ᠳ᠋ᠤᠸᠠᠨ ᡁᠢ ᠴᠢᠶᠠᠩ ᠬᠡᠰᠢᠭᠲᠡᠨ ᠬᠤᠰᠢᠭᠤ ᠯᠢᠨᠰᠢ ᠰᠢᠶᠠᠨ ᠤᠩᠨᠢᠭᠤᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠵᠤ ᠦᠢᠯᠡᠳᠪᠦᠷᠢ ᠶᠢᠨ ᠠᠵᠤ ᠠᠬᠤᠢ ᠶᠢ ᠦᠷᠬᠦᠯᠵᠢᠯᠡᠨ ᠪᠤᠵᠠᠭᠠᠶᠢᠷᠠᠭᠤᠯᠵᠤ ᠤᠯᠠᠭᠠᠨᠬᠠᠲᠠ ᠶᠢᠨ ᠲᠠᠪᠠᠯᠲᠠ ᠬᠦᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ
ᠨᠡᠶᠢᠲᠡᠯᠡᠭᠰᠡᠨ ᠴᠠᠭ᠄
2018-01-10
       12 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠳᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠬᠡᠰᠢᠭᠲᠡᠨ ᠬᠤᠰᠢᠭᠤ᠂ ᠯᠢᠨᠰᠢ ᠰᠢᠶᠠᠨ᠂ ᠤᠡᠭᠨᠢᠭᠤᠳ ᠬᠤᠰᠢᠭᠤᠨ ᠳᠤ ᠬᠦᠷᠴᠦ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠠᠷ ᠭᠠᠷᠳᠠᠴᠠ ᠪᠤᠯᠭᠠᠬᠤ ᠶᠢ ᠪᠠᠷᠢᠮᠳᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢ ᠦᠷᠬᠦᠯᠵᠢᠯᠡᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠭᠡᠨ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠵᠤ᠂ ᠤᠯᠠᠭᠠᠨᠬᠠᠲᠠ ᠶᠢᠨ ᠲᠠᠪᠠᠯᠲᠠ ᠬᠦᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠳ᠋ᠤᠸᠠᠨ ᡁᠢ ᠴᠢᠶᠠᠩ ᠨᠠᠷ ᠳ᠋ᠠ ᠲᠠᠩ ᠤᠯᠠᠨ ᠤᠯᠤᠰ ᠤᠨ ᠬᠡᠰᠢᠭᠲᠡᠨ ᠬᠤᠰᠢᠭᠤᠨ ᠳᠠᠬᠢ ᠨᠡᠬᠦᠷᠡᠰᠦ ᠪᠠᠷ ᠰᠢᠳᠠᠮᠠᠬᠠᠢ ᠬᠡᠢ ᠬᠢᠬᠦ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠦᠪᠦᠷ ᠮᠤᠩᠭᠤᠯ ᠤᠨ ᠰᠢᠩ ᠠᠨ ᠮᠦᠡᠭᠭᠦ ᠲᠤᠭᠤᠯᠭ᠎ᠠ ᠪᠤᠯᠪᠠᠰᠤᠷᠠᠭᠤᠯᠬᠤ ᠬᠢᠵᠠᠭᠠᠷᠲᠤ ᠺᠤᠮᠫᠠᠨᠢ᠂ ᠯᠢᠨᠰᠢ ᠰᠢᠶᠠᠨ ᠳᠠᠬᠢ ᠤᠯᠠᠭᠠᠨᠬᠠᠲᠠ ᠶᠢᠨ ᠹᠦ᠋ ᠪᠠᠩ ᠬᠦᠷᠡᠯ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠲᠢᠶᠠᠨ ᠢ ᠠᠭᠤᠷᠬᠠᠢ ᠶᠢᠨ ᠬᠢᠵᠠᠭᠠᠷᠲᠤ ᠺᠤᠮᠫᠠᠨᠢ᠂ ᠤᠯᠠᠭᠠᠨᠬᠠᠲᠠ ᠶᠢᠨ ᠳ᠋ᠠ ᠵᠢᠩᠽᠢ ᠴᠠᠭᠠᠨ ᠲᠤᠭᠤᠯᠭ᠎ᠠ ᠶᠢᠨ ᠦᠢᠯᠡᠰ ᠤᠨ ᠬᠢᠵᠠᠭᠠᠷᠲᠤ ᠺᠤᠮᠫᠠᠨᠢ᠂ ᠤᠯᠠᠭᠠᠨᠬᠠᠲᠠ ᠶᠢᠨ ᠳ᠋ᠠ ᠵᠢᠩᠽᠢ ᠠᠭᠤᠷᠬᠠᠢ ᠶᠢᠨ ᠬᠢᠵᠠᠭᠠᠷᠲᠤ ᠺᠤᠮᠫᠠᠨᠢ᠂ ᠤᠯᠠᠭᠠᠨᠬᠠᠲᠠ ᠶᠢᠨ ᠳ᠋ᠦᠩ ᠳ᠋ᠧ ᠢᠮᠠᠭᠠᠨ ᠨᠤᠯᠤᠤᠷ ᠤᠨ ᠪᠦᠳᠦᠭᠡᠭᠳᠡᠬᠦᠨ ᠤ ᠬᠢᠵᠠᠭᠠᠷᠲᠤ ᠺᠤᠮᠫᠠᠨᠢ ᠳᠤ ᠬᠦᠨᠵᠡᠭᠡᠶᠢᠷᠡᠨ᠂ ᠠᠵᠤ ᠠᠬᠤᠶᠢᠯᠠᠯ ᠤᠨ ᠲᠦᠬᠦᠬᠡᠢ ᠮᠠᠲ᠋ᠧᠷᠢᠶᠠᠯ ᠬᠤᠳᠠᠯᠳᠤᠨ ᠠᠪᠬᠤ᠂ ᠪᠦᠳᠦᠭᠡᠭᠳᠡᠬᠦᠨ ᠤ ᠪᠤᠷᠤᠯᠠᠭᠤᠯᠭ᠎ᠠ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠶᠠᠪᠤᠴᠠ᠂ ᠠᠵᠤ ᠠᠬᠤᠶᠢᠯᠠᠯ ᠤᠨ ᠦᠷ᠎ᠡ ᠠᠰᠢᠭ ᠵᠡᠷᠭᠡ ᠦᠨᠳᠦᠰᠦᠨ ᠪᠠᠶᠢᠳᠠᠯ ᠢ ᠨᠠᠷᠢᠯᠢᠭ ᠤᠶᠢᠯᠠᠭᠠᠵᠤ᠂ ᠦᠢᠯᠡᠳᠪᠦᠷᠢᠯᠡᠯ ᠡᠵᠡᠩᠨᠡᠯᠲᠡ ᠳᠤ ᠤᠷᠤᠰᠢᠵᠤ ᠪᠦᠬᠦᠢ ᠬᠦᠴᠢᠷᠲᠡᠯ ᠪᠠ ᠠᠰᠠᠭᠤᠳᠠᠯ ᠢ ᠨᠠᠷᠢᠯᠢᠭ ᠠᠰᠠᠭᠤᠭᠰᠠᠨ ᠪᠠᠶᠢᠨ᠎ᠠ᠃          ᠳ᠋ᠤᠸᠠᠨ ᡁᠢ ᠴᠢᠶᠠᠩ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠡᠷᠬᠡᠪᠰᠢ ᠲᠦᠪ᠂ ᠦᠪᠡᠷᠲᠡᠭᠡᠨ ᠵᠠᠰᠠᠬᠤ ᠤᠷᠤᠨ ᠪᠤᠯᠤᠨ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠲᠤᠮᠳᠠᠬᠢ ᠬᠦᠴᠢᠷᠲᠡᠯ ᠪᠤᠯᠤᠨ ᠠᠰᠠᠭᠤᠳᠠᠯ ᠢ ᠰᠶᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭᠳᠠᠭᠤᠨ ᠡᠷᠡᠬᠦᠯ ᠨᠡᠮᠡᠭᠲᠡᠯ ᠢ ᠠᠬᠢᠭᠤᠯᠵᠤ᠂ ᠡᠯ᠎ᠡ ᠵᠦᠢᠯ ᠤᠨ ᠬᠠᠷᠠᠯᠲᠠ ᠡᠬᠦᠷᠭᠡ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠮᠡᠷᠭᠡᠵᠢᠯ ᠤᠷᠤᠭᠤᠯᠤᠨ ᠲᠦᠭᠡᠮᠡᠯᠵᠢᠬᠦᠯᠬᠦ ᠶᠢ ᠢᠳᠡᠪᠬᠢᠲᠡᠢ ᠲᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ᠂ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠪᠠ ᠵᠠᠬ᠎ᠠ ᠲᠡᠯᠭᠡᠬᠦᠷ ᠢ ᠡᠵᠡᠮᠰᠢᠬᠦ ᠨᠤᠷᠮ᠎ᠠ ᠶᠢ ᠲᠡᠭᠡᠭᠰᠢᠯᠡᠬᠦᠯᠵᠦ᠂ ᠠᠵᠤ ᠠᠬᠤᠶᠢᠯᠠᠯ ᠤᠨ ᠬᠦᠭᠵᠢᠨ ᠪᠤᠵᠠᠭᠠᠶᠢᠷᠠᠬᠤ ᠳᠤ ᠲᠤᠰᠠᠯᠠᠵᠤ᠂ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ᠃ ︽ᠭᠠᠵᠠᠷ ᠠᠯᠤᠰᠯᠠᠭᠰᠠᠨ ᠠᠵᠤ ᠠᠬᠤᠢ︾ ᠶᠢᠨ ᠲᠦᠷᠦ ᠶᠢᠨ ᠪᠤᠳᠤᠯᠭ᠎ᠠ ᠳᠤ ᠲᠦᠰᠢᠭᠯᠡᠵᠦ᠂ ᠠᠷᠠᠯᠵᠢᠶᠠᠴᠢᠨ ᠤᠷᠢᠵᠤ ᠪᠡᠯᠡ ᠲᠠᠳᠠᠬᠤ ︽ᠡᠪᠦᠯ ᠤᠨ ᠤᠯᠠᠷᠢᠯ ᠤᠨ ᠠᠵᠢᠯᠯᠠᠭᠠᠨ︾ ᠢ ᠯᠠᠪᠳᠠᠭᠤᠨ ᠪᠠᠳᠤᠲᠠᠢ ᠠᠬᠢᠭᠤᠯᠵᠤ᠂ ᠰᠠᠶᠢᠨ ᠲᠤᠮᠤ ᠲᠦᠷᠦᠯ ᠵᠦᠢᠯ ᠢ ᠲᠦᠯᠦᠪᠵᠢᠬᠦᠯᠦᠨ ᠲᠠᠳᠠᠨ ᠤᠷᠤᠭᠤᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠬᠦᠯᠬᠦ ᠳᠤ ᠪᠠᠳᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠨ ᠭᠠᠷᠭᠠᠪᠠ᠃       ᠳ᠋ᠤᠸᠠᠨ ᡁᠢ ᠴᠢᠶᠠᠩ᠂ ᠠᠭᠠᠷ ᠤᠨ ᠪᠤᠬᠢᠷᠳᠤᠯ ᠪᠠ ᠤᠰᠤᠨ ᠤ ᠪᠤᠬᠢᠷᠲᠤᠯ ᠢ ᠵᠠᠰᠠᠬᠤ ᠶᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠤᠷᠤᠨ ᠬᠡᠴᠡ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠨ ᠲᠠᠶᠠᠭᠳᠠᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠷᠴᠢᠨ ᠲᠤᠭᠤᠷᠢᠨ ᠤ ᠬᠠᠮᠠᠭᠠᠯᠠᠯᠲᠠ ᠪᠠ ᠬᠦᠭᠵᠢᠯᠲᠡ ᠶᠢᠨ ᠬᠤᠤᠰ ᠦᠷ᠎ᠡ ᠠᠰᠢᠭ ᠢ ᠪᠡᠶᠡᠯᠡᠬᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠲᠡᠬᠦᠯᠲᠡᠷᠵᠢᠬᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠬᠦᠯᠵᠢᠯᠡᠨ ᠬᠦᠨᠵᠡᠭᠡᠢ ᠦᠷᠨᠢᠬᠦᠯᠵᠦ᠂ ᠭᠤᠤᠯᠳᠠᠯᠭ᠎ᠠ ᠲᠠᠢ ᠠᠵᠢᠯ ᠲᠦᠷᠦᠯ ᠢ ᠠᠩᠬᠠᠷᠴᠤ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃         ᠳ᠋ᠤᠸᠠᠨ ᡁᠢ ᠴᠢᠶᠠᠩ ᠬᠤᠢ ᠰᠠᠯᠬᠢᠨ ᠤ ᠭᠠᠮᠰᠢᠭ ᠲᠤ ᠲᠠᠭᠠᠷᠢᠭᠳᠠᠭᠰᠠᠨ ᠤᠷᠤᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠮᠠᠰᠢᠲᠠ ᠬᠠᠯᠠᠮᠵᠢᠯᠠᠵᠤ᠂ ᠪᠠᠶᠢᠴᠠᠭᠠᠨ ᠰᠤᠳᠤᠯᠬᠤ ᠬᠤᠭᠤᠴᠠᠭᠠᠨ ᠳᠤ ᠲᠤᠰᠬᠠᠶᠢᠯᠠᠨ ᠬᠡᠰᠢᠭᠲᠡᠨ ᠬᠤᠰᠢᠭᠤᠨ ᠤ ᠲᠦ᠋ ᠴᠧᠩᠽᠢ ᠪᠠᠯᠭᠠᠰᠤᠨ ᠤ ᠡᠤ ᠲᠠᠢ ᠱᠠᠨ ᠲᠤᠰᠬᠤᠨ ᠪᠠ ᠮᠠᠭᠤ ᠱᠠᠩᠳᠠ ᠰᠢᠶᠠᠩ ᠤᠨ ᠱᠤᠤ ᠭᠦᠸᠧ ᠲᠤᠰᠬᠤᠨ ᠳᠤ ᠬᠦᠷᠴᠦ ᠭᠠᠮᠰᠢᠭᠳᠠᠭᠰᠠᠨ ᠤᠯᠠᠨ ᠲᠦᠮᠡᠨ ᠢ ᠪᠤᠯᠭᠤᠭᠠᠨ ᠲᠤᠬᠤᠨᠢᠭᠤᠯᠪᠠ ᠃ ᠲᠡᠲᠡᠨ ᠤ ᠠᠭᠤᠵᠢᠮ ᠰᠠᠷᠠᠭᠤᠯ ᠰᠢᠨ᠎ᠡ ᠰᠠᠭᠤᠴᠠ ᠳᠤ ᠨᠡᠬᠦᠵᠦ ᠤᠷᠤᠭᠰᠠᠨ ᠢ ᠬᠠᠷᠠᠭᠠᠳ ᠳ᠋ᠤᠸᠠᠨ ᡁᠢ ᠴᠢᠶᠠᠩ ᠶᠡᠬᠡᠪᠡᠷ ᠪᠠᠶᠠᠷᠯᠠᠵᠠᠢ᠃ ᠲᠡᠷᠡ᠂ ᠭᠠᠮᠰᠢᠭᠳᠠᠭᠰᠠᠨ ᠤᠷᠤᠨ ᠤ ᠤᠯᠠᠨ ᠲᠦᠮᠡᠨ ᠪᠦᠬᠦᠳᠡᠭᠡᠷ ᠢᠶᠠᠨ ᠡᠶᠢᠮᠤ ᠲᠦᠷᠭᠡᠨ ᠰᠢᠨ᠎ᠡ ᠰᠠᠭᠤᠴᠠ ᠳᠤ ᠤᠷᠤᠭᠰᠠᠨ ᠨᠢ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠬᠡᠰᠢᠬᠦᠳ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠱᠠᠳᠤᠨ ᠤ ᠺᠠᠳ᠋ᠷ ᠤᠯᠠᠨ ᠲᠦᠮᠡᠨ ᠪᠤᠭᠤᠮᠲᠠ ᠰᠢᠪᠳᠤᠯᠤᠨ ᠬᠦᠴᠢᠷ ᠢ ᠲᠤᠭᠤᠯᠵᠤ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠦᠨ᠃ ᠤᠯᠠᠨ ᠢᠶᠠᠷ ᠢᠶᠠᠨ ᠨᠠᠮ ᠤᠨ ᠲᠦᠷᠦ ᠶᠢᠨ ᠪᠤᠳᠤᠯᠭ᠎ᠠ ᠶᠢᠨ ᠠᠴᠢ ᠲᠤᠰᠠ᠂ ᠨᠡᠶᠢᠭᠡᠮ ᠵᠢᠷᠤᠮ ᠤᠨ ᠲᠦᠷᠢᠮ ᠤᠨ ᠲᠠᠪᠠᠭᠤᠯᠢᠭ ᠴᠢᠨᠠᠷ ᠲᠤ ᠲᠠᠯᠠᠷᠬᠠᠵᠤ᠂ ᠭᠠᠮᠰᠢᠭᠳᠠᠭᠰᠠᠨ ᠤᠷᠤᠨ ᠢ ᠲᠠᠬᠢᠨ ᠪᠦᠳᠦᠭᠡᠨ ᠪᠠᠶᠢᠭᠤᠯᠬᠤ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠰᠠᠶᠢᠲᠤᠷ ᠬᠢᠵᠦ᠂ ᠦᠵᠡᠰᠭᠦᠯᠡᠩᠲᠦ ᠰᠠᠶᠢᠬᠠᠨ ᠪᠠᠶᠠᠨ ᠴᠢᠨᠡᠭᠡᠯᠢᠭ ᠰᠢᠨ᠎ᠡ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠨ ᠭᠠᠷᠭᠠᠪᠠ᠃         ᠬᠤᠲᠠ ᠶᠢᠨ ᠤᠳᠤᠷᠢᠳᠤᠯᠭ᠎ᠠ ᠸᠠᠩ ᠢᠦᠢ ᠱᠦ᠂ ᠬᠤᠸᠠᠩ ᠭᠦᠸᠧ ᠸᠧᠨ ᠪᠠᠶᠢᠴᠠᠭᠠᠨ ᠰᠤᠳᠤᠯᠤᠯᠲᠠ ᠳᠤ ᠪᠠᠷ᠎ᠠ ᠪᠤᠯᠤᠯᠴᠠᠪᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号