ᠴᠠᠭᠠᠨ ᠰᠠᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠲᠦᠷᠭᠡᠨ ᠬᠤᠷᠳᠤ ᠶᠢᠨ ᠵᠠᠰᠠᠮᠠᠯ ᠵᠠᠮ 7 ᠰᠠᠭᠤᠳᠠᠯ ᠠᠴᠠ ᠳᠣᠷᠣᠭᠰᠢᠬᠢ ᠵᠢᠵᠢᠭ ᠰᠠᠭᠤᠳᠠᠯ ᠤᠨ ᠮᠠᠰᠢᠨ ᠠᠴᠠ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2018-01-14
    ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠣᠷᠣᠨ ᠤ ᠲᠦᠷᠭᠡᠨ ᠬᠤᠷᠳᠤ ᠶᠢᠨ ᠵᠠᠰᠠᠮᠠᠯ ᠵᠠᠮ 7 ᠰᠠᠭᠤᠳᠠᠯ ᠠᠴᠠ ᠳᠣᠷᠣᠭᠰᠢᠬᠢ ᠵᠢᠵᠢᠭ ᠰᠠᠭᠤᠳᠠᠯ ᠤᠨ ᠮᠠᠰᠢᠨ ᠠᠴᠠ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠭᠦᠯᠦᠨ᠎ᠡ᠂ ᠴᠠᠭ ᠨᠢ 2 ᠳ᠋ᠤᠭᠠᠷ ᠰᠠᠷ᠎ᠠ ᠶᠢᠨ 15 ᠤ ᠡᠳᠦᠷ ︵ᠪᠢᠲᠡᠭᠦᠨ ᠤ ᠡᠳᠦᠷ︶ ᠤᠨ ᠲᠡᠭ ᠴᠠᠭ ᠠᠴᠠ 2 ᠳ᠋ᠤᠭᠠᠷ ᠰᠠᠷ᠎ᠠ ᠶᠢᠨ 21 ᠤ ᠡᠳᠦᠷ ︵ᠰᠢᠨ᠎ᠡ ᠶᠢᠨ ᠵᠢᠷᠭᠤᠭᠠᠨ ᠤ ᠡᠳᠦᠷ︶ ᠤᠨ 24 ᠴᠠᠭ ᠪᠣᠯᠲᠠᠯ᠎ᠠ ᠬᠡᠷᠡᠭᠵᠢᠭᠦᠯᠵᠦ᠂ ᠮᠠᠰᠢᠨ ᠲᠡᠷᠭᠡᠨ ᠤ ᠰᠦᠢᠳᠬᠡᠯ ᠬᠤᠷᠢᠶᠠᠬᠤ ᠥᠷᠲᠡᠭᠡ ᠪᠠᠷ ᠥᠩᠭᠡᠷᠡᠬᠦ ᠦᠶ᠎ᠡ ᠶᠢᠨ ᠴᠠᠭ ᠢᠶᠠᠷ ᠪᠠᠷᠢᠮᠵᠢᠶ᠎ᠠ ᠪᠣᠯᠭᠠᠨ᠎ᠠ᠃       ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠣᠷᠣᠨ ᠤ ᠭᠠᠭᠴᠠ ᠬᠦ ETC ᠲᠣᠨᠤᠭ ᠲᠥᠬᠦᠭᠡᠷᠦᠮᠵᠢ ᠶᠢ ᠤᠭᠰᠠᠷᠠᠭᠰᠠᠨ ᠠᠶᠠᠨᠴᠢᠳ ᠤᠨ ᠲᠡᠷᠭᠡ ETC ᠲᠡᠷᠭᠡᠨ ᠵᠠᠮ ᠢᠶᠠᠷ ᠦᠨ᠎ᠡ ᠲᠥᠯᠥᠪᠦᠷᠢ ᠦᠭᠡᠶ ᠪᠠᠷ ᠲᠦᠷᠭᠡᠨ ᠨᠡᠪᠲᠡᠷᠡᠵᠦ ᠪᠣᠯᠤᠨ᠎ᠠ᠂ ETC ᠲᠣᠨᠤᠭ ᠲᠥᠬᠦᠭᠡᠷᠦᠮᠵᠢ ᠤᠭᠰᠠᠷᠠᠭᠰᠠᠨ ᠦᠭᠡᠶ ᠲᠡᠷᠭᠡ ETC ᠲᠡᠷᠭᠡᠨ ᠵᠠᠮ ᠢᠶᠠᠷ ᠨᠡᠪᠲᠡᠷᠡᠵᠦ ᠪᠣᠯᠬᠤ ᠦᠭᠡᠢ᠃ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠭᠦᠯᠬᠦ ᠬᠤᠭᠤᠴᠠᠭᠠᠨ ᠳᠤ᠂ ᠥᠪᠥᠷ ᠮᠣᠩᠭᠤᠯ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠮ ᠬᠠᠷᠢᠯᠴᠠᠭᠠᠨ ᠤ ᠲᠦᠭᠵᠢᠷᠡᠯ ᠪᠠ ᠠᠶᠠᠯᠠᠯ ᠤᠨ ᠣᠷᠭᠢᠯ ᠦᠶ᠎ᠡ ᠳᠤ ᠰᠦᠢᠳᠬᠡᠯ ᠬᠤᠷᠢᠶᠠᠬᠤ ᠪᠠ ᠵᠠᠯᠠᠵᠤ ᠵᠢᠯᠣᠭᠤᠳᠬᠤ ᠠᠵᠢᠯᠲᠠᠨ ᠢ ᠨᠡᠮᠡᠭᠳᠡᠭᠦᠯᠵᠦ᠂ ᠵᠡᠮ ᠤᠨ ᠶᠠᠪᠤᠳᠠᠯ ᠤᠨ ᠠᠵᠢᠯᠲᠠᠨ ᠢ ᠵᠣᠬᠢᠴᠠᠭᠤᠯᠵᠤ ᠪᠠᠶᠢᠭᠠᠳ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠪᠠ ᠵᠠᠮ ᠬᠠᠷᠢᠯᠴᠠᠭ᠎ᠠ ᠶᠢ ᠨᠡᠪᠲᠡᠷᠡᠭᠦᠯᠬᠦ ᠶᠢ ᠴᠢᠩᠭᠠᠳᠬᠠᠵᠤ᠂ ᠰᠦᠢᠳᠬᠡᠯ ᠬᠤᠷᠢᠶᠠᠬᠤ ᠦᠷᠳᠡᠭᠡ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠦᠢᠳᠬᠡᠯ ᠬᠤᠷᠢᠶᠠᠬᠤ ᠦᠷᠳᠡᠭᠡ ᠶᠢᠨ LED ᠳᠡᠯᠭᠡᠴᠡ ᠵᠡᠷᠭᠡ ᠵᠠᠭᠤᠴᠢ ᠪᠠᠷ ᠳᠠᠮᠵᠢᠭᠤᠯᠤᠨ ᠨᠡᠶᠢᠭᠡᠮ ᠤᠨ ᠣᠯᠠᠨ ᠲᠦᠮᠡᠨ ᠳᠤ ᠴᠠᠭ ᠠᠭᠤᠷ᠂ ᠵᠠᠮ ᠤᠨ ᠪᠠᠶᠢᠳᠠᠯ ᠵᠡᠷᠭᠡ ᠪᠣᠳᠠᠲᠤ ᠴᠠᠭᠲᠤ ᠰᠤᠷᠠᠭ ᠵᠠᠩᠭᠢ ᠶᠢ ᠨᠡᠶᠢᠲᠡᠯᠡᠵᠦ᠂ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠠᠶᠠᠯᠠᠭᠤᠯᠵᠤ᠂ ᠮᠠᠰᠢᠨ ᠲᠡᠷᠭᠡ ᠬᠦᠯᠢᠶᠡᠵᠦ ᠵᠣᠭᠰᠣᠨ ᠲᠦᠭᠵᠢᠷᠡᠬᠦ ᠡᠰᠡᠪᠡᠯ ᠵᠢᠭᠤᠷᠠᠯᠳᠤᠭᠠᠨ ᠠᠴᠠ ᠪᠣᠯᠵᠤ ᠠᠮᠤᠷ ᠲᠥᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠵᠢᠯᠣᠭᠤᠴᠢ ᠪᠠ ᠠᠶᠠᠨᠴᠢᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠵᠢᠯᠣᠭᠤᠴᠢ ᠪᠠ ᠠᠶᠠᠨᠴᠢᠨ ᠤ ᠨᠠᠰᠢ ᠴᠠᠰᠢ ᠥᠩᠭᠡᠷᠡᠬᠦ ᠳᠤ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠠᠪᠰᠤᠷᠴᠤ᠂ ᠡᠳᠦᠷ ᠤᠨ 24 ᠴᠠᠭ ᠢᠶᠠᠷ ᠨᠠᠰᠢ ᠴᠠᠰᠢ ᠵᠣᠷᠴᠢᠬᠤ ᠬᠥᠮᠦᠨ ᠳᠤ ᠦᠨ᠎ᠡ ᠲᠥᠯᠥᠪᠦᠷᠢ ᠦᠭᠡᠢ ᠪᠠᠷ ᠬᠠᠯᠠᠭᠤᠨ ᠤᠰᠤ᠂ ᠡᠮ ᠤᠨ ᠵᠦᠢᠯ᠂ ᠰᠡᠯᠪᠢᠨ ᠵᠠᠰᠠᠬᠤ ᠪᠠᠭᠠᠵᠢ ᠬᠠᠩᠭᠠᠨ᠎ᠠ᠃         ᠡᠭᠦᠨ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠤᠯᠠᠨ ᠳᠤ ᠰᠠᠨᠠᠭᠤᠯᠬᠤ ᠨᠢ ︽ᠥᠪᠥᠷ ᠮᠣᠩᠭᠤᠯ ᠤᠨ ᠲᠦᠷᠭᠡᠨ ᠬᠤᠷᠳᠤ ᠶᠢᠨ ᠵᠠᠰᠠᠮᠠᠯ ᠵᠠᠮ ᠤᠨ ᠵᠣᠭᠰᠣᠭᠠᠬᠤ ᠦᠭᠡᠢ ᠪᠠᠷ ᠡᠯᠧᠺᠳ᠋ᠷᠣᠨ ᠢᠶᠠᠷ ᠰᠦᠢᠳᠬᠡᠯ ᠬᠤᠷᠢᠶᠠᠬᠤ︾ ︽ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠠᠪᠴᠠᠩ︾ ᠤᠨ ᠸᠢᠴᠡᠲ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ETC ᠰᠦᠯᠵᠢᠶ᠎ᠡ᠂ ︽12122︾ ᠦᠢᠯᠡᠴᠢᠯᠡᠭᠡᠨ ᠤ ᠰᠢᠭᠤᠳ ᠤᠲᠠᠰᠤ ᠪᠠᠷ ᠳᠠᠮᠵᠢᠭᠤᠯᠤᠨ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠤᠯᠠᠨ ᠠᠷᠭ᠎ᠠ ᠵᠠᠮ ᠢᠶᠠᠷ ᠪᠠᠶᠢᠴᠠᠭᠠᠨ ᠦᠵᠡᠵᠦ᠂ ᠬᠠᠮᠤᠭ ᠰᠠᠶᠢᠨ ᠵᠠᠮ ᠱᠤᠭᠤᠮ ᠢ  ᠰᠤᠩᠭᠤᠵᠤ ᠠᠶᠠᠯᠠᠬᠤ ᠳᠤ ᠳᠦᠭᠦᠮ ᠪᠤᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号