮ ᠨᠢᠭᠡ ᠠᠯᠬᠤᠮ ᠲᠤᠤᠱᠯᠠᠭᠤᠯᠥᠨ ᠨᠡᠶᠢᠳᠡᠪᠦᠷᠢᠵᠢᠭᠤᠯᠵᠦ᠂ ᠦᠪᠡᠷᠳᠡᠭᠡᠨ ᠵᠠᠰᠬᠠᠥ ᠣᠷᠣᠨ ᠤ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠡᠷᠡᠬᠦᠯ ᠢᠶᠠᠷ ᠪᠠ ᠵᠢᠷᠦᠮᠵᠢᠭᠤᠨ ᠬᠦᠭᠵᠢᠬᠦ ᠶᠢ ᠠᠬᠢᠭᠤᠯᠥᠨ᠂ ᠦᠪᠡᠷ ᠤᠨ ᠦᠷᠲᠡᠭ ᠢᠶᠠᠷ ᠲᠤᠤᠷ᠎ᠠ᠂ ᠦᠷ᠎ᠠ ᠠᠰᠢᠭ ᠢᠶᠠᠷ ᠦᠨᠳᠣᠷ᠂ ᠦᠢᠯᠡᠴᠢᠯᠡᠭᠡ ᠪᠠᠷ ᠰᠠᠶᠢᠨ᠂ ᠣᠷᠴᠢᠨ ᠲᠤᠭᠤᠷᠢᠨ ᠢᠶᠠᠷ ᠰᠢᠯᠢᠳᠡᠭ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠣᠷᠴᠢᠨ ᠨᠦᠬᠦᠴᠡᠯ ᠢ ᠪᠤᠢ ᠪᠤᠯᠭᠠᠬᠤ ᠶᠢᠨ ᠲᠣᠰᠠᠳᠡ᠂ ᠣᠯᠥᠰ ᠤᠨ ᠬᠤᠯᠪᠤᠠᠠᠳᠡᠯ ᠪᠦᠬᠦᠢ ᠬᠠᠦᠯᠢ ᠴᠠᠭᠠᠵᠠ᠂ ᠬᠠᠦᠯᠢ ᠲᠣᠠᠠᠳᠠᠭᠠᠯ ᠢ ᠦᠨᠳᠣᠰᠣᠯᠡᠨ᠂ ᠦᠪᠡᠷᠳᠡᠭᠡᠨ ᠵᠠᠰᠠᠬᠤ ᠣᠷᠣᠨ ᠤ ᠪᠤᠳᠡᠳᠡᠢ ᠲᠠᠢ ᠪᠠᠨ ᠣᠶᠠᠯᠳᠣᠭᠤᠯᠵᠦ᠂ ᠲᠣᠰ ᠠᠷᠭ᠎ᠠ ᠶᠢ ᠲᠣᠠᠠᠳᠠᠭᠠᠪᠠ᠃          ᠬᠤᠶᠡᠳᠣᠭᠠᠷ ᠵᠦᠢᠯ ᠲᠣᠰ ᠠᠷᠭ᠎ᠠ ᠨᠢ ᠬᠠᠦᠯᠢ ᠶᠣᠰᠣᠭᠠᠷ ᠵᠦᠪᠰᠢᠶᠡᠷᠡᠬᠦᠯᠥᠬᠡᠳ ᠪᠠᠶᠢᠭᠤᠯᠥᠠᠠᠰᠠᠨ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠲᠤᠭᠤᠷᠢᠭ ︵ᠲᠣᠷᠣᠠᠠᠰᠢ ᠬᠠᠷᠢᠯᠴᠠᠨ ᠠᠷᠡᠯᠵᠢᠶᠡᠯᠠᠬᠤ ᠲᠤᠭᠤᠷᠢᠭ ᠭᠡᠵᠦ ᠲᠤᠪᠴᠢᠯᠠᠨ᠎ᠠ︶ ᠲᠤ᠂ ᠦᠪᠡᠷᠳᠡᠭᠡᠨ ᠵᠠᠰᠠᠬᠤ ᠣᠷᠣᠨ ᠤ ᠬᠢᠯᠢ ᠶᠢᠨ ᠠᠷᠡᠳ ︵ᠬᠢᠯᠢ ᠬᠢᠵᠠᠭᠠᠷ ᠤᠨ ᠭᠠᠵᠡᠷ ᠣᠷᠣᠨ ᠳᠤ ᠰᠠᠭᠤᠭ᠎ᠠ ᠭᠠᠵᠡᠷ ᠤᠨ ᠠᠶᠢᠮᠠᠭ ᠬᠤᠳᠡ ᠶᠢᠨ ᠰᠠᠭᠤᠭᠠᠯᠢ ᠠᠷᠡᠳ ︶ ᠪᠤᠯᠥᠨ ᠨᠦᠬᠦᠭᠡ ᠲᠠᠯ᠎ᠠ ᠶᠢᠨ ᠣᠯᠥᠰ ᠤᠨ ᠬᠢᠯᠢ ᠶᠢᠨ ᠠᠷᠡᠳ ᠤᠨ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠣᠷᠣᠵᠦ ᠲᠣᠠᠠᠳᠠᠭᠠᠠᠠᠰᠠᠨ ᠵᠦᠢᠯ᠂ ᠲᠤᠭ᠎ᠠ ᠭᠡᠮᠵᠢᠶ᠎ᠠ᠂ ᠵᠤᠭᠤᠰ ᠤᠨ ᠲᠤᠭ᠎ᠠ ᠵᠡᠷᠭᠡ ᠪᠠᠷ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠬᠢᠬᠦ ᠠᠵᠢᠯᠯᠠᠭ᠎ᠠ ᠳᠤ ᠬᠡᠷᠡᠭᠯᠡᠭᠲᠡᠨ᠎ᠡ᠃ ᠬᠢᠯᠢ ᠬᠢᠵᠠᠭᠠᠷ ᠤᠨ ᠭᠠᠵᠡᠷ ᠣᠷᠣᠨ ᠤ ᠬᠤᠳᠠᠯᠳᠤᠭ᠎ᠠ ᠶᠢᠨ ᠳᠡᠯᠭᠡᠬᠦᠷ᠂ ᠬᠠᠩᠭᠠᠨ ᠪᠤᠷᠣᠯᠠᠭᠤᠯᠬᠤ ᠬᠤᠷᠰᠢᠶ᠎ᠠ ᠵᠡᠷᠭᠡ ᠠᠵᠦ ᠠᠬᠤᠶᠢᠯᠡᠯ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠬᠢᠯᠢ ᠶᠢᠨ ᠠᠷᠡᠳ ᠯᠤᠭ᠎ᠠ ᠳᠡᠸᠡᠷ ᠤᠨ ᠰᠤᠯᠢᠯᠴᠠᠭ᠎ᠠ ᠶᠢᠨ ᠠᠵᠢᠯᠯᠠᠭ᠎ᠠ ᠬᠢᠵᠦ᠂ ᠬᠢᠯᠢ ᠶᠢᠨ ᠠᠷᠡᠯᠵᠢᠶ᠎ᠠ ᠶᠣᠰᠣᠭᠠᠷ ᠬᠠᠮᠢᠶᠡᠷᠦᠯᠳᠡ ᠬᠢᠬᠦ ᠬᠡᠷᠡᠭᠲᠡᠢ᠃         ᠭᠤᠷᠪᠡᠳᠣᠭᠠᠷ ᠵᠦᠢᠯ ᠡᠯ᠎ᠠ ᠡᠬᠦᠷᠭᠡ ᠴᠢᠳᠡᠪᠦᠷᠢ ᠶᠢᠨ ᠰᠠᠯᠠᠭ᠎ᠠ ᠮᠦᠴᠢᠷ ᠨᠢ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠳᠤ ᠬᠢᠨᠡᠯᠳᠡ ᠬᠠᠮᠢᠶᠡᠷᠦᠯᠳᠡ ᠶᠢᠨ ᠲᠣᠰᠢᠶᠡᠯ ᠬᠠᠷᠢᠭᠤᠴᠠᠯᠭ᠎ᠠ ᠶᠢ ᠬᠦᠢᠴᠡᠳᠭᠡᠬᠦ ᠳᠡᠭᠡᠨ᠂ ᠬᠠᠦᠯᠢ ᠶᠣᠰᠣᠭᠠᠷ ᠬᠢᠨᠡᠨ ᠬᠠᠮᠢᠶᠡᠷᠬᠤ᠂ ᠦᠨᠳᠣᠷ ᠦᠷ᠎ᠠ ᠪᠦᠳᠦᠮᠵᠢᠳᠡᠢ ᠪᠠᠷ ᠠᠷᠡᠳ ᠲᠤ ᠳᠦᠬᠦᠮ ᠦᠵᠡᠬᠦᠯᠬᠦ᠂ ᠪᠤᠯᠪᠠᠰᠣᠨ ᠢᠶᠠᠷ ᠦᠢᠯᠡᠴᠢᠯᠡᠬᠦ᠂ ᠠᠮᠥᠷ ᠳᠥᠪᠰᠢᠨ ᠢ ᠪᠠᠳᠣᠯᠠᠬᠤ ᠵᠠᠷᠴᠢᠮ ᠢ ᠪᠠᠷᠢᠮᠳᠠᠯᠠᠬᠤ ᠬᠡᠷᠡᠭᠲᠡᠢ᠃         ᠬᠤᠶᠡᠳᠣᠭᠠᠷ ᠪᠦᠯᠥᠭ   ᠬᠠᠷᠢᠯᠴᠠᠨ ᠠᠷᠡᠯᠵᠢᠶᠡᠯᠠᠬᠤ ᠲᠤᠭᠤᠷᠢᠭ ᠪᠠᠶᠢᠭᠤᠯᠬᠤ          ᠳᠦᠷᠪᠡᠳᠣᠭᠡᠷ ᠵᠦᠢᠯ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠠᠴᠠ ᠵᠦᠪᠰᠢᠶᠡᠷᠡᠵᠦ ᠪᠠᠶᠢᠭᠤᠯᠥᠨ᠎ᠠ᠃          ᠲᠠᠪᠤᠳᠣᠭᠠᠷ ᠵᠦᠢᠯ ᠬᠠᠷᠢᠯᠴᠠᠨ ᠠᠷᠡᠯᠵᠢᠶᠡᠯᠠᠬᠤ ᠲᠤᠭᠤᠷᠢᠭ ᠪᠠᠶᠢᠭᠤᠯᠬᠤ ᠳᠤ ᠲᠣᠣᠷᠡᠬᠢ ᠨᠦᠬᠦᠴᠡᠯ ᠳᠤ ᠨᠡᠶᠢᠴᠡᠭᠰᠡᠨ ᠪᠠᠶᠢᠬᠤ ᠭᠡᠷᠡᠭᠳᠡᠢ᠄ ︵ᠨᠢᠭᠡ︶ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠬᠠᠭᠤᠷᠡᠢ ᠵᠠᠮ᠂ ᠬᠢᠯᠢ ᠶᠢᠨ ᠵᠠᠭᠠᠭ ᠤᠨ ᠭᠤᠤᠯ ᠮᠦᠷᠡᠨ ᠤ ᠬᠢᠯᠢ ᠶᠢᠨ ᠱᠤᠭᠤᠮ ᠤᠨ 20 ᠺᠢᠯᠦᠮᠤᠳ᠋ᠷ ᠤᠨ ᠳᠣᠳᠣᠷ᠎ᠠ ᠪᠠᠶᠢᠭᠤᠯᠥᠨ᠎ᠠ ︵ᠠᠭᠤᠷ ᠠᠮᠢᠰᠬᠤᠯ ᠨᠢ ᠮᠠᠭᠤ᠂ ᠪᠠᠶᠢᠭᠠᠯᠢ ᠶᠢᠨ ᠨᠦᠬᠦᠴᠡᠯ ᠢᠶᠠᠷ ᠪᠠᠷᠣᠠᠠᠳᠡᠢ᠂ ᠪᠠᠶᠢᠳᠡᠯ ᠨᠢ ᠦᠨᠡᠨᠬᠦ ᠣᠨᠴᠣᠭᠤᠢ ᠪᠠᠶᠢᠬᠤ ᠬᠢᠯᠢ ᠬᠢᠵᠠᠭᠠᠷ ᠤᠨ ᠭᠠᠵᠡᠷ ᠣᠷᠣᠨ ᠨᠢ᠂ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠦᠢᠷ᠎ᠠ ᠬᠠᠪᠢ ᠶᠢᠨ ᠬᠢᠯᠢ ᠶᠢᠨ ᠪᠤᠭᠤᠮᠳᠡ ᠪᠤᠶᠤ ᠲᠡᠳᠡᠭᠡᠷ ᠤᠨ ᠣᠶᠢᠷᠠᠯᠴᠠᠭ᠎ᠠ ᠭᠠᠵᠡᠷ ᠣᠷᠣᠨ ᠳᠤ ᠪᠠᠶᠢᠭᠤᠯᠤᠨ᠎ᠠ᠂ ᠪᠤᠳᠡᠳᠡᠢ ᠭᠠᠵᠡᠷ ᠢ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠬᠤᠳᠠᠯᠳᠣᠭᠠᠨ ᠤ ᠰᠢᠭᠤᠳ ᠬᠠᠷᠢᠶ᠎ᠠ ᠪᠤᠭᠤᠮᠳᠡ ᠠᠴᠠ ᠲᠣᠠᠠᠳᠠᠭᠠᠬᠤ ᠶᠢᠨ ᠬᠠᠮᠳᠣ ᠪᠤᠭᠤᠮᠳᠡ ᠶᠢᠨ ᠶᠡᠷᠦᠩᠭᠡᠢ ᠵᠠᠬᠢᠷᠭ᠎ᠠ᠂ ᠬᠤᠳᠠᠯᠳᠣᠭᠠᠨ ᠤ ᠶᠠᠪᠤᠳᠡᠯ ᠤᠨ ᠶᠠᠮᠣᠨ ᠳᠤ ᠮᠡᠳᠡᠬᠦᠯᠵᠤ ᠪᠦᠷᠢᠳᠭᠡᠨ ᠲᠠᠩᠰᠠᠯᠠᠭᠤᠯᠥᠨ᠎ᠠ︶ ︔ ︵ᠬᠤᠶᠡᠷ︶ ᠬᠠᠷᠢᠯᠴᠠᠨ ᠠᠷᠡᠯᠵᠢᠶᠡᠯᠠᠬᠤ ᠲᠤᠭᠤᠷᠢᠭ ᠨᠢ ᠲᠣᠳᠣᠷᠬᠠᠢ ᠵᠠᠭᠠᠭ ᠱᠣᠭᠤᠮ ᠲᠠᠢ ᠪᠠᠶᠢᠬᠤ ᠭᠡᠷᠡᠭᠳᠡᠢ ︔ ︵ᠭᠤᠷᠪᠡ︶ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠪᠤᠭᠤᠮᠳᠡ ᠶᠢᠨ ᠬᠢᠨᠡᠯᠳᠡ ᠬᠠᠮᠢᠶᠡᠷᠦᠯᠳᠡ ᠶᠢᠨ ᠪᠠᠯᠠᠳᠭᠡᠮᠵᠢ ᠨᠢ ᠪᠤᠭᠤᠮᠳᠡ ᠶᠢᠨ ᠱᠠᠭᠠᠷᠳᠡᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ ︔ ︵ᠳᠦᠷᠪᠡ︶ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠡᠯᠳᠡ ᠬᠠᠮᠢᠶᠡᠷᠦᠯᠳᠡ ᠶᠢᠨ ᠪᠠᠯᠠᠳᠭᠡᠮᠵᠢ ᠨᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠤᠨ ᠱᠠᠭᠠᠷᠳᠡᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ ︔ ︵ᠲᠠᠪᠤ︶ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠢᠯᠢ ᠪᠠᠷ ᠭᠠᠷᠴᠥ ᠣᠷᠣᠬᠤ ᠶᠢᠨ ᠬᠢᠯᠢ ᠶᠢᠨ ᠬᠠᠮᠠᠭᠠᠯᠠᠯᠳᠡ ᠶᠢᠨ ᠪᠠᠶᠢᠴᠠᠭᠠᠬᠤ ᠭᠠᠵᠡᠷ᠂ ᠪᠠᠶᠢᠴᠠᠭᠠᠨ ᠰᠢᠯᠭᠠᠬᠤ ᠪᠠᠯᠠᠳᠭᠡᠮᠵᠢ ᠵᠢᠴᠢ ᠲᠣᠬᠠᠢ ᠶᠢᠨ ᠳᠡᠯᠡᠪᠡᠢ ᠶᠢᠨ ᠳᠡᠮᠳᠡᠭ ᠤᠳ ᠨᠢ ᠬᠢᠯᠢ ᠶᠢᠨ ᠪᠠᠶᠢᠴᠠᠭᠠᠯᠳᠡ ᠶᠢᠨ ᠰᠠᠯᠠᠭ᠎ᠠ ᠮᠥᠴᠢᠷ ᠤᠨ ᠱᠠᠭᠠᠷᠳᠡᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ ︔ ︵ᠵᠢᠷᠭᠤᠭ᠎ᠠ︶ ᠬᠠᠷᠢᠯᠴᠠᠨ ᠠᠷᠡᠯᠵᠢᠶᠡᠯᠠᠬᠤ ᠲᠤᠭᠤᠷᠢᠭ ᠨᠢ ᠲᠣᠰᠠᠭᠠᠷᠯᠠᠭᠰᠠᠨ ᠬᠠᠮᠢᠶᠡᠷᠦᠯᠳᠡ ᠶᠢᠨ ᠨᠦᠬᠦᠴᠡᠯ ᠪᠠ ᠵᠣᠬᠢᠴᠠᠯᠳᠤᠭᠰᠠᠨ ᠬᠠᠮᠢᠶᠡᠷᠦᠯᠳᠡ ᠶᠢᠨ ᠪᠠᠯᠠᠳᠭᠡᠮᠵᠢ ᠶᠢ ᠪᠦᠷᠢᠯᠳᠦᠭᠦᠯᠬᠦ ᠭᠡᠷᠡᠭᠳᠡᠢ᠃         ᠵᠢᠷᠭᠤᠳᠣᠭᠠᠷ ᠵᠦᠢᠯ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠴᠢᠯᠦᠭᠡᠲᠡᠢ ᠪᠣᠯᠭᠠᠬᠤ ᠪᠠᠷ ᠪᠠᠶᠢᠭ᠎ᠠ ᠣᠷᠣᠨ ᠨᠣᠳᠤᠭ ᠤᠨ ᠵᠠᠰᠠᠭ ᠤᠨ ᠣᠷᠳᠣᠨ ᠨᠢ ᠪᠤᠯᠥᠮᠵᠢᠳᠦ ᠴᠢᠨᠡᠷᠳᠡᠢ ᠪᠠᠶᠢᠴᠠᠭᠠᠨ ᠰᠣᠳᠣᠯᠥᠯᠳᠡ ᠦᠷᠨᠢᠬᠦᠯᠵᠦ᠂ ᠪᠦᠳᠦᠭᠡᠨ ᠪᠠᠶᠢᠭᠤᠯᠬᠤ ᠳᠥᠰᠦᠯ ᠢ ᠪᠤᠢ ᠪᠤᠯᠭᠠᠠᠠᠰᠠᠨ ᠤ ᠳᠡᠷᠠᠭ᠎ᠠ᠂ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠳᠤ ᠮᠡᠳᠡᠬᠦᠯᠵᠤ ᠬᠢᠨᠠᠨ ᠵᠦᠪᠰᠢᠶᠡᠷᠡᠬᠦᠯᠥᠨ᠎ᠠ᠃ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠪᠦᠳᠦᠭᠡᠨ ᠪᠠᠶᠢᠭᠤᠯᠥᠨ ᠲᠠᠭᠤᠰᠬᠠᠵᠦ ᠴᠢᠯᠦᠭᠡᠲᠡᠢ ᠪᠣᠯᠭᠠᠬᠤ ᠳᠤ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠠᠴᠠ ᠰᠢᠯᠭᠠᠨ ᠠᠪᠬᠤ ᠶᠢ ᠵᠣᠬᠢᠶᠡᠨ ᠪᠠᠶᠢᠭᠤᠯᠤᠨ᠎ᠠ᠂ ᠰᠢᠯᠭᠠᠨ ᠠᠪᠬᠤ ᠠᠵᠢᠯ ᠢ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠠᠴᠠ ᠳᠦᠷᠦᠬᠦᠯᠡᠵᠦ᠂ ᠪᠤᠭᠤᠮᠳᠡ᠂ ᠬᠢᠯᠢ ᠪᠠᠷ ᠭᠠᠷᠴᠥ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠲᠣᠳᠣᠭᠠᠳᠣ ᠶᠢ ᠬᠠᠮᠠᠭᠠᠯᠠᠬᠤ ᠶᠢᠨ ᠬᠢᠯᠢ ᠶᠢᠨ ᠬᠠᠮᠠᠭᠠᠯᠠᠯᠳᠡ ᠵᠡᠷᠭᠡ ᠬᠤᠯᠪᠤᠭᠠᠯᠠᠨ ᠪᠠᠶᠢᠴᠠᠭᠠᠬᠤ ᠰᠠᠯᠠᠭ᠎ᠠ ᠮᠦᠴᠢᠷ ᠵᠢᠴᠢ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠨᠢᠭᠡᠴᠡ ᠶᠢ ᠵᠤᠬᠢᠶᠡᠨ ᠪᠠᠶᠢᠭᠤᠯᠥᠨ ᠣᠷᠣᠯᠴᠠᠭᠤᠯᠥᠨ᠎ᠠ᠃ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠰᠢᠯᠭᠠᠨ ᠠᠪᠬᠤ ᠳᠤ ᠬᠢᠷᠢ ᠲᠠᠩᠴᠡᠭᠰᠡᠨ ᠤ ᠳᠡᠷᠠᠭ᠎ᠠ᠂ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠠᠴᠠ ᠭᠠᠳᠠᠭᠠᠳᠣ ᠳᠤ ᠴᠢᠯᠦᠭᠡᠲᠡᠢ ᠪᠣᠯᠭᠠᠬᠤ ᠪᠠ ᠵᠢᠩᠬᠢᠨᠢ ᠪᠠᠷ ᠠᠵᠢᠯᠯᠠᠭᠤᠯᠬᠤ ᠪᠠᠷ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠠᠭᠤᠯᠭᠠᠵᠦ᠂ ᠬᠤᠯᠪᠤᠠᠠᠳᠡᠯ ᠪᠦᠬᠦᠢ ᠨᠢᠭᠡᠴᠡ ᠨᠢ ᠲᠣᠰᠢᠶᠡᠯ ᠬᠠᠷᠢᠭᠤᠴᠠᠯᠭ᠎ᠠ ᠶᠣᠰᠣᠭᠠᠷ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠠᠵᠢᠯ ᠢ ᠦᠷᠨᠢᠬᠦᠯᠥᠨ᠎ᠠ᠃          ᠭᠤᠷᠪᠠᠳᠣᠭᠠᠷ ᠪᠦᠯᠥᠭ  ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ           ᠲᠤᠯᠥᠳᠣᠭᠠᠷ ᠵᠦᠢᠯ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠠᠷᠴᠥ ᠵᠤᠬᠢᠴᠠᠭᠤᠯᠬᠤ ᠪᠠᠶᠢᠭᠤᠯᠥᠮᠵᠢ ᠪᠠᠶᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠵᠦ ᠪᠠᠶᠢᠭᠠᠳ ᠬᠠᠮᠢᠶ᠎ᠠ ᠪᠦᠬᠦᠢ ᠬᠠᠮᠢᠶᠡᠷᠦᠯᠳᠡ ᠶᠢᠨ ᠳᠥᠷᠢᠮ ᠢ ᠲᠣᠠᠠᠳᠠᠭᠠᠬᠤ ᠪᠠ ᠲᠣᠬᠢᠷᠡᠭᠤᠯᠵᠦ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠪᠤᠯᠥᠨ ᠵᠠᠬ᠎ᠠ ᠳᠡᠯᠭᠡᠬᠦᠷ ᠤᠨ ᠦᠮᠴᠢᠳᠡᠨ ᠤ ᠬᠠᠮᠢᠶᠡᠷᠦᠯᠳᠡ᠂ ᠵᠢᠯᠥᠭᠤᠳᠣᠯᠭ᠎ᠠ ᠶᠢ ᠴᠢᠩᠭᠠᠳᠬᠠᠬᠤ ᠶᠢᠨ ᠬᠠᠮᠳᠣ᠂ ᠵᠢᠷᠦᠮᠵᠢᠠᠠᠰᠠᠨ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠪᠤᠳᠡᠳᠡᠢ ᠳᠤ ᠨᠡᠶᠢᠴᠠᠬᠦ ᠮᠡᠳᠡᠭᠡ ᠵᠠᠩᠬᠢᠵᠢᠠᠠᠰᠠᠨ ᠬᠠᠮᠢᠶᠡᠷᠦᠯᠳᠡ ᠶᠢᠨ ᠳᠡᠪᠴᠠᠩ ᠢ ᠠᠯᠬᠤᠮ ᠠᠯᠬᠤᠮ ᠢᠶᠠᠷ ᠪᠠᠶᠢᠭᠤᠯᠥᠨ᠎ᠠ᠃           ᠨᠠᠢᠮᠠᠳᠤᠭᠠᠷ ᠵᠦᠢᠯ  ᠬᠤᠳᠠᠯᠳᠣᠭᠠᠨ ᠤ ᠶᠠᠪᠤᠳᠡᠯ ᠤᠨ ᠰᠠᠯᠠᠭ᠎ᠠ ᠮᠦᠴᠢᠷ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠢ ᠪᠠᠶᠢᠭᠤᠯᠬᠤ᠂ ᠬᠠᠮᠢᠶᠡᠷᠦᠯᠳᠡ ᠶᠢᠨ ᠠᠷᠭ᠎ᠠ ᠶᠢ ᠲᠣᠠᠠᠳᠠᠭᠠᠬᠤ ︵ᠵᠠᠰᠠᠪᠦᠷᠢ ᠣᠷᠣᠭᠤᠯᠬᠤ ︶᠂ ᠠᠵᠢᠯᠯᠠᠭᠠᠨ ᠢ ᠬᠠᠮᠢᠶᠡᠷᠬᠤ ᠶᠠᠪᠤᠴᠠ ᠳᠠᠬᠢ ᠲᠣᠬᠠᠶᠢᠯᠬᠠᠰᠠᠨ ᠠᠵᠢᠯ ᠢ ᠵᠢᠯᠥᠭᠤᠳᠬᠤ ᠪᠠ ᠶᠡᠷᠦᠩᠭᠡᠶᠢᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠪᠠᠶᠢᠭ᠎ᠠ ᠭᠠᠵᠠᠷ ᠤᠨ ᠪᠤᠭᠤᠮᠳᠡ᠂ ᠬᠢᠯᠢ ᠪᠠᠷ ᠭᠠᠷᠴᠥ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠲᠣᠳᠣᠭᠠᠳᠣ ᠶᠢ ᠬᠠᠮᠠᠭᠠᠯᠠᠬᠤ ᠶᠢᠨ ᠬᠢᠯᠢ ᠶᠢᠨ ᠬᠠᠮᠠᠭᠠᠯᠠᠯᠳᠡ᠂ ᠭᠠᠳᠠᠭᠠᠳᠣ ᠭᠤᠪᠢᠭᠤᠯᠭ᠎ᠠ ᠶᠢᠨ ᠬᠠᠮᠢᠶᠡᠷᠦᠯᠳᠡ᠂ ᠠᠵᠦ ᠦᠢᠯᠡᠳᠪᠦᠷᠢ ᠬᠤᠳᠠᠯᠳᠤᠭ᠎ᠠ᠂ ᠣᠯᠥᠰ ᠤᠨ ᠭᠠᠶᠢᠯᠢ ᠶᠢᠨ ᠶᠠᠪᠤᠳᠡᠯ᠂ ᠣᠷᠣᠨ ᠨᠣᠳᠤᠭ ᠤᠨ ᠭᠠᠶᠢᠯᠢ ᠶᠢᠨ ᠶᠠᠪᠤᠳᠡᠯ ᠵᠡᠷᠭᠡ ᠰᠠᠯᠠᠭ᠎ᠠ ᠮᠦᠴᠢᠷ ᠨᠢ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠢ ᠦᠨᠳᠣᠰᠣᠯᠡᠨ᠂ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠣᠷᠣᠵᠦ ᠰᠠᠭᠤᠨ ᠬᠠᠦᠯᠢ ᠪᠠᠷ ᠲᠣᠠᠠᠳ᠋ᠬᠠᠰᠠᠨ ᠲᠣᠰᠢᠶᠡᠯ ᠬᠠᠷᠢᠭᠤᠴᠠᠯᠭ᠎ᠠ ᠪᠠᠨ ᠬᠦᠢᠴᠡᠳᠭᠡᠨ᠎ᠠ᠃          ᠪᠤᠭᠤᠮᠳᠡ ᠶᠢᠨ ᠰᠠᠯᠠᠭ᠎ᠠ ᠮᠦᠴᠢᠷ ᠨᠢ ︽ᠪᠦᠬᠦᠲᠡ ᠨᠠᠶᠢᠷᠡᠮᠳᠠᠬᠤ ᠲᠤᠮᠳᠠᠳᠣ ᠠᠷᠡᠳ ᠣᠯᠥᠰ ᠤᠨ ᠪᠤᠭᠤᠮᠳᠡ ᠶᠢᠨ ᠬᠠᠦᠯᠢ︾ ᠵᠢᠴᠢ ᠪᠤᠰᠣᠳ ᠬᠠᠦᠯᠢ ᠴᠠᠭᠠᠵᠠ ᠬᠠᠦᠯᠢ ᠲᠣᠠᠠᠳᠠᠭᠠᠯ ᠢ ᠦᠨᠳᠦᠰᠦᠯᠡᠵᠦ᠂ ᠬᠠᠷᠢᠯᠴᠠᠨ ᠠᠷᠡᠯᠵᠢᠶᠡᠯᠠᠬᠤ ᠲᠤᠭᠤᠷᠢᠭ ᠢᠶᠠᠷ ᠣᠷᠣᠭᠤᠯᠵᠤ ᠭᠠᠷᠭᠠᠬᠤ ᠳᠡᠸᠡᠷ᠂ ᠳᠡᠭᠡᠭᠡᠪᠦᠷᠢ ᠶᠢᠨ ᠪᠠᠭᠠᠵᠢ᠂ ᠬᠦᠮᠦᠰ ᠤᠨ ᠠᠪᠴᠥ ᠶᠠᠪᠤᠭ᠎ᠠ ᠡᠳ᠋ ᠪᠠᠷᠠᠭ᠎ᠠ ᠵᠡᠷᠭᠡ ᠳᠤ ᠬᠢᠨᠡᠯᠳᠡ ᠬᠠᠮᠢᠶᠡᠷᠦᠯᠳᠡ ᠬᠢᠬᠦ ᠶᠢ ᠬᠠᠷᠢᠭᠤᠴᠠᠵᠦ᠂ ᠪᠤᠭᠤᠮᠳᠡ ᠶᠢᠨ ᠬᠢᠨᠡᠯᠳᠡ ᠬᠠᠮᠢᠶᠡᠷᠦᠯᠳᠡ ᠶᠢᠨ ᠲᠣᠠᠠᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠭᠤᠶᠠᠴᠢᠯᠬᠠᠰᠠᠨ ᠦᠢᠯᠡ ᠠᠵᠢᠯᠯᠠᠭ᠎ᠠ ᠶᠢ ᠪᠠᠶᠢᠴᠠᠭᠠᠵᠦ ᠰᠢᠢᠳᠪᠦᠷᠢᠯᠡᠨ᠎ᠠ᠃           ᠬᠢᠯᠢ ᠪᠠᠷ ᠭᠠᠷᠴᠥ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠢᠶᠠᠷ ᠣᠷᠣᠭᠤᠯᠵᠤ ᠭᠠᠷᠭᠠᠬᠤ ᠳᠡᠸᠡᠷ᠂ ᠳᠡᠭᠡᠭᠡᠪᠦᠷᠢ ᠶᠢᠨ ᠪᠠᠭᠠᠵᠢ᠂ ᠬᠦᠮᠦᠰ ᠪᠠ ᠲᠠᠳᠠᠨ ᠤ ᠠᠪᠴᠥ ᠶᠠᠪᠤᠭ᠎ᠠ ᠡᠳ᠋ ᠪᠠᠷᠠᠭ᠎ᠠ ᠵᠡᠷᠭᠡ ᠳᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠡᠯᠳᠡ ᠬᠠᠮᠢᠶᠡᠷᠦᠯᠳᠡ ᠬᠢᠬᠦ ᠶᠢ ᠬᠠᠷᠢᠭᠤᠴᠠᠵᠦ᠂ ᠬᠠᠷᠢᠯᠴᠠᠨ ᠠᠷᠡᠯᠵᠢᠶᠡᠯᠠᠬᠤ ᠲᠤᠭᠤᠷᠢᠭ ᠲᠠᠬᠢ ᠢᠳᠡᠭᠡᠨ ᠤ ᠡᠵᠡᠩᠨᠡᠯᠳᠡ ᠶᠢᠨ ᠨᠢᠭᠡᠴᠡ᠂ ᠢᠳᠡᠭᠡᠨ ᠣᠮᠳᠠᠭᠠᠨ ᠤ ᠦᠢᠯᠠᠴᠢᠯᠡᠭᠡᠨ ᠤ ᠠᠵᠢᠯ ᠳᠦᠷᠦᠯ ᠵᠢᠴᠢ ᠠᠵᠢᠯ ᠬᠢᠭᠰᠡᠳ᠂ ᠬᠠᠷᠢᠯᠴᠠᠨ ᠠᠷᠡᠯᠵᠢᠶᠡᠯᠠᠬᠤ ᠲᠤᠭᠤᠷᠢᠭ ᠢᠶᠠᠷ ᠤᠷᠤᠭᠤᠯᠵᠦ ᠭᠠᠷᠭᠠᠬᠤ ᠪᠠᠷᠠᠭ᠎ᠠ ᠶᠢᠨ ᠬᠠᠳᠠᠭᠠᠯᠠᠬᠤ ᠳᠡᠯᠡᠪᠤᠷ ᠭᠠᠵᠡᠷ ᠲᠤ ᠠᠷᠢᠭᠤᠨ ᠴᠡᠪᠡᠷ ᠤᠨ ᠬᠢᠨᠡᠯᠳᠡ ᠳᠡᠯᠪᠢᠨ᠎ᠠ᠃           ᠲᠣᠳᠣᠭᠠᠳᠣ ᠶᠢ ᠬᠠᠮᠠᠭᠠᠯᠠᠬᠤ ᠶᠢᠨ ᠬᠢᠯᠢ ᠶᠢᠨ ᠬᠠᠮᠠᠭᠠᠯᠠᠯᠳᠡ ᠶᠢᠨ ᠰᠠᠯᠠᠭ᠎ᠠ ᠮᠦᠴᠢᠷ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠢᠶᠠᠷ ᠭᠠᠷᠴᠥ ᠣᠷᠣᠬᠤ ᠬᠦᠮᠦᠰ ᠪᠠ ᠵᠠᠮ ᠬᠠᠷᠢᠯᠴᠠᠭ᠎ᠠ ᠳᠡᠭᠡᠭᠡᠪᠦᠷᠢ ᠶᠢᠨ ᠪᠠᠭᠠᠵᠢ ᠳᠤ ᠬᠢᠯᠢ ᠶᠢᠨ ᠬᠠᠮᠠᠭᠠᠯᠠᠯᠳᠡ ᠶᠢᠨ ᠪᠠᠶᠢᠴᠠᠭᠠᠯᠳᠡ ᠬᠢᠵᠦ᠂ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠢᠵᠠᠭᠠᠷᠯᠡᠨ ᠲᠣᠠᠠᠳ᠋ᠬᠠᠰᠠᠨ ᠬᠦᠷᠢᠶ᠎ᠠ ᠴᠡᠷᠠᠭ᠎ᠠ ᠳᠤ ᠰᠡᠷᠡᠮᠵᠢᠯᠡᠬᠦᠯᠬᠦ ᠪᠠ ᠠᠮᠥᠷ ᠢ ᠬᠠᠮᠠᠭᠠᠯᠠᠬᠤ ᠬᠠᠮᠢᠶᠡᠷᠦᠯᠳᠡ ᠶᠢ ᠭᠡᠷᠡᠭᠵᠢᠬᠦᠯᠦᠨ᠎ᠡ           ᠭᠠᠳᠠᠭᠠᠳᠣ ᠭᠤᠪᠢᠭᠤᠯᠭ᠎ᠠ ᠶᠢᠨ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠠᠷᠡᠯᠵᠢᠶ᠎ᠠ ᠶᠢᠨ ᠦᠨᠡᠨ ᠪᠤᠳᠡᠳᠣ ᠴᠢᠨᠡᠷ ᠤᠨ ᠵᠠᠷᠴᠢᠮ ᠪᠠ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠵᠦᠷᠢᠶᠡᠴᠢᠯᠡᠭᠰᠡᠨ ᠣᠨᠴᠠᠯᠢᠭ ᠢ ᠦᠨᠳᠣᠰᠣᠯᠡᠨ᠂ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠪᠠᠶᠢᠭᠤᠯᠥᠠᠠᠰᠠᠨ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠳ᠋ᠦᠩᠨᠡᠨ ᠪᠤᠳᠣᠬᠤ ᠲᠥᠪ ᠲᠠᠬᠢ ᠭᠠᠳᠠᠭᠠᠳᠣ ᠭᠤᠪᠢᠭᠤᠯᠭ᠎ᠠ ᠶᠢᠨ ᠳ᠋ᠦᠶᠢᠩᠨᠡᠨ ᠪᠤᠳᠣᠬᠤ ᠲᠣᠬᠠᠶᠢᠯᠬᠠᠰᠠᠨ ᠠᠵᠢᠯ ᠳᠤ ᠬᠢᠨᠡᠯᠳᠡ ᠬᠠᠮᠢᠶᠡᠷᠦᠯᠳᠡ ᠬᠢᠨ᠎ᠠ᠃           ᠠᠵᠦ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢᠷ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠡᠵᠡᠩᠨᠡᠯᠳᠡ ᠬᠢᠵᠦ ᠪᠠᠶᠢᠭ᠎ᠠ ᠣᠷᠣᠰ᠂ ᠮᠣᠩᠭᠤᠯ ᠤᠨ ᠬᠠᠷᠢᠶᠡᠳᠦ ᠢᠷᠭᠡᠳ ᠵᠢᠴᠢ ᠠᠵᠦ ᠠᠬᠤᠶᠢᠯᠠᠯ ᠢ ᠬᠠᠦᠯᠢ ᠶᠣᠰᠣᠭᠠᠷ ᠬᠢᠨᠡᠨ ᠬᠠᠷᠭᠤᠭᠤᠯᠬᠤ ᠶᠢᠨ ᠬᠠᠮᠳᠣ ᠬᠠᠮᠢᠶ᠎ᠠ ᠪᠦᠬᠦᠢ ᠡᠵᠡᠩᠨᠡᠯᠳᠡ ᠶᠢᠨ ᠦᠨᠡᠮᠯᠠᠯ ᠢ ᠨᠢ ᠬᠦᠢᠴᠡᠳᠭᠡᠵᠦ ᠦᠭᠭᠦ ᠶᠢ ᠬᠠᠷᠢᠭᠤᠴᠠᠨ᠎ᠠ᠃           ᠣᠯᠥᠰ ᠤᠨ ᠭᠠᠶᠢᠯᠢ ᠶᠢᠨ ᠶᠠᠪᠤᠳᠡᠯ᠂ ᠣᠷᠣᠨ ᠨᠣᠳᠤᠭ ᠤᠨ ᠭᠠᠶᠢᠯᠢ ᠶᠢᠨ ᠶᠠᠪᠤᠳᠡᠯ ᠤᠨ ᠰᠠᠯᠠᠭ᠎ᠠ ᠮᠦᠴᠢᠷ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠢᠶᠠᠷ ᠳᠡᠮᠵᠢᠨ ᠣᠯᠥᠰ ᠤᠨ ᠲᠣᠳᠣᠭᠠᠳᠣ ᠶᠢᠨ ᠵᠠᠬ᠎ᠠ ᠳᠡᠯᠭᠡᠬᠦᠷ ᠲᠤ ᠣᠷᠣᠵᠦ ᠢᠷᠡᠨ ᠬᠤᠶᠡᠳᠡᠬᠢ ᠠᠷᠡᠯᠵᠢᠶᠡᠯᠬᠠᠰᠠᠨ ᠳᠡᠸᠡᠷ ᠠᠴᠠ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠭᠠᠶᠢᠯᠢ ᠳᠡᠳᠡᠪᠦᠷᠢᠯᠠᠬᠤ ᠶᠢᠨ ᠬᠠᠮᠳᠣ ᠵᠤᠬᠢᠬᠤ ᠭᠡᠷᠡᠴᠢ ᠪᠢᠴᠢᠭ ᠬᠢᠵᠦ ᠦᠭᠭᠦ ᠶᠢ ᠬᠠᠷᠢᠭᠤᠴᠠᠨ᠎ᠠ᠃                    ᠳᠥᠷᠪᠡᠳᠣᠭᠡᠷ ᠪᠦᠯᠥᠭ   ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠳᠡᠸᠡᠷ ᠤᠨ ᠬᠠᠮᠢᠶᠡᠷᠦᠯᠳᠡ            ᠶᠢᠰᠦᠳᠣᠭᠡᠷ ᠵᠦᠢᠯ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠭᠠᠳᠠᠭᠠᠳᠣ ᠠᠴᠠ ᠣᠷᠣᠭᠤᠯᠥᠬᠠᠰᠠᠨ ᠳᠡᠸᠡᠷ ᠢ ᠪᠤᠯ ᠲᠤᠭ᠎ᠠ ᠶᠢ ᠨᠢ ᠬᠢᠵᠠᠭᠠᠷᠯᠠᠬᠤ ᠪᠠ ᠭᠡᠮᠵᠢᠶ᠎ᠠ ᠶᠢ ᠨᠢ ᠬᠢᠵᠠᠭᠠᠷᠯᠠᠬᠤ ᠬᠤᠶᠡᠷ ᠳᠥᠷᠦᠯ ᠳᠤ ᠬᠤᠪᠢᠶᠡᠨ᠎ᠠ᠃ ᠲᠤᠭ᠎ᠠ ᠶᠢ ᠨᠢ ᠬᠢᠵᠠᠭᠠᠷᠯᠠᠬᠤ ᠳᠡᠸᠡᠷ ᠭᠡᠳᠡᠭ ᠨᠢ ᠣᠯᠥᠰ ᠤᠨ ᠲᠤᠠᠠᠳᠠᠭᠠᠯ ᠶᠣᠰᠣᠭᠠᠷ ᠬᠦᠮᠦᠨ ᠨᠢᠭᠡᠪᠦᠷᠢ ᠡᠳᠣᠷ ᠲᠤ ᠠᠷᠡᠳ ᠤᠨ ᠵᠤᠭᠤᠰ ᠢᠶᠠᠷ 8000 ᠳᠦᠬᠦᠷᠢᠭ ᠤᠨ ᠲᠤᠭ᠎ᠠ ᠭᠡᠮᠵᠢᠶ᠎ᠠ ᠪᠠᠷ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠭᠠᠶᠢᠯᠢ ᠠᠴᠠ ᠭᠡᠯᠳᠦᠷᠢᠬᠦᠯᠬᠦ ᠳᠥᠷᠥ ᠶᠢᠨ ᠪᠤᠳᠣᠯᠭ᠎ᠠ ᠶᠢ ᠭᠦᠷᠳᠡᠭᠰᠡᠨ ᠳᠡᠸᠡᠷ ᠢ ᠵᠢᠭᠠᠵᠦ ᠪᠤᠢ ︔ ᠭᠡᠮᠵᠢᠶ᠎ᠠ ᠶᠢ ᠨᠢ ᠬᠢᠵᠠᠭᠠᠷᠯᠬᠠᠥ ᠳᠡᠸᠡᠷ ᠭᠡᠳᠡᠭ ᠨᠢ ︽ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠭᠠᠳᠠᠭᠠᠳᠣ ᠠᠴᠠ ᠣᠷᠣᠭᠤᠯᠵᠦ ᠭᠠᠷᠭᠠᠬᠤ ᠳᠡᠸᠡᠷ ᠲᠤ ᠭᠠᠶᠢᠯᠢ ᠠᠴᠠ ᠦᠯᠥ ᠭᠡᠯᠳᠦᠷᠢᠬᠦᠯᠬᠦ ᠨᠠᠷᠢᠨ ᠬᠠᠭᠤᠳᠠᠰᠣ ᠶᠢᠨ ᠲᠣᠬᠠᠢ ᠡᠳ᠋ ᠤᠨ ᠵᠠᠰᠠᠭ ᠤᠨ ᠶᠠᠮᠤᠨ ᠪᠤᠭᠤᠮᠳᠡ ᠶᠢᠨ ᠶᠡᠷᠦᠩᠭᠡᠢ ᠵᠠᠬᠢᠷᠭ᠎ᠠ ᠣᠯᠥᠰ ᠤᠨ ᠭᠠᠶᠢᠯᠢ ᠶᠢᠨ ᠶᠠᠪᠤᠳᠡᠯ ᠤᠨ ᠶᠡᠷᠦᠩᠭᠡᠢ ᠲᠤᠪᠴᠢᠶ᠎ᠠ ᠶᠢᠨ ᠮᠡᠳᠡᠭᠳᠡᠯ︾ ︵ᠡᠳ᠋ ᠪᠤᠭᠤᠮᠳᠡ ᠭᠠᠶᠢᠯᠢ ﹇2010﹈ 18 ᠳ᠋ᠣᠭᠠᠷ ᠲᠣᠭᠠᠳᠣ︶ ᠳᠤ ᠲᠣᠳᠣᠷᠬᠠᠶᠢᠯᠬᠠᠰᠠᠨ ᠬᠦᠨᠳᠣ ᠶᠢᠨ ᠭᠡᠮᠵᠢᠶ᠎ᠠ ᠪᠠᠷ ᠠᠪᠴᠥ ᠣᠷᠣᠵᠥ ᠢᠷᠡᠭᠰᠡᠨ ᠪᠦᠭᠡᠳ ᠭᠠᠶᠢᠯᠢ ᠠᠴᠠ ᠭᠡᠯᠳᠦᠷᠢᠬᠦᠯᠬᠦ ᠳᠥᠷᠥ ᠶᠢᠨ ᠪᠤᠳᠣᠯᠭ᠎ᠠ ᠶᠢ ᠬᠦᠷᠳᠡᠭᠰᠡᠨ ᠳᠡᠸᠡᠷ ᠢ ᠵᠢᠭᠠᠵᠦ ᠪᠤᠢ᠃          ᠠᠷᠪᠠᠳᠣᠭᠠᠷ ᠵᠦᠢᠯ ᠡᠳ᠋ ᠪᠤᠭᠤᠮᠳᠡ ᠭᠠᠶᠢᠯᠢ ﹇2010﹈ 18 ᠳ᠋ᠣᠭᠠᠷ ᠲᠣᠭᠠᠳᠣ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠭᠠᠶᠢᠯᠢ ᠠᠴᠠ ᠥᠯᠥ ᠭᠡᠯᠳᠦᠷᠢᠬᠦᠯᠬᠦ ᠭᠠᠳᠠᠭᠠᠳᠣ ᠠᠴᠠ ᠣᠷᠣᠭᠤᠯᠥᠬᠠᠰᠠᠨ ᠳᠡᠸᠡᠷ ᠢ ᠪᠤᠯ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠠᠷᠭ᠎ᠠ ᠮᠠᠶ᠋ᠢᠭ ᠢᠶᠠᠷ ᠭᠠᠳᠠᠭᠠᠳᠣ ᠠᠴᠠ ᠣᠷᠣᠭᠤᠯᠵᠦ ᠪᠤᠯᠬᠤ ᠦᠭᠡᠢ᠂ ᠭᠠᠳᠠᠭᠠᠳᠣ ᠳᠤ ᠭᠠᠷᠭᠠᠬᠤ ᠪᠤᠭᠤᠮᠳᠡ ᠶᠢᠨ ᠭᠠᠶᠢᠯᠢ ᠲᠠᠳᠠᠪᠤᠷᠢᠯᠠᠪᠠᠰᠤ ᠵᠤᠬᠢᠬᠤ ᠳᠡᠸᠡᠷ ᠢ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠠᠷᠭ᠎ᠠ ᠮᠠᠶ᠋ᠢᠭ ᠢᠶᠠᠷ ᠭᠠᠳᠠᠭᠠᠳᠣ ᠳᠤ ᠭᠠᠷᠭᠠᠵᠦ ᠪᠤᠯᠬᠤ ᠦᠭᠡᠢ᠃ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ᠂ ᠦᠪᠡᠷᠳᠡᠭᠡᠨ ᠵᠠᠰᠠᠬᠤ ᠣᠷᠣᠨ ᠤ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠲᠤ ᠠᠷᠠᠯᠵᠢᠶᠠᠯᠠᠬᠤ ᠭᠠᠳᠠᠭᠠᠳᠣ ᠠᠴᠠ ᠣᠷᠣᠭᠤᠯᠥᠬᠠᠰᠠᠨ ᠳᠡᠸᠡᠷ ᠲᠤ ᠪᠦᠷᠢᠳᠬᠡᠨ ᠲᠠᠩᠰᠠᠯᠠᠬᠤ ᠬᠠᠮᠢᠶᠡᠷᠦᠯᠳᠡ ᠶᠢ ᠭᠡᠷᠡᠭᠵᠢᠬᠦᠯᠦᠨ᠎ᠡ᠃ ᠵᠠᠷᠢᠮ ᠵᠦᠢᠯ ᠤᠨ ᠳᠡᠸᠡᠷ ᠢ ᠠᠩᠬ᠎ᠠ ᠣᠲᠠᠭ᠎ᠠ ᠭᠠᠳᠠᠭᠠᠳᠣ ᠠᠴᠠ ᠣᠷᠣᠭᠤᠯᠬᠤ ᠦᠶᠡᠰ᠂ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠲᠣᠬᠠᠢ ᠶᠢᠨ ᠳᠡᠯᠡᠪᠡᠢ ᠶᠢᠨ ᠬᠢᠨᠡᠨ ᠬᠠᠮᠢᠶᠡᠷᠬᠤ ᠪᠤᠭᠤᠮᠳᠡ ᠵᠢᠴᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠲᠤ ᠮᠡᠳᠡᠬᠦᠯᠵᠦ ᠪᠦᠷᠢᠳᠬᠡᠨ ᠲᠠᠩᠰᠡᠯᠡᠭᠤᠯᠵᠦ᠂ ᠪᠤᠭᠤᠮᠳᠡ ᠵᠢᠴᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠠᠴᠠ ᠣᠯᠥᠰ ᠤᠨ ᠬᠤᠯᠪᠤᠠᠠᠳᠡᠯ ᠪᠦᠬᠦᠢ ᠬᠠᠦᠯᠢ ᠴᠠᠭᠠᠵᠠ᠂ ᠬᠠᠦᠯᠢ ᠲᠣᠠᠠᠳᠠᠭᠠᠯ ᠪᠠ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠪᠤᠳᠡᠳᠡᠢ ᠬᠢᠨᠡᠨ ᠬᠠᠷᠭᠤᠭᠤᠯᠵᠦ ᠲᠤᠠᠠᠳᠠᠭᠠᠠᠠᠰᠠᠨ ᠲᠡᠳᠡᠬᠡᠷ ᠤᠨ HS ᠺᠤᠳ᠋ ᠢ ᠦᠨᠳᠣᠰᠣᠯᠡᠨ᠂ ᠵᠢᠷᠦᠮᠵᠢᠠᠠᠰᠠᠨ ᠳᠡᠸᠡᠷ ᠤᠨ ᠨᠡᠷᠡᠶᠢᠳᠣᠯ ᠢᠶᠠᠷ ᠨᠢ ᠪᠦᠷᠢᠳᠬᠡᠨ ᠲᠠᠩᠰᠠᠯᠠᠨ᠎ᠠ᠂ ᠱᠠᠭᠠᠷᠳᠡᠯᠭ᠎ᠠ ᠳᠤ ᠦᠯᠥ ᠨᠡᠶᠢᠴᠡᠬᠦ ᠶᠢ ᠨᠢ ᠪᠦᠷᠢᠳᠬᠡᠨ ᠲᠠᠩᠰᠡᠯᠡᠨ ᠦᠭᠴᠤ ᠪᠤᠯᠬᠤ ᠦᠭᠡᠢ᠃           ᠠᠷᠪᠠᠨ ᠨᠢᠭᠡᠳᠣᠭᠡᠷ ᠵᠦᠢᠯ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠲᠤ ᠠᠷᠠᠯᠵᠢᠶᠠᠯᠠᠬᠤ ᠭᠠᠳᠠᠭᠠᠳᠣ ᠠᠴᠠ ᠣᠷᠣᠭᠤᠯᠵᠦ ᠭᠠᠷᠭᠠᠬᠤ ᠳᠡᠸᠡᠷ ᠤᠨ ᠪᠦᠷᠢᠳᠬᠡᠨ ᠲᠠᠩᠰᠠᠯᠬᠠᠰᠠᠨ ᠪᠠᠶᠢᠳᠡᠯ ᠢ ᠬᠠᠭᠠᠰ ᠵᠢᠯ ᠳᠤ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠨᠢ ᠲᠣᠬᠠᠢ ᠶᠢᠨ ᠳᠡᠯᠡᠪᠡᠢ ᠶᠢᠨ ᠬᠢᠨᠡᠨ ᠬᠠᠮᠢᠶᠡᠷᠬᠤ ᠪᠤᠭᠤᠮᠳᠡ ᠪᠠ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠠᠴᠠ ᠴᠣᠠᠠᠯᠠᠭᠤᠯᠥᠠᠠᠰᠠᠨ ᠤ ᠳᠡᠷᠠᠭ᠎ᠠ᠂ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠳᠤ ᠮᠡᠳᠡᠬᠦᠯᠥᠨ ᠬᠦᠷᠭᠡᠵᠦ᠂ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠠᠴᠠ ᠬᠦᠭᠡᠬᠤᠳᠡ ᠪᠤᠭᠤᠮᠳᠡ᠂ ᠮᠠᠨᠵᠣᠣᠷ ᠪᠤᠭᠤᠮᠳᠡ᠂ ᠦᠪᠤᠷ ᠮᠣᠩᠭᠤᠯ ᠤᠨ ᠬᠢᠯᠢ ᠪᠠᠷ ᠭᠠᠷᠴᠥ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠲᠠᠢ ᠬᠠᠮᠳᠤᠷᠠᠵᠦ ᠬᠢᠨᠡᠨ ᠬᠠᠷᠭᠤᠭᠤᠯᠥᠨ᠎ᠠ᠃ ᠬᠤᠯᠪᠤᠠᠠᠳᠡᠯ ᠪᠦᠬᠦᠢ ᠲᠣᠠᠠᠳᠠᠭᠠᠯ ᠤᠨ ᠱᠠᠭᠠᠷᠳᠡᠯᠭ᠎ᠠ ᠳᠤ ᠨᠡᠶᠢᠴᠡᠬᠦ ᠦᠭᠡᠢ ᠳᠡᠸᠡᠷ ᠲᠤ ᠪᠦᠷᠢᠳᠬᠡᠨ ᠲᠠᠩᠰᠠᠯᠠᠬᠤ ᠶᠢ ᠨᠢ ᠬᠦᠴᠣᠨ ᠦᠭᠡᠢ ᠪᠤᠯᠭᠠᠵᠦ᠂ ᠱᠠᠭᠠᠷᠳᠡᠯᠭ᠎ᠠ ᠳᠤ ᠨᠡᠶᠢᠴᠡᠭᠰᠡᠨ ᠪᠠᠶᠢᠪᠠᠯ ᠬᠤᠭᠤᠴᠠᠭ᠎ᠠ ᠶᠣᠰᠣᠭᠠᠷ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠲᠤ ᠠᠷᠠᠯᠵᠢᠶᠠᠯᠠᠬᠤ ᠳᠡᠸᠡᠷ ᠤᠨ ᠪᠦᠷᠢᠳᠬᠡᠨ ᠲᠠᠩᠰᠠᠯᠬᠠᠰᠠᠨ ᠯᠠᠪᠯᠠᠯᠳᠡ ᠶᠢᠨ ᠭᠠᠷᠴᠠᠭ ᠢ ᠨᠡᠶᠢᠳᠡᠯᠡᠵᠦ ᠪᠤᠯᠥᠨ᠎ᠠ᠃         ᠠᠷᠪᠡᠨ ᠬᠤᠶᠠᠳᠣᠭᠠᠷ ᠵᠦᠢᠯ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠢᠶᠠᠷ ᠳᠡᠮᠵᠢᠨ ᠠᠷᠠᠯᠵᠢᠶᠠᠯᠠᠬᠤ ᠭᠠᠳᠠᠭᠠᠳᠣ ᠠᠴᠠ ᠣᠷᠣᠭᠤᠯᠥᠠᠠᠰᠠᠨ ᠳᠡᠸᠡᠷ ᠢ ᠪᠤᠯ ᠦᠪᠡᠷᠳᠡᠭᠡᠨ ᠵᠠᠰᠠᠬᠤ ᠣᠷᠣᠨ ᠤ ᠬᠦᠷᠰᠢ ᠵᠡᠷᠭᠡᠯᠡᠳᠡᠭᠡ ᠣᠯᠥᠰ ᠤᠨ ᠦᠢᠯᠡᠳᠪᠦᠷᠢᠯᠡᠭᠰᠡᠨ ᠬᠢᠯᠢ ᠶᠢᠨ ᠠᠷᠡᠳ ᠤᠨ ᠬᠡᠷᠡᠭᠰᠡᠬᠦ ᠳᠡᠸᠡᠷ ᠢᠶᠠᠷ ᠬᠢᠵᠠᠭᠠᠷᠯᠠᠨ᠎ᠠ ᠂ ᠬᠦᠮᠦᠨ ᠨᠢᠭᠡᠪᠦᠷᠢ ᠡᠳᠣᠷ ᠲᠤ ᠠᠷᠡᠳ ᠤᠨ ᠵᠤᠭᠤᠰ ᠢᠶᠠᠷ 8000 ᠳᠦᠬᠦᠷᠢᠭ ᠤᠨ ᠦᠷᠲᠡᠭ ᠠᠴᠠ ᠲᠣᠣᠷ᠎ᠠ ᠪᠠᠶᠢᠪᠠᠯ᠂ ᠭᠠᠳᠠᠭᠠᠳᠣ ᠠᠴᠠ ᠣᠷᠣᠭᠤᠯᠥᠬᠠᠰᠠᠨ ᠪᠤᠭᠤᠮᠳᠡ ᠶᠢᠨ ᠭᠠᠶᠢᠯᠢ ᠪᠠ ᠭᠠᠳᠠᠭᠠᠳᠣ ᠠᠴᠠ ᠣᠷᠣᠭᠤᠯᠥᠬᠠᠰᠠᠨ ᠳᠡᠯ᠎ᠠ ᠶᠢᠨ ᠭᠠᠶᠢᠯᠢ ᠲᠠᠳᠠᠪᠤᠷᠢᠯᠠᠬᠤ ᠠᠴᠠ ᠭᠡᠯᠳᠦᠷᠢᠬᠦᠯᠦᠨ᠎ᠠ ︔ ᠬᠦᠮᠦᠨ ᠨᠢᠭᠡᠪᠦᠷᠢ ᠡᠳᠣᠷ ᠲᠤ ᠠᠷᠡᠳ ᠤᠨ ᠵᠤᠭᠤᠰ ᠢᠶᠠᠷ 8000 ᠳᠦᠬᠦᠷᠢᠭ ᠤᠨ ᠦᠷᠲᠡᠭ ᠠᠴᠠ ᠳᠡᠪᠠᠭᠰᠠᠨ ᠪᠠᠶᠢᠪᠠᠯ᠂ ᠳᠡᠪᠠᠭᠰᠠᠨ ᠭᠡᠰᠡᠭ ᠠᠴᠠ ᠨᠢ ᠲᠣᠠᠠᠳᠠᠭᠠᠯ ᠶᠣᠰᠣᠭᠠᠷ ᠭᠠᠳᠠᠭᠠᠳᠣ ᠠᠴᠠ ᠣᠷᠣᠭᠤᠯᠥᠬᠠᠰᠠᠨ ᠪᠤᠭᠤᠮᠳᠡ ᠶᠢᠨ ᠭᠠᠶᠢᠯᠢ ᠪᠠ ᠭᠠᠳᠠᠭᠠᠳᠣ ᠠᠴᠠ ᠣᠷᠣᠭᠤᠯᠥᠬᠠᠰᠠᠨ ᠳᠡᠯ᠎ᠠ ᠶᠢᠨ ᠭᠠᠶᠢᠯᠢ ᠶᠢ ᠳᠡᠳᠡᠪᠦᠷᠢᠯᠡᠨ᠎ᠠ᠃         ᠠᠷᠪᠡᠨ ᠭᠤᠷᠪᠠᠳᠣᠭᠠᠷ ᠵᠦᠢᠯ ᠣᠯᠥᠰ ᠠᠴᠠ ᠴᠠᠭᠠᠵᠠᠯᠠᠵᠦ ᠪᠦᠭᠦᠢ ᠭᠠᠳᠠᠭᠠᠳᠣ ᠠᠴᠠ ᠤᠷᠤᠭᠤᠯᠵᠦ ᠭᠠᠷᠭᠠᠬᠤ ᠪᠠ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠭᠡ ᠳᠤ ᠬᠠᠯᠳ᠋ᠬᠠᠰᠠᠨ ᠳᠡᠸᠡᠷ ᠢ ᠪᠤᠯ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠲᠤ ᠠᠷᠠᠯᠵᠢᠶᠠᠯᠠᠬᠤ ᠪᠠᠷ ᠭᠠᠳᠠᠭᠠᠳᠣ ᠠᠴᠠ ᠣᠷᠣᠭᠤᠯᠵᠦ ᠭᠠᠷᠭᠠᠵᠦ ᠪᠤᠯᠬᠤ ᠦᠭᠡᠢ ︔ ᠣᠯᠥᠰ ᠠᠴᠠ ᠬᠢᠵᠠᠭᠠᠷᠯᠡᠵᠦ ᠪᠦᠬᠦᠢ ᠭᠠᠳᠠᠭᠠᠳᠣ ᠠᠴᠠ ᠣᠷᠣᠭᠤᠯᠵᠦ ᠭᠠᠷᠭᠠᠬᠤ ᠪᠠ ᠵᠦᠪᠰᠢᠶᠡᠷᠡᠯ ᠤᠨ ᠦᠨᠡᠮᠯᠠᠯ ᠤᠨ ᠬᠠᠮᠢᠶᠡᠷᠦᠯᠳᠡ ᠶᠢ ᠬᠡᠷᠡᠭᠵᠢᠬᠦᠯᠵᠦ ᠪᠠᠶᠢᠭ᠎ᠠ ᠳᠡᠸᠡᠷ ᠢ ᠪᠤᠯ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠲᠤ ᠠᠷᠠᠯᠵᠢᠶᠠᠯᠠᠬᠤ ᠪᠠᠷ ᠭᠠᠳᠠᠭᠠᠳᠣ ᠠᠴᠠ ᠤᠷᠤᠭᠤᠯᠵᠦ ᠭᠠᠷᠭᠠᠨᠨᠰᠠᠨ ᠪᠠᠶᠢᠪᠠᠯ᠂ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠢᠶᠠᠷ ᠬᠦᠢᠴᠡᠳᠭᠡᠨ᠎ᠠ ︔ ᠭᠡᠮᠵᠢᠶ᠎ᠠ ᠶᠢ ᠨᠢ ᠬᠢᠵᠠᠭᠠᠷᠯᠬᠠᠰᠠᠨ ᠳᠡᠸᠡᠷ ᠢ ᠪᠤᠯ ᠭᠡᠮᠵᠢᠶ᠎ᠠ ᠶᠢ ᠨᠢ ᠬᠢᠵᠠᠭᠠᠷᠯᠬᠠᠰᠠᠨ ᠭᠡᠪᠴᠢᠶᠡᠨ ᠳᠤ ᠭᠠᠳᠠᠭᠠᠳᠣ ᠠᠴᠠ ᠣᠷᠣᠭᠤᠯᠪᠠᠯ ᠵᠦᠪᠰᠢᠶᠡᠷᠡᠯ ᠤᠨ ᠦᠨᠡᠮᠯᠡᠯ ᠲᠣᠰᠢᠶᠠᠬᠤ ᠦᠭᠡᠢ ᠪᠠᠶᠢᠵᠦ ᠪᠤᠯᠥᠨ᠎ᠠ᠃          ᠲᠠᠪᠤᠳᠣᠭᠠᠷ ᠪᠦᠯᠥᠭ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠵᠢᠯᠳᠡᠨ ᠤ ᠬᠠᠮᠢᠶᠡᠷᠦᠯᠳᠡ                    ᠠᠷᠪᠡᠨ ᠳᠦᠷᠪᠡᠳᠣᠭᠡᠷ ᠵᠦᠢᠯ ᠦᠪᠡᠷᠳᠡᠭᠡᠨ ᠵᠠᠰᠠᠬᠤ ᠣᠷᠣᠨ ᠤ ᠬᠦᠷᠰᠢ ᠵᠡᠷᠭᠡᠯᠡᠳᠡᠭᠡ ᠣᠯᠥᠰ ᠤᠨ ᠬᠢᠯᠢ ᠶᠢᠨ ᠠᠷᠡᠳ ᠨᠢ ᠲᠣᠰ ᠬᠦᠮᠦᠨ ᠤ ᠬᠢᠯᠢ ᠪᠠᠷ ᠣᠷᠣᠵᠦ ᠭᠠᠷᠴᠤ ᠪᠤᠯᠬᠤ ᠬᠦᠴᠣᠨ ᠪᠦᠬᠦᠢ ᠦᠨᠡᠮᠯᠡᠯ ᠢᠶᠠᠨ ᠠᠪᠴᠥ᠂ ᠬᠠᠦᠯᠢ ᠶᠣᠰᠣᠭᠠᠷ ᠲᠡᠮᠳᠡᠭᠯᠡᠬᠦᠯᠦᠭᠰᠡᠨ ᠤ ᠳᠡᠷᠠᠭ᠎ᠠ᠂ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠪᠡᠷᠢᠨ ᠡᠵᠡᠩᠨᠡᠯᠳᠡ ᠬᠢᠵᠦ ᠪᠤᠯᠬᠤ ᠪᠦᠭᠡᠳ ᠬᠥᠷᠰᠢ ᠵᠡᠷᠭᠡᠯᠡᠳᠡᠭᠡ ᠣᠯᠥᠰ ᠤᠨ ᠢᠷᠭᠡᠳ ᠪᠤᠶᠤ ᠲᠤᠮᠳᠠᠳᠣ ᠣᠯᠥᠰ ᠤᠨ ᠢᠷᠭᠡᠳ ᠲᠤ ᠨᠡᠶᠢᠳᠡᠨ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠡᠵᠡᠩᠨᠡᠯᠳᠡ ᠬᠢᠵᠦ ᠪᠤᠯᠥᠨ᠎ᠠ᠃ ᠲᠣᠮᠳᠠᠳᠣ ᠣᠯᠥᠰ ᠤᠨ ᠨᠤᠳᠤᠭ ᠲᠠᠢ ᠬᠢᠯᠢ ᠶᠢᠨ ᠠᠷᠡᠳ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠣᠷᠣᠵᠦ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠢᠶᠠᠷ ᠠᠷᠠᠯᠵᠢᠶᠠᠯᠠᠬᠤ ᠶᠢᠨ ᠵᠦᠪᠰᠢᠶᠡᠷᠡᠨ ᠤᠷᠤᠬᠤ ᠠᠷᠭ᠎ᠠ ᠮᠠᠶ᠋ᠢᠭ ᠢ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠠᠴᠠ ᠪᠤᠳᠡᠳᠡᠢ ᠪᠠᠨ ᠦᠨᠳᠣᠰᠣᠯᠡᠨ ᠦᠪᠡᠰᠦᠪᠡᠨ ᠲᠣᠠᠠᠳᠠᠭᠠᠨ᠎ᠠ᠃          ᠠᠷᠪᠠᠨ ᠲᠠᠪᠤᠳᠣᠭᠠᠷ ᠵᠦᠢᠯ ᠬᠤᠶᠡᠷ ᠳᠡᠯ᠎ᠠ ᠶᠢᠨ ᠬᠢᠯᠢ ᠶᠢᠨ ᠠᠷᠡᠳ ᠪᠤᠯᠥᠨ ᠠᠵᠦ ᠠᠬᠤᠶᠢᠯᠠᠯ ᠨᠢ ᠬᠠᠷᠢᠯᠴᠠᠨ ᠠᠷᠡᠯᠵᠢᠶᠡᠯᠠᠬᠤ ᠲᠤᠭᠤᠷᠢᠭ ᠢᠶᠠᠷ ᠳᠡᠸᠡᠷ ᠠᠪᠴᠥ ᠤᠷᠤᠵᠦ ᠭᠠᠷᠬᠤ ᠪᠤᠶᠤ ᠳᠡᠭᠡᠭᠡᠪᠦᠷᠢᠯᠡᠨ ᠣᠷᠣᠵᠦ ᠭᠠᠷᠬᠤ ᠦᠶ᠎ᠡ ᠳᠤ᠂ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠲᠣᠬᠠᠢ ᠶᠢᠨ ᠳᠡᠯᠡᠪᠡᠢ ᠶᠢᠨ ᠬᠢᠨᠡᠨ ᠬᠠᠮᠢᠶᠡᠷᠬᠤ ᠪᠤᠭᠤᠮᠳᠡ ᠵᠢᠴᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠲᠤ ᠳᠡᠸᠡᠷ ᠤᠨ ᠨᠡᠷ᠎ᠡ᠂ ᠬᠡᠪ ᠪᠠᠷᠢᠮᠵᠢᠶ᠎ᠠ᠂ ᠲᠤᠭ᠎ᠠ ᠭᠡᠮᠵᠢᠶ᠎ᠠ᠂ ᠬᠦᠨᠳᠦ ᠶᠢᠨ ᠭᠡᠮᠵᠢᠶ᠎ᠠ ᠪᠠ ᠵᠤᠭᠤᠰ ᠤᠨ ᠲᠤᠭ᠎ᠠ ᠶᠢ ᠦᠨᠡᠨ ᠮᠦᠨ ᠢᠶᠠᠷ ᠨᠢ ᠮᠡᠳᠡᠬᠦᠯᠬᠦ ᠶᠢᠨ ᠬᠠᠮᠳᠣ᠂ ᠪᠤᠭᠤᠮᠳᠡ ᠵᠢᠴᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠤᠨ ᠬᠢᠨᠠᠨ ᠬᠠᠮᠢᠶᠡᠷᠦᠯᠳᠡ ᠪᠠ ᠪᠠᠶᠢᠴᠠᠭᠠᠯᠳᠡ ᠶᠢ ᠬᠦᠯᠢᠶᠡᠬᠦ ᠭᠡᠷᠡᠭᠳᠡᠢ᠃          ᠠᠷᠪᠡᠨ ᠵᠢᠷᠭᠤᠳᠣᠭᠠᠷ ᠵᠦᠢᠯ ᠬᠢᠯᠢ ᠶᠢᠨ ᠠᠷᠡᠳ ᠤᠳ ᠬᠢᠯᠢ ᠶᠢᠨ ᠠᠷᠡᠳ ᠤᠨ ᠬᠠᠷᠢᠯᠴᠠᠨ ᠬᠠᠪᠰᠣᠷᠣᠯᠴᠠᠬᠤ ᠲᠤᠭᠤᠶᠢᠯᠡᠩ ᠪᠠᠶᠢᠭᠤᠯᠵᠦ᠂ ᠲᠦᠢᠯ ᠤᠨ ᠣᠨᠣᠪᠴᠢᠳᠡᠢ ᠪᠠᠷ ᠶᠠᠳᠠᠭᠤ ᠶᠢ ᠳᠡᠳᠬᠦᠬᠦ ᠯᠦᠭᠡ ᠣᠶᠠᠯᠳᠣᠭᠤᠯᠵᠦ᠂ ᠬᠠᠷᠢᠯᠴᠠᠨ ᠬᠠᠪᠰᠣᠷᠣᠯᠴᠠᠬᠤ ᠭᠡᠯᠪᠡᠷᠢ ᠪᠠᠷ ᠳᠡᠮᠵᠢᠭᠤᠯᠥᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠠᠷᠡᠯᠵᠢᠶ᠎ᠠ ᠬᠢᠵᠦ ᠪᠤᠯᠥᠨ᠎ᠠ᠃ ᠬᠢᠯᠢ ᠶᠢᠨ ᠠᠷᠡᠳ ᠤᠨ ᠬᠠᠷᠢᠯᠴᠠᠨ ᠬᠠᠪᠰᠣᠷᠣᠯᠴᠠᠬᠤ ᠲᠤᠭᠤᠶᠢᠯᠡᠩ ᠤᠨ ᠬᠠᠮᠢᠶᠡᠷᠦᠯᠳᠡ ᠶᠢ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠠᠴᠠ ᠬᠠᠷᠢᠭᠤᠴᠠᠵᠦ᠂ ᠬᠠᠷᠢᠯᠴᠠᠨ ᠬᠠᠪᠰᠣᠷᠣᠯᠴᠠᠬᠤ ᠭᠡᠯᠪᠡᠷᠢ ᠶᠢ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠠᠴᠠ ᠬᠠᠷᠢᠶ᠎ᠠ ᠭᠠᠵᠡᠷ ᠤᠨ ᠪᠤᠭᠤᠮᠳᠡ ᠪᠠ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠦᠴᠢᠷ ᠲᠠᠢ ᠵᠦᠪᠳᠡᠯᠴᠡᠨ ᠲᠣᠠᠠᠳᠠᠭᠠᠨ᠎ᠠ᠃           ᠵᠢᠷᠭᠤᠳᠣᠭᠠᠷ ᠪᠦᠯᠥᠭ  ᠵᠠᠬ᠎ᠠ ᠳᠡᠯᠭᠡᠬᠦᠷ ᠤᠨ ᠠᠳᠠᠯ ᠠᠬᠤᠢ ᠶᠢᠨ ᠬᠠᠮᠢᠶᠡᠷᠦᠯᠳᠡ           ᠠᠷᠪᠡᠨ ᠲᠤᠯᠥᠳᠣᠭᠠᠷ ᠵᠦᠢᠯ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠠᠴᠠ ᠬᠤᠯᠪᠤᠠᠠᠳᠡᠯ ᠪᠦᠬᠦᠢ ᠪᠠᠶᠢᠭᠤᠯᠥᠮᠵᠢ ᠳᠤ ᠨᠠᠶᠢᠳᠠᠵᠦ᠂ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠬᠠᠮᠢᠶᠡᠷᠦᠯᠳᠡ ᠶᠢᠨ ᠵᠦᠪᠯᠡᠯ ᠪᠤᠯᠥᠨ ᠬᠠᠷᠢᠯᠴᠠᠨ ᠠᠷᠡᠯᠵᠢᠶᠡᠯᠠᠬᠤ ᠲᠤᠭᠤᠷᠢᠭ ᠲᠤ ᠣᠷᠣᠵᠦ ᠰᠠᠭᠤᠠᠠᠰᠠᠨ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠨ ᠵᠢᠯᠥᠭᠤᠳᠣᠯᠭ᠎ᠠ ᠲᠣᠣᠷ᠎ᠠ᠂ ᠬᠠᠷᠢᠯᠴᠠᠨ ᠠᠷᠡᠯᠵᠢᠶᠡᠯᠠᠬᠤ ᠲᠤᠭᠤᠷᠢᠭ ᠤᠨ ᠠᠳᠠᠯ ᠠᠬᠤᠢ ᠶᠢᠨ ᠬᠠᠮᠢᠶᠡᠷᠦᠯᠳᠡ ᠶᠢ ᠰᠠᠶᠢᠳᠣᠷ ᠬᠢᠬᠦ ᠶᠢ ᠬᠠᠷᠢᠭᠤᠴᠠᠵᠦ᠂ ᠬᠠᠮᠢᠶᠡᠷᠦᠯᠳᠡ ᠶᠢᠨ ᠳᠥᠷᠢᠮ ᠢ ᠲᠤᠨᠨᠳᠠᠭᠠᠵᠦ ᠳᠡᠬᠦᠯᠳᠡᠷᠵᠢᠬᠦᠯᠬᠦ ᠶᠢᠨ ᠬᠠᠮᠳᠣ᠂ ᠵᠤᠬᠢᠬᠤ ᠬᠠᠮᠢᠶᠡᠷᠦᠯᠳᠡ ᠶᠢᠨ ᠬᠠᠷᠢᠭᠤᠴᠠᠯᠭ᠎ᠠ ᠶᠢ ᠲᠠᠭᠠᠭᠠᠨ ᠡᠬᠦᠷᠭᠡᠯᠡᠨ᠎ᠠ᠃           ᠲᠣᠯᠥᠳᠣᠭᠠᠷ ᠪᠦᠯᠥᠭ ᠲᠠᠭᠠᠯᠳᠤᠭᠤᠯᠤᠯ ᠲᠦᠷᠢᠮ           ᠠᠷᠪᠡᠨ ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠠ ᠬᠤᠯᠪᠤᠠᠠᠳᠡᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠨᠢ ᠬᠤᠯᠪᠤᠠᠠᠳᠠᠯ ᠪᠦᠬᠦᠢ ᠬᠠᠦᠯᠢ ᠴᠠᠭᠠᠵᠠ᠂ ᠬᠠᠦᠯᠢ ᠲᠣᠠᠠᠳᠠᠭᠠᠯ ᠢ ᠦᠨᠳᠣᠰᠣᠯᠡᠨ ᠠᠵᠢᠯᠯᠠᠭᠤᠯᠵᠦ ᠭᠡᠷᠡᠭᠵᠢᠬᠦᠯᠬᠦ ᠨᠠᠷᠢᠨ ᠳᠥᠷᠢᠮ ᠢ ᠲᠣᠠᠠᠳᠠᠭᠠᠵᠦ᠂ ᠲᠣᠰ ᠠᠷᠭ᠎ᠠ ᠶᠢᠨ ᠤᠷᠤᠨᠨᠰᠢᠳᠠᠢ ᠭᠡᠷᠡᠭᠵᠢᠬᠦᠯᠥᠭᠳᠡᠬᠦ ᠶᠢ ᠦᠨᠡᠨᠬᠦ ᠪᠠᠳᠣᠯᠠᠬᠤ ᠭᠡᠷᠩᠳᠡᠢ᠃ ᠠᠷᠪᠡ ᠶᠢᠰᠦᠳᠣᠭᠡᠷ ᠵᠦᠢᠯ ᠲᠣᠰ ᠠᠷᠭ᠎ᠠ ᠶᠢ 2017 ᠣᠨ ᠤ 4 ᠳ᠋ᠣᠭᠡᠷ ᠰᠡᠷ᠎ᠠ ᠶᠢᠨ 15 ᠤ ᠡᠳᠣᠷ ᠠᠴᠠ ᠡᠬᠢᠯᠡᠨ ᠭᠡᠷᠡᠭᠵᠢᠬᠦᠯᠦᠨ᠎ᠠ᠃ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ ᠤᠨ ᠳᠥᠷ ᠭᠡᠷᠡᠭᠵᠢᠬᠦᠯᠬᠦ ᠬᠠᠮᠢᠶᠡᠷᠦᠯᠳᠡ ᠶᠢᠨ ᠠᠷᠭ᠎ᠠ︾ ︵ᠦᠪᠤᠷ ᠵᠠᠰᠠᠭ ᠲᠠᠷᠬᠠᠭᠠᠠᠠᠰᠠᠨ ﹇1992﹈ 147 ᠳ᠋ᠣᠭᠠᠷ ᠲᠣᠭᠠᠳᠣ︶᠂ ︽︿ᠡᠷᠢᠶᠡᠨ ᠬᠤᠳᠡ ᠶᠢᠨ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠬᠠᠤ ᠵᠠᠬ᠎ᠠ ᠳᠡᠯᠭᠡᠬᠦᠷ ᠤᠨ ᠠᠷᠡᠯᠵᠢᠶ᠎ᠠ ᠶᠢᠨ ᠲᠤᠭᠤᠷᠢᠭ ᠤᠨ ᠬᠠᠮᠢᠶᠡᠷᠦᠯᠳᠡ ᠶᠢᠨ ᠳᠥᠷ ᠭᠡᠷᠡᠭᠵᠢᠬᠦᠯᠬᠦ ᠲᠣᠠᠠᠳᠠᠭᠠᠯ﹀ ᠢ ᠲᠠᠷᠣᠮᠠᠯᠯᠠᠨ ᠶᠠᠪᠤᠭᠤᠯᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠤᠨ ᠮᠡᠳᠡᠭᠳᠡᠯ︾ ︵ᠦᠪᠤᠷ ᠬᠤᠳᠠᠯᠳᠤᠭ᠎ᠠ ᠠᠷᠡᠯᠵᠢᠶ᠎ᠠ ᠦᠰᠦᠭ ﹇2016﹈ 219 ᠳ᠋ᠣᠭᠡᠷ ᠲᠣᠭᠠᠳᠣ︶ ᠪᠠ ︽ᠡᠷᠢᠶᠡᠨ ᠬᠤᠳᠡ ᠶᠢᠨ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠬᠠᠤ ᠵᠠᠬ᠎ᠠ ᠳᠡᠯᠭᠡᠬᠦᠷ ᠢᠶᠠᠷ ᠠᠷᠠᠯᠵᠢᠶᠠᠯᠠᠬᠤ ᠭᠠᠳᠠᠭᠠᠳᠣ ᠠᠴᠠ ᠣᠷᠣᠭᠤᠯᠵᠦ ᠭᠠᠷᠭᠠᠬᠤ ᠳᠡᠸᠡᠷ ᠤᠨ ᠭᠡᠪᠴᠢᠶ᠎ᠠ ᠶᠢ ᠲᠣᠷᠣᠠᠠᠰᠢ ᠪᠠᠭᠤᠯᠭᠠᠬᠤ ᠲᠣᠬᠠᠢ ᠬᠦᠭᠡᠬᠤᠳᠡ ᠪᠤᠭᠤᠮᠳᠡ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠤᠨ ᠮᠡᠳᠡᠭᠳᠡᠯ︾ ︵ᠬᠦᠭᠡᠬᠤᠳᠡ ᠪᠤᠭᠤᠮᠳᠡ ᠬᠢᠨᠡᠯᠳᠡ ﹇2016﹈ 216 ᠳ᠋ᠣᠭᠠᠷ ᠲᠣᠭᠠᠳᠣ︶ ᠶᠢ ᠬᠠᠮᠳᠣ ᠳᠤᠨᠢ ᠬᠦᠴᠣᠨ ᠦᠭᠡᠢ ᠪᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号