ᠥᠪᠥᠷ ᠵᠠᠰᠠᠭ ᠲᠠᠷᠬᠠᠭᠠᠭᠰᠠᠨ ﹇2017﹈ 53 ᠳ᠋ᠤᠭᠠᠷ ᠲᠤᠭᠠᠳᠤ 4 ᠳ᠋ᠤᠭᠡᠷ ᠰᠠᠷ᠎ᠠ ᠶᠢᠨ 19 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ | ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ | ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠳᠠᠬᠢ ᠳᠤᠳᠠᠭᠤᠳᠠᠯ ᠢ ᠴᠢᠷᠮᠠᠶᠢᠨ | ᠨᠦᠬᠦᠪᠦᠷᠢᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ | ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤᠪᠠᠷ ᠬᠦᠷᠲᠡᠭᠡᠬᠦ ᠶᠢᠨ ᠲᠤᠰᠠᠳᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠠᠷᠠᠳ ᠲᠤ ᠠᠰᠢᠭ ᠬᠦᠷᠲᠡᠭᠡᠬᠦ ᠬᠡᠳᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠬᠠᠢ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠠᠭᠤᠷᠢ ᠨᠠᠰᠤᠵᠢᠯ ᠤᠨ ᠮᠦᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ | 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠪᠦᠬᠦ ᠣᠷᠣᠨ ᠤ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ | ᠮᠦᠩᠭᠦ ᠶᠢᠨ ᠪᠠᠷᠢᠮᠵᠢᠶ᠎ᠠ ᠶᠢ ᠬᠦᠮᠦᠨ ᠨᠢᠭᠡᠪᠦᠷᠢ ᠳᠤ ᠰᠠᠷ᠎ᠠ ᠳᠤ 110 ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠂ | ᠳᠠᠷᠤᠢ ᠣᠣᠯ ᠤᠨ ᠬᠦᠮᠦᠨ ᠨᠢᠭᠡᠪᠦᠷᠢ ᠳᠤ ᠰᠠᠷ᠎ᠠ ᠳᠤ 90 ᠲᠦᠭᠦᠷᠢᠭ ᠨᠦᠬᠦᠪᠦᠷᠢᠯᠡᠵᠦ ᠪᠠᠶᠢᠭᠰᠠᠨ ᠰᠠᠭᠤᠷᠢᠨ | ᠳᠡᠭᠡᠷ᠎ᠡ 20 ᠲᠦᠭᠦᠷᠢᠭ ᠨᠡᠮᠡᠬᠦ ᠪᠣᠯᠣᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠦᠩᠭᠦ ᠶᠢ | ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ | ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠡᠯ᠎ᠡ ᠭᠠᠵᠠᠷ ᠣᠷᠣᠨ ᠤ ᠬᠦᠮᠦᠨ ᠪᠦᠷᠢ ᠶᠢᠨ ᠳᠤᠮᠳᠠᠴᠢ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ | 40%᠂ 50% ᠪᠣᠯᠣᠨ 60% ᠶᠢᠨ ᠬᠠᠷᠢᠴᠠᠯ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ | ᠭᠠᠵᠠᠷ ᠣᠷᠣᠨ ᠳᠤ ᠨᠦᠬᠦᠪᠦᠷᠢ ᠣᠯᠭᠤᠨ᠎ᠠ᠃ | ᠬᠤᠶᠠᠷ᠂ ᠵᠡᠮᠳᠡᠭᠴᠦᠳ ᠤᠨ ᠬᠤᠶᠠᠷ ᠵᠦᠢᠯ ᠤᠨ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ | 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠬᠦᠴᠢᠷᠳᠡᠯᠲᠡᠢ ᠵᠡᠮᠳᠡᠭᠴᠦᠳ ᠤᠨ | ᠠᠮᠢᠳᠤᠷᠠᠯ ᠳᠤ ᠨᠡᠮᠡᠭᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠦᠮᠦᠨ ᠨᠢᠭᠡᠪᠦᠷᠢ ᠳᠤ ᠰᠠᠷ᠎ᠠ ᠳᠤ 80 | ᠲᠦᠭᠦᠷᠢᠭ ᠲᠤ ᠬᠦᠷᠦᠭᠦᠯᠦᠨ᠎ᠡ᠂ ᠳᠠᠷᠤᠢ ᠣᠣᠯ ᠤᠨ ᠰᠠᠭᠤᠷᠢᠨ ᠳᠡᠭᠡᠷ᠎ᠡ ᠬᠤᠲᠠ ᠪᠠᠯᠭᠠᠰᠤ ᠶᠢᠨ ᠬᠦᠮᠦᠨ | ᠨᠢᠭᠡᠪᠦᠷᠢ ᠳᠤ ᠰᠠᠷ᠎ᠠ ᠳᠤ 30 ᠲᠦᠭᠦᠷᠢᠭ ᠨᠡᠮᠡᠵᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠨᠢᠭᠡᠪᠦᠷᠢ ᠳᠤ | ᠰᠠᠷ᠎ᠠ ᠳᠤ 50 ᠲᠦᠭᠦᠷᠢᠭ ᠨᠡᠮᠡᠬᠦ ᠪᠣᠯᠣᠨ᠎ᠠ ︔ ᠬᠦᠨᠳᠦ ᠵᠡᠮᠳᠡᠭᠴᠦᠳ ᠢ ᠠᠰᠠᠷᠠᠨ ᠰᠤᠪᠢᠯᠠᠬᠤ ᠳᠤ ᠨᠡᠮᠡᠭᠦᠷᠢ ᠥᠭᠬᠦ | ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠦᠮᠦᠨ ᠨᠢᠭᠡᠪᠦᠷᠢ ᠳᠤ ᠵᠢᠯ ᠳᠤ 960 ᠲᠦᠭᠦᠷᠢᠭ ᠲᠤ ᠬᠦᠷᠦᠭᠦᠯᠦᠨ᠎ᠡ᠂ | ᠳᠠᠷᠤᠢ ᠣᠣᠯ ᠤᠨ ᠰᠠᠭᠤᠷᠢᠨ ᠳᠡᠭᠡᠷ᠎ᠡ ᠬᠦᠮᠦᠨ ᠨᠢᠭᠡᠪᠦᠷᠢ ᠳᠤ ᠵᠢᠯ ᠳᠤ 460 ᠲᠦᠭᠦᠷᠢᠭ ᠨᠡᠮᠡᠬᠦ ᠪᠣᠯᠣᠨ᠎ᠠ᠃ | ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠦᠩᠭᠦ ᠶᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ | ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠭᠠᠵᠠᠷ ᠣᠷᠣᠨ ᠤ ᠬᠦᠮᠦᠨ ᠪᠦᠷᠢ ᠶᠢᠨ ᠳᠤᠮᠳᠠᠴᠢ | ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 30%᠂ 50% ᠪᠠ 70% ᠶᠢᠨ ᠬᠠᠷᠢᠴᠠᠯ ᠢᠶᠠᠷ | ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠣᠷᠣᠨ ᠳᠤ ᠨᠦᠬᠦᠪᠦᠷᠢ ᠣᠯᠭᠤᠨ᠎ᠠ᠃ | ᠭᠤᠷᠪᠠ᠂ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠲᠡᠭᠦᠰ ᠤᠨ ᠨᠡᠮᠡᠭᠦᠷᠢ ᠶᠢ ᠲᠦᠭᠡᠮᠡᠯ | ᠬᠦᠷᠲᠡᠭᠡᠬᠦ ᠳᠦᠷᠢᠮ ᠢ ᠪᠡᠶᠡᠯᠡᠭᠦᠯᠦᠨ᠎ᠡ | 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ᠂ 80 ᠪᠦᠬᠦᠯᠢ ᠨᠠᠰᠤ ︵80 ᠪᠦᠬᠦᠯᠢ ᠨᠠᠰᠤ | ᠪᠠᠭᠲᠠᠨ᠎ᠠ︶ ᠠᠴᠠ 99 ᠪᠦᠬᠦᠯᠢ ᠨᠠᠰᠤ ᠬᠦᠷᠲᠡᠯᠡᠬᠢ ᠨᠠᠰᠤᠲᠠᠶᠢᠴᠤᠳ ᠪᠦᠬᠦᠨ ᠴᠦᠮ ᠲᠣᠭᠲᠠᠭᠠᠯ ᠶᠤᠰᠤᠭᠠᠷ | ᠬᠦᠮᠦᠨ ᠨᠢᠭᠡᠪᠦᠷᠢ ᠰᠠᠷ᠎ᠠ ᠳᠤ 100 ᠲᠦᠭᠦᠷᠢᠭ ᠤᠨ ᠦᠲᠡᠭᠦᠰ ᠤᠨ ᠨᠡᠮᠡᠭᠦᠷᠢ ᠶᠢ ᠠᠪᠴᠤ ᠪᠣᠯᠣᠨ᠎ᠠ᠃ | ᠦᠲᠡᠭᠦᠰ ᠤᠨ ᠨᠡᠮᠡᠭᠦᠷᠢ ᠳᠤ ᠬᠡᠷᠡᠭᠰᠡᠬᠦ ᠵᠠᠷᠤᠳᠠᠯ ᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ᠂ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠭᠠᠵᠠᠷ ᠣᠷᠣᠨ ᠤ ᠬᠦᠮᠦᠨ ᠪᠦᠷᠢ ᠶᠢᠨ ᠳᠤᠮᠳᠠᠴᠢ | ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 30%᠂ 50% ᠪᠠ 70% ᠶᠢᠨ ᠬᠠᠷᠢᠴᠠᠯ ᠢᠶᠠᠷ | ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠣᠷᠣᠨ ᠳᠤ ᠨᠦᠬᠦᠪᠦᠷᠢ ᠣᠯᠭᠤᠬᠤ ᠬᠡᠷᠡᠭᠲᠡᠢ᠃ | 100 ᠪᠦᠬᠦᠯᠢ ᠨᠠᠰᠤᠨ ︵100 ᠪᠦᠬᠦᠯᠢ ᠨᠠᠰᠤ ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠲᠤ | ᠦᠲᠡᠭᠦᠰ ᠤᠨ ᠨᠡᠮᠡᠭᠦᠷᠢ ᠶᠢ ᠣᠯᠭᠤᠬᠤ ᠪᠠᠷᠢᠮᠵᠢᠶ᠎ᠠ ᠶᠢ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠣᠭᠲᠤᠬᠤ | ᠨᠠᠰᠤᠲᠠᠶᠢᠴᠤᠳ ᠢ ᠬᠠᠷᠠᠭᠠᠯᠵᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠦᠪᠦᠷ ᠨᠠᠮ ᠠᠯᠪᠠᠨ ᠲᠠᠷᠬᠠᠭᠠᠭᠰᠠᠨ ᠴᠠᠬᠢᠯᠭᠠᠨ ﹇ | 2016﹈ 20 ᠳ᠋ᠤᠭᠠᠷ ᠲᠣᠭᠠᠲᠤ︶ ᠤᠨ ᠲᠣᠭᠲᠠᠭᠠᠯ ᠶᠣᠰᠤᠭᠠᠷ ᠬᠡᠷᠡᠭᠵᠢᠭᠦᠯᠵᠦ᠂ 2016 ᠣᠨ ᠤ 10 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ᠂ ᠪᠦᠬᠦ ᠣᠷᠣᠨ ᠤ ᠵᠠᠭᠤᠨ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠦᠲᠡᠭᠦᠰ ᠤᠨ ᠨᠡᠮᠡᠭᠦᠷᠢ ᠶᠢ ᠬᠦᠮᠦᠨ ᠨᠢᠭᠡᠪᠦᠷᠢ ᠳᠤ ᠰᠠᠷ᠎ᠠ ᠳᠤ 300 ᠲᠥᠭᠦᠷᠢᠭ ᠪᠠᠶᠢᠭᠰᠠᠨ ᠠᠴᠠ 600 | ᠲᠦᠭᠦᠷᠢᠭ ᠪᠣᠯᠲᠠᠯ᠎ᠠ ᠳᠡᠭᠡᠭᠰᠢᠯᠡᠭᠦᠯᠵᠦ᠂ ᠬᠡᠷᠡᠭᠰᠡᠬᠦ ᠪᠡᠯᠡ ᠮᠦᠩᠭᠦ ᠶᠢ ᠦᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ | ᠡᠯ᠎ᠡ ᠠᠶᠢᠮᠠᠭ ᠬᠤᠲᠠ ᠶᠢᠨ ᠨᠢᠭᠡᠨᠲᠡ ᠨᠡᠶᠢᠲᠡᠯᠡᠭᠰᠡᠨ ᠠᠷᠠᠳ ᠤᠨ ᠠᠮᠢᠳᠤᠷᠠᠯ ᠳᠤ ᠨᠡᠮᠡᠭᠦᠷᠢ ᠥᠭᠬᠦ | ᠪᠠᠷᠢᠮᠵᠢᠶ᠎ᠠ ᠨᠢ ᠲᠤᠰ ︽ᠮᠡᠳᠡᠭᠳᠡᠯ︾ ᠳᠤ ᠲᠣᠭᠲᠠᠭᠠᠭᠰᠠᠨ ᠪᠠᠷᠢᠮᠵᠢᠶ᠎ᠠ ᠠᠴᠠ ᠦᠨᠳᠦᠷ ᠪᠠᠶᠢᠪᠠᠯ ᠪᠠᠭᠤᠷᠠᠭᠤᠯᠵᠤ | ᠪᠣᠯᠬᠤ ᠦᠭᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠳᠡᠭᠡᠷ᠎ᠡ ᠳᠤᠷᠠᠳᠤᠭᠰᠠᠨ | ᠠᠷᠠᠳ ᠲᠤ ᠠᠰᠢᠭ ᠬᠦᠷᠲᠡᠭᠡᠬᠦ ᠬᠡᠳᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠡᠨᠢᠵᠤ᠂ ᠲᠡᠭᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠡᠭᠦᠷᠭᠡ | ᠪᠣᠯᠭᠠᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ | ᠰᠢᠯᠢᠳᠡᠭᠵᠢᠭᠦᠯᠵᠦ᠂ ᠬᠡᠷᠡᠭᠰᠡᠬᠦ ᠪᠡᠯᠡ ᠮᠦᠩᠭᠦ ᠶᠢ ᠲᠦᠷᠭᠡᠬᠡᠨ ᠴᠤᠭᠯᠠᠭᠤᠯᠬᠤ ᠶᠢᠨ ᠬᠠᠮᠲᠤ᠂ ᠠᠳᠠᠯᠢ ᠱᠠᠲᠤᠨ ᠤ | ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠪᠡᠯᠡ ᠮᠦᠩᠭᠦ ᠶᠢ ᠴᠠᠭ ᠲᠣᠬᠠᠢ ᠳᠤᠨᠢ ᠪᠣᠲᠠᠲᠠᠶᠢᠵᠢᠭᠤᠯᠬᠤ ᠪᠠ | ᠲᠤᠭ᠎ᠠ ᠶᠤᠰᠤᠭᠠᠷ ᠭᠦᠢᠴᠡᠳ ᠣᠯᠭᠤᠬᠤ ᠶᠢ ᠦᠨᠡᠨᠬᠦ ᠪᠠᠲᠤᠯᠠᠨ᠂ ᠨᠦᠬᠦᠴᠡᠯ ᠳᠤ ᠨᠡᠶᠢᠴᠡᠭᠰᠡᠨ ᠥᠷᠭᠡᠨ ᠣᠯᠠᠨ | ᠲᠦᠮᠡᠨ ᠳᠤ ᠵᠢᠩᠬᠢᠨᠢ ᠪᠠᠷ ᠠᠰᠢᠭ ᠬᠦᠷᠲᠡᠭᠡᠨ᠎ᠡ |