ᠯᠢᠨᠰᠢ ᠰᠢᠶᠠᠨ ᠤ ᠰᠢᠨ ᠯᠢᠨ ᠪᠠᠯᠭᠠᠰᠤ ᠲᠠᠷᠢᠮᠠᠯ ᠤᠨ ᠪᠦᠲᠦᠴᠡ ᠳᠡᠭᠡᠨ ᠲᠤᠬᠢᠷᠠᠭᠤᠯᠤᠯᠳᠠ ᠬᠢᠵᠤ ᠬᠢᠳᠠᠳ | ᠡᠮ ᠤᠨᠮᠠᠲ᠋ᠧᠷᠢᠶᠠᠯ ᠲᠠᠷᠢᠬᠤ ᠶᠢ ᠶᠠᠳᠠᠭᠤ ᠬᠦᠴᠢᠷᠳᠡᠢ ᠠᠷᠠᠳ ᠤᠯᠠᠨ ᠢ ᠶᠠᠳᠠᠭᠤ ᠠᠴᠠ ᠠᠩᠬᠢᠵᠢᠷᠠᠭᠤᠯᠬᠤ ᠨᠢᠬᠡ | ᠵᠦᠢᠯ ᠤᠨ ᠠᠷᠭ᠎ᠠ ᠠᠪᠴᠠᠯ ᠪᠤᠯᠭᠠᠨ᠂ ᠲᠠᠷᠢᠶᠠᠴᠢᠳ ᠢᠶᠠᠨ ᠲᠠᠶᠢᠴᠢᠯᠠᠨ ᠬᠤᠨᠴᠢᠷ᠂ ᠬᠦᠬᠦᠷᠭᠡᠨ᠎ᠡ ᠶᠢᠨ ᠦᠨᠳᠦᠰᠦ | ᠵᠡᠷᠭᠡᠬᠢᠳᠠᠳ ᠡᠮ ᠤᠨ ᠮᠠᠲ᠋ᠧᠷᠢᠶᠠᠯ ᠲᠠᠷᠢᠬᠤ ᠶᠢ ᠵᠤᠷᠢᠭᠵᠢᠭᠤᠯᠵᠤ᠂ ᠬᠢᠳᠠᠳ ᠡᠮ ᠤᠨ ᠮᠠᠲ᠋ᠧᠷᠢᠶᠠᠯ ᠤᠨ ᠦᠢᠯᠡᠰ ᠢ | ᠤᠯᠠᠮ ᠢᠶᠠᠷ ᠬᠦᠴᠦᠷᠭᠡᠭᠵᠢᠬᠦᠯᠦᠨ ᠪᠤᠵᠠᠭᠠᠶᠢᠷᠠᠭᠤᠯᠵᠤ᠂ ᠨᠡᠩ ᠤᠯᠠᠨ ᠬᠦᠮᠦᠰ ᠤᠨ ᠶᠠᠳᠠᠭᠤ ᠠᠴᠠ ᠠᠩᠬᠢᠵᠢᠷᠠᠨ | ᠪᠠᠶᠠᠵᠢᠯ ᠤᠨ ᠵᠠᠮ ᠢᠶᠠᠷ ᠵᠠᠮᠨᠠᠬᠤ ᠶᠢ ᠠᠬᠢᠭᠤᠯᠤᠭᠰᠠᠨ ᠪᠠᠶᠢᠨ᠎ᠠ᠃ | ᠰᠤᠷᠪᠤᠯᠵᠢᠯᠠᠭᠴᠢ ᠲᠠᠪᠤᠨ ᠤᠳᠤ ᠲᠤᠰᠬᠤᠨ ᠤ ᠰᠠᠨ ᠹᠧᠩ ᠲᠠᠷᠢᠶᠠᠴᠢᠳ ᠲᠤ ᠠᠰᠢᠭ ᠬᠦᠷᠳᠡᠭᠡᠬᠦ ᠬᠢᠳᠠᠳ | ᠡᠮ ᠤᠨᠮᠠᠲ᠋ᠧᠷᠢᠶᠠᠯ ᠤᠨ ᠲᠤᠰᠬᠠᠢ ᠬᠤᠷᠰᠢᠶᠠᠨ ᠳᠤ ᠬᠦᠷᠬᠦ ᠳᠤ᠂ ᠲᠤᠰᠬᠤᠨ ᠤ ᠠᠷᠠᠳ ᠹᠦ᠋ ᠫᠧᠩ ᠡᠮ ᠤᠨ | ᠮᠠᠲ᠋ᠧᠷᠢᠶᠠᠯ ᠬᠤᠳᠠᠯᠳᠤᠭᠰᠠᠨ ᠵᠤᠭᠤᠰ ᠢᠶᠠᠨ ᠠᠪᠴᠤ ᠪᠠᠶᠢᠯ᠎ᠠ᠃ ᠲᠡᠷᠡ ᠤᠤᠯ ᠳᠠᠭᠠᠨ ᠰᠠᠭᠠᠭ ᠵᠡᠷᠭᠡ ᠵᠡᠷᠭᠡ ᠠᠮᠤ | ᠪᠤᠳᠠᠭᠠᠨ ᠤ ᠲᠠᠷᠢᠮᠠᠯ ᠲᠠᠷᠢᠵᠤ ᠪᠠᠶᠢᠭᠰᠠᠨ᠂ ᠭᠠᠩ ᠬᠠᠭᠤᠷᠠᠢ ᠪᠠᠯ ᠭᠠᠵᠠᠷ ᠤᠨ ᠲᠠᠷᠢᠶ᠎ᠠ ᠪᠤᠯᠬᠤᠷ ᠤᠰᠤᠯᠠᠯᠳᠠ | ᠮᠠᠭᠤ᠂ ᠤᠨᠠᠯᠳᠠ ᠰᠠᠶᠢᠨ ᠵᠢᠯ ᠬᠡᠰᠡᠨ ᠴᠤ ᠨᠢᠬᠡ ᠮᠦ ᠭᠠᠵᠠᠷ ᠠᠴᠠ ᠵᠦᠪᠬᠡᠨ ᠭᠤᠷᠪᠠ ᠲᠠᠪᠤᠨ ᠵᠠᠭᠤᠨ | ᠲᠦᠭᠦᠷᠢᠭ ᠤᠨ ᠤᠷᠤᠯᠭ᠎ᠠ ᠤᠯᠳᠠᠭ᠃ ᠨᠢᠳᠤᠨᠤᠨ ᠵᠢᠯ ᠪᠠᠯᠭᠠᠰᠤᠨ ᠤ ᠵᠠᠰᠠᠭ ᠤᠨ ᠤᠷᠳᠤᠨ ᠾᠧᠩ ᠭᠤᠸᠠᠩ ᠳ᠋ᠠ | ᠤᠳᠤᠬᠢᠴᠢᠯᠠᠭᠰᠠᠨ ᠲᠠᠷᠢᠶᠠᠯᠠᠩ ᠤᠨ ᠦᠢᠯᠡᠰ ᠤᠨ ᠬᠢᠵᠠᠭᠠᠷᠳᠤ ᠺᠤᠮᠫᠠᠨᠢ ᠶᠢᠨ ᠪᠠᠶᠢᠭᠤᠯᠤᠭᠰᠠᠨ ᠬᠢᠳᠠᠳ ᠡᠮ ᠤᠨ | ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠤᠨ ᠲᠦᠷᠦᠯ ᠵᠦᠢᠯ ᠢ ᠲᠠᠳᠠᠨ ᠤᠷᠤᠭᠤᠯᠵᠤ᠂ ᠹᠦ᠋ ᠫᠧᠩ ᠲᠤᠰ ᠲᠦᠷᠦᠯ | ᠵᠦᠢᠯ ᠳᠤ ᠤᠷᠤᠯᠴᠠᠵᠤ᠂ 21 ᠮᠦ ᠬᠤᠨᠴᠢᠷ ᠲᠠᠷᠢᠵᠤ ᠡᠯᠪᠡᠭ ᠬᠤᠷᠢᠶᠠᠯᠳᠠ ᠤᠯᠤᠭᠰᠠᠨ ᠪᠠᠶᠢᠨ᠎ᠠ᠃ ᠲᠡᠷᠡ᠄ ︽ | ᠨᠢᠬᠡ ᠮᠦ ᠭᠠᠵᠠᠷ ᠠᠴᠠ 1500 ᠭᠠᠷᠤᠢ ᠵᠢᠩ ᠡᠮ ᠤᠨ ᠮᠠᠲ᠋ᠧᠷᠢᠶᠠᠯ ᠭᠠᠷᠴᠤ᠂ ᠾᠧᠩ ᠭᠤᠸᠠᠩ ᠳ᠋ᠠ ᠺᠤᠮᠫᠠᠨᠢ | ᠵᠢᠩ ᠪᠦᠷᠢ ᠶᠢ 3 ᠲᠦᠭᠦᠷᠢᠭ ᠢᠶᠠᠷ ᠬᠤᠷᠢᠶᠠᠨ ᠠᠪᠴᠤ ᠪᠠᠶᠢᠨ᠎ᠠ᠂ ᠮᠢᠨᠤ 21 ᠮᠦ ᠡᠮ ᠤᠨ ᠮᠠᠲ᠋ᠧᠷᠢᠶᠠᠯ 9 ᠲᠦᠮᠡ | ᠭᠠᠷᠤᠢ ᠲᠦᠭᠦᠷᠢᠭ ᠤᠨ ᠤᠷᠤᠯᠭ᠎ᠠ ᠤᠯᠵᠠᠢ︾ ᠭᠡᠵᠤ ᠪᠠᠶᠠᠷᠳᠠᠢ ᠶᠠᠷᠢᠪᠠ᠃ | ᠰᠢᠨ ᠯᠢᠨ ᠪᠠᠯᠭᠠᠰᠤ ︽ᠲᠤᠯᠤᠭᠠᠶᠢᠯᠠᠭᠴᠢ ᠠᠵᠤ ᠠᠬᠤᠶᠢᠯᠠᠯ + ᠭᠠᠵᠠᠷ ᠰᠢᠷᠤᠢ ᠶᠢᠨ ᠡᠷᠬᠢᠯᠳᠡ + | ᠲᠠᠷᠢᠶᠠᠴᠢᠨ ᠡᠷᠦᠬᠡ + ᠬᠦᠯᠦᠰᠦᠨ ᠠᠵᠢᠯ ᠬᠢᠬᠦ︾ ᠵᠠᠭᠪᠤᠷ ᠢ ᠢᠳᠡᠪᠬᠢᠳᠡᠢ ᠬᠡᠷᠡᠭᠵᠢᠬᠦᠯᠵᠤ᠂ ᠾᠧᠩ ᠭᠤᠸᠠᠩ | ᠳ᠋ᠠ ᠤᠳᠤᠬᠢᠴᠢᠯᠠᠭᠰᠠᠨ ᠲᠠᠷᠢᠶᠠᠯᠠᠩ ᠤᠨ ᠦᠢᠯᠡᠰ ᠤᠨ ᠬᠢᠵᠠᠭᠠᠷᠳᠤ ᠺᠤᠮᠫᠠᠨᠢ ᠶᠢᠨ ᠪᠠᠶᠢᠭᠤᠯᠤᠭᠰᠠᠨ ᠲᠦᠮᠡᠨ ᠮᠦ | ᠬᠢᠳᠠᠳ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠲᠤ ᠲᠦᠰᠢᠭᠯᠡᠨ᠂ ᠬᠠᠩᠭᠠᠯᠭ᠎ᠠ ᠦᠢᠯᠡᠳᠪᠦᠷᠢᠯᠡᠯ | ᠪᠤᠷᠤᠯᠠᠭᠤᠯᠭ᠎ᠠ ᠨᠢᠬᠡ ᠬᠡᠯᠬᠢᠶᠡᠵᠢᠭᠰᠡᠨ ᠶᠠᠳᠠᠭᠤ ᠶᠢ ᠲᠡᠳᠬᠦᠬᠦ ᠵᠠᠭᠪᠤᠷ ᠢ ᠪᠠᠶᠢᠭᠤᠯᠵᠤ᠂ ᠲᠠᠷᠢᠶᠠᠴᠢᠳ ᠤᠨ | ᠤᠷᠤᠯᠭ᠎ᠠ ᠶᠢ ᠨᠡᠮᠡᠭᠳᠡᠬᠦᠯᠦᠭᠰᠡᠨ ᠪᠠᠶᠢᠨ᠎ᠠ᠃ ᠤᠶᠢᠯᠠᠭᠠᠭᠰᠠᠨ ᠢᠶᠠᠷ᠂ ᠡᠨᠡ ᠬᠠᠪᠤᠷ ᠲᠠᠪᠤᠨ ᠤᠳᠤ ᠲᠤᠰᠬᠤᠨ | 7000 ᠮᠦ ᠭᠠᠩ ᠬᠠᠭᠤᠷᠠᠢ ᠪᠠᠯ ᠭᠠᠵᠠᠷ ᠤᠨ ᠲᠠᠷᠢᠶ᠎ᠠ ᠪᠠᠨ ᠪᠦᠬᠦᠨ ᠢ ᠾᠧᠩ ᠭᠤᠸᠠᠩ ᠳ᠋ᠠ ᠺᠤᠮᠫᠠᠨᠢ ᠳᠤ | ᠲᠠᠭᠠᠭᠠᠴᠢᠯᠠᠨ ᠦᠭᠬᠦ ᠪᠠᠷ ᠲᠦᠯᠦᠪᠯᠡᠵᠤ᠂ ᠵᠢᠱᠢᠯᠳᠡ ᠪᠠᠷ ᠡᠷᠦᠬᠡ ᠪᠦᠷᠢ ᠪᠠᠷᠤᠭ 2500 ᠲᠦᠭᠦᠷᠢᠭ ᠤᠨ | ᠤᠷᠤᠯᠭ᠎ᠠ ᠨᠡᠮᠡᠭᠳᠡᠬᠦ ᠪᠤᠯᠤᠨ᠎ᠠ᠃ | ᠲᠠᠪᠤᠨ ᠤᠳᠤ ᠲᠤᠰᠬᠤᠨ ᠪᠤᠯ ᠰᠢᠨ ᠯᠢᠨ ᠪᠠᠯᠭᠠᠰᠤᠨ ᠤ ᠡᠮ ᠤᠨ ᠮᠠᠲ᠋ᠧᠷᠢᠶᠠᠯ ᠲᠠᠷᠢᠭᠰᠠᠨ | ᠬᠤᠷᠢᠶᠠᠩᠭᠤᠢ ᠲᠦᠷᠢ ᠪᠤᠯᠤᠨ᠎ᠠ᠃ 2017 ᠤᠨ ᠳᠤ ᠪᠦᠬᠦ ᠪᠠᠯᠭᠠᠰᠤ ᠨᠡᠶᠢᠳᠡ 12600 ᠮᠦ ᠡᠮ ᠤᠨ | ᠮᠠᠲ᠋ᠧᠷᠢᠶᠠᠯ ᠲᠠᠷᠢᠵᠤ᠂ ᠡᠬᠦᠨ ᠳᠤ 5000 ᠮᠦ ᠬᠤᠨᠴᠢᠷ᠂ 7000 ᠮᠦ ᠬᠦᠬᠦᠷᠭᠡᠨ᠎ᠡ ᠶᠢᠨ ᠦᠨᠳᠦᠰᠦ ᠪᠤᠯᠤᠨ | ᠭᠠᠶᠢᠮᠤ ᠪᠠᠶᠢᠵᠤ᠂ 6 ᠵᠠᠰᠠᠭ ᠵᠠᠬᠢᠷᠭᠠᠨ ᠤ ᠲᠤᠰᠬᠤᠨ ᠤ 1260 ᠡᠷᠦᠬᠡ ᠶᠢ ᠬᠠᠮᠤᠷᠴᠤ᠂ ᠡᠬᠦᠨ ᠳᠤ 231 | ᠶᠠᠳᠠᠭᠤ ᠬᠦᠴᠢᠷᠳᠡᠢ ᠡᠷᠦᠬᠡ ᠪᠠᠶᠢᠨ᠎ᠠ᠃ ︵ᠾᠧ ᠬᠦᠢ ᠷᠦ᠋᠂ ᠯᠢᠦ ᠭᠦᠢ ᠹᠠᠩ︶ | |