ᠮᠠᠨ ᠤ ᠣᠷᠣᠨ ᠷᠠᠳᠢᠣ᠋ ᠨᠡᠪᠲᠡᠷᠡᠭᠦᠯᠭᠡ ᠲᠧᠯᠸᠢᠰ ᠢ ︽ᠭᠠᠴᠠᠭ᠎ᠠ ᠪᠣᠯᠭᠠᠨ ᠳᠤ ᠨᠡᠪᠲᠡᠷᠡᠭᠦᠯᠬᠦ︾ ᠶᠢ ︽  ᠡᠷᠦᠬᠡ ᠪᠣᠯᠭᠠᠨ ᠳᠤ ᠨᠡᠪᠲᠡᠷᠡᠭᠦᠯᠬᠦ︾ ᠳᠠᠪᠰᠢᠯᠲᠠ ᠶᠢ ᠦᠨᠳᠦᠰᠦᠨ ᠳᠡᠭᠡᠨ ᠪᠡᠶᠡᠯᠡᠭᠦᠯᠪᠡ
ᠨᠡᠶᠢᠲᠡᠯᠡᠭᠰᠡᠨ ᠴᠠᠭ᠄
2018-01-20
        1 ᠳ᠋ᠦ᠋ᠭᠡᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ  ᠺᠢᠨᠣ᠋ ᠲᠧᠯᠸᠢᠰ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠣᠶᠢᠯᠠᠭᠠᠭᠰᠠᠨ ᠢᠶᠠᠷ᠂ 2017  ᠣᠨ ᠳᠤ ᠮᠠᠨ ᠤ ᠣᠷᠣᠨ 3400 ᠲᠦᠮᠡᠨ ᠲᠦᠭᠦᠷᠢᠭ ᠣᠷᠤᠭᠤᠯᠤᠨ᠂ 6.9 ᠲᠦᠮᠡᠨ ᠡᠷᠦᠬᠡ ᠳᠤ ︽ᠡᠷᠦᠬᠡ  ᠪᠣᠯᠭᠠᠨ ᠳᠤ ᠨᠡᠪᠲᠡᠷᠡᠭᠦᠯᠬᠦ︾ ᠶᠢ ᠪᠡᠶᠡᠯᠡᠭᠦᠯᠵᠦ᠂ ᠷᠠᠳᠢᠣ᠋ ᠨᠡᠪᠲᠡᠷᠡᠭᠦᠯᠭᠡ ᠲᠧᠯᠸᠢᠰ ᠢ ︽ᠭᠠᠴᠠᠭ᠎ᠠ ᠪᠣᠯᠭᠠᠨ ᠳᠤ  ᠨᠡᠪᠲᠡᠷᠡᠭᠦᠯᠬᠦ︾ ᠶᠢ ︽ᠡᠷᠦᠬᠡ ᠪᠣᠯᠭᠠᠨ ᠳᠤ ᠨᠡᠪᠲᠡᠷᠡᠭᠦᠯᠬᠦ︾ ᠳᠠᠪᠰᠢᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃                 2017 ᠣᠨ ᠳᠤ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ  ᠠᠵᠢᠯᠲᠠᠳ ᠭᠦᠨ ᠨᠠᠷᠢᠨ ᠦᠵᠡᠯ ᠰᠠᠨᠠᠭ᠎ᠠ ᠲᠠᠢ᠂ ᠢᠯᠡ ᠲᠣᠳᠣ ᠦᠨᠳᠦᠰᠦᠲᠡᠨ ᠤ ᠣᠨᠴᠠᠯᠢᠭ ᠲᠠᠢ ᠰᠣᠨᠢᠨ ᠮᠡᠳᠡᠭᠡ  ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠨᠢᠭᠡ ᠪᠦᠯᠦᠭ ᠰᠣᠳᠣᠨ ᠪᠦᠲᠦᠭᠡᠯ ᠢ ᠪᠦᠲᠦᠭᠡᠭᠰᠡᠨ ᠪᠠᠶᠢᠨ᠎ᠠ᠃           ᠲᠠᠨᠢᠯᠴᠠᠭᠤᠯᠤᠭᠰᠠᠨ ᠢᠶᠠᠷ᠂ 2018 ᠣᠨ ᠤ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ  ᠺᠢᠨᠣ᠋ ᠲᠧᠯᠸᠢᠰ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ  ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠴᠢᠨᠠᠷ ᠰᠠᠶᠢᠲᠠᠶ ᠬᠥᠭᠵᠢᠭᠦᠯᠬᠦ ᠡᠨᠡᠬᠦ ᠦᠨᠳᠦᠰᠦᠨ ᠱᠠᠭᠠᠷᠳᠠᠯᠭ᠎ᠠ ᠶᠢ ᠪᠠᠲᠤ  ᠡᠵᠡᠮᠰᠢᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠭᠤᠣᠯᠳᠠᠯᠭ᠎ᠠ ᠶᠢ ᠠᠳᠬᠤᠵᠦ᠂  ᠳᠤᠲᠠᠭᠤᠳᠠᠯ ᠢ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ  ᠵᠢᠯᠣᠭᠤᠳᠬᠤ ᠴᠢᠳᠠᠪᠤᠷᠢ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ᠂ ᠤᠯᠠᠨ ᠨᠡᠶᠢᠲᠡ ᠶᠢᠨ  ᠦᠢᠯᠡᠴᠢᠯᠡᠭᠡᠨ ᠤ ᠴᠢᠳᠠᠪᠤᠷᠢ᠂ ᠵᠢᠭᠰᠠᠭᠠᠯ ᠤᠨ ᠭᠠᠵᠠᠷ ᠢ ᠬᠠᠮᠢᠶᠠᠷᠬᠤ ᠴᠢᠳᠠᠪᠤᠷᠢ᠂ ᠰᠣᠳᠣᠨ ᠪᠦᠲᠦᠭᠡᠯ ᠵᠣᠬᠢᠶᠠᠨ  ᠪᠦᠲᠦᠭᠡᠬᠦ ᠴᠢᠳᠠᠪᠤᠷᠢ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠪᠠᠨ ᠡᠷᠴᠢᠮᠯᠡᠨ ᠳᠡᠭᠡᠭᠰᠢᠯᠡᠭᠦᠯᠵᠦ᠂ ︽ ᠦᠵᠡᠮᠵᠢᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ  ᠬᠠᠮᠲᠤ ᠪᠠᠷ ᠲᠡᠷᠭᠡᠯᠰᠢᠭᠦᠯᠬᠦ︾ ᠳᠤ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂  ᠤᠶᠦᠠ ᠰᠠᠨᠠᠭᠠᠨ ᠤ ᠬᠥᠳᠡᠯᠭᠡᠭᠴᠢ ᠬᠦᠴᠦᠨ ᠪᠣᠯᠣᠨ ᠤᠶᠤᠨ ᠤ ᠳᠡᠮᠵᠢᠯᠭᠡ ᠦᠵᠡᠭᠦᠯᠬᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号