ᠥᠪᠥᠷ ᠮᠣᠩᠭᠤᠯ᠄ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠳᠤᠮᠳᠠᠬᠢ ᠬᠢᠨᠠᠨ ᠪᠠᠶᠢᠴᠠᠭᠠᠬᠤ ᠰᠠᠬᠢᠯᠭ᠎ᠠ ᠪᠠᠳᠤ ᠭᠡᠷᠡᠭᠵᠢᠬᠦᠯᠬᠦ ᠬᠠᠷᠢᠭᠤᠴᠠᠯᠭ᠎ᠠ ᠲᠤᠯᠭᠠᠬᠤ ᠶᠢ  ᠡᠷᠴᠢᠮᠵᠢᠬᠦᠯᠪᠡ
ᠨᠡᠶᠢᠲᠡᠯᠡᠭᠰᠡᠨ ᠴᠠᠭ᠄
2018-01-27
      ᠤᠢᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ  ᠪᠠᠶᠢᠴᠠᠭᠠᠬᠤ ᠵᠦᠪᠯᠡᠯ ︽︿ᠨᠠᠮ ᠤᠨ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠠᠷ᠎ᠠ  ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠳᠤᠮᠳᠠ ᠬᠢᠨᠠᠨ ᠪᠠᠶᠢᠴᠠᠭᠠᠬᠤ  ᠰᠠᠬᠢᠯᠭ᠎ᠠ ᠪᠠᠳᠤ ᠭᠡᠷᠡᠭᠵᠢᠬᠦᠯᠬᠦ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠬᠤ ᠲᠤᠬᠠᠢ ᠰᠠᠨᠠᠯ﹀ ᠢ  ᠨᠠᠶᠢᠳᠠᠪᠤᠷᠢᠵᠢᠭᠤᠯᠬᠤ ᠲᠤᠬᠠᠢ ᠭᠡᠷᠡᠭᠵᠢᠬᠦᠯᠬᠦ ᠲᠦᠰᠦᠯ︾ ︵ᠲᠤᠷᠤᠬᠰᠢ ︽ᠭᠡᠷᠡᠭᠵᠢᠬᠦᠯᠬᠦ ᠲᠦᠰᠦᠯ︾ ᠭᠡᠵᠦ  ᠲᠦᠬᠦᠮᠴᠢᠯᠡᠨ᠎ᠠ︶ ᠢ ᠳᠠᠷᠤᠮᠠᠯᠯᠠᠨ ᠳᠠᠷᠬᠠᠭᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ᠢᠯᠵᠢᠷᠡᠯ   ᠢ ᠡᠰᠡᠷᠬᠦᠴᠡᠬᠦ ᠲᠡᠮᠡᠴᠡᠯ ᠪᠠ ᠦᠨᠳᠦᠰᠦᠨ ᠱᠠᠳᠤᠨ ᠤ ︽ᠢᠯᠠᠭ᠎ᠠ ᠶᠢ ᠴᠤᠬᠢᠬᠤ︾ ᠲᠠᠢ ᠤᠶᠠᠯᠳᠤᠭᠤᠯᠵᠦ᠂ ᠬᠢᠨᠡᠨ  ᠪᠠᠶᠢᠴᠠᠭᠠᠬᠤ ᠰᠠᠬᠢᠯᠭ᠎ᠠ ᠪᠠᠳᠤ ᠭᠡᠷᠡᠭᠵᠢᠬᠦᠯᠬᠦ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠦ᠂ ︽ᠬᠠᠷᠢᠴᠠᠭᠠᠨ ᠤ  ᠲᠤᠤᠷ︾ ᠢ ᠡᠷᠡᠰ ᠡᠪᠳᠡᠵᠦ᠂ ︽ᠬᠠᠮᠠᠭᠠᠯᠠᠬᠤ ᠰᠢᠬᠦᠷ︾ ᠢ ᠠᠷᠢᠯᠭᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ  ᠵᠠᠰᠠᠬᠤ ᠶᠢ ᠦᠨᠳᠦᠰᠦᠨ ᠱᠠᠳᠤ ᠲᠡᠰᠢ ᠤᠷᠳᠤᠳᠬᠠᠬᠤ ᠶᠢ ᠠᠬᠢᠭᠤᠯᠤᠨ᠎ᠠ ᠭᠡᠵᠦ ᠲᠤᠭᠳᠠᠪᠠ᠃             ︽ᠭᠡᠷᠡᠭᠵᠢᠬᠦᠯᠬᠦ ᠲᠦᠰᠦᠯ︾ ᠳᠤ ᠳᠤᠳᠤᠷᠬᠠᠢᠢᠯᠠᠭᠰᠠᠨ ᠨᠢ ᠴᠡᠭᠴᠡᠯᠡᠨ ᠵᠠᠰᠠᠬᠤ ᠭᠤᠤᠯᠳᠠᠯᠭ᠎ᠠ ᠶᠢ ᠮᠠᠯᠵᠢᠬᠤ  ᠲᠠᠷᠢᠶᠠᠯᠠᠬᠤ ᠤᠷᠤᠨ ᠪᠠ ᠬᠤᠳᠠ ᠬᠦᠳᠡᠭᠡ ᠶᠢᠨ ᠵᠠᠯᠭᠠᠯᠳᠤᠭᠰᠠᠨ ᠭᠡᠰᠡᠭ ᠵᠡᠷᠭᠡ ᠬᠠᠷ᠎ᠠ ᠪᠦᠯᠦᠭᠳᠡᠨ ᠬᠠᠷᠬᠢᠰ  ᠬᠦᠴᠦᠨ ᠲᠠᠢ ᠬᠤᠯᠪᠤᠭᠳᠠᠭᠰᠠᠨ ᠠᠰᠠᠭᠤᠳᠠᠯ ᠤᠯᠠᠨ ᠡᠬᠦᠰᠬᠦ ᠭᠠᠵᠠᠷ ᠤᠷᠤᠨ᠂ ᠪᠦᠳᠦᠬᠡᠨ ᠪᠠᠶᠢᠭᠤᠯᠤᠯᠳᠠ ᠶᠢᠨ  ᠪᠠᠷᠢᠯᠭ᠎ᠠ᠂ ᠵᠠᠮ ᠳᠡᠭᠡᠭᠡᠪᠦᠷᠢ᠂ ᠠᠭᠤᠷᠬᠠᠢ ᠶᠢᠨ ᠡᠬᠢ ᠪᠠᠶᠠᠯᠢᠭ᠂ ᠬᠤᠳᠠᠯᠳᠤᠭ᠎ᠠ ᠠᠷᠠᠯᠵᠢᠶ᠎ᠠ ᠴᠤᠬᠯᠠᠭ᠎ᠠ ᠮᠠᠶᠢᠮᠠᠢ᠂  ᠮᠠᠯ ᠠᠵᠤ ᠠᠬᠤᠢ ᠲᠠᠷᠢᠶᠠᠯᠠᠩ ᠤᠨ ᠦᠢᠯᠡᠳᠪᠤᠷᠢᠯᠡᠯ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠲᠠᠢ  ᠬᠤᠯᠪᠤᠭᠳᠠᠭᠰᠠᠨ ᠠᠰᠠᠭᠤᠳᠠᠯ ᠤᠯᠠᠨ ᠡᠬᠦᠰᠬᠦ ᠠᠵᠢᠯ ᠲᠦᠷᠦᠯ ᠪᠠ ᠬᠦᠷᠢᠶ᠎ᠠ ᠬᠡᠪᠴᠢᠶ᠎ᠠ ᠵᠢᠴᠢ ᠭᠠᠴᠠᠭ᠎ᠠ ᠲᠤᠰᠬᠤᠨ   ᠤ ︽ᠬᠤᠶᠠᠷ ᠵᠦᠪᠯᠡᠯ︾᠂ ᠰᠤᠮᠤ ᠰᠢᠶᠠᠩ ᠪᠠᠯᠭᠠᠰᠤ ᠦᠷᠳᠡᠭᠡ ᠶᠢᠨ ᠠᠵᠢᠯᠳᠠᠨ ᠵᠡᠷᠭᠡ ᠦᠨᠳᠦᠰᠦᠨ ᠱᠠᠳᠤᠨ ᠤ  ᠨᠠᠮ ᠤᠨ ᠭᠡᠰᠢᠬᠦᠨ ᠺᠠᠳ᠋ᠷ ᠪᠠ ᠤᠯᠠᠨ ᠨᠡᠶᠢᠳᠡ ᠶᠢᠨ ᠡᠷᠭᠡ ᠭᠡᠷᠡᠭᠵᠢᠬᠦᠯᠵᠦ ᠪᠠᠶᠢᠭ᠎ᠠ ᠪᠤᠰᠤᠳ ᠠᠯᠪᠡᠨ ᠲᠤᠰᠢᠶᠠᠯᠳᠠᠨ  ᠵᠡᠷᠭᠡ ᠳᠤ ᠲᠠᠯᠪᠢᠨ᠎ᠠ᠃ ᠤᠯᠠᠨ ᠲᠦᠮᠡᠨ ᠤ ᠳᠡᠷᠭᠡᠳᠡᠬᠢ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ  ᠢᠯᠵᠢᠷᠡᠯ᠂ ᠨᠠᠮ ᠤᠨ ᠭᠡᠰᠢᠬᠦᠨ ᠺᠠᠳ᠋ᠷ ᠪᠠ ᠪᠤᠰᠤᠳ ᠤᠯᠠᠨ ᠨᠡᠶᠢᠳᠡ ᠶᠢᠨ ᠡᠷᠭᠡ ᠶᠢ ᠭᠡᠷᠡᠭᠵᠢᠬᠦᠯᠵᠦ ᠪᠠᠶᠢᠭ᠎ᠠ ᠠᠯᠪᠡᠨ  ᠲᠤᠰᠢᠶᠠᠯᠳᠠᠨ ᠬᠠᠷ᠎ᠠ ᠪᠦᠯᠦᠭᠳᠡᠨ ᠬᠠᠷᠬᠢᠰ ᠬᠦᠴᠦᠨ ᠤ ︽ᠬᠠᠮᠠᠭᠠᠯᠠᠬᠤ ᠰᠢᠬᠦᠷ︾ ᠪᠤᠯᠬᠤ᠂ ᠤᠷᠤᠨ ᠨᠤᠳᠤᠭ ᠤᠨ  ᠨᠠᠮ ᠤᠨ ᠬᠤᠷᠢᠶ᠎ᠠ ᠪᠠ ᠵᠠᠰᠠᠭ ᠤᠨ ᠤᠷᠳᠤᠨ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ᠂ ᠬᠠᠮᠢᠶ᠎ᠠ  ᠪᠦᠬᠦᠢ ᠡᠬᠦᠷᠭᠡ ᠴᠢᠳᠠᠪᠬᠢᠳᠦ ᠰᠠᠯᠠᠭ᠎ᠠ ᠮᠦᠴᠢᠷ ᠵᠢᠴᠢ ᠲᠡᠬᠦᠨ ᠤ ᠠᠵᠢᠯᠳᠠᠨ ᠬᠠᠷ᠎ᠠ ᠪᠦᠯᠦᠭᠳᠡᠨ ᠬᠠᠷᠬᠢᠰ ᠬᠦᠴᠦᠨ   ᠢ ᠠᠷᠢᠯᠭᠠᠬᠤ ᠲᠡᠮᠡᠴᠡᠯ ᠳᠤᠮᠳᠠ ᠠᠵᠢᠯ ᠢᠶᠠᠨ ᠠᠬᠢᠭᠤᠯᠬᠤ ᠬᠦᠴᠦᠯᠡᠴᠡ ᠠᠨᠠᠢ ᠪᠠᠶᠢᠬᠤ ᠭᠤᠷᠪᠡᠨ ᠲᠦᠷᠦᠯ ᠤᠨ  ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠤᠷᠢᠯᠡᠨ᠎ᠠ ᠭᠡᠪᠠ᠃               ︽ᠭᠡᠷᠡᠭᠵᠢᠬᠦᠯᠬᠦ ᠲᠦᠰᠦᠯ︾ ᠳᠤ ᠱᠠᠭᠠᠷᠳᠠᠭᠰᠠᠨ ᠨᠢ  ᠂ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ  ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠨᠤᠭᠤᠳ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ  ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠰᠦᠯᠵᠢᠶᠡᠨ ᠦᠷᠳᠡᠭᠡ᠂ ᠭᠠᠷ ᠤᠳᠠᠰᠤᠨ ᠤ APP᠂ ᠵᠢᠷᠬᠢᠶ᠎ᠠ ᠶᠢᠨ  ᠤᠯᠠᠨ ᠨᠡᠶᠢᠳᠡ ᠶᠢᠨ ᠲᠠᠪᠴᠠᠩ ᠳᠡᠭᠡᠷ᠎ᠠ ᠢᠯᠡᠴᠢᠯᠡᠨ ᠮᠡᠳᠡᠬᠦᠯᠬᠦ ᠲᠤᠰᠬᠠᠢ ᠪᠤᠯᠤᠩ ᠭᠠᠷᠭᠠᠵᠦ᠂ ᠢᠯᠡᠴᠢᠯᠡᠨ  ᠮᠡᠳᠡᠬᠦᠯᠬᠦ ᠤᠳᠠᠰᠤ᠂ ᠵᠠᠬᠢᠳᠠᠯ ᠤᠨ ᠬᠠᠶᠢᠷᠴᠠᠭ ᠢ ᠢᠯᠠ ᠨᠡᠶᠢᠳᠡᠯᠡᠵᠦ᠂ ᠠᠰᠠᠭᠤᠳᠠᠯ ᠤᠨ ᠰᠦᠪᠡᠭᠴᠢ ᠶᠢ ᠦᠷᠭᠡᠨ  ᠳᠡᠯᠭᠡᠷ ᠬᠤᠷᠢᠶᠠᠨ ᠰᠢᠭᠰᠢᠨ ᠪᠠᠶᠢᠴᠠᠭᠠᠬᠤ ᠭᠡᠷᠡᠭᠲᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠭᠰᠠᠨ  ᠢᠯᠵᠢᠷᠡᠯ ᠤᠨ ᠠᠰᠠᠭᠤᠳᠠᠯ ᠢ ᠲᠤᠭᠤᠷᠢᠨ ᠪᠠᠶᠢᠴᠠᠭᠠᠬᠤ ᠠᠵᠢᠯ ᠤᠨ ᠠᠭᠤᠯᠭ᠎ᠠ ᠳᠤ ᠤᠷᠤᠭᠤᠯᠵᠦ᠂ ᠠᠰᠠᠭᠤᠳᠠᠯ  ᠤᠨ  ᠰᠦᠪᠡᠭᠴᠢ ᠶᠢ ᠬᠦᠴᠦᠯᠡᠨ ᠢᠯᠡᠷᠡᠬᠦᠯᠬᠦ ᠭᠡᠷᠡᠭᠲᠡᠢ᠃ ᠳᠤᠳᠤᠭᠠᠳᠦ ᠶᠢ ᠬᠠᠮᠠᠭᠠᠯᠠᠬᠤ ᠪᠠᠶᠢᠴᠠᠭᠠᠬᠤ ᠰᠢᠬᠦᠬᠦ ᠬᠠᠤᠯᠢ  ᠴᠠᠭᠠᠵᠠ ᠶᠢᠨ ᠪᠠᠶᠢᠭᠤᠯᠤᠮᠵᠢ ᠪᠠ ᠬᠠᠮᠢᠶ᠎ᠠ ᠪᠦᠬᠦᠢ ᠡᠬᠦᠷᠭᠡ ᠴᠢᠳᠠᠪᠬᠢᠳᠦ ᠰᠠᠯᠠᠭ᠎ᠠ ᠮᠦᠴᠢᠷ ᠲᠠᠢ ᠬᠠᠮᠳᠤᠷᠠᠵᠦ᠂ ᠨᠠᠮ   ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠤᠯᠠᠨ ᠨᠡᠶᠢᠳᠡ ᠶᠢᠨ ᠡᠷᠭᠡ ᠶᠢ ᠭᠡᠷᠡᠭᠵᠢᠬᠦᠯᠬᠦ ᠠᠯᠢᠪᠠ  ᠠᠯᠪᠡᠨ ᠲᠤᠰᠢᠶᠠᠯᠳᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠤ ᠠᠰᠠᠭᠤᠳᠠᠯ ᠤᠨ ᠰᠦᠪᠡᠭᠴᠢ ᠶᠢ  ᠲᠤᠤᠱᠳᠠᠢ ᠪᠠᠶᠢᠴᠠᠭᠠᠵᠦ᠂ ᠪᠦᠬᠦ ᠲᠠᠯ᠎ᠠ ᠪᠠᠷ ᠰᠢᠭᠰᠢᠨ ᠲᠢᠭᠯᠢᠵᠦ᠂ ᠠᠰᠠᠭᠤᠳᠠᠯ  ᠤᠨ ᠰᠠᠭᠤᠷᠢ ᠲᠤᠭ᠎ᠠ ᠶᠢ  ᠳᠤᠳᠤᠷᠬᠠᠢ ᠪᠠᠶᠢᠴᠠᠭᠠᠬᠤ ᠬᠡᠷᠡᠭᠲᠡᠢ᠃ ︽ᠦᠩᠭᠡᠷᠡᠬᠦ ᠭᠠᠯᠠᠭᠤ ᠶᠢᠨ ᠦᠳᠦ ᠶᠢ ᠦᠭᠳᠡᠭᠡᠬᠦ ︾ ᠮᠠᠶ᠋ᠢᠭ ᠤᠨ ᠢᠯᠵᠢᠷᠡᠯ   ᠢ ᠲᠦᠪᠯᠡᠷᠡᠬᠦᠯᠦᠨ ᠴᠡᠭᠴᠡᠯᠡᠨ ᠵᠠᠰᠠᠬᠤ᠂ ︽ᠢᠯᠠᠭ᠎ᠠ ᠶᠢ ᠴᠤᠬᠢᠬᠤ︾ ᠠᠵᠢᠯᠯᠠᠭ᠎ᠠ᠂ ᠶᠠᠳᠠᠭᠤ ᠶᠢ ᠳᠡᠳᠬᠦᠬᠦ  ᠬᠦᠷᠢᠶᠡᠨ ᠳᠠᠬᠢ ᠢᠯᠵᠢᠷᠡᠯ ᠪᠠ ᠰᠤᠷᠳᠠᠯ ᠤᠨ ᠠᠰᠠᠭᠤᠳᠠᠯ  ᠤᠨ ᠲᠤᠰᠬᠠᠢ ᠵᠠᠰᠠᠯᠳᠠ᠂ ᠦᠨᠳᠦᠰᠦᠨ ᠱᠠᠳᠤᠨ ᠤ ︽ ᠭᠤᠷᠪᠡᠨ ᠶᠠᠪᠤᠳᠠᠯ︾ ᠢ ᠢᠯᠡ ᠪᠤᠯᠭᠠᠬᠤ ᠲᠤᠰᠬᠠᠢ ᠠᠵᠢᠯᠯᠠᠭ᠎ᠠ ᠳᠤᠮᠳᠠ ᠤᠯᠠᠨ ᠨᠡᠶᠢᠳᠡ ᠶᠢᠨ ᠡᠷᠭᠡ ᠶᠢ  ᠭᠡᠷᠡᠭᠵᠢᠬᠦᠯᠬᠦ ᠠᠯᠪᠡᠨ ᠲᠤᠰᠢᠶᠠᠯᠳᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠯ ᠪᠦᠬᠦᠢ  ᠠᠰᠠᠭᠤᠳᠠᠯ ᠤᠨ ᠰᠦᠪᠡᠭᠴᠢ ᠶᠢ ᠠᠩᠬᠠᠷᠤᠨ ᠢᠯᠡᠷᠡᠬᠦᠯᠬᠦ ᠶᠢᠨ ᠳᠠᠭᠠᠤ ᠪᠠᠶᠢᠴᠠᠭᠠᠨ ᠰᠢᠢᠳᠪᠤᠷᠢᠯᠡᠵᠦ᠂ ᠡᠩ  ᠲᠡᠷᠢᠬᠦᠨ ᠳᠤ ᠪᠠᠶᠢᠴᠠᠭᠠᠨ ᠰᠢᠢᠳᠪᠤᠷᠢᠯᠡᠵᠦ᠂ ᠲᠤᠰᠬᠠᠢᠢᠯᠠᠨ ᠱᠠᠯᠠᠪᠳᠠᠭᠤᠯᠤᠨ ᠰᠢᠢᠳᠪᠤᠷᠢᠯᠡᠵᠦ᠂ ᠡᠴᠦᠰ ᠳᠤᠨᠢ  ᠲᠤᠯᠳᠠᠯ᠎ᠠ ᠪᠠᠶᠢᠴᠠᠭᠠᠬᠤ ᠭᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠮᠵᠢ ᠯᠤᠭ᠎ᠠ ᠬᠠᠷ᠎ᠠ  ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠤ ᠠᠰᠠᠭᠤᠳᠠᠯ ᠤᠨ ᠰᠦᠪᠡᠭᠴᠢ ᠪᠤᠯᠤᠨ ᠬᠠᠷ᠎ᠠ ᠪᠦᠯᠦᠭᠳᠡᠨ  ᠬᠠᠷᠬᠢᠰ ᠬᠦᠴᠦᠨ ᠤ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠰᠦᠪᠡᠭᠴᠢ ᠶᠢ ᠬᠤᠤᠰ ᠴᠢᠭᠯᠡᠯ ᠢᠶᠠᠷ  ᠰᠢᠯᠵᠢᠬᠦᠯᠦᠨ ᠬᠦᠷᠭᠡᠬᠦ ᠪᠠ ᠪᠠᠶᠢᠴᠠᠭᠠᠨ ᠰᠢᠢᠳᠪᠤᠷᠢᠯᠡᠭᠰᠡᠨ ᠦᠷ᠎ᠠ ᠳ᠋ᠦᠩ ᠢ ᠬᠠᠷᠢᠭᠤ ᠲᠤᠰᠬᠠᠬᠤ ᠲᠤᠭᠳᠠᠴᠠ ᠶᠢ  ᠪᠠᠶᠢᠭᠤᠯᠵᠦ᠂ ᠰᠠᠬᠢᠯᠭ᠎ᠠ ᠪᠠᠳᠤ ᠪᠠ ᠬᠠᠤᠯᠢ ᠴᠠᠭᠠᠵᠠ ᠶᠢ ᠵᠤᠯᠭᠠᠭᠤᠯᠬᠤ᠂ ᠵᠤᠬᠢᠴᠠᠭᠤᠯᠤᠨ ᠠᠬᠢᠭᠤᠯᠬᠤ ᠶᠢ  ᠪᠡᠶᠡᠯᠡᠬᠦᠯᠬᠦ ᠭᠡᠷᠡᠭᠲᠡᠢ ᠭᠡᠪᠠ᠃                ᠡᠬᠦᠨ ᠤ ᠬᠠᠮᠲᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ  ᠪᠠᠶᠢᠴᠠᠭᠠᠬᠤ ᠵᠦᠪᠯᠡᠯ ᠢᠯᠡᠴᠢᠯᠡᠨ ᠮᠡᠳᠡᠬᠦᠯᠬᠦ ᠭᠡᠯᠪᠡᠷᠢ ᠶᠢ ᠢᠯᠡ ᠨᠡᠶᠢᠳᠡᠯᠡᠪᠡ᠂ ᠤᠳᠠᠰᠤ᠄ 0471 —  12388︔ ᠰᠦᠯᠵᠢᠶᠡᠨ ᠦᠷᠳᠡᠭᠡ᠄ neimeng.12388.gov.cn︔ ᠬᠠᠶ᠋ᠢᠭ᠄ ᠦᠪᠡᠷᠲᠡᠭᠡᠨ ᠵᠠᠰᠠᠬᠤ  ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠵᠠᠬᠢᠳᠠᠯ ᠰᠤᠷᠪᠤᠯᠵᠢᠯᠠᠯ ᠤᠨ  ᠳᠠᠰᠤᠭ ︵ᠬᠦᠬᠡᠬᠤᠳᠠ ᠶᠢᠨ ᠰᠢᠨ᠎ᠠ ᠬᠤᠳᠠ ᠬᠤᠶᠢᠳᠦ ᠵᠡᠭᠡᠯᠢ ᠶᠢᠨ ᠴᠢᠩᠴᠧᠩ ᠭᠤᠳᠤᠮᠵᠢ ᠶᠢᠨ 1 ᠳ᠋ᠤᠭᠠᠷ ᠨᠤᠮᠧᠷ᠂  ᠰᠢᠤᠳᠠᠨ ᠨᠤᠮᠧᠷ᠄ 010015︶᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号