2018 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠤᠰᠤᠳ ᠤᠷᠠᠯᠢᠭ ᠤᠨ ᠲᠥᠷᠥᠯ ᠤᠨ ᠬᠠᠮᠲᠤᠷᠠᠭᠤᠯᠤᠨ ᠰᠢᠯᠭᠠᠬᠤ ᠰᠢᠯᠭᠠᠯᠲᠠ ᠡᠬᠢᠯᠡᠪᠡ
ᠨᠡᠶᠢᠲᠡᠯᠡᠭᠰᠡᠨ ᠴᠠᠭ᠄
2018-01-20
   1 ᠳ᠋ᠦ᠋ᠭᠡᠷ ᠰᠠᠷ᠎ᠠ ᠶᠢᠨ 16 ᠤ ᠡᠳᠦᠷ᠂ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠤᠰᠤᠳ ᠤᠷᠠᠯᠢᠭ ᠤᠨ ᠲᠥᠷᠥᠯ ᠤᠨ ᠬᠠᠮᠲᠤᠷᠠᠨ ᠰᠢᠯᠭᠠᠬᠤ ᠰᠢᠯᠭᠠᠯᠲᠠ ᠡᠬᠢᠯᠡᠪᠡ᠃       ᠣᠶᠢᠯᠠᠭᠠᠭᠰᠠᠨ ᠢᠶᠠᠷ᠂ ᠨᠡᠪᠲᠡᠷᠡᠭᠦᠯᠦᠭᠴᠢ ᠬᠢᠭᠡᠳ ᠬᠦᠲᠦᠯᠦᠭᠴᠢ ᠶᠢᠨ ᠤᠷᠠᠯᠢᠭ ︵ᠮᠣᠩᠭᠤᠯ ᠢᠶᠠᠷ ᠬᠢᠴᠢᠶᠡᠯᠯᠡᠬᠦ︶ ᠢ ᠥᠪᠥᠷ ᠮᠣᠩᠭᠤᠯ ᠤᠨ ᠶᠡᠭᠡ ᠰᠤᠷᠭᠠᠭᠤᠯᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠥᠭᠡᠳ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠰᠢᠯᠭᠠᠬᠤ ᠴᠠᠭ ᠨᠢ 1 ᠳ᠋ᠦ᠋ᠭᠡᠷ ᠰᠠᠷ᠎ᠠ ᠶᠢᠨ 16 ᠤ ᠡᠳᠦᠷ — 1 ᠳ᠋ᠦ᠋ᠭᠡᠷ ᠰᠠᠷ᠎ᠠ ᠶᠢᠨ 17 ᠤ ᠡᠳᠦᠷ︔ ᠠᠶ᠎ᠠ ᠵᠣᠬᠢᠶᠠᠬᠤ ᠬᠢᠭᠡᠳ ᠠᠶ᠎ᠠ ᠵᠣᠬᠢᠶᠠᠬᠤ ᠮᠡᠷᠭᠡᠵᠢᠯ ᠤᠨ ᠤᠨᠤᠯ᠂ ᠪᠥᠵᠢᠭ ᠤᠨ ᠲᠣᠭᠯᠠᠯᠲᠠ᠂ ᠪᠥᠵᠢᠭ ᠤᠨ ᠲᠣᠭᠯᠠᠯᠲᠠ ︵ᠤᠯᠤᠰ ᠤᠨ ᠪᠠᠷᠢᠮᠵᠢᠶ᠎ᠠ ᠪᠥᠵᠢᠭ︶᠂ ᠪᠥᠵᠢᠭ ᠤᠨ ᠰᠤᠳᠤᠯᠤᠯ ᠬᠢᠭᠡᠳ ᠪᠥᠵᠢᠭ ᠨᠠᠶᠢᠷᠠᠭᠤᠯᠤᠨ ᠤᠳᠤᠷᠢᠳᠤᠭᠠᠴᠢ᠂ ᠲᠣᠭᠯᠠᠯᠲᠠ ︵ᠰᠢ ᠵᠦᠴᠦᠭᠡ ᠺᠢᠨᠣ᠋ ᠲᠧᠯᠸᠢᠰ ᠲᠣᠭᠯᠠᠬᠤ︶᠂ ᠲᠣᠭᠯᠠᠯᠲᠠ ︵ᠬᠤᠶᠠᠷ ᠬᠥᠮᠦᠨ ᠤ ᠵᠢᠷᠭᠢᠶ᠎ᠡ ᠲᠣᠭᠯᠠᠯᠲᠠ︶᠂ ᠲᠣᠭᠯᠠᠯᠲᠠ ︵ᠬᠤᠪᠴᠠᠰᠤ ᠵᠠᠰᠠᠯ ᠵᠢᠷᠤᠵᠤ ᠲᠥᠯᠥᠪᠯᠡᠬᠦ ᠪᠠ ᠲᠣᠭᠯᠠᠬᠤ︶᠂ ᠨᠡᠪᠲᠡᠷᠡᠭᠦᠯᠦᠭᠴᠢ ᠪᠣᠯᠤᠨ ᠬᠦᠲᠦᠯᠦᠭᠴᠢ ᠶᠢᠨ ᠤᠷᠠᠯᠢᠭ ᠢ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠥᠭᠡᠳ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠰᠢᠯᠭᠠᠯᠲᠠ ᠶᠢᠨ ᠴᠠᠭ ᠨᠢ 1 ᠳ᠋ᠦ᠋ᠭᠡᠷ ᠰᠠᠷ᠎ᠠ ᠶᠢᠨ 16 ᠤ ᠡᠳᠦᠷ — 1 ᠳ᠋ᠦ᠋ᠭᠡᠷ ᠰᠠᠷ᠎ᠠ ᠶᠢᠨ 23 ᠤ ᠡᠳᠦᠷ᠃ ᠨᠢᠭᠤᠷᠲᠠᠨ ᠰᠢᠯᠭᠠᠬᠤ ᠦᠶ᠎ᠡ ᠳᠤ ᠰᠢᠯᠭᠠᠷᠠᠭᠤᠯᠬᠤ ᠺᠣᠮᠢᠰ ᠤᠨ ᠣᠯᠠᠨ ᠭᠡᠰᠢᠭᠦᠳ ᠲᠤᠬᠠᠶ ᠶᠢᠨ ᠲᠠᠯᠠᠪᠤᠷ ᠲᠤ ᠪᠡᠶ᠎ᠡ ᠪᠠᠨ ᠳᠠᠭᠠᠭᠠᠭᠰᠠᠨ ᠬᠤᠪᠢ ᠣᠯᠭᠤᠵᠦ᠂ ᠬᠠᠮᠤᠭ ᠥᠨᠳᠥᠷ ᠬᠤᠪᠢ ᠪᠣᠯᠤᠨ ᠬᠠᠮᠤᠭ ᠳᠣᠣᠷ᠎ᠠ ᠬᠤᠪᠢ ᠶᠢ ᠬᠠᠰᠤᠭᠰᠠᠨ ᠤ ᠳᠠᠷᠠᠭ᠎ᠠ᠂ ᠲᠡᠭᠰᠢᠳᠬᠡᠯ ᠬᠤᠪᠢ ᠶᠢ ᠨᠢ ᠰᠢᠯᠭᠠᠭᠤᠯᠤᠭᠴᠢᠳ ᠤᠨ ᠨᠢᠭᠤᠷᠲᠠᠨ ᠰᠢᠯᠭᠠᠬᠤ ᠬᠢᠷᠢ ᠪᠦᠲᠦᠮᠵᠢ ᠪᠠᠷ ᠪᠣᠳᠣᠨ᠎ᠠ᠃ ᠪᠤᠰᠤᠳ ᠤᠷᠠᠯᠢᠭ ᠤᠨ ᠲᠥᠷᠥᠯ ᠤᠨ ᠬᠠᠮᠲᠤᠷᠠᠭᠤᠯᠤᠨ ᠰᠢᠯᠭᠠᠬᠤ ᠡᠯ᠎ᠡ ᠬᠢᠴᠢᠶᠡᠯ ᠲᠥᠷᠥᠯ ᠤᠨ ᠰᠣᠷᠣᠭᠴᠢ ᠶᠢᠨ ᠰᠢᠯᠭᠠᠯᠲᠠ ᠨᠢᠭᠡᠪᠦᠷᠢ ᠶᠢᠨ ᠶᠠᠪᠤᠴᠠ ᠶᠢ ᠴᠥᠮ ᠳᠦᠷᠰᠦ ᠰᠢᠩᠭᠡᠭᠡᠯᠲᠡ ᠪᠣᠯᠣᠨ ᠳᠠᠭᠤ ᠰᠢᠩᠭᠡᠭᠡᠯᠲᠡ ᠬᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号