ᠳ᠋ᠤᠸᠠᠨ ᡁᠢ ᠴᠢᠶᠠᠩ ᠯᠢᠨᠰᠢ ᠰᠢᠶᠠᠨ ᠪᠠᠭᠠᠷᠢᠨ ᠪᠠᠷᠠᠭᠤᠨ ᠬᠤᠰᠢᠭᠤ ᠪᠠᠭᠠᠷᠢᠨ ᠵᠡᠬᠦᠨ ᠬᠤᠰᠢᠭᠤ ᠠᠷᠦ ᠬᠤᠷᠴᠢᠨ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2017-07-04
        6 ᠰᠠᠷ᠎ᠠ ᠶᠢᠨ 28 ᠤ ᠡᠳᠤᠷ ᠠᠴᠠ 30 ᠤ ᠡᠳᠤᠷ ᠪᠤᠯᠳᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠤᠷᠢᠳ ᠬᠤᠵᠢᠳ ᠯᠢᠨᠰᠢ ᠰᠢᠶᠠᠨ᠂ ᠪᠠᠭᠠᠷᠢᠨ ᠪᠠᠷᠠᠭᠤᠨ ᠬᠤᠰᠢᠭᠤ᠂ ᠪᠠᠭᠠᠷᠢᠨ ᠵᠡᠬᠦᠨ ᠬᠤᠰᠢᠭᠤ᠂ ᠠᠷᠦ ᠬᠤᠷᠴᠢᠨ ᠬᠤᠰᠢᠭᠤᠨ ᠳᠤ ᠬᠦᠨᠵᠡᠭᠡᠶᠢᠷᠡᠵᠦ᠂ ᠠᠵᠦ ᠦᠢᠯᠡᠳᠪᠦᠷᠢ ᠪᠠ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ ᠰᠤᠷᠭᠠᠨ ᠬᠦᠮᠦᠵᠢᠯ ᠪᠠ ᠰᠤᠶᠤᠯ ᠵᠢᠭᠤᠯᠴᠢᠯᠠᠯ᠂ ᠠᠶᠤᠯᠬᠦᠢ ᠦᠢᠯᠡᠳᠪᠦᠷᠢᠯᠡᠯ ᠪᠠ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠦᠳᠤᠭᠡᠡ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠵᠠᠢ᠃          ᠡᠯ᠎ᠠ ᠬᠤᠰᠢᠭᠤ ᠰᠢᠶᠠᠨ ᠤ ᠲᠦᠷᠢ ᠲᠦᠷᠬᠦ ᠰᠢᠨ᠎ᠠ ᠬᠤᠪᠢᠷᠠᠯᠳᠠ ᠲᠠᠢ ᠪᠤᠯᠵᠦ᠂ ᠺᠠᠳ᠋ᠷ ᠤᠯᠠᠨ ᠲᠦᠮᠠᠨ ᠤ ᠤᠷᠮ᠎ᠠ ᠵᠤᠷᠢᠭ ᠲᠡᠭᠦᠯᠳᠡᠷ ᠪᠠᠶᠢᠬᠤ ᠶᠢ ᠬᠠᠷᠠᠭᠠᠳ ᠳ᠋ᠤᠸᠠᠨ ᡁᠢ ᠴᠢᠶᠠᠩ ᠲᠦᠢᠯ ᠢᠶᠠᠷ ᠪᠠᠶᠠᠷᠯᠠᠵᠠᠢ᠃ ᠲᠡᠷᠡ᠂ ᠡᠯ᠎ᠠ ᠭᠠᠵᠠᠷ ᠤᠨ ᠬᠢᠨ ᠦᠷᠬᠦᠯᠵᠢᠯᠡᠨ ᠴᠢᠷᠮᠠᠶᠢᠵᠦ᠂ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠬᠠᠨᠴᠤᠢ ᠰᠢᠮᠠᠯᠠᠨ ᠰᠢᠭᠤᠷᠬᠠᠢᠢᠯᠠᠨ ᠠᠵᠢᠯᠯᠠᠵᠦ᠂ ᠪᠦᠬᠦ ᠬᠤᠳᠠ ᠶᠢᠨ ᠲᠠᠪᠠᠯᠳᠠ ᠭᠦᠭᠵᠢᠯᠳᠡ ᠳᠤ ᠲᠠᠬᠢᠨ ᠰᠢᠯᠢᠳᠡᠭ ᠪᠦᠳᠦᠮᠵᠢ ᠶᠢ ᠴᠤᠭᠴᠠᠯᠠᠬᠤ ᠶᠢ ᠬᠦᠰᠡᠵᠦ ᠪᠤᠢ ᠭᠡᠵᠠᠢ᠃           ᠯᠢᠨᠰᠢ ᠰᠢᠶᠠᠨ ᠤ ᠰᠢᠬᠢᠷ ᠯᠤᠤᠪᠠᠩ ᠤᠨ ᠠᠵᠦ ᠦᠢᠯᠡᠰ ᠤᠨ ᠭᠡᠯᠬᠢᠶ᠎ᠠ ᠶᠢᠨ ᠲᠦᠷᠦᠯ ᠵᠦᠢᠯ ᠵᠢᠴᠢ ︽ᠰᠢᠬᠢᠷ ᠯᠤᠤᠪᠠᠩ ᠢᠶᠠᠷ ᠠᠷᠠᠳ ᠢᠶᠠᠨ ᠪᠠᠶᠠᠵᠢᠭᠤᠯᠬᠤ︾ ᠶᠠᠳᠠᠭᠤ ᠶᠢ ᠲᠡᠳᠬᠦᠬᠦ ᠬᠡᠯᠪᠡᠷᠢ᠂ ᠪᠠᠭᠠᠷᠢᠨ ᠪᠠᠷᠠᠭᠤᠨ ᠬᠤᠰᠢᠭᠤᠨ ᠤ ᠲᠦᠮᠡᠨ ᠮᠦ ᠲᠦᠮᠦᠰᠦ ᠲᠠᠷᠢᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ᠂ ᠪᠠᠭᠠᠷᠢᠨ ᠵᠡᠬᠦᠨ ᠬᠤᠰᠢᠭᠤᠨ ᠤ ᠦᠪᠦᠷ ᠮᠤᠩᠭᠤᠯ ᠤᠨ ᠱᠠᠩ ᠵᠢᠩ ᠢᠳᠡᠰᠢᠨ ᠮᠦᠬᠦ ᠶᠢᠨ ᠶᠠᠳᠠᠭᠤ ᠠᠴᠠ ᠠᠩᠬᠢᠵᠢᠷᠠᠭᠤᠯᠬᠤ ᠠᠵᠦ ᠦᠢᠯᠡᠰ ᠤᠨ ᠬᠦᠷᠢᠶᠡᠯᠡᠩ ᠵᠡᠷᠭᠡ ᠪᠠᠷ ᠪᠠᠶᠢᠴᠠᠭᠠᠯᠳᠠ ᠬᠢᠬᠦ ᠦᠶᠡᠰ᠂ ᠳ᠋ᠤᠸᠠᠨ ᡁᠢ ᠴᠢᠶᠠᠩ ᠡᠯ᠎ᠠ ᠭᠠᠵᠠᠷ ᠤᠨ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠠᠬᠢᠴᠠ ᠶᠢᠨ ᠪᠠᠶᠢᠳᠠᠯ ᠢ ᠬᠢᠨᠠᠮᠠᠭᠠᠢ ᠰᠤᠨᠤᠰᠴᠦ ᠨᠠᠷᠢᠯᠢᠬ ᠤᠢᠢᠯᠠᠭᠠᠬᠰᠠᠨ ᠤ ᠲᠠᠷᠠᠭ᠎ᠠ ᠲᠡᠷᠡ᠂ ᠠᠵᠦ ᠦᠢᠯᠡᠰ ᠤᠨ ᠬᠦᠭᠵᠢᠯᠳᠡ ᠪᠠ ᠨᠡᠬᠦᠯᠭᠡᠨ ᠰᠢᠯᠵᠢᠬᠦᠯᠵᠦ ᠶᠠᠳᠠᠭᠤ ᠶᠢ ᠲᠡᠳᠬᠦᠬᠦ ᠪᠤᠯ ᠶᠠᠳᠠᠭᠤ ᠠᠴᠠ ᠠᠩᠬᠢᠵᠢᠷᠠᠭᠤᠯᠤᠠ ᠪᠤᠭᠤᠮᠳᠠ ᠰᠢᠪᠳᠤᠯᠬᠤ ᠲᠤᠯᠤᠯᠳᠤᠭᠠᠨ ᠢ ᠰᠠᠶᠢᠳᠤᠷ ᠬᠢᠬᠦ ᠡᠷᠴᠢᠮᠳᠠᠢ ᠭᠠᠷᠳᠠᠴᠠ ᠪᠠ ᠴᠢᠬᠤᠯᠠ ᠠᠷᠭ᠎ᠠ ᠬᠡᠮᠵᠢᠶ᠎ᠠ ᠮᠦᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠪᠠ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠲᠠᠢ ᠨᠢᠬᠳᠠ ᠤᠶᠠᠯᠳᠤᠭᠤᠯᠵᠦ᠂ ᠨᠡᠬᠦᠯᠭᠡᠨ ᠰᠢᠯᠵᠢᠬᠦᠯᠬᠦ ᠴᠡᠭ ᠤᠨ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠵᠦ᠂ ᠲᠠᠷᠢᠵᠦ ᠲᠡᠵᠢᠬᠡᠬᠦ ᠵᠡᠷᠭᠡ ᠠᠵᠦ ᠦᠢᠯᠡᠰ ᠢ ᠬᠦᠭᠵᠢᠬᠦᠯᠦᠨ ᠨᠡᠬᠦᠯᠬᠡᠨ ᠰᠢᠯᠵᠢᠬᠦᠯᠦᠭᠰᠡᠨ ᠡᠷᠦᠬᠡ ᠶᠢᠨ ᠠᠵᠢᠯ ᠤᠯᠭᠤᠯᠳᠠ ᠶᠢ ᠲᠠᠶᠢᠴᠢᠯᠠᠵᠦ᠂ ᠨᠡᠬᠦᠯᠭᠡᠨ ᠰᠢᠯᠵᠢᠬᠦᠯᠦᠭᠰᠡᠨ ᠤᠯᠠᠨ ᠲᠦᠮᠡᠨ ᠤ ᠤᠷᠤᠨ ᠰᠠᠭᠤᠴᠠ᠂ ᠤᠷᠤᠯᠭ᠎ᠠ ᠶᠢᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠡᠷᠭᠡᠪᠰᠢ ᠤᠳᠤ ᠦᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢᠨ ᠴᠢᠭᠯᠡᠯ ᠢ ᠪᠠᠷᠢᠮᠳᠠᠯᠠᠨ᠂ ᠲᠤᠬᠠᠢ ᠶᠢᠨ ᠭᠠᠵᠠᠷ ᠤᠨ ᠤᠨᠴᠠᠯᠢᠬᠳᠦ ᠡᠬᠢ ᠪᠠᠶᠠᠯᠢᠬ ᠤᠨ ᠲᠠᠪᠠᠭᠤᠯᠢᠬ ᠢᠶᠠᠨ ᠲᠦᠰᠢᠭᠯᠡᠵᠦ᠂ ᠲᠠᠷᠢᠶᠠᠯᠠᠩ ᠮᠠᠯ ᠠᠵᠦ ᠠᠬᠤᠢ ᠶᠢᠨ ᠲᠠᠪᠠᠯᠳᠠ ᠬᠦᠭᠵᠢᠯᠳᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠠᠢ᠃ ᠲᠤᠯᠤᠭᠠᠢᠢᠯᠠᠬᠴᠢ ᠠᠵᠦ ᠠᠬᠤᠢᠢᠯᠠᠯ ᠪᠤᠯ ᠠᠵᠦ ᠦᠢᠯᠡᠰ ᠤᠨ ᠬᠦᠭᠵᠢᠯᠳᠡ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠬᠤ ︽ᠭᠤᠤᠯ ᠬᠦᠴᠦᠨ︾ ᠮᠦᠨ᠂ ᠲᠤᠯᠤᠭᠠᠢᠢᠯᠠᠬᠴᠢ ᠠᠵᠦ ᠠᠬᠤᠢᠢᠯᠠᠯ ᠪᠤᠯᠤᠨ ᠮᠠᠯᠴᠢᠨ ᠲᠠᠷᠢᠶᠠᠴᠢᠳ ᠢ ᠠᠰᠢᠬ ᠲᠤᠰᠠ ᠶᠢᠨ ᠬᠠᠮᠳᠦ ᠶᠢᠨ ᠴᠤᠭᠴᠠ ᠪᠤᠯᠭᠠᠨ᠂ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠪᠡᠶᠡᠯᠡᠬᠦᠯᠬᠦ ᠭᠡᠷᠡᠭᠳᠠᠢ᠃ ᠯᠢᠨᠰᠢ ᠰᠢᠶᠠᠨ ᠤ ᠪᠠᠢ ᠬᠤᠢ ᠱᠧᠩ ᠺᠤᠮᠫᠠᠨᠢ᠂ ᠪᠠᠭᠠᠷᠢᠨ ᠵᠡᠬᠦᠨ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠳᠦ ᠬᠤᠷᠠᠯ ᠤᠨ ᠡᠮᠡᠭᠳᠠᠶᠢᠴᠤᠳ ᠤᠨ ᠦᠢᠯᠡᠰ ᠴᠤᠭᠴᠠᠯᠠᠬᠤ ᠰᠠᠭᠤᠷᠢᠨ ᠭᠠᠵᠠᠷ ᠵᠡᠷᠭᠡ ᠭᠠᠵᠠᠷ ᠲᠤ ᠪᠠᠶᠢᠴᠠᠭᠠᠨ ᠰᠤᠳᠤᠯᠬᠤ ᠦᠶᠡᠰ ᠳ᠋ᠤᠸᠠᠨ ᡁᠢ ᠴᠢᠶᠠᠩ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠨ ᠦᠵᠡᠬᠦ ᠬᠡᠷᠡᠭᠳᠠᠢ︔ ᠡᠯᠧᠺᠲᠷᠤᠨ ᠬᠤᠳᠠᠯᠳᠤᠭ᠎ᠠ ᠶᠢ ᠶᠡᠬᠡᠪᠡᠷ ᠬᠦᠭᠵᠢᠬᠦᠯᠵᠦ᠂ ᠮᠠᠯᠴᠢᠨ ᠲᠠᠷᠢᠶᠠᠴᠢᠨ ᠡᠷᠦᠭᠡ᠂ ᠲᠤᠯᠤᠭᠠᠢᠢᠯᠠᠭᠴᠢ ᠠᠵᠦ ᠠᠬᠤᠢᠢᠯᠠᠯ᠂ ᠭᠡᠷᠡᠭᠯᠡᠭᠴᠢ ᠶᠢᠨ ᠠᠰᠢᠬ ᠲᠤᠰᠡ ᠪᠠᠨ ᠬᠠᠮᠳᠦ ᠡᠳ᠋ᠯᠡᠬᠦ ᠶᠢ ᠪᠡᠶᠡᠯᠡᠬᠦᠯᠬᠦ ᠭᠡᠷᠡᠭᠳᠠᠢ ᠭᠡᠵᠦ ᠴᠢᠬᠤᠯᠠᠴᠢᠯᠠᠵᠠᠢ᠃          ᠯᠢᠨᠰᠢ ᠰᠢᠶᠠᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠤᠨ ᠬᠦᠩᠭᠡᠨ ᠠᠵᠦ ᠦᠢᠯᠡᠳᠪᠦᠷᠢ ᠵᠢᠨ‌ᠦᠢᠯᠡᠳᠬᠦ ᠬᠤᠪᠢᠶᠠᠷᠢ ᠲᠤᠭᠤᠷᠢᠬ ᠪᠠ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠦ ᠦᠢᠯᠡᠳᠪᠦᠷᠢ ᠶᠢᠨ ᠬᠤᠪᠢᠶᠠᠷᠢ ᠲᠤᠭᠤᠷᠢᠬ᠂ ᠪᠠᠭᠠᠷᠢᠨ ᠪᠠᠷᠠᠭᠤᠨ ᠬᠤᠰᠢᠭᠤᠨ ᠤ ᠨᠡᠬᠦᠷᠡᠰᠦ ᠴᠠᠬᠢᠯᠭᠠᠨ ᠤ ᠰᠠᠭᠤᠷᠢᠨ ᠭᠠᠵᠠᠷ᠂ ᠪᠠᠭᠠᠷᠢᠨ ᠵᠡᠬᠦᠨ ᠬᠤᠰᠢᠭᠤᠨ ᠤ ᠹᠧᠩ ᠬᠤᠸᠠᠩ ᠱᠠᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠲᠤ ᠪᠠᠶᠢᠴᠠᠭᠠᠨ ᠰᠤᠳᠤᠯᠬᠤ ᠦᠶᠡᠰ᠂ ᠳ᠋ᠤᠸᠡᠠ ᡁᠢ ᠴᠢᠶᠠᠩ᠂ ᠡᠷᠭᠡᠪᠰᠢ ᠤᠳᠤᠬᠠᠨ ᠤ ᠠᠵᠦ ᠦᠢᠯᠡᠳᠪᠦᠷᠢ ᠶᠢᠨ ᠠᠵᠦ ᠠᠬᠤᠢ ᠶᠢᠨ ᠠᠵᠢᠯᠯᠠᠭ᠎ᠠ ᠳᠤ ᠲᠤᠯᠭᠠᠷᠠᠵᠦ ᠪᠦᠬᠦᠢ ᠰᠢᠨ᠎ᠠ ᠬᠠᠨᠳᠤᠰᠢ᠂ ᠰᠢᠨ᠎ᠠ ᠪᠠᠶᠢᠳᠠᠯ᠂ ᠰᠢᠨ᠎ᠠ ᠦᠷᠢᠰᠦᠯᠳᠦᠭᠡᠨ ᠢ ᠬᠦᠢᠴᠡᠳ ᠲᠠᠨᠢᠵᠦ᠂ ᠰᠢᠨ᠎ᠠ ᠬᠡᠪ ᠪᠠᠶᠢᠳᠠᠯ ᠲᠤᠤᠷᠠᠬᠢ ᠤᠯᠤᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ ᠪᠠ ᠠᠵᠦ ᠦᠢᠯᠡᠰ ᠤᠨ ᠬᠦᠭᠵᠢᠯᠳᠡ ᠶᠢᠨ ᠴᠢᠭᠯᠡᠯ ᠢ ᠡᠵᠡᠮᠳᠡᠵᠦ᠂ ᠠᠷᠠᠯᠵᠢᠶᠠᠴᠢᠨ ᠤᠷᠢᠵᠦ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠵᠦ᠂ ᠠᠭᠠᠷ ᠤᠨ ᠪᠤᠬᠢᠷᠳᠤᠯ ᠪᠠ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠶᠢᠨ ᠬᠠᠮᠳᠦ ᠠᠮᠤᠷ ᠲᠦᠪᠰᠢᠨ ᠦᠢᠯᠡᠳᠪᠦᠷᠢᠯᠡᠯ ᠢ ᠪᠠᠳᠤᠯᠠᠵᠦ᠂ ᠤᠯᠤᠰ ᠤᠨ ︽ᠨᠢᠬᠡ ᠪᠦᠰᠡ ᠨᠢᠬᠡ ᠵᠠᠮ︾ ᠤᠨ ᠭᠦᠭᠵᠢᠯᠳᠡ ᠶᠢᠨ ᠪᠠᠶᠢᠯᠳᠤᠬᠤ ᠪᠤᠳᠤᠯᠭ᠎ᠠ ᠲᠠᠢ ᠠᠭᠤᠰᠤᠯᠴᠠᠭᠤᠯᠬᠤ ᠭᠡᠷᠡᠭᠳᠠᠢ ᠭᠡᠵᠦ ᠴᠢᠬᠤᠯᠠᠴᠢᠯᠠᠬᠰᠠᠨ ᠪᠠᠶᠢᠨ᠎ᠠ᠃         ᠯᠢᠨᠰᠢ ᠰᠢᠶᠠᠨ ᠤ ᠱᠡᠭᠡᠷᠲᠦ ᠰᠢᠶᠠᠩ᠂ ᠪᠠᠭᠠᠷᠢᠨ ᠪᠠᠷᠠᠭᠤᠨ ᠬᠤᠰᠢᠭᠤᠨ ᠤ ᠪᠠᠶᠠᠨᠳᠠᠯ᠎ᠠ ᠰᠤᠮᠤᠨ ᠤ ᠭᠤᠷᠭᠤᠤᠯᠳᠠᠢ ᠭᠠᠴᠠᠭ᠎ᠠ ᠪᠠ ᠳ᠋ᠠᠪᠠᠨ ᠪᠠᠯᠭᠠᠰᠦ ᠶᠢᠨ ᠬᠤᠷᠤᠭᠠᠴᠢᠨ ᠭᠠᠴᠠᠭ᠎ᠠ᠂ ᠠᠷᠦ ᠬᠤᠷᠴᠢᠨ ᠬᠤᠰᠢᠭᠤᠨ ᠤ ᠰᠠᠶᠢᠬᠠᠨ ᠨᠡᠶᠢᠬᠡᠮ ᠲᠤᠭᠤᠷᠢᠬ ᠲᠤ ᠳ᠋ᠤᠸᠠᠨ ᡁᠢ ᠴᠢᠶᠠᠩ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠪᠠ ᠲᠤᠰᠬᠤᠨ ᠤ ᠲᠡᠰ ᠠᠵᠦ ᠦᠢᠯᠡᠰ ᠤᠨ ᠬᠦᠭᠵᠢᠯᠳᠡ ᠶᠢᠨ ᠪᠠᠶᠢᠳᠠᠯ ᠢ ᠨᠠᠷᠢᠯᠢᠬ ᠤᠢᠢᠯᠠᠭᠠᠵᠠᠢ᠃ ᠲᠡᠷᠡ᠂ ᠠᠷᠠᠳ ᠤᠯᠠᠨ ᠤ ᠴᠢᠨᠡᠭᠡᠯᠢᠭᠵᠢᠬᠦ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠬᠦᠷ ᠲᠤ ᠪᠠᠶᠢᠵᠦ᠂ ᠮᠠᠯᠵᠢᠬᠤ ᠲᠠᠷᠢᠶᠠᠯᠠᠬᠤ ᠤᠷᠤᠨ ᠪᠠ ᠬᠤᠳᠠ ᠶᠢᠨ ᠨᠡᠶᠢᠬᠡᠮ ᠲᠤᠭᠤᠷᠢᠬ ᠤᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠤᠯᠠᠮ ᠴᠢᠩᠭᠠᠳᠬᠠᠵᠦ᠂ ᠨᠠᠮ ᠤᠨ ᠡᠬᠦᠷ ᠤᠨ ᠨᠢᠭᠳᠠᠷᠠᠭᠤᠯᠬᠤ ᠬᠦᠴᠦᠨ ᠪᠠ ᠪᠠᠶᠢᠯᠳᠤᠬᠤ ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠠᠢ᠃ ᠲᠤᠬᠠᠢ ᠶᠢᠨ ᠭᠠᠵᠠᠷ ᠤᠨ ᠲᠠᠪᠠᠭᠤᠯᠢᠬ ᠢᠶᠠᠨ ᠠᠰᠢᠬᠯᠠ᠂ ᠬᠦᠳᠡᠭᠡ ᠲᠤᠰᠬᠤᠨ ᠤ ᠠᠵᠦ ᠠᠬᠤᠢ ᠶᠢ ᠬᠦᠭᠵᠢᠬᠦᠯᠬᠦ ᠭᠡᠷᠡᠭᠳᠠᠢ ᠭᠡᠵᠦ ᠴᠢᠬᠤᠯᠠᠴᠢᠯᠠᠵᠠᠢ᠃         ᠪᠠᠭᠠᠷᠢᠨ ᠵᠡᠬᠦᠨ ᠬᠤᠰᠢᠭᠤᠨ ᠤ ᠬᠢᠯᠦᠪᠡᠷ ᠵᠤᠤ ᠶᠢᠨ ᠭᠤᠤᠯ ᠦᠵᠡᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠠᠬᠤᠢ ᠲᠠᠯᠠᠪᠠᠢ᠂ ᠯᠢᠶᠤᠤ ᠶᠢᠨ ᠰᠤᠶᠤᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠬ᠂ ᠹᠦ᠋ ᠱᠠᠨ ᠴᠡᠴᠡᠷᠯᠢᠭ᠂ ᠠᠷᠦ ᠬᠤᠷᠴᠢᠨ ᠬᠤᠰᠢᠭᠤᠨ ᠤ ᠴᠢᠪᠠᠭ᠎ᠠ ᠪᠠᠯᠭᠠᠰᠦ ᠶᠢᠨ ᠲᠠᠢ ᠫᠢᠩ ᠵᠤᠸᠠᠩ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠲᠦᠷᠦᠯ ᠵᠦᠢᠯ ᠪᠠ ᠮᠤᠩᠭᠤᠯ ᠤᠨ ᠬᠠᠨ ᠤᠷᠳᠤᠨ ᠤ ᠰᠤᠶᠤᠯ ᠤᠨ ᠬᠦᠷᠢᠶᠡᠯᠡᠩ ᠳᠤ᠂ ᠳ᠋ᠤᠸᠠᠨ ᡁᠢ ᠴᠢᠶᠠᠩ᠂ ᠰᠤᠶᠤᠯ ᠵᠢᠭᠤᠯᠴᠢᠯᠠᠯ ᠤᠨ ᠠᠵᠦ ᠦᠢᠯᠡᠰ ᠪᠠ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠷᠠᠭᠤᠯᠵᠦ᠂ ᠰᠤᠶᠤᠯ ᠵᠢᠭᠤᠯᠴᠢᠯᠠᠯ ᠤᠨ ᠠᠭᠤᠯᠤᠬᠳᠠᠴᠠ ᠶᠢ ᠢᠯᠡᠷᠡᠬᠦᠯᠵᠦ᠂ ᠪᠦᠬᠦ ᠤᠷᠤᠨ ᠬᠡᠴᠡ ᠶᠢᠨ ᠵᠢᠭᠤᠯᠴᠢᠯᠠᠯ ᠢ ᠬᠦᠭᠵᠢᠬᠦᠯᠬᠦ ᠭᠡᠷᠡᠭᠳᠠᠢ ᠭᠡᠵᠦ ᠴᠢᠬᠤᠯᠠᠴᠢᠯᠠᠵᠠᠢ᠃        ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠶᠢᠰᠦᠨ ᠵᠢᠯ ᠤᠨ ᠲᠦᠷᠢᠮᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠠᠬᠤᠢ ᠲᠠᠯᠠᠪᠠᠢ ᠪᠠ ᠠᠷᠦ ᠬᠤᠷᠴᠢᠨ ᠬᠤᠰᠢᠭᠤᠨ ᠤ ᠴᠢᠪᠠᠭ᠎ᠠ ᠪᠠᠯᠭᠠᠰᠦ ᠶᠢᠨ ᠮᠤᠩᠭᠤᠯ ᠦᠨᠳᠦᠰᠦᠳᠡᠨ ᠤ ᠬᠡᠤᠭᠡᠳ ᠤᠨ ᠴᠡᠴᠡᠷᠯᠢᠭ ᠳᠤ᠂ ᠳ᠋ᠤᠸᠠᠨ ᡁᠢ ᠴᠢᠶᠠᠩ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠡᠷᠭᠡᠪᠰᠢ ᠭᠡᠪ ᠴᠢᠨᠡᠷ ᠤᠨ ᠰᠤᠷᠭᠠᠨ ᠬᠦᠮᠦᠵᠢᠯ ᠢ ᠠᠬᠢᠭᠤᠯᠵᠦ᠂ ᠨᠠᠰᠤᠨ ᠳᠤ ᠲᠤᠬᠢᠷᠠᠬᠰᠠᠨ ᠭᠡᠤᠭᠡᠳ ᠪᠠᠭᠠᠴᠤᠤᠯ ᠤᠨ ᠴᠡᠴᠡᠷᠯᠢᠭ ᠲᠤ ᠰᠠᠭᠤᠬᠤ ᠰᠤᠷᠭᠠᠭᠤᠯᠢ ᠳᠤ ᠤᠷᠤᠬᠤ ᠬᠦᠴᠢᠷᠳᠡᠯ ᠵᠡᠷᠭᠡ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶᠠᠨ ᠤ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠦ᠂ ᠰᠤᠷᠭᠠᠭᠤᠯᠢ ᠡᠷᠬᠢᠯᠡᠬᠦ ᠶᠠᠰᠦ ᠴᠢᠨᠠᠷ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠶᠢᠨ ᠬᠠᠮᠳᠦ ᠦᠨᠳᠦᠰᠦᠳᠡᠨ ᠤ ᠰᠤᠷᠭᠠᠨ ᠬᠦᠮᠦᠵᠢᠯ ᠤᠨ ᠬᠤᠯᠪᠤᠬᠳᠠᠯ ᠪᠦᠬᠦᠢ ᠠᠵᠢᠯ ᠲᠦᠷᠦᠯ ᠢ ᠰᠠᠶᠢᠳᠤᠷ ᠬᠢᠬᠦ ᠭᠡᠷᠡᠭᠳᠠᠢ ᠭᠡᠵᠦ ᠱᠠᠭᠠᠷᠳᠠᠵᠠᠢ᠃         ᠠᠷᠦ ᠬᠤᠷᠴᠢᠨ ᠬᠤᠰᠢᠭᠤᠨ ᠤ ᠤᠯᠤᠰ ᠤᠨ 303 ᠵᠠᠮ᠂ ᠮᠤᠵᠢ ᠶᠢᠨ 210 ᠵᠠᠮ ᠵᠢᠴᠢ ᠨᠢᠰᠭᠡᠯ ᠤᠨ ᠪᠠᠭᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠬᠤᠢ ᠲᠠᠯᠠᠪᠠᠢ ᠳᠤ᠂ ᠳ᠋ᠤᠸᠠᠨ ᡁᠢ ᠴᠢᠶᠠᠩ᠂ ᠦᠪᠡᠷᠳᠡᠭᠡᠨ ᠵᠠᠰᠠᠬᠤ ᠤᠷᠤᠨ ᠤ ᠨᠠᠮ ᠬᠤᠷᠢᠶᠠᠨ ᠤ ︽ᠲᠤᠯᠤᠭᠠᠨ ᠲᠤᠤᠷᠵᠢᠯ︾ ᠢ ᠬᠠᠮᠳᠦ ᠪᠠᠷ ᠪᠠᠶᠢᠭᠤᠯᠬᠤ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠵᠠᠰᠠᠮᠠᠯ ᠵᠠᠮ᠂ ᠲᠡᠮᠤᠷ ᠵᠠᠮ ᠪᠠ ᠠᠭᠠᠷ ᠠᠶᠠᠯᠠᠯ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠷᠭᠡᠳᠭᠡᠬᠦ ᠬᠡᠷᠡᠭᠳᠠᠢ ᠭᠡᠵᠦ ᠴᠢᠬᠤᠯᠠᠴᠢᠯᠠᠬᠰᠠᠨ ᠪᠠᠶᠢᠨ᠎ᠠ᠃          ︽ᠬᠠᠯᠠᠭᠤᠨ ᠡᠯᠢᠬᠡᠨ ᠲᠤᠮᠳᠠᠳᠤ ᠶᠢᠨ ᠦᠨᠳᠦᠰᠦᠳᠡᠨ᠂ ᠬᠠᠶᠢᠷ᠎ᠠ ᠪᠢᠯᠬᠠᠬᠰᠠᠨ ᠪᠠᠭᠠᠷᠢᠨ ᠨᠤᠳᠤᠭ — ᠬᠤᠶᠠᠷ ᠡᠷᠬᠢ ᠶᠢᠨ ᠦᠨᠳᠦᠰᠦᠳᠡᠨ ᠨᠦᠭᠦᠳ ᠤᠨ ᠤᠯᠠᠭᠠᠨᠬᠠᠳᠠ ᠳᠠᠬᠢ ᠨᠠᠭᠠᠳᠤᠮ︾ ᠪᠤᠯᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠬ ᠤᠨ ᠨᠠᠶᠢᠷ︾ ᠪᠠᠭᠠᠷᠢᠨ ᠪᠠᠷᠠᠭᠤᠨ ᠬᠤᠰᠢᠭᠤᠨ ᠳᠤ ᠶᠠᠪᠤᠬᠳᠠᠬᠤ ᠪᠠᠷ ᠪᠤᠯᠵᠦ᠂ ᠳ᠋ᠤᠸᠠᠨ ᡁᠢ ᠴᠢᠶᠠᠩ ᠡᠬᠦᠨ ᠢ ᠲᠡᠭᠡᠳᠦ ᠬᠡᠮᠵᠢᠶ᠎ᠠ ᠪᠠᠷ ᠠᠩᠬᠠᠷᠴᠦ ᠪᠠᠶᠢᠯ᠎ᠠ᠃ ᠳ᠋ᠤᠸᠠᠨ ᡁᠢ ᠴᠢᠶᠠᠩ᠂ ︽ᠨᠢᠬᠡ ᠨᠠᠭᠠᠳᠤᠮ ᠨᠢᠬᠡ ᠨᠠᠶᠢᠷ︾ ᠪᠤᠯ ᠮᠠᠨ ᠬᠤᠳᠠ ᠪᠤᠯᠤᠨ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠲᠤᠮᠳᠠᠬᠢ ᠲᠤᠮᠤ ᠠᠰᠠᠭᠤᠳᠠᠯ ᠲᠤᠯᠠ ᠡᠷᠭᠡᠪᠰᠢ ᠪᠦᠬᠦ ᠬᠦᠴᠦᠨ ᠢᠶᠠᠷ ᠰᠠᠶᠢᠳᠤᠷ ᠡᠷᠬᠢᠯᠡᠵᠦ᠂ ᠪᠠᠭᠠᠷᠢᠨ ᠪᠠᠷᠠᠭᠤᠨ ᠬᠤᠰᠢᠭᠤ ᠪᠠ ᠤᠯᠠᠭᠠᠨᠬᠠᠳᠠ ᠬᠤᠳᠠ ᠶᠢᠨ ᠰᠠᠶᠢᠨ ᠰᠠᠶᠢᠬᠠᠨ ᠲᠦᠷᠢ ᠲᠦᠷᠬᠦ ᠶᠢ ᠬᠦᠢᠴᠡᠳ ᠬᠠᠷᠠᠭᠤᠯᠬᠤ ᠬᠡᠷᠡᠭᠳᠠᠢ ᠭᠡᠵᠦ ᠱᠠᠭᠠᠷᠳᠠᠵᠠᠢ᠃         ᠬᠤᠳᠠ ᠶᠢᠨ ᠤᠳᠤᠷᠢᠳᠤᠯᠭ᠎ᠠ ᠶᠠᠩ ᠶᠤᠸᠠᠨ ᠰᠢᠨ᠂ ᠸᠠᠩ ᠢᠤᠢ ᠱᠦ᠂ ᠵᠸᠦ ᠶᠢᠨ ᠵᠤᠸᠠᠩ᠂ ᠯᠢ ᠽᠢ ᠰᠢᠤᠸᠠᠢ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠬᠡᠴᠡ ᠪᠠ ᠬᠤᠰᠢᠭᠤ ᠰᠢᠶᠠᠨ ᠤ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠤᠯᠴᠠᠵᠠᠢ᠃
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ ​
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号