ᠥᠪᠥᠷ ᠮᠣᠩᠭᠤᠯ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ   ᠬᠤᠭᠤᠴᠠᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠲᠤᠭᠲᠠᠭᠠᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2018-01-30
        ᠮᠠᠨ ᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠭᠡ᠂ ᠬᠤᠶᠠᠳᠤᠭᠠᠷ   ᠬᠤᠭᠤᠴᠠᠭᠠᠨ ᠤ ᠠᠵᠢᠯᠯᠠᠭ᠎ᠠ ᠶᠢᠨ ᠲᠥᠯᠥᠪᠯᠡᠭᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂   ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ   ᠠᠬᠢᠭᠤᠯᠬᠤ ᠶᠢᠨ ᠲᠦᠯᠦᠭᠡ᠂ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠦᠴᠢᠷ ᠤᠨ ︽  ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠠᠵᠢᠯᠯᠠᠭ᠎ᠠ   ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ᠤᠨ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ   ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ   ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ   ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ︽ᠥᠪᠥᠷ ᠮᠣᠩᠭᠤᠯ ᠤᠨ   ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠠᠵᠢᠯᠯᠠᠭ᠎ᠠ   ᠶᠢᠨ ᠲᠥᠯᠥᠪᠯᠡᠭᠡ ︵2017 — 2020 ᠤᠨ︶︾ ᠶᠢ ᠳᠠᠷᠤᠮᠠᠯᠯᠠᠨ ᠲᠠᠷᠬᠠᠭᠠᠪᠠ᠃                 ᠲᠤᠰ ᠲᠥᠯᠥᠪᠯᠡᠭᠡ ᠶᠢᠨ ᠶᠡᠷᠦᠩᠬᠡᠶ ᠱᠠᠭᠠᠷᠳᠠᠯᠭ᠎ᠠ ᠪᠣᠯ᠄ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂   ᠨᠡᠶᠢᠲᠡ ᠶᠢᠨ ᠠᠰᠠᠷᠠᠮᠵᠢ ᠶᠢ ᠲᠦᠭᠡᠮᠡᠯ ᠬᠦᠷᠲᠡᠭᠡᠬᠦ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ᠂   ᠠᠭᠤᠯᠤᠭᠳᠠᠬᠤᠨ ᠢ ᠬᠦᠭᠵᠢᠭᠦᠯᠬᠦ ᠦᠨᠳᠦᠰᠦᠨ ᠵᠠᠷᠴᠢᠮ ᠢ ᠪᠠᠷᠢᠮᠲᠠᠯᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ   ᠰᠤᠷᠭᠠᠨ ᠬᠥᠮᠦᠵᠢᠯ ᠤᠨ ᠦᠷᠬᠦᠯᠵᠢᠯᠡᠬᠦᠶᠢᠴᠡ ᠬᠥᠭᠵᠢᠯᠲᠡ ᠶᠢ ᠦᠨᠡᠨ ᠬᠦ ᠪᠠᠲᠤᠯᠠᠬᠤ ᠪᠠᠶᠢᠭᠤᠯᠤᠯ ᠤᠨ   ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ   ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠵᠦ᠂ ᠠᠯᠪᠠᠨ ᠠᠴᠠ ᠡᠷᠬᠢᠯᠡᠭᠰᠡᠨ   ᠬᠡᠦᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ   ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠷᠠᠳ ᠠᠴᠠ ᠡᠷᠬᠢᠯᠡᠭᠰᠡᠨ   ᠬᠡᠦᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠢᠳᠡᠪᠬᠢᠲᠡᠶ ᠪᠠᠷ   ᠬᠥᠲᠥᠯᠥᠨ ᠵᠢᠯᠣᠭᠤᠳᠬᠤ ᠪᠠ ᠲᠡᠳᠬᠦᠨ ᠳᠡᠮᠵᠢᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ   ᠬᠥᠮᠦᠵᠢᠯ ᠤᠨ ᠭᠤᠣᠯ ᠴᠣᠭᠴᠠ ᠶᠢ ᠬᠦᠭᠵᠢᠭᠦᠯᠬᠦ ᠪᠠ ᠬᠢᠨᠠᠠ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ   ᠭᠦᠢᠴᠡᠳᠬᠡᠵᠦ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂   ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠤᠨ   ᠴᠡᠴᠡᠷᠯᠢᠭ ᠪᠣᠯᠤᠨ ᠬᠤᠲᠠ ᠪᠠᠯᠭᠠᠰᠤ ᠶᠢᠨ ᠨᠥᠬᠦᠴᠡᠯ ᠪᠠᠷᠤᠭᠲᠠᠶ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ   ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 2017 ᠤᠨ ᠠᠴᠠ 2020 ᠤᠨ ᠬᠦᠷᠲᠡᠯ᠎ᠡ᠂   ᠪᠦᠬᠦ ᠣᠷᠣᠨ ᠳᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 1170 ︵ᠰᠢᠨ᠎ᠡ ᠪᠠᠷ 480᠂   ᠦᠭᠡᠷᠡᠴᠢᠯᠡᠵᠦ ᠦᠷᠭᠡᠳᠬᠡᠬᠦ 690︶ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠥᠷᠭᠡᠳᠬᠡᠨ ᠪᠠᠶᠢᠭᠤᠯᠵᠤ  ᠂   ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠬᠡᠤᠬᠡᠳ ᠤᠨ ᠴᠡᠴᠡᠷᠯᠢᠭ ᠲᠤ ᠣᠷᠣᠬᠤ ᠨᠤᠷᠮ᠎ᠠ ᠶᠢ  90% ᠠᠴᠠ ᠳᠡᠭᠡᠭᠰᠢ ᠳᠤ ᠲᠤᠭᠲᠠᠪᠤᠷᠢᠵᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ   ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ 80% ᠣᠷᠴᠢᠮ ᠳᠤ ᠬᠦᠷᠭᠡᠵᠦ᠂ ᠰᠤᠷᠭᠠᠭᠤᠯᠢ ᠶᠢᠨ ᠨᠠᠰᠤᠨ ᠠᠴᠠ   ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠭᠤᠯᠤᠯ᠂ ᠲᠣᠭᠲᠠᠴᠠ ᠶᠢᠨ ᠴᠢᠨᠠᠷᠲᠠᠶ ᠬᠠᠷᠰᠢ ᠰᠠᠭᠠᠳ ᠢ   ᠦᠨᠳᠦᠰᠦᠨ ᠳᠡᠭᠡᠨ ᠡᠪᠳᠡᠵᠦ᠂ ᠬᠡᠦᠬᠡᠳ ᠤᠨ ᠴᠡᠴᠡᠷᠯᠢᠭ ᠤᠨ ᠠᠵᠢᠯᠯᠠᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ   ᠮᠡᠳᠡᠭᠳᠡᠬᠦ᠋ᠢᠴᠡ ᠨᠡᠮᠡᠭᠳᠡᠭᠦᠯᠵᠦ᠂ ᠪᠠᠭᠰᠢ ᠶᠢᠨ ᠲᠤᠬᠢᠷᠠᠭᠤᠯᠤᠯᠲᠠ ᠶᠢ ᠦᠨᠳᠦᠰᠦᠨ ᠳᠡᠭᠡᠨ ᠤᠯᠤᠰ ᠤᠨ   ᠪᠠᠷᠢᠮᠵᠢᠶ᠎ᠠ ᠳᠤ ᠬᠦᠷᠦᠭᠦᠯᠵᠦ᠂ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠲᠣᠭᠲᠠᠴᠠ ᠶᠢ ᠠᠩᠬ᠎ᠠ ᠠᠯᠬᠤᠮ   ᠪᠠᠶᠢᠭᠤᠯᠵᠤ᠂ ᠬᠡᠦᠬᠡᠳ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠨᠡᠶᠢᠳᠡᠮ ᠵᠢᠷᠤᠮᠵᠢᠭᠤᠯᠵᠤ᠂ ︽ᠪᠠᠭ᠎ᠠ   ᠰᠤᠷᠭᠠᠭᠤᠯᠢᠴᠢᠯᠠᠬᠤ︾ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠠᠰᠠᠷᠠᠨ ᠬᠥᠮᠦᠵᠢᠭᠦᠯᠬᠦ ᠶᠠᠰᠤ ᠴᠢᠨᠠᠷ ᠢ   ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃       ︽ᠥᠪᠥᠷ ᠮᠣᠩᠭᠤᠯ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ   ᠬᠤᠭᠤᠴᠠᠭᠠᠨ ᠤ ᠠᠵᠢᠯᠯᠠᠭ᠎ᠠ  ᠶᠢᠨ ᠲᠥᠯᠥᠪᠯᠡᠭᠡ   ︵2017—2020 ᠣᠨ︶︾ ᠶᠢᠨ ᠬᠠᠷᠠᠯᠲᠠ ᠶᠢ ᠦᠨᠡᠨ ᠬᠦ   ᠪᠠᠲᠤᠯᠠᠬᠤ ᠶᠢᠨ ᠲᠣᠰᠠᠳᠠ ᠲᠤᠰ ᠲᠥᠯᠥᠪᠯᠡᠭᠡ ᠳᠤ 14 ᠵᠦᠢᠯ ᠤᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠳᠤᠷᠠᠳᠴᠠᠢ᠄   ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ   ᠲᠡᠭᠦᠯᠳᠡᠷᠵᠢᠭᠦᠯᠬᠦ︔ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠬᠥᠭᠵᠢᠭᠦᠯᠬᠦ ᠶᠢ ᠦᠷᠭᠦᠯᠵᠢᠯᠡᠨ   ᠬᠦᠴᠦᠲᠡᠢ ᠠᠬᠢᠭᠤᠯᠬᠤ︔ ᠬᠤᠲᠠ ᠪᠠᠯᠭᠠᠰᠤ ᠪᠠᠭ᠎ᠠ ᠲᠣᠭᠤᠷᠢᠭ ᠤᠨ ᠢᠵᠢ ᠲᠥᠬᠦᠷ ᠬᠡᠦᠬᠡᠳ ᠤᠨ ᠴᠡᠴᠡᠷᠯᠢᠭ ᠤᠨ   ᠪᠥᠳᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠠᠬᠢᠭᠤᠯᠬᠤ︔ ᠲᠦᠭᠡᠮᠡᠯ ᠬᠠᠷᠠᠭᠠᠯᠵᠠᠯ ᠤᠨ ᠴᠢᠨᠠᠷᠲᠠᠶ   ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠢᠳᠡᠪᠬᠢᠲᠡᠶ ᠪᠠᠷ ᠲᠡᠳᠬᠦᠨ ᠳᠡᠮᠵᠢᠬᠦ︔ ᠣᠨᠴᠠᠭᠠᠶ   ᠬᠡᠦᠬᠡᠳ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ︔ ᠬᠡᠦᠬᠡᠳ ᠤᠨ   ᠴᠡᠴᠡᠷᠯᠢᠭ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ︔ ᠬᠡᠦᠬᠡᠳ ᠤᠨ   ᠴᠡᠴᠡᠷᠯᠢᠭ ᠤᠨ ᠪᠠᠭᠰᠢ ᠠᠵᠢᠯᠲᠠᠨ ᠤ ᠬᠢᠷᠢ ᠬᠡᠮ ᠤᠨ ᠵᠥᠪᠰᠢᠶᠡᠷᠡᠯ ᠤᠨ ᠳᠦᠷᠢᠮ ᠢ ᠴᠢᠩᠭ᠎ᠠ ᠬᠡᠷᠡᠭᠵᠢᠭᠦᠯᠬᠦ︔   ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠢ ᠲᠣᠭᠲᠠᠭᠠᠯ ᠶᠣᠰᠣᠭᠠᠷ ᠪᠦᠷᠢᠳᠦᠭᠦᠯᠬᠦ︔ ᠬᠡᠦᠬᠡᠳ ᠤᠨ   ᠴᠡᠴᠡᠷᠯᠢᠭ ᠤᠨ ᠪᠠᠭᠰᠢ ᠠᠵᠢᠯᠲᠠᠨ ᠤ ᠬᠠᠷᠠᠭᠠᠯᠵᠠᠯ ᠢ ᠬᠠᠤᠯᠢ ᠶᠣᠰᠣᠭᠠᠷ ᠪᠠᠲᠤᠯᠠᠬᠤ︔ ᠰᠤᠷᠭᠠᠭᠤᠯᠢ ᠶᠢᠨ   ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠳᠤᠯᠭᠠᠨ᠂ ᠬᠠᠮᠢᠶᠠᠷᠤᠯᠲᠠ᠂ ᠵᠢᠯᠤᠭᠤᠳᠤᠯᠭ᠎ᠠ ᠪᠠ   ᠦᠢᠯᠡᠴᠢᠯᠡᠭᠡ ᠶᠢ ᠴᠢᠩᠭᠠᠳᠬᠠᠬᠤ︔ ᠬᠢᠨᠠᠨ ᠬᠠᠮᠢᠶᠠᠷᠬᠤ ᠪᠠᠶᠢᠭᠤᠯᠤᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢᠨ   ᠡᠷᠴᠢᠮ ᠢ ᠴᠢᠩᠭᠠᠷᠠᠭᠤᠯᠬᠤ︔ ᠡᠳ᠋ ᠤᠨ ᠵᠠᠰᠠᠭ ᠤᠨ ᠴᠢᠨᠠᠷᠲᠠᠶ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠬᠦ︔   ᠥᠪᠡᠷ ᠤᠨ ᠦᠷᠳᠡᠭ ᠢ ᠬᠤᠪᠢᠶᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠬᠦ︔ ᠶᠠᠳᠠᠭᠤ ᠬᠦᠴᠢᠷᠳᠡᠯᠲᠡᠶ   ᠬᠥᠮᠦᠰ ᠤᠨ ᠬᠡᠦᠬᠡᠳ ᠤᠨ ᠴᠡᠴᠡᠷᠯᠢᠭ ᠲᠤ ᠣᠷᠣᠬᠤ ᠶᠢ ᠲᠤᠰᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠵᠡᠷᠭᠡ   ᠪᠣᠯᠣᠨ᠎ᠠ᠃                 ᠲᠤᠰ ᠲᠥᠯᠥᠪᠯᠡᠭᠡ ᠳᠤ ᠲᠣᠳᠣᠷᠬᠠᠶ ᠳᠤᠷᠠᠳᠤᠭᠰᠠᠨ ᠨᠢ᠂ ᠡᠯ᠎ᠡ ᠭᠠᠵᠠᠷ ᠰᠤᠷᠭᠠᠭᠤᠯᠢ ᠶᠢᠨ ᠨᠠᠰᠤᠨ ᠠᠴᠠ   ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠠᠵᠢᠯᠯᠠᠭ᠎ᠠ ᠶᠢᠨ ᠲᠥᠯᠥᠪᠯᠡᠭᠡ  ᠶᠢ   ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠭᠦᠷᠭᠡ   ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠦᠨᠳᠦᠰᠦᠨ   ᠨᠢᠭᠡᠴᠨ ᠪᠣᠯᠭᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ   ᠬᠤᠭᠤᠴᠠᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠱᠠᠳᠤ ᠳᠠᠷᠠᠭᠠᠯᠠᠨ ᠨᠠᠶᠢᠷᠠᠭᠤᠯᠤᠨ ᠬᠡᠷᠡᠭᠵᠢᠭᠦᠯᠵᠦ᠂ ᠠᠵᠢᠯᠯᠠᠭ᠎ᠠ   ᠶᠢᠨ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠵᠥᠪᠯᠡᠬᠦ ᠵᠦᠢᠯ ᠪᠣᠯᠤᠨ   ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠨ ᠤ ᠡᠭᠦᠷᠭᠡ ᠳᠤ ᠣᠷᠣᠭᠤᠯᠵᠤ᠂ ᠡᠯ᠎ᠡ ᠵᠦᠢᠯ ᠤᠨ ᠬᠠᠷᠠᠯᠲᠠ   ᠡᠭᠦᠷᠭᠡ ᠶᠢ ᠬᠡᠷᠡᠭᠵᠢᠭᠦᠯᠦᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ   ᠣᠷᠳᠣᠨ ᠤᠳᠤᠷᠢᠤᠠᠬᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠥᠷᠥᠭᠦᠯᠬᠦ᠂ ᠬᠠᠮᠢᠶ᠎ᠠ ᠪᠦᠬᠦᠢ ᠰᠠᠯᠠᠭ᠎ᠠ   ᠮᠥᠴᠢᠷ ᠠᠵᠢᠯ ᠬᠤᠪᠢᠶᠠᠨ ᠬᠠᠷᠢᠭᠤᠴᠠᠬᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ   ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ   ᠬᠥᠮᠦᠵᠢᠯ ᠤᠨ ᠲᠥᠯᠥᠪᠵᠢᠭᠦᠯᠭᠡ ᠂ ᠣᠷᠣᠭᠤᠯᠤᠯᠲᠠ᠂ ᠪᠠᠲᠤᠯᠠᠭ᠎ᠠ᠂ ᠬᠢᠨᠠᠨ ᠬᠠᠮᠢᠶᠠᠷᠤᠯᠲᠠ ᠵᠡᠷᠭᠡ   ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠳᠤᠮᠳᠠᠬᠢ ᠴᠢᠬᠤᠯᠠ   ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ   ᠰᠠᠯᠠᠭ᠎ᠠ ᠮᠥᠴᠢᠷ ᠤᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠳᠤᠭᠠᠷ   ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠲᠤᠰᠬᠠᠶ ᠬᠢᠨᠠᠨ ᠵᠢᠯᠣᠭᠤᠳᠴᠤ᠂ ᠠᠶᠢᠮᠠᠭ ᠬᠤᠳᠠ᠂   ᠬᠤᠰᠢᠭᠤ ᠰᠢᠶᠠᠨ ︵ᠬᠤᠳᠠ᠂ ᠲᠣᠭᠤᠷᠢᠭ︶ ᠨᠤᠭᠤᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ   ᠬᠥᠮᠦᠵᠢᠯ ᠤᠨ ᠠᠵᠢᠯ ᠢ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ   ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠤᠳ ᠤᠨ ᠠᠵᠢᠯ ᠤᠨ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂   ᠱᠠᠩᠨᠠᠵᠤ ᠰᠢᠳᠬᠡᠬᠦ ᠪᠠ ᠬᠠᠷᠢᠭᠤᠴᠠᠯᠭ᠎ᠠ ᠲᠣᠯᠭᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠶᠡᠷᠦᠩᠬᠡᠶᠢᠯᠡᠭᠰᠡᠨ᠂   ᠲᠤᠰᠬᠠᠶ ᠪᠠ ᠲᠠᠰᠢᠷᠠᠮ ᠢᠶᠠᠷ ᠬᠢᠨᠠᠨ ᠵᠢᠯᠣᠭᠤᠳᠬᠤ ᠶᠢ ᠱᠠᠳᠤ ᠬᠤᠪᠢᠶᠠᠨ ᠥᠷᠨᠢᠭᠦᠯᠬᠦ ᠬᠡᠷᠡᠭᠲᠡᠢ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号