ᠤᠨᠢᠨ ᠳᠡᠭᠡᠷ᠎ᠡ ᠶᠠᠳᠠᠭᠤ ᠶᠢ ᠲᠡᠳᠬᠦᠬᠦ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠶᠠᠳᠠᠭᠤ ᠡᠴᠠᠠᠩᠬᠢᠵᠢᠷᠠᠭᠤᠯᠤᠨ ᠪᠤᠭᠤᠮᠳᠠ ᠰᠢᠪᠲᠤᠯᠬᠤ ᠶᠢ ᠤᠯᠠᠮ ᠴᠢᠨᠠᠭᠰᠢᠲᠠ ᠰᠠᠶᠢᠲᠤᠷ ᠬᠢᠬᠦ ᠶᠢᠨ ᠲᠦᠯᠦᠭᠡ᠂ | ᠯᠢᠨᠰᠢ ᠰᠢᠶᠠᠨ ᠤ ᠳ᠋ᠠ ᠶᠢᠩᠽᠢ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠢᠳᠡᠪᠬᠢᠲᠡᠢ | ᠵᠤᠬᠢᠴᠠᠯᠳᠤᠭᠤᠯᠤᠭᠰᠠᠨ ᠢᠶᠠᠷ᠂ ᠤᠢᠢᠷ᠎ᠠ ᠳᠤ ᠯᠢᠨᠰᠢ ᠰᠢᠶᠠᠨ ᠤ ᠡᠮᠨᠡᠯᠭᠡ ᠶᠢᠨ ᠬᠤᠷᠢᠶᠠᠨ ᠤ ᠡᠮᠴᠢ ᠠᠵᠢᠯᠲᠠᠨ ᠨᠡᠶᠢᠲᠡ | 11 ᠬᠦᠮᠦᠨ ᠶᠠᠳᠠᠭᠤ ᠶᠢ ᠲᠡᠳᠬᠦᠬᠦ ᠴᠡᠭ ᠪᠤᠯᠬᠤ ᠳ᠋ᠦᠩ ᠱᠧᠩ ᠲᠤᠰᠬᠤᠨ ᠳᠤ ᠭᠦᠨᠵᠡᠭᠡᠶᠢᠷᠡᠨ ᠶᠠᠳᠠᠭᠤ ᠶᠢ | ᠲᠡᠳᠬᠦᠬᠦ ᠠᠯᠪᠠᠨ ᠵᠢᠷᠤᠮ ᠤᠨ ᠡᠮᠴᠢᠯᠡᠭᠡ ᠬᠢᠵᠡᠢ᠃ | ︽ᠨᠠᠰᠤ ᠶᠠᠪᠤᠭᠰᠠᠨ ᠪᠤᠯᠬᠤᠷ ᠰᠢᠶᠠᠨ ᠳᠤ ᠤᠷᠤᠵᠤ ᠡᠪᠡᠳᠴᠢᠨ ᠦᠵᠡᠭᠦᠯᠬᠦ ᠳᠤ ᠮᠠᠰᠢ ᠲᠦᠪᠡᠭᠳᠠᠢ ᠪᠤᠯᠵᠠᠢ | ᠃ᠦᠨᠦᠳᠦᠷ ᠰᠢᠶᠠᠨ ᠤ ᠡᠮᠨᠡᠯᠭᠡ ᠶᠢᠨ ᠬᠤᠷᠢᠶ᠎ᠠ ᠲᠤᠰᠬᠤᠨ ᠳᠤ ᠦᠨ᠎ᠡ ᠲᠦᠯᠪᠣᠷᠢ ᠦᠭᠡᠢ ᠪᠠᠷ ᠡᠮᠴᠢᠯᠡᠬᠦ ᠪᠠᠷ | ᠢᠷᠡᠭᠰᠡᠨ ᠨᠢ ᠪᠢᠳᠡᠨ ᠳᠤ ᠮᠠᠰᠢ ᠬᠤᠪᠤᠷ ᠲᠤᠬᠢᠶᠠᠯ ᠤᠯᠭᠤᠵᠠᠢ᠃ ᠡᠪᠡᠳᠴᠢᠨ ᠦᠵᠡᠭᠦᠯᠬᠦ᠂ ᠡᠮ ᠠᠪᠬᠤ ᠴᠦᠮ | ᠰᠦᠢᠳᠭᠡᠯ ᠬᠤᠷᠢᠶᠠᠬᠤ ᠦᠭᠡᠢ᠂ ᠪᠢᠳᠡᠨ ᠳᠤ ᠮᠠᠰᠢ ᠶᠡᠭᠡ ᠬᠠᠷᠠᠭᠠᠯᠵᠠᠯ ᠦᠵᠡᠭᠦᠯᠦᠭᠰᠡᠨ ᠰᠢᠦ︾ ᠭᠡᠵᠦ | ᠲᠤᠰᠬᠤᠨ ᠤ ᠠᠷᠠᠳ ᠵᠠᠩ ᠭᠦᠢ ᠯᠠᠨ ᠰᠤᠷᠪᠤᠯᠵᠢᠯᠠᠭᠴᠢ ᠳᠤ ᠪᠠᠶᠠᠷᠳᠠᠶᠢᠬᠠᠨ ᠶᠠᠷᠢᠨ᠎ᠠ᠃ | ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠨᠢ ᠳᠤᠲᠤᠷ ᠡᠮᠨᠡᠯᠭᠡ᠂ ᠶᠠᠰᠤᠨ ᠤ ᠡᠮᠨᠡᠯᠭᠡ᠂ | ᠡᠮᠡᠭᠲᠡᠢ ᠵᠢᠨᠡᠮᠨᠡᠯᠭᠡ ᠵᠡᠷᠭᠡ ᠪᠠᠷ ᠭᠤᠤᠯᠳᠠᠭᠤᠯᠵᠥ᠂ ᠤᠳᠤᠬᠢ ᠬᠦᠳᠡᠭᠡ ᠲᠤᠰᠬᠤᠨ ᠤ ᠪᠠᠶᠢᠩᠭᠤ ᠲᠤᠬᠢᠶᠠᠯᠳᠤᠳᠠᠭ | ᠡᠪᠡᠳᠴᠢᠨ᠂ ᠵᠢᠱᠢᠶᠡᠯᠡᠪᠡᠯ ᠴᠢᠰᠤᠨ ᠳᠠᠷᠤᠯᠲᠠ ᠦᠨᠳᠦᠷ᠂ ᠲᠠᠷᠢᠬᠢ ᠴᠢᠰᠤᠨ ᠰᠤᠳᠠᠯ ᠤᠨ ᠡᠪᠡᠳᠴᠢᠨ᠂ ᠵᠢᠷᠦᠬᠡᠨ | ᠡᠪᠡᠳᠴᠢᠨ᠂ ᠦᠶ᠎ᠡ ᠭᠡᠰᠢᠭᠦᠦ ᠡᠪᠡᠳᠬᠦ ᠵᠡᠷᠭᠡ ᠡᠪᠡᠳᠴᠢᠨ ᠳᠤ ᠴᠢᠭᠯᠡᠭᠦᠯᠦᠨ B ᠬᠡᠳᠦ ᠳᠤᠯᠬᠢᠶᠠᠨ᠂ ᠵᠢᠷᠦᠬᠡᠨ ᠤ | ᠯᠤᠭᠰᠢᠯᠲᠠ ᠶᠢᠨ ᠵᠢᠷᠤᠭ ᠪᠠ ᠪᠡᠶ᠎ᠡ ᠶᠢᠨ ᠪᠠᠶᠢᠴᠠᠭᠠᠯᠲᠠ ᠵᠡᠷᠭᠡ ᠶᠢ ᠬᠢᠵᠥ ᠦᠭᠴᠡᠢ᠃ ᠲᠤᠰᠬᠠᠢ ᠮᠡᠷᠭᠡᠵᠢᠯᠲᠡᠳ ᠠᠴᠠ | ᠲᠤᠰᠬᠤᠨ ᠤ ᠠᠷᠠᠳ ᠤᠨ ᠡᠪᠡᠳᠴᠢᠨ ᠤ ᠲᠡᠦᠬᠡ ᠶᠢ ᠯᠠᠪᠯᠠᠨ ᠠᠰᠠᠭᠤᠵᠤ᠂ ᠡᠪᠡᠳᠴᠢᠨ ᠤ ᠪᠠᠶᠢᠳᠠᠯ ᠢ ᠨᠢᠮᠪᠠᠢ | ᠤᠢᠢᠯᠠᠭᠠᠨ᠂ ᠤᠨᠤᠰᠢᠯᠠᠨ ᠡᠮᠨᠡᠬᠦ ᠲᠦᠰᠦᠯ ᠲᠤᠭᠲᠠᠭᠠᠬᠤ ᠶᠢᠨ ᠬᠠᠮᠲᠤ᠂ ᠲᠤᠰᠬᠤᠨ ᠤ ᠠᠷᠠᠳ ᠤᠨ ᠠᠰᠠᠭᠤᠨ | ᠯᠠᠪᠯᠠᠭᠰᠠᠨ ᠡᠷᠡᠭᠦᠯ ᠮᠡᠨᠳᠦ ᠶᠢᠨ ᠠᠰᠠᠭᠤᠳᠠᠯ ᠤᠨ ᠲᠤᠬᠠᠢ ᠨᠢᠮᠪᠠᠢ ᠲᠠᠶᠢᠯᠪᠤᠷᠢᠯᠠᠨ ᠦᠭᠴᠦ᠂ ᠲᠤᠰᠬᠤᠨ ᠤ | ᠠᠷᠠᠳ ᠤᠨ ᠡᠳᠦᠷ ᠳᠤᠲᠤᠮ ᠤᠨ ᠡᠷᠡᠭᠦᠯᠵᠢᠯ᠂ ᠪᠠᠶᠢᠩᠭᠤ ᠲᠤᠬᠢᠶᠠᠯᠳᠤᠳᠠᠭ ᠡᠪᠡᠳᠴᠢᠨ᠂ ᠤᠯᠠᠨᠲᠠ ᠡᠭᠦᠰᠬᠦ | ᠡᠪᠡᠳᠴᠢᠨ ᠵᠡᠷᠭᠡ ᠲᠠᠯ᠎ᠠ ᠪᠠᠷ ᠲᠤᠬᠠᠢ ᠵᠢᠯᠤᠭᠤᠳᠤᠮᠵᠢ ᠬᠢᠵᠦ᠂ ᠲᠡᠳᠡᠨᠠᠷ ᠲᠤ ᠡᠷᠡᠭᠦᠯ ᠮᠡᠨᠳᠦ ᠡᠷᠡᠭᠦᠯᠵᠢᠯ ᠤᠨ | ᠦᠨᠳᠣᠰᠣᠨ ᠮᠡᠳᠡᠯᠭᠡ ᠮᠡᠳᠡᠴᠡ ᠶᠢ ᠤᠯᠭᠤᠵᠠᠢ᠃ ᠠᠵᠢᠯᠯᠠᠭᠠᠨ ᠤ ᠲᠤᠬᠠᠢ ᠶᠢᠨ ᠡᠳᠦᠷ ᠨᠡᠶᠢᠲᠡ 130 ᠭᠠᠷᠤᠢ | ᠬᠦᠮᠦᠨ ︵ᠤᠳᠠᠭ᠎ᠠ︶ ᠳᠤ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠨᠡᠶᠢᠲᠡ 6000 ᠭᠠᠷᠤᠢ ᠲᠦᠭᠦᠷᠢᠭ ᠤᠨ | ᠦᠷᠲᠡᠭ ᠪᠦᠬᠦᠢ ᠡᠯ᠎ᠡ ᠲᠦᠷᠦᠯ ᠤᠨ ᠡᠮ ᠲᠠᠷᠬᠠᠭᠠᠵᠠᠢ᠃ |