ᠱᠠᠭᠡᠷᠳᠦ ᠰᠢᠶᠠᠩ ᠤᠨ ᠳᠤᠰᠬᠤᠨ ᠳᠤ ᠰᠠᠭᠤᠭ᠎ᠠ ᠺᠠᠳ᠋ᠷ ᠤᠬᠠᠭᠤᠯᠤᠨ ᠳᠠᠶᠢᠯᠪᠤᠷᠢᠯᠠᠬᠤ ᠪᠠ ᠬᠠᠪᠰᠤᠷᠤᠨ   ᠳᠡᠳᠬᠦᠬᠦ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2018-01-12
        ᠤᠳᠤᠬᠠᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ   ᠤᠬᠠᠭᠤᠯᠵᠤ ᠳᠤᠤᠱᠯᠠᠭᠤᠯᠬᠤ ᠪᠠ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠪᠤᠯ ᠯᠢᠨᠰᠢ   ᠰᠢᠶᠠᠨ ᠤ ᠱᠡᠭᠡᠷᠳᠦ ᠰᠢᠶᠠᠩ ᠤᠨ ᠳᠠᠷᠢᠭᠦᠨ ᠴᠢᠬᠤᠯᠠ ᠠᠵᠢᠯ ᠪᠠ ᠡᠭᠦᠷᠭᠡ ᠪᠤᠯᠤᠭᠰᠠᠨ ᠪᠠᠶᠢᠨ᠎ᠠ᠃ ᠳᠤᠰᠬᠤᠨ ᠳᠤ   ᠰᠠᠭᠤᠭ᠎ᠠ ᠦᠷᠭᠡᠨ ᠤᠯᠠᠨ ᠺᠠᠳ᠋ᠷ ᠬᠠᠪᠰᠤᠷᠤᠨ ᠳᠡᠳᠬᠦᠬᠦ ᠠᠵᠢᠯ ᠤᠨ ᠳᠤᠭᠤᠢᠢᠯᠠᠩ ᠤᠨ ᠬᠡᠰᠢᠭᠦᠳ ᠢᠶᠠᠨ   ᠳᠠᠭᠠᠭᠤᠯᠵᠤ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠳᠠᠭᠠᠤ ᠡᠷᠦᠬᠡ ᠳᠤ   ᠭᠦᠨᠵᠡᠭᠡᠶᠢᠷᠡᠨ ᠤᠯᠠᠨ ᠳᠦᠮᠡᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ   ᠤᠬᠠᠭᠤᠯᠤᠨ ᠳᠠᠶᠢᠯᠪᠤᠷᠢᠯᠠᠵᠠᠢ᠃               ᠱᠡᠭᠡᠷᠳᠦ ᠰᠢᠶᠠᠩ ᠳᠤᠰᠬᠤᠨ ᠳᠤ ᠰᠠᠭᠤᠭ᠎ᠠ ᠬᠠᠪᠰᠤᠷᠤᠨ ᠳᠡᠳᠬᠦᠬᠦ 7 ᠠᠵᠢᠯ ᠤᠨ ᠳᠤᠭᠤᠢᠢᠯᠠᠩ ᠢ   ᠵᠤᠬᠢᠶᠠᠨ ᠪᠠᠶᠢᠭᠤᠯᠵᠤ᠂ ᠡᠷᠦᠬᠡ ᠪᠠᠷ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ   ᠰᠠᠨᠠᠭ᠎ᠠ ᠶᠢ ᠤᠬᠠᠭᠤᠯᠤᠨ ᠳᠠᠶᠢᠯᠪᠤᠷᠢᠯᠠᠬᠤ ᠠᠵᠢᠯᠯᠠᠭᠠᠨ ᠦᠷᠨᠢᠭᠦᠯᠵᠦ᠂ ᠤᠬᠠᠭᠤᠯᠤᠨ ᠳᠠᠶᠢᠯᠪᠤᠷᠢᠯᠠᠬᠤ ᠪᠠ   ᠬᠠᠪᠰᠤᠷᠤᠨ ᠳᠡᠳᠬᠦᠬᠦ ᠪᠠᠷ ᠳᠠᠮᠵᠢᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ   ᠪᠤᠯᠤᠨ ᠠᠷᠠᠳ ᠤᠯᠠᠨ ᠤ ᠬᠠᠯᠠᠮᠵᠢᠯᠠᠵᠤ ᠪᠠᠶᠢᠭ᠎ᠠ ︽ᠬᠦᠳᠡᠭᠡ ᠠᠵᠤ ᠠᠬᠤᠢ᠂ ᠬᠦᠳᠡᠭᠡ ᠳᠤᠰᠬᠤᠨ᠂ ᠳᠠᠷᠢᠶᠠᠴᠢᠨ︾  ᠤ ᠳᠦᠷᠦ ᠶᠢᠨ ᠪᠤᠳᠤᠯᠭ᠎ᠠ ᠶᠢ ᠦᠨᠳᠦᠰᠦᠨ ᠱᠠᠳᠤᠨ ᠳᠤ ᠬᠦᠷᠭᠡᠵᠦ᠂ ᠤᠨᠴᠠᠭᠠᠢᠢᠯᠠᠨ ᠶᠠᠳᠠᠭᠤ ᠬᠦᠴᠢᠷᠳᠡᠢ   ᠡᠷᠦᠬᠡ ᠶᠢᠨ ᠰᠡᠳᠬᠢᠯ ᠵᠢᠷᠦᠬᠡᠨ ᠳᠤᠨᠢ ᠬᠦᠷᠭᠡᠭᠰᠡᠨ ᠪᠠᠶᠢᠨ᠎ᠠ᠃             ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠨ ᠳᠦᠮᠡᠨ ᠳᠤ   ᠤᠯᠠᠮᠵᠢᠯᠠᠬᠤ ᠳᠤ ᠦᠪᠡᠷ ᠢᠶᠠᠨ ᠵᠠᠪᠠᠯ ᠤᠷᠢᠳᠠᠪᠠᠷ ᠰᠤᠷᠤᠯᠴᠠᠨ ᠤᠢᠢᠯᠠᠭᠠᠬᠤ ᠬᠡᠷᠡᠭᠳᠡᠢ︾ ᠭᠡᠵᠦ ᠳᠤᠰᠬᠤᠨ ᠳᠤ   ᠰᠠᠭᠤᠭ᠎ᠠ ᠺᠠᠳ᠋ᠷ ᠬᠡᠯᠡᠵᠡᠢ᠃ ᠳᠤᠰᠬᠤᠨ ᠳᠤ ᠰᠠᠭᠤᠭ᠎ᠠ ᠺᠠᠳ᠋ᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ   ᠮᠡᠳᠡᠭᠦᠯᠦᠯᠳᠡ ᠶᠢ ᠰᠠᠶᠢᠳᠤᠷ ᠰᠤᠷᠤᠯᠴᠠᠬᠤ ᠠᠴᠠ ᠭᠠᠳᠠᠨ᠎ᠠ ᠠᠷᠪᠠ ᠶᠢᠰᠦᠳᠦᠭᠡᠷ ᠶᠡᠭᠡ ᠬᠤᠷᠠᠯ ᠤᠨ   ᠮᠡᠳᠡᠭᠦᠯᠦᠯᠳᠡ ᠶᠢᠨ ᠬᠠᠮᠢᠶ᠎ᠠ ᠪᠦᠬᠦᠢ ᠪᠢᠴᠢᠭ   ᠮᠠᠲ᠋ᠧᠷᠢᠶᠠᠯ ᠢ ᠤᠩᠰᠢᠨ ᠤᠢᠢᠯᠠᠭᠠᠵᠤ᠂ ᠳᠡᠮᠳᠡᠭᠯᠡᠯ ᠬᠢᠬᠦ ᠪᠠ   ᠤᠢᠢᠯᠠᠭᠠᠯᠳᠠ ᠪᠠᠨ ᠪᠢᠴᠢᠬᠦ ᠵᠡᠷᠭᠡ ᠬᠡᠯᠪᠡᠷᠢ ᠪᠠᠷ ᠦᠨᠡᠨᠬᠦ ᠰᠤᠷᠤᠯᠴᠠᠵᠤ ᠨᠡᠪᠳᠡ ᠤᠢᠢᠯᠠᠭᠠᠭᠰᠠᠨ ᠤ ᠳᠠᠷᠠᠭ᠎ᠠ ᠶᠠᠳᠠᠭᠤ   ᠬᠦᠴᠢᠷᠳᠡᠢ ᠡᠷᠦᠬᠡ ᠳᠤ ᠤᠬᠠᠭᠤᠯᠤᠨ ᠳᠠᠶᠢᠯᠪᠤᠷᠢᠯᠡᠨ᠂ ᠶᠠᠳᠠᠭᠤ ᠬᠦᠴᠢᠷᠳᠡᠢ ᠡᠷᠦᠬᠡ ᠶᠢᠨ ᠶᠠᠳᠠᠭᠤ ᠠᠴᠠ   ᠠᠩᠭᠢᠵᠢᠷᠠᠨ ᠪᠠᠶᠠᠵᠢᠬᠤ ᠢᠳᠡᠭᠡᠯ ᠵᠤᠷᠢᠭ ᠢ ᠨᠢ ᠬᠦᠪᠴᠢᠯᠡᠵᠡᠢ᠃               ᠳᠤᠰᠬᠤᠨ ᠳᠤ ᠰᠠᠭᠤᠭ᠎ᠠ ᠦᠷᠭᠡᠨ ᠤᠯᠠᠨ ᠺᠠᠳ᠋ᠷ ᠤᠬᠠᠮᠰᠠᠷ ᠠᠴᠠ ᠪᠠᠨ ᠰᠤᠷᠤᠯᠴᠠᠵᠤ᠂   ᠬᠠᠷᠢᠭᠤᠴᠠᠯᠭ᠎ᠠ ᠲᠠᠢ ᠰᠤᠷᠤᠯᠴᠠᠨ᠂ ᠴᠢᠷᠮᠠᠶᠢᠨ ᠰᠤᠷᠴᠤ ᠰᠤᠳᠤᠯᠵᠤ᠂ ᠰᠤᠷᠤᠯᠴᠠᠯᠭ᠎ᠠ ᠶᠢᠨ ᠳᠤᠮᠳᠠ ᠳᠠᠨᠢᠯᠳᠠ ᠪᠠᠨ   ᠳᠠᠰᠤᠷᠠᠯᠳᠠ ᠦᠭᠡᠢ ᠳᠡᠭᠡᠭᠰᠢᠯᠡᠭᠦᠯᠦᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ   ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠦᠯᠵᠢᠭᠦᠯᠵᠦ᠂ ᠳᠠᠬᠢᠨ ᠨᠠᠮ ᠤᠨ ᠠᠷᠪᠠ   ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ   ᠠᠵᠢᠯ ᠤᠨ ᠳᠤᠮᠳᠠ ᠠᠭᠤᠰᠤᠯᠴᠠᠭᠤᠯᠵᠠᠢ᠃ ᠱᠡᠭᠡᠷᠳᠦ ᠳᠤᠰᠬᠤᠨ ᠤ ᠨᠢᠭᠡᠳᠦᠭᠡᠷ ᠱᠦᠵᠢ ᠳᠤᠰᠬᠤᠨ ᠤ ᠪᠠᠨ   ᠭᠡᠷ ᠲᠡᠭᠡᠨ ᠪᠠᠶᠢᠭ᠎ᠠ ᠨᠡᠮ ᠤᠨ ᠬᠡᠰᠢᠭᠦᠨ ᠢ ᠳᠦᠪᠯᠡᠷᠡᠭᠦᠯᠦᠨ 3 ᠤᠳᠠᠭ᠎ᠠ ᠰᠤᠷᠤᠯᠴᠠᠭᠤᠯᠵᠠᠢ᠃ ︽ᠳᠦᠪᠯᠡᠷᠡᠭᠦᠯᠦᠨ   ᠰᠤᠷᠤᠯᠴᠠᠭᠤᠯᠬᠤ ᠶᠠᠪᠤᠴᠠ ᠳᠤᠮᠳᠠ ᠮᠡᠳᠡᠭᠦᠯᠦᠯᠳᠡ ᠳᠤ ᠳᠤᠷᠠᠳᠤᠭᠰᠠᠨ ᠳᠠᠷᠢᠶᠠᠴᠢᠨ ᠳᠤ ᠠᠰᠢᠭ ᠬᠦᠷᠳᠡᠭᠡᠵᠦ   ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ ᠰᠢᠨ᠎ᠡ ᠰᠡᠳᠬᠢᠮᠵᠢ᠂ ᠰᠢᠨ᠎ᠡ ᠠᠷᠭ᠎ᠠ ᠬᠡᠮᠵᠢᠶ᠎ᠡ ᠶᠢᠨ ᠳᠤᠬᠠᠢ   ᠨᠠᠮ ᠤᠨ ᠬᠡᠰᠢᠭᠦᠳ ᠦᠪᠡᠷ ᠦᠪᠡᠷ ᠤᠨ ᠳᠠᠨᠢᠯᠳᠠ ᠪᠠᠨ ᠶᠠᠷᠢᠵᠤ᠂ ᠳᠠᠷᠠᠭᠠᠴᠢ ᠶᠢᠨ ᠠᠯᠬᠤᠮ ᠳᠤ ᠠᠷᠪᠠ   ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠ ᠶᠠᠳᠠᠭᠤ ᠠᠴᠠ ᠠᠩᠭᠢᠵᠢᠷᠠᠭᠤᠯᠤᠨ   ᠪᠤᠭᠤᠮᠳᠠ ᠰᠢᠪᠳᠤᠯᠬᠤ ᠠᠵᠢᠯ ᠤᠨ ᠬᠠᠷᠠᠯᠳᠠ ᠶᠢ ᠪᠡᠶᠡᠯᠡᠭᠦᠯᠬᠦ ᠳᠤ ᠮᠠᠰᠢ ᠰᠠᠶᠢᠨ ᠠᠬᠢᠭᠤᠯᠬᠤ ᠦᠢᠯᠡᠳᠦᠯ ᠢ   ᠦᠵᠡᠭᠦᠯᠵᠡᠢ᠃ ᠡᠭᠦᠨ ᠤ ᠬᠠᠮᠳᠤ᠂ ᠨᠠᠮ ᠤᠨ ᠬᠡᠰᠢᠭᠦᠨ ᠤ ᠬᠠᠷᠢᠭᠤᠴᠠᠯᠭᠠᠳᠤ ᠰᠡᠳᠬᠢᠯᠭᠡ ᠶᠢ ᠴᠢᠩᠭᠠᠷᠠᠭᠤᠯᠤᠨ᠂   ᠪᠦᠯᠭᠦᠮᠳᠡᠨ ᠳᠡᠮᠠᠴᠡᠬᠦ ᠬᠦᠴᠦᠷᠭᠡᠭ ᠶᠡᠭᠡ ᠬᠦᠴᠦᠨ ᠢ ᠨᠢᠭᠳᠠᠷᠠᠭᠤᠯᠤᠭᠰᠠᠨ ᠪᠠᠶᠢᠨ᠎ᠠ︾ ᠭᠡᠵᠦ ᠱᠡᠭᠡᠷᠳᠦ ᠰᠢᠶᠠᠩ ᠤᠨ   ᠨᠢᠭᠡᠳᠦᠭᠡᠷ ᠱᠦᠵᠢ ᠬᠡᠯᠡᠭᠰᠡᠨ ᠪᠠᠶᠢᠨ᠎ᠠ᠃   ︵ᠵᠸᠥ ᠶᠤᠸᠠᠢ᠂ ᠮᠠ ᠸᠧᠨ ᠹᠠᠩ︶
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ ​
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号