ᠰᠢᠨ᠎ᠡ ᠵᠢᠯ ᠠᠴᠠ ᠡᠮᠤᠨᠡᠬᠡᠨ᠂ ᠤᠯᠤᠰ ᠤᠨ ᠲᠡᠷᠢᠬᠦᠯᠡᠭᠴᠢ ᠰᠢ ᠶᠢᠨ ᠫᠢᠩ ᠲᠤᠮᠳᠠᠳᠤ ᠤᠯᠤᠰ ᠤᠨ ᠤᠯᠠᠨ | ᠤᠯᠤᠰ ᠤᠨ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ᠂ ᠲᠦᠪ ᠤᠨ ᠠᠷᠠᠳ ᠤᠨ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ᠂ | ᠲᠦᠪ ᠤᠨ ᠲᠧᠯᠸᠢᠰ ᠬᠤᠷᠢᠶ᠎ᠠ᠂ ᠲᠤᠮᠳᠠᠳᠤ ᠤᠯᠤᠰ ᠤᠨ ᠤᠯᠠᠨ ᠤᠯᠤᠰ ᠤᠨ ᠲᠧᠯᠸᠢᠰ ᠬᠤᠷᠢᠶ᠎ᠠ ︵ᠲᠤᠮᠳᠠᠳᠤ | ᠤᠯᠤᠰ ᠤᠨ ᠪᠦᠮᠪᠦᠷᠴᠡᠭ ᠤᠨ ᠲᠧᠯᠸᠢᠰ ᠰᠦᠯᠵᠢᠶ᠎ᠡ︶ ᠪᠤᠯᠤᠨ ᠢᠨᠲ᠋ᠧᠷ ᠰᠦᠯᠵᠢᠶ᠎ᠡ ᠪᠠᠷ ᠲᠠᠮᠵᠢᠭᠤᠯᠤᠨ᠂ 2018 | ᠤᠨ ᠤ ᠰᠢᠨ᠎ᠡ ᠵᠢᠯ ᠤᠨ ᠪᠡᠶᠡᠷ ᠤᠨ ᠦᠬᠡ ᠨᠡᠶᠢᠳᠡᠯᠡᠪᠡ᠃ ᠪᠦᠬᠦ ᠠᠭᠤᠯᠭ᠎ᠠ ᠨᠢ ᠲᠤᠤᠷᠠᠬᠢ ᠮᠠᠳᠤ᠄ ᠤᠯᠠᠨ ᠢᠶᠠᠷ ᠢᠶᠠᠨ | ᠰᠠᠶᠢᠨ ᠪᠠᠶᠢᠵᠠᠭᠠᠨ᠎ᠠ ᠤᠤ︖ ᠴᠠᠭ ᠮᠦᠴᠡ ᠨᠢᠰᠬᠦ ᠮᠠᠳᠤ ᠲᠦᠷᠬᠡᠨ ᠦᠩᠬᠡᠷᠡᠵᠥ᠂ ᠪᠢᠳᠡ ᠤᠳᠠᠭᠰᠠᠠ ᠴᠦ ᠦᠭᠡᠢ | 2018 ᠤᠨ ᠢᠶᠠᠨ ᠤᠬᠳᠤᠬᠤ ᠪᠤᠯᠤᠯ᠎ᠠ᠃ ᠠᠳᠡ ᠪᠢ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ | ᠲᠦᠮᠡᠨ ᠳᠤ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠠᠬ᠎ᠠ ᠲᠡᠬᠦᠤ ᠨᠡᠷ᠂ ᠤᠤᠮᠧᠨ ᠤᠨᠴᠠᠭᠠᠢ ᠵᠠᠰᠠᠭ | ᠵᠠᠬᠢᠷᠭᠠᠨ ᠤ ᠤᠷᠤᠨ ᠤ ᠠᠬ᠎ᠠ ᠲᠡᠬᠦᠤ ᠨᠡᠷ᠂ ᠲᠠᠶᠢᠸᠠᠨ ᠤ ᠠᠬ᠎ᠠ ᠲᠡᠬᠦᠤ ᠨᠡᠷ ᠪᠤᠯᠤᠨ ᠭᠠᠳᠠᠭᠠᠳᠤ ᠳᠤ ᠪᠠᠶᠢᠭ᠎ᠠ | ᠬᠠᠷᠢᠶᠠᠳᠤ ᠠᠬ᠎ᠠ ᠲᠡᠬᠦᠤ ᠨᠡᠷ ᠲᠤ ᠰᠢᠨ᠎ᠡ ᠵᠢᠯ ᠤᠨ ᠢᠷᠦᠬᠡᠯ ᠵᠦᠩᠨᠡᠯ ᠲᠡᠪᠰᠢᠬᠦᠯᠵᠥ ᠪᠠᠶᠢᠨ᠎ᠠ︕ ᠪᠢ ᠪᠠᠰᠠ | ᠲᠠᠯᠠᠬᠡᠢ ᠶᠢᠨ ᠡᠯ᠎ᠡ ᠤᠯᠤᠰ ᠡᠯ᠎ᠡ ᠭᠠᠵᠠᠷ ᠤᠷᠤᠨ ᠤ ᠨᠠᠶᠢᠵᠢ ᠨᠡᠷ ᠤᠨ ᠠᠯᠢᠪᠠ ᠪᠦᠬᠦᠨ ᠰᠠᠶᠢᠨ ᠰᠠᠶᠢᠬᠠᠨ | ᠪᠤᠯᠬᠤ ᠶᠢ ᠵᠦᠩᠨᠡᠵᠥ ᠪᠠᠶᠢᠨ᠎ᠠ︕ | ᠰᠢᠷᠭᠠᠭᠤ ᠴᠢᠷᠮᠠᠶᠢᠯᠭ᠎ᠠ ᠠᠴᠠ ᠰᠢᠯᠢᠳᠡᠭ ᠠᠮᠵᠢᠯᠳᠠ ᠲᠤᠳᠤᠷᠠᠵᠤ᠂ ᠡᠳᠤᠷ ᠪᠦᠷᠢ ᠰᠢᠨᠡᠳᠴᠦ | ᠰᠠᠷ᠎ᠠ ᠪᠦᠷᠢ ᠰᠠᠶᠢᠵᠢᠷᠠᠮᠤᠢ᠃ 2017 ᠤᠨ ᠳᠤ᠂ ᠪᠢᠳᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠡᠯ ᠢ ᠬᠤᠷᠠᠯᠳᠤᠭᠤᠯᠵᠥ᠂ | ᠨᠡᠶᠢᠬᠡᠮ ᠵᠢᠷᠤᠮ ᠤᠨ ᠤᠳᠤᠬᠢᠴᠢᠯᠠᠭᠰᠠᠠ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ | ᠵᠠᠮ ᠢᠶᠠᠨ ᠡᠬᠢᠯᠡᠬᠦᠯᠪᠡ᠃ ᠮᠠᠨ ᠤ ᠤᠯᠤᠰ ᠤᠨ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ | ᠦᠷᠳᠡᠭ 80 ᠲᠦᠮᠡᠨ ᠳ᠋ᠦᠩᠰᠢᠭᠤᠷ ᠲᠦᠬᠦᠷᠢᠭ ᠠᠷᠠᠳ ᠤᠨ ᠵᠤᠭᠤᠰ ᠲᠤ ᠬᠦᠷᠴᠦ᠂ ᠬᠤᠳᠠ ᠬᠦᠳᠡᠭᠡ ᠶᠢᠨ | ᠰᠢᠨ᠎ᠡ ᠪᠠᠷ ᠠᠵᠢᠯ ᠤᠯᠤᠭᠰᠠᠳ 1300 ᠭᠠᠷᠤᠢ ᠲᠦᠮᠡᠨ ᠬᠦᠮᠦᠨ ᠳᠤ ᠬᠦᠷᠴᠦ᠂ ᠨᠡᠶᠢᠬᠡᠮ ᠤᠨ | ᠨᠠᠰᠤᠵᠢᠯ ᠤᠨ ᠲᠠᠭᠠᠳᠬᠠᠯ 9 ᠳ᠋ᠦᠩᠰᠢᠭᠤᠷ ᠭᠠᠷᠤᠢ ᠬᠦᠮᠥᠨ ᠢ ᠪᠦᠷᠬᠦᠵᠥ᠂ ᠦᠨᠳᠦᠰᠦᠨ ᠡᠮ ᠡᠮᠨᠡᠯᠬᠡ ᠶᠢᠨ | ᠲᠠᠭᠠᠳᠬᠠᠯ 13.5 ᠳ᠋ᠦᠩᠰᠢᠭᠤᠷ ᠬᠦᠮᠥᠨ ᠢ ᠪᠦᠷᠬᠦᠵᠥ᠂ ᠪᠠᠰᠠ ᠬᠦᠳᠡᠭᠡ ᠲᠤᠰᠬᠤᠨ ᠤ 1000 ᠲᠦᠮᠡ ᠭᠠᠷᠤᠢ | ᠶᠠᠳᠠᠭᠤ ᠬᠦᠴᠢᠷᠳᠡᠯᠳᠡᠢ ᠬᠦᠮᠥᠨ ᠶᠠᠳᠠᠭᠤ ᠠᠴᠠ ᠠᠩᠬᠢᠵᠢᠷᠠᠪᠠ᠃ ︽ᠲᠡᠯᠭᠡᠷ ᠠᠭᠤᠳᠠᠮ ᠪᠠᠶᠢᠰᠢᠩ ᠢ ᠲᠦᠮᠡᠨ | ᠲᠠᠰᠤᠯᠭ᠎ᠠ ᠪᠠᠶᠢᠭᠤᠯᠤᠭᠠᠳ ᠲᠡᠯᠡᠬᠡᠢ ᠳ᠋ᠠᠬᠢᠨ ᠤ ᠶᠠᠳᠠᠭᠤ ᠠᠷᠠᠳ ᠢ ᠴᠦᠮ ᠮᠠᠩᠨᠠᠢ ᠲᠡᠨᠡᠶᠢᠨ ᠪᠠᠶᠠᠷᠯᠠᠭᠤᠯᠤᠮᠤᠢ︕︾ | ᠶᠠᠳᠠᠭᠤ ᠬᠦᠴᠢᠷᠳᠡᠯᠳᠡᠢ 340 ᠲᠦᠮᠡᠨ ᠬᠦᠮᠥᠨ ᠢ ᠤᠨᠳᠤᠤ ᠭᠠᠵᠠᠷ ᠲᠤ ᠨᠡᠬᠦᠯᠬᠡᠨ ᠶᠠᠳᠠᠭᠤ ᠶᠢ ᠲᠡᠳᠬᠦᠵᠥ᠂ | ᠲᠤᠯᠠᠭᠠᠨ ᠪᠦᠯᠢᠶᠡᠨ ᠰᠢᠨ᠎ᠡ ᠬᠡᠷ ᠲᠠᠢ ᠪᠤᠯᠭᠠᠨ᠂ ᠡᠯ᠎ᠡ ᠲᠦᠷᠦᠯ ᠤᠨ ᠲᠦᠬᠦᠮ ᠪᠦᠳᠦᠴᠡᠳᠤ ᠤᠷᠤᠨ | ᠰᠠᠭᠤᠴᠠ ᠶᠢᠨ ᠲᠤᠭᠤᠷᠢᠭ ᠢ ᠦᠭᠡᠷᠡᠴᠢᠯᠡᠨ ᠰᠢᠨᠡᠳᠭᠡᠬᠦ ᠠᠵᠢᠯ ᠤᠨ ᠪᠠᠷᠢᠯᠭ᠎ᠠ ᠡᠬᠢᠯᠡᠭᠰᠡᠡ ᠲᠤᠭ᠎ᠠ 600 | ᠲᠦᠮᠡᠨ ᠢᠵᠢ ᠶᠢᠨ ᠬᠠᠷᠠᠯᠳᠡ ᠡᠬᠦᠷᠬᠡ ᠶᠢ ᠤᠷᠢᠳᠴᠢᠯᠠᠨ ᠪᠡᠶᠡᠯᠡᠬᠦᠯᠪᠡ᠃ ᠡᠯ᠎ᠡ ᠵᠦᠢᠯ ᠤᠨ ᠠᠷᠠᠳ ᠤᠨ | ᠠᠮᠢᠳᠤᠷᠠᠯ ᠤᠨ ᠦᠢᠯᠡᠰ ᠲᠦᠷᠭᠡᠨ ᠬᠦᠭᠵᠢᠵᠥ᠂ ᠠᠮᠢ ᠠᠬᠤᠢ ᠶᠢᠨ ᠤᠷᠴᠢᠨ ᠲᠤᠭᠤᠷᠢᠨ ᠠᠭᠠᠵᠢᠮ ᠢᠶᠠᠷ | ᠰᠠᠶᠢᠵᠢᠷᠠᠨ ᠠᠷᠠᠳ ᠤᠯᠠᠨ ᠨᠡᠩ ᠤᠯᠠᠨ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠲᠠᠢ ᠪᠤᠯᠵᠠᠢ᠃ ᠪᠢᠳᠡ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠡ | ᠲᠡᠰᠢ ᠪᠠᠰᠠ ᠨᠢᠭᠡᠨ ᠲᠤᠮᠤ ᠠᠯᠬᠤᠮ ᠢ ᠠᠯᠬᠤᠭᠰᠠᠠ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠡᠭᠦᠳᠦᠯᠳᠡ᠂ ᠴᠢᠬᠤᠯᠠ ᠶᠡᠭᠡ ᠢᠨᠵᠧᠨᠧᠷᠢᠩ ᠤᠨ | ᠪᠦᠲᠦᠭᠡᠨ ᠪᠠᠶᠢᠭᠤᠯᠤᠯᠳᠠ ᠲᠠᠰᠤᠷᠠᠯᠲᠠ ᠦᠭᠡᠢ ᠠᠮᠵᠢᠯᠳᠠ ᠤᠯᠪᠠ᠃ ︽ᠬᠢᠷᠠᠬᠠᠢ ᠨᠢᠳᠤ︾ ᠳᠠᠭᠠᠭᠤᠯᠢ ᠤᠳᠤ | ᠰᠠᠨᠰᠠᠷ ᠢᠶᠠᠷ ᠳᠡᠭᠦᠯᠢᠵᠤ᠂ C919 ᠲᠤᠮᠤ ᠬᠡᠯᠪᠡᠷᠢ ᠶᠢᠨ ᠠᠶᠠᠨᠴᠢᠨ ᠤ ᠨᠢᠰᠭᠡᠯ ᠤᠭᠳᠠᠷᠭᠤᠢ ᠪᠠᠷ ᠨᠢᠰᠴᠤ᠂ | ᠺᠸᠠᠨ᠋ᠲ ᠺᠤᠮᠫᠢᠦ᠋ᠲ᠋ᠧᠷ ᠢ ᠠᠮᠵᠢᠯᠳᠠ ᠲᠠᠢ ᠰᠤᠳᠤᠯᠤᠨ ᠦᠢᠯᠡᠳᠴᠤ᠂ ᠳᠠᠯᠠᠢ ᠶᠢᠨ ᠤᠰᠤᠨ ᠳᠤᠳᠤᠷᠭ᠎ᠠ ᠶᠢ | ᠲᠤᠷᠰᠢᠨ ᠲᠠᠷᠢᠵᠤ᠂ ᠠᠩᠬᠠᠳᠠᠭᠴᠢ ᠤᠯᠤᠰ ᠠᠴᠠ ᠦᠢᠯᠡᠳᠪᠦᠷᠢᠯᠡᠭᠰᠡᠨ ᠨᠢᠰᠭᠡᠯ ᠤᠨ ᠰᠠᠭᠤᠷᠢ ᠤᠩᠭᠤᠴᠠ | ᠠᠰᠢᠬᠯᠠᠯᠳᠡ ᠳᠤ ᠤᠷᠤᠵᠤ᠂ ︽ᠲᠠᠯᠠᠢ ᠶᠢᠨ ᠵᠢᠭᠦᠷ︾ ᠨᠡᠷᠡᠮᠵᠢᠲᠦ ᠬᠠᠯᠢᠭᠴᠢ ᠨᠢᠰᠭᠡᠯ ᠭᠦᠨ ᠳᠠᠯᠠᠢ ᠪᠠᠷ ᠬᠠᠶᠢᠨ | ᠰᠢᠨᠵᠢᠯᠡᠵᠤ ᠠᠩᠬ᠎ᠠ ᠤᠳᠠᠭ᠎ᠠ ᠳᠠᠯᠠᠢ ᠶᠢᠨ ᠤᠷᠤᠨ ᠠᠴᠠ ᠰᠢᠳᠠᠮᠠᠬᠠᠢ ᠮᠦᠰᠤ ᠬᠠᠶᠢᠭᠠᠳ ᠠᠮᠵᠢᠯᠳᠠ ᠤᠯᠵᠤ᠂ | ᠶᠠᠩ ᠱᠠᠨ ᠤ ᠳᠦᠷᠪᠡᠳᠦᠭᠡᠷ ᠬᠤᠭᠤᠴᠠᠭᠠᠨ ᠤ ᠠᠦ᠋ᠲ᠋ᠦᠴᠢᠯᠠᠭᠰᠠᠨ ᠭᠠᠷᠠᠮ ᠵᠢᠩᠭᠢᠨᠢ ᠪᠠᠷ ᠠᠰᠢᠬᠯᠠᠯᠳᠡ ᠳᠤ | ᠤᠷᠤᠵᠤ᠂ ᠰᠢᠶᠠᠩᠭᠠᠩ ᠵᠦᠬᠠᠢ ᠤᠤᠮᠧᠨ ᠤ ᠶᠡᠭᠡ ᠬᠦᠭᠦᠷᠭᠡ ᠶᠢᠨ ᠭᠤᠤᠯ ᠪᠠᠷᠢᠯᠭ᠎ᠠ ᠪᠦᠬᠦ ᠲᠠᠯ᠎ᠠ ᠪᠠᠷ | ᠨᠡᠪᠲᠡᠷᠡᠵᠤ᠂ ᠰᠡᠷᠭᠦᠨ ᠮᠠᠨᠳᠤᠯᠳᠠ ᠨᠡᠷᠡᠮᠵᠢᠲᠦ ᠲᠦᠷᠭᠡᠨ ᠤ ᠭᠠᠯᠲᠦ ᠲᠡᠷᠭᠡ ᠡᠬᠡ ᠤᠯᠤᠰ ᠤᠨ ᠠᠭᠤᠳᠠᠮ ᠨᠤᠲᠤᠭ | ᠳᠡᠪᠢᠰᠭᠡᠷ ᠳᠡᠭᠡᠷ᠎ᠠ ᠳᠠᠪᠬᠢᠯ᠎ᠠ᠁ ᠪᠢ ᠳᠤᠮᠳᠠᠳᠤ ᠤᠯᠤᠰ ᠤᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ | ᠬᠦᠴᠦᠨ ᠢ ᠬᠠᠷᠠᠭᠠᠳ ᠲᠦᠢᠯ ᠢᠶᠠᠷ ᠳᠤᠭᠳᠤᠯᠤᠨ ᠪᠠᠶᠠᠷᠯᠠᠵᠤ ᠪᠠᠶᠢᠨ᠎ᠠ︕ | ᠪᠢᠳᠡ ᠵᠢᠷᠦᠬᠡ ᠬᠠᠮᠲᠤᠷᠠᠭᠰᠠᠨ ᠪᠤᠯᠪᠠᠰᠤᠷᠠᠯ ᠤᠨ ᠰᠠᠭᠤᠷᠢᠨ ᠳᠤ ᠴᠡᠷᠢᠭ ᠰᠢᠯᠭᠠᠨ ᠦᠵᠡᠬᠦ ᠶᠤᠰᠤᠯᠠᠯ | ᠶᠠᠪᠤᠭᠤᠯᠵᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ | ᠤᠢ ᠶᠢ ᠳᠤᠷᠠᠰᠬᠠᠪᠠ᠃ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 20 ᠵᠢᠯ ᠤᠨ ᠤᠢ ᠶᠢᠨ ᠦᠶ᠎ᠠ ᠪᠠᠷ | ᠪᠢ ᠰᠢᠶᠠᠩᠭᠠᠩ ᠳᠤ ᠬᠦᠷᠴᠤ᠂ ᠡᠬᠡ ᠤᠯᠤᠰ ᠤᠨ ᠢᠶᠠᠨ ᠪᠠᠳᠤ ᠶᠡᠭᠡ ᠦᠮᠦᠭ ᠲᠦᠰᠢᠭ ᠲᠤᠤᠷ᠎ᠠ | ᠰᠢᠶᠠᠩᠭᠠᠩ ᠤᠷᠲᠤ ᠬᠤᠭᠤᠴᠠᠭᠠᠨ᠎ᠠ ᠬᠦᠭᠵᠢᠯ ᠲᠤᠭᠳᠠᠭᠤᠨ ᠢᠶᠠᠨ ᠪᠠᠲᠤᠯᠠᠭᠰᠠᠨ ᠢ ᠤᠯᠵᠤ ᠬᠠᠷᠠᠪᠠ᠂ | ᠢᠷᠡᠭᠡᠳᠦᠢ ᠳᠤ ᠯᠠᠪᠳᠠᠶ ᠨᠡᠩ ᠰᠠᠶᠢᠨ ᠰᠠᠶᠢᠬᠠᠨ ᠪᠤᠯᠬᠤ ᠪᠤᠯᠤᠨ᠎ᠠ᠃ ᠪᠢᠳᠡ ᠪᠠᠰᠠ ᠪᠦᠬᠦ ᠦᠨᠳᠦᠰᠦᠳᠡᠨ ᠤ | ᠶᠠᠫᠤᠨ ᠢ ᠡᠰᠡᠷᠭᠦᠴᠡᠬᠦ ᠳᠠᠶᠢᠨ ᠡᠭᠦᠰᠦᠭᠰᠡᠨ 80 ᠵᠢᠯ ᠤᠨ ᠤᠢ ᠶᠢ ᠳᠤᠷᠠᠰᠬᠠᠬᠤ ᠶᠤᠰᠤᠯᠠᠯ ᠪᠤᠯᠤᠨ | ᠨᠠᠨᠵᠢᠩ ᠤᠨ ᠶᠡᠭᠡ ᠬᠢᠳᠤᠯᠭ᠎ᠠ ᠳᠤ ᠬᠤᠤᠷᠯᠠᠭᠳᠠᠭᠰᠠᠳ ᠢ ᠭᠠᠰᠢᠭᠤᠳᠠᠬᠤ ᠤᠯᠤᠰ ᠤᠨ ᠨᠡᠶᠢᠳᠡ ᠶᠢᠨ | ᠲᠠᠬᠢᠯᠭ᠎ᠠ ᠶᠢᠨ ᠶᠤᠰᠤᠯᠠᠯ ᠢ ᠶᠠᠪᠤᠭᠤᠯᠵᠥ᠂ ᠦᠡᠭᠭᠡᠷᠡᠭᠰᠡᠨ ᠲᠡᠤᠬᠡ ᠪᠠᠨ ᠪᠠᠳᠤ ᠴᠡᠭᠡᠵᠢᠯᠡᠵᠤ ᠡᠩᠬᠡ ᠲᠠᠶᠢᠪᠤᠩ ᠢ | ᠬᠦᠰᠡᠨ ᠡᠷᠡᠮᠡᠯᠵᠡᠪᠡ᠃ | ᠪᠢᠳᠡ ᠤᠯᠤᠰ ᠲᠠᠭᠠᠨ ᠬᠡᠳᠦ ᠤᠳᠠᠭ᠎ᠠ ᠶᠢᠨ ᠤᠯᠠᠨ ᠲᠠᠯ᠎ᠠ ᠶᠢᠨ ᠭᠠᠳᠠᠭᠠᠳᠦ ᠬᠠᠷᠢᠯᠴᠠᠭᠠᠨ ᠤ | ᠠᠵᠢᠯᠯᠠᠭ᠎ᠠ ᠡᠷᠬᠢᠯᠡᠪᠡ᠃ ᠡᠭᠦᠨ ᠳᠤ ᠠᠩᠬᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ | ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠤᠳ ᠤᠨ ᠶᠠᠷᠢᠶᠠᠨ ᠤ ᠲᠠᠪᠴᠠᠩ᠂ ᠠᠯᠳᠠᠨ ᠲᠤᠭᠤᠰᠬ᠎ᠠ | ᠤᠯᠤᠰ ᠤᠳ ᠤᠨ ᠤᠳᠤᠷᠢᠳᠬᠤ ᠬᠦᠮᠦᠰ ᠤᠨ ᠰᠢᠶᠠᠮᠧᠨ ᠳᠠᠬᠢ ᠠᠭᠤᠯᠵᠠᠯᠳᠠ᠂ ᠳᠤᠮᠳᠠᠳᠤ ᠤᠯᠤᠰ ᠤᠨ ᠡᠪ ᠬᠠᠮᠲᠦ | ᠨᠠᠮ ᠪᠤᠯᠤᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠳᠡᠰ ᠤᠨ ᠶᠠᠷᠢᠯᠴᠠᠭᠠᠨ ᠤ ᠬᠤᠷᠠᠯ ᠵᠡᠷᠭᠡ | ᠪᠠᠭᠳᠠᠵᠤ ᠪᠠᠶᠢᠨ᠎ᠠ᠃ ᠪᠢ ᠪᠠᠰᠠ ᠳᠡᠯᠡᠬᠡᠢ ᠶᠢᠨ ᠴᠢᠬᠤᠯᠠ ᠤᠯᠠᠨ ᠲᠠᠯ᠎ᠠ ᠶᠢᠨ ᠬᠤᠷᠠᠯ ᠤᠳ ᠲᠤ ᠤᠷᠤᠯᠴᠠᠵᠠᠢ᠃ | ᠡᠨᠡ ᠵᠢᠯ ᠤᠨ ᠡᠬᠢ ᠪᠠᠷ᠂ ᠪᠢ ᠳ᠋ᠠᠦ᠋ᠰ ᠤᠨ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ | ᠤᠨ ᠤ ᠬᠤᠷᠠᠯ ᠳᠤ ᠤᠷᠤᠯᠴᠠᠭᠰᠠᠨ ᠪᠦᠭᠡᠳ ᠵᠧᠨ᠋ᠸᠧᠠ ᠶᠢᠨ ᠶᠡᠷᠦᠩᠬᠡᠢ ᠭᠠᠵᠠᠷ ᠲᠤ ᠶᠠᠷᠢᠶ᠎ᠠ ᠲᠠᠯᠪᠢᠵᠤ᠂ | ᠰᠡᠬᠦᠯᠡᠷ ᠨᠢ ᠪᠠᠰᠠ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠲᠦᠷᠦᠭᠦᠴᠤᠳ ᠤᠨ ᠬᠤᠷᠠᠯ᠂ | ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠦᠰ ᠤᠨ ᠠᠯᠪᠠᠨ ᠶᠤᠰᠤᠨ ᠤ ᠪᠤᠰᠤ ᠬᠤᠷᠠᠯ ᠵᠡᠷᠭᠡ ᠳᠤ | ᠤᠷᠤᠯᠴᠠᠪᠠ᠃ ᠪᠢ ᠡᠳᠡᠭᠡᠷ ᠠᠳᠠᠯᠢ ᠪᠤᠰᠤ ᠬᠤᠷᠠᠯ ᠴᠤᠭᠯᠠᠭᠠᠨ ᠳᠤ ᠬᠤᠯᠪᠤᠭᠳᠠᠯ ᠪᠦᠬᠦᠢ ᠡᠯ᠎ᠠ | ᠲᠠᠯ᠎ᠠ ᠶᠢᠨ ᠬᠢᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠤᠯᠠᠨ ᠢᠶᠠᠷ ᠢᠶᠠᠨ ᠬᠦᠮᠦᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠲᠦ ᠶᠢᠨ ᠴᠤᠭᠴᠠ ᠶᠢ ᠬᠠᠮᠲᠦᠪᠡᠷ ᠠᠬᠢᠭᠤᠯᠵᠤ᠂ ᠳᠡᠯᠡᠬᠡᠢ ᠶᠢᠨ ᠡᠯ᠎ᠠ ᠤᠯᠤᠰ ᠤᠨ ᠠᠷᠠᠳ | ᠲᠦᠮᠡᠨ ᠳᠤ ᠪᠤᠶᠠᠨ ᠦᠢᠯᠡᠳᠬᠦ ᠶᠢ ᠵᠦᠪᠰᠢᠶᠡᠷᠡᠵᠤ ᠪᠠᠶᠢᠨ᠎ᠠ᠃ | 2017 ᠤᠨ ᠳᠤ᠂ ᠪᠢ ᠪᠠᠰᠠ ᠮᠠᠰᠢ ᠠᠷᠪᠢᠨ ᠤᠯᠠᠨ ᠲᠦᠮᠡᠨ ᠤ ᠵᠠᠬᠢᠳᠠᠯ ᠢ ᠲᠤᠰᠴᠠᠢ᠂ ᠡᠬᠦᠨ ᠳᠤ | ᠲᠦᠪᠡᠳ ᠤᠨ ᠯᡁᠢᠦ᠋ᠢᠨᠽᠧ ᠰᠢᠶᠠᠨ ᠤ ᠶᠢᠦ᠋ᠢᠮᠠᠢ ᠰᠢᠶᠠᠩ ᠤᠨ ᠨᠤᠳᠤᠬ ᠤᠨ ᠠᠬ᠎ᠠ ᠲᠡᠬᠦᠤ ᠨᠠᠷ ᠪᠤᠢ᠂ ᠦᠪᠤᠷ | ᠮᠤᠩᠭᠤᠯ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠡᠰᠢᠬᠦᠳ ᠪᠤᠢ᠂ ᠰᠢ ᠠᠨ ᠤ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠠᠷᠠᠭᠤᠨᠰᠢ ᠨᠡᠬᠦᠭᠰᠡᠨ ᠬᠤᠪᠢᠶᠠᠷᠢ ᠰᠤᠷᠭᠠᠭᠤᠯᠢ ᠶᠢᠨ ᠫᠷᠤᠹᠧᠰᠰᠤᠷ ᠪᠤᠢ᠂ | ᠮᠦᠨᠴᠤ ᠨᠠᠨ ᠺᠠᠢ ᠶᠡᠭᠡ ᠰᠤᠷᠭᠠᠭᠤᠯᠢ ᠶᠢᠨ ᠰᠢᠨ᠎ᠠ ᠴᠡᠷᠢᠭ ᠲᠤ ᠤᠷᠤᠬᠰᠠᠨ ᠤᠶᠤᠳᠠᠨ ᠪᠤᠢ᠂ ᠲᠡᠳᠡᠨ ᠤ | ᠦᠯᠢᠬᠡᠷ ᠲᠤ ᠪᠢ ᠶᠡᠬᠡᠳᠠ ᠰᠡᠳᠬᠢᠯ ᠬᠦᠳᠡᠯᠪᠡ᠃ ᠦᠷᠬᠡᠨ ᠤᠯᠠᠨ ᠠᠷᠠᠳ ᠲᠦᠮᠡᠨ ᠤᠯᠤᠰ ᠢᠶᠠᠨ | ᠬᠠᠶᠢᠷᠠᠯᠠᠵᠤ ᠨᠡᠮᠡᠷᠢ ᠬᠠᠨᠳᠢᠪ ᠢᠶᠠᠨ ᠡᠷᠬᠦᠬᠦ ᠶᠢ ᠪᠠᠷᠢᠮᠳᠠᠯᠠᠨ ᠭᠤᠮᠤᠳᠠᠯ ᠦᠬᠡᠢ ᠬᠠᠷᠠᠮᠰᠠᠯ ᠦᠬᠡᠢ ᠪᠠᠷ | ᠵᠢᠳᠬᠦᠵᠤ᠂ ᠲᠦᠭ ᠲᠦᠮᠡᠨ ᠡᠬᠡᠯ ᠠᠷᠠᠳ ᠪᠤᠯ ᠬᠠᠮᠤᠬ ᠤᠨ ᠠᠭᠤᠤ ᠶᠡᠭᠡ ᠭᠡᠳᠡᠭ ᠢ ᠪᠢ ᠬᠦᠨ ᠤᠢᠢᠯᠠᠭᠠᠪᠠ᠂ | ᠡᠬᠦᠨ ᠤ ᠵᠡᠷᠭᠡᠪᠡᠷ ᠪᠢ ᠵᠤᠯ ᠵᠢᠷᠭᠠᠯ ᠢ ᠪᠤᠯ ᠠᠵᠢᠯᠯᠠᠵᠤ ᠲᠡᠮᠡᠴᠡᠵᠤ ᠪᠠᠶᠢᠭᠠᠳ ᠤᠯᠤᠨ᠎ᠠ ᠭᠡᠳᠡᠭ ᠢ ᠬᠦᠨ | ᠤᠢᠢᠯᠠᠭᠠᠪᠠ᠃ | 2018 ᠤᠨ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠬᠤ ᠡᠬᠢᠯᠠᠯᠳᠠ ᠶᠢᠨ ᠵᠢᠯ ᠪᠤᠯᠤᠨ᠎ᠠ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠠᠴᠠ ᠮᠠᠨ ᠤ ᠤᠯᠤᠰ ᠤᠨ ᠬᠦᠭᠵᠢᠯᠳᠠ ᠶᠢᠨ ᠢᠷᠡᠬᠡᠳᠤᠢ ᠶᠢᠨ 30 ᠭᠠᠷᠤᠢ | ᠵᠢᠯ ᠤᠨ ᠰᠠᠶᠢᠨ ᠰᠠᠶᠢᠬᠠᠨ ᠠᠤᠭ᠎ᠠ ᠲᠦᠰᠦᠪ ᠢ ᠵᠢᠷᠤᠬᠯᠠᠪᠠ᠃ ᠲᠦᠮᠡᠨ ᠲᠠᠪᠬᠤᠷ ᠠᠰᠠᠷ ᠢ ᠪᠠᠷᠢᠬᠤ ᠳᠤ | ᠲᠦᠪᠰᠢᠨ ᠭᠠᠵᠠᠷ ᠠᠴᠠ ᠪᠤᠰᠤᠮᠤᠢ᠃ ᠡᠨᠡᠬᠦ ᠠᠤᠭ᠎ᠠ ᠲᠦᠰᠦᠪ ᠢ ᠪᠤᠳᠠᠳᠠᠶᠢᠵᠢᠭᠤᠯᠬᠤ ᠳᠤ ᠶᠠᠭᠠᠬᠢᠬᠰᠠᠨ ᠴᠤ | ᠬᠡᠢ ᠬᠤᠭᠤᠰᠤᠨ ᠵᠦᠢᠯ ᠢ ᠪᠤᠳᠤᠵᠤ᠂ ᠬᠡᠶᠢᠰᠪᠤᠷᠢ ᠵᠠᠭᠤᠮᠠ ᠶᠢ ᠬᠦᠬᠡᠬᠡᠴᠡᠯᠳᠤᠵᠤ ᠪᠤᠯᠬᠤ ᠦᠬᠡᠢ᠂ ᠯᠠᠪᠳᠠᠭᠤᠨ | ᠪᠠᠳᠤᠳᠠᠢ ᠪᠠᠷ ᠠᠵᠢᠯ ᠢᠶᠠᠨ ᠰᠠᠶᠢᠳᠤᠷ ᠬᠢᠬᠦ ᠭᠡᠷᠡᠭᠳᠠᠢ᠃ | 2018 ᠤᠨ ᠳᠤ᠂ ᠪᠢᠳᠠ ᠦᠬᠡᠷᠡᠴᠢᠯᠠᠯᠳᠠ ᠨᠡᠬᠡᠬᠡᠯᠳᠠ ᠬᠢᠭᠰᠡᠨ 40 ᠵᠢᠯ ᠤᠨ ᠤᠢ ᠶᠢ ᠤᠬᠳᠤᠨ | ᠠᠪᠬᠤ ᠪᠤᠯᠤᠨ᠎ᠠ᠃ ᠦᠬᠡᠷᠡᠴᠢᠯᠠᠯᠳᠠ ᠨᠡᠬᠡᠬᠡᠯᠳᠠ ᠪᠤᠯ ᠤᠳᠤ ᠦᠶ᠎ᠠ ᠶᠢᠨ ᠳᠤᠮᠳᠠᠳᠤ ᠤᠯᠤᠰ ᠤᠨ ᠬᠦᠭᠵᠢᠯᠳᠠ | ᠲᠠᠪᠰᠢᠯᠳᠠ ᠶᠢᠨ ᠵᠠᠪᠠᠯ ᠶᠠᠪᠤᠬᠤ ᠵᠠᠮ᠂ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠵᠠᠪᠠᠯ ᠶᠠᠪᠤᠬᠤ ᠵᠠᠮ | ᠪᠤᠯᠤᠨ᠎ᠠ᠃ ᠪᠢᠳᠠ ᠦᠬᠡᠷᠡᠴᠢᠯᠠᠯᠳᠠ ᠨᠡᠬᠡᠬᠡᠯᠳᠠ ᠬᠢᠭᠰᠡᠨ 40 ᠵᠢᠯ ᠤᠨ ᠤᠢ ᠶᠢ ᠤᠬᠳᠤᠬᠤ ᠪᠠᠷ ᠠᠵᠠ ᠲᠤᠬᠢᠶᠠᠯ | ᠪᠤᠯᠭᠠᠵᠤ᠂ ᠠᠭᠤᠯᠠ ᠲᠠᠭᠠᠷᠠᠪᠠᠯ ᠵᠠᠮ ᠨᠡᠬᠡᠬᠡᠨ ᠤᠰᠤ ᠲᠠᠭᠠᠷᠠᠪᠠᠯ ᠬᠦᠬᠦᠷᠬᠡ ᠲᠠᠯᠪᠢᠵᠤ᠂ ᠦᠬᠡᠷᠡᠴᠢᠯᠠᠯᠳᠠ | ᠨᠡᠬᠡᠬᠡᠯᠳᠠ ᠶᠢ ᠡᠴᠤᠰ ᠲᠤᠨᠢ ᠲᠤᠯᠳᠠᠯ᠎ᠠ ᠬᠢᠬᠦ ᠭᠡᠷᠡᠭᠳᠠᠢ᠃ | 2020 ᠤᠨ ᠪᠤᠯᠬᠤ ᠳᠤ ᠮᠠᠨ ᠤ ᠤᠯᠤᠰ ᠤᠨ ᠤᠳᠤ ᠶᠢᠨ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ | ᠲᠤᠤᠷᠠᠬᠢ ᠬᠦᠳᠡᠭᠡ ᠲᠤᠰᠬᠤᠨ ᠤ ᠶᠠᠳᠠᠭᠤ ᠬᠦᠴᠢᠷᠳᠠᠯᠳᠠᠢ ᠬᠦᠮᠤᠨ ᠠᠮᠠ ᠶᠢ ᠶᠠᠳᠠᠭᠤ ᠠᠴᠠ ᠠᠩᠬᠢᠵᠢᠷᠠᠭᠤᠯᠤᠨ᠎ᠠ᠂ | ᠡᠨᠡ ᠪᠤᠯ ᠮᠠᠨ ᠤ ᠲᠦᠪ ᠴᠢᠩᠭ᠎ᠠ ᠠᠮᠠᠯᠠᠯᠳᠠ ᠪᠤᠯᠤᠨ᠎ᠠ᠃ ᠠᠮᠠᠯᠠᠯᠳᠠ ᠠᠯᠳᠠ ᠠᠴᠠ ᠦᠨᠡᠳᠠᠢ ᠪᠠᠶᠢᠭ᠎ᠠ ᠶᠤᠮ᠃ | 2020 ᠤᠨ ᠪᠤᠯᠳᠠᠯ᠎ᠠ ᠭᠤᠷᠪᠠᠭ᠋ᠠᠨ ᠵᠢᠯ ᠤᠨ ᠬᠤᠭᠤᠴᠠᠭ᠎ᠠ ᠪᠠᠶᠢᠨ᠎ᠠ᠂ ᠪᠦᠬᠦ ᠨᠡᠶᠢᠬᠡᠮ ᠢᠶᠠᠷ ᠢᠶᠠᠨ | ᠬᠦᠳᠡᠯᠤᠯᠴᠠᠨ ᠰᠢᠨᠳᠠᠷᠡᠰᠢ ᠦᠬᠡᠢ ᠲᠡᠮᠡᠴᠡᠵᠤ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠬᠦᠯᠤᠨ ᠰᠢᠨ᠎ᠠ | ᠢᠯᠠᠯᠳᠠ ᠶᠢ ᠲᠠᠰᠤᠷᠠᠯᠳᠠ ᠦᠬᠡᠢ ᠲᠡᠮᠡᠴᠡᠨ ᠤᠯᠬᠤ ᠭᠡᠷᠡᠭᠳᠠᠢ᠃ 3 ᠵᠢᠯ ᠤᠨ ᠲᠠᠷᠠᠭ᠎ᠠ ᠲᠤᠭᠳᠠᠬᠰᠠᠨ | ᠬᠤᠭᠤᠴᠠᠭᠠᠨ ᠳᠠᠭᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠠᠯᠳᠠ ᠶᠢ ᠲᠡᠮᠡᠴᠡᠨ ᠤᠯᠤᠨ᠎ᠠ᠂ ᠡᠨᠡ ᠪᠤᠯ ᠳᠤᠮᠳᠠᠳᠤ ᠶᠢᠨ ᠦᠨᠳᠤᠰᠤᠳᠠᠨ ᠤ ᠬᠡᠳᠤᠨ ᠮᠢᠩᠭᠠᠨ ᠵᠢᠯ ᠤᠨ | ᠲᠡᠤᠬᠡ ᠶᠢᠨ ᠬᠦᠭᠵᠢᠯᠳᠠ ᠳᠤ ᠬᠠᠷᠢᠴᠠᠯᠠᠰᠢᠬᠦᠢ ᠶᠠᠳᠠᠭᠤ ᠬᠦᠴᠢᠷᠳᠠᠯ ᠲᠠᠢ ᠪᠠᠶᠢᠳᠠᠯ ᠢ ᠠᠩᠬ᠎ᠠ ᠤᠳᠠᠭ᠎ᠠ ᠪᠦᠬᠦᠯᠢ | ᠴᠤᠬᠴᠠ ᠪᠠᠷ ᠠᠷᠢᠯᠭᠠᠬᠤ ᠶᠠᠪᠤᠳᠠᠯ ᠪᠤᠯᠤᠨ᠎ᠠ᠂ ᠪᠢᠳᠠ ᠬᠠᠮᠳᠤᠪᠡᠷ ᠡᠨᠡᠬᠦ ᠳᠤᠮᠳᠠᠳᠤ ᠶᠢᠨ ᠦᠨᠳᠤᠰᠤᠳᠠᠨ ᠳᠤ᠂ | ᠪᠦᠬᠦ᠋ᠢᠯᠠ ᠬᠦᠮᠤᠨ ᠲᠦᠷᠤᠯᠬᠢᠳᠠᠨ ᠳᠤ ᠴᠢᠬᠤᠯᠠ ᠠᠴᠢ ᠬᠤᠯᠪᠤᠬᠳᠠᠯ ᠲᠠᠢ ᠠᠭᠤᠤ ᠶᠡᠭᠡ ᠤᠢᠢᠯᠡᠰ ᠢ | ᠪᠡᠶᠡᠯᠡᠬᠦᠯᠤᠶᠠ᠃ | ᠤᠳᠤᠬᠠᠨ ᠳᠤ ᠡᠯ᠎ᠡ ᠲᠠᠯ᠎ᠠ ᠶᠢᠨ ᠬᠢᠨ ᠬᠦᠮᠥᠨ ᠲᠦᠷᠦᠯᠬᠢᠳᠡᠨ ᠤ ᠠᠯᠤᠰ ᠢᠷᠡᠬᠡᠳᠤᠢ ᠳᠤ | ᠬᠦᠰᠡᠯ ᠡᠷᠡᠮᠡᠯᠵᠡᠯ ᠲᠠᠯᠪᠢᠵᠥ ᠪᠠᠶᠢᠬᠤ ᠪᠦᠭᠡᠳ ᠪᠠᠰᠠ ᠡᠷᠡᠬᠡᠯᠵᠡᠯ ᠰᠠᠨᠠᠭᠠᠰᠢᠷᠠᠯ ᠲᠠᠢ ᠪᠠᠶᠢᠨ᠎ᠠ᠂ ᠲᠤᠮᠳᠠᠳᠤ | ᠤᠯᠤᠰ ᠤᠨ ᠵᠤᠭᠰᠤᠯᠳᠠ ᠪᠤᠯᠤᠨ ᠤᠪᠤᠷ ᠢᠶᠠᠨ ᠢᠯᠡᠳᠬᠡᠬᠦ ᠶᠢ ᠬᠦᠰᠡᠨ ᠬᠦᠯᠢᠶᠡᠵᠥ ᠪᠠᠶᠢᠨ᠎ᠠ᠃ ᠲᠡᠯᠡᠬᠡᠢ | ᠳ᠋ᠠᠬᠢᠨ ᠢᠶᠠᠷ ᠢᠶᠠᠨ ᠨᠢᠬᠡ ᠬᠡᠷ ᠪᠦ᠋ᠯᠢ ᠪᠤᠯᠬᠤ ᠶᠤᠮ᠃ ᠲᠤᠮᠳᠠᠳᠤ ᠤᠯᠤᠰ ᠬᠠᠷᠢᠭᠤᠴᠠᠯᠭ᠎ᠠ ᠲᠠᠢ ᠶᠡᠭᠡ ᠤᠯᠤᠰ | ᠪᠤᠯᠤᠭᠰᠠᠠ ᠤ ᠬᠤᠪᠢ ᠳᠤ ᠬᠡᠯᠡᠬᠦ ᠦᠬᠡ ᠪᠠᠶᠢᠨ᠎ᠠ᠃ ᠲᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠤ | ᠪᠠᠶᠢᠭᠤᠯᠤᠯᠭ᠎ᠠ ᠶᠢᠨ ᠡᠷᠬᠡ ᠰᠦᠷ ᠪᠤᠯᠤᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠥ᠂ ᠡᠬᠦᠷᠬᠡᠯᠡᠪᠡᠰᠤ ᠵᠤᠬᠢᠬᠤ | ᠤᠯᠠᠨ ᠤᠯᠤᠰ ᠤᠨ ᠡᠬᠦᠷᠬᠡ ᠪᠤᠯᠤᠨ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠬᠡᠵᠥ᠂ ᠪᠦᠬᠦ | ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠡᠯᠳᠡ ᠶᠢ ᠠᠷᠭᠠᠴᠠᠬᠤ ᠠᠮᠠᠯᠠᠯᠳᠡ ᠪᠠᠨ ᠪᠠᠳᠤ ᠰᠠᠬᠢᠨ ︽ᠨᠢᠬᠡ | ᠪᠦᠰᠡ ᠨᠢᠬᠡ ᠵᠠᠮ︾ ᠢ ᠬᠠᠮᠳᠤᠪᠡᠷ ᠪᠦᠳᠦᠭᠡᠨ ᠪᠠᠶᠢᠭᠤᠯᠬᠤ ᠶᠢ ᠢᠳᠡᠪᠬᠢᠳᠡᠢ ᠠᠬᠢᠭᠤᠯᠵᠥ᠂ ᠢᠮᠠᠬᠳᠠ ᠲᠡᠯᠡᠬᠡᠢ ᠶᠢᠨ | ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠦᠮᠪᠦᠷᠴᠡᠭ ᠤᠨ ᠬᠦᠭᠵᠢᠯᠳᠡ ᠳᠤ ᠬᠤᠪᠢ ᠨᠡᠮᠡᠷᠢ | ᠦᠵᠡᠬᠦᠯᠥᠭᠴᠢ᠂ ᠲᠡᠯᠡᠬᠡᠢ ᠶᠢᠨ ᠡᠮᠬᠢ ᠲᠢᠭᠯᠢᠮ ᠤᠨ ᠬᠠᠮᠠᠭᠠᠯᠠᠭᠴᠢ ᠪᠤᠯᠤᠨ᠎ᠠ᠃ ᠲᠤᠮᠳᠠᠳᠤ ᠤᠯᠤᠰ ᠤᠨ ᠠᠷᠠᠳ | ᠲᠦᠮᠡᠨ ᠲᠤᠷᠠᠳᠠᠶ᠎ᠠ ᠡᠯ᠎ᠡ ᠤᠯᠤᠰ ᠤᠨ ᠠᠷᠠᠳ ᠲᠦᠮᠡᠨ ᠲᠠᠢ ᠬᠠᠮᠳᠤᠪᠡᠷ ᠬᠦᠮᠥᠨ ᠲᠦᠷᠦᠯᠬᠢᠳᠡᠨ ᠤ ᠨᠡᠩ | ᠴᠡᠴᠡᠭᠯᠡᠨ ᠬᠦᠭᠵᠢᠭᠰᠡᠡ᠂ ᠨᠡᠩ ᠠᠮᠤᠷ ᠠᠮᠤᠭᠤᠯᠠᠩ ᠰᠠᠶᠢᠨ ᠰᠠᠶᠢᠬᠠᠨ ᠢᠷᠡᠬᠡᠳᠤᠢ ᠶᠢ ᠴᠤᠬᠴᠠᠯᠠᠨ᠎ᠠ᠃ | | ᠮᠠᠨ ᠤ ᠠᠭᠤᠤ ᠶᠡᠭᠡ ᠬᠦᠭᠵᠢᠯᠳᠡ ᠶᠢᠨ ᠠᠮᠵᠢᠯᠳᠠ ᠶᠢ ᠠᠷᠠᠳ ᠲᠦᠮᠡᠨ ᠴᠢᠷᠮᠠᠶᠢᠵᠤ ᠤᠯᠤᠬᠰᠠᠨ | ᠪᠤᠯᠬᠤᠷ ᠠᠷᠠᠳ ᠲᠦᠮᠡᠨ ᠬᠠᠮᠳᠤᠪᠡᠷ ᠡᠳ᠋ᠯᠡᠪᠡᠯ ᠵᠤᠬᠢᠨ᠎ᠠ᠃ ᠠᠷᠠᠳ ᠤᠯᠠᠨ ᠤ ᠬᠠᠮᠤᠭ ᠠᠴᠠ ᠠᠩᠬᠠᠷᠴᠦ | ᠪᠠᠶᠢᠭ᠎ᠠ ᠨᠢ ᠰᠤᠷᠭᠠᠨ ᠬᠦᠮᠥᠵᠢᠯ᠂ ᠠᠵᠢᠯ ᠤᠯᠭᠤᠯᠳᠠ᠂ ᠤᠷᠤᠯᠭ᠎ᠠ᠂ ᠨᠡᠶᠢᠬᠡᠮ ᠤᠨ ᠪᠠᠳᠤᠯᠠᠪᠤᠷᠢ᠂ ᠡᠮ ᠡᠮᠨᠡᠯᠬᠡ᠂ | ᠨᠠᠰᠤᠵᠢᠯ ᠤᠨ ᠠᠰᠠᠷᠠᠮᠵᠢ᠂ ᠤᠷᠤᠨ ᠰᠠᠭᠤᠴᠠ᠂ ᠤᠷᠴᠢᠨ ᠲᠤᠭᠤᠷᠢᠨ ᠵᠡᠷᠬᠡ ᠲᠠᠯ᠎ᠠ ᠶᠢᠨ ᠶᠠᠪᠤᠳᠠᠯ ᠪᠤᠯᠤᠨ᠎ᠡ ᠬᠡᠳᠡᠭ ᠢ | ᠪᠢ ᠤᠢᠢᠯᠠᠭᠠᠵᠥ ᠪᠠᠶᠢᠨ᠎ᠠ᠂ ᠤᠯᠠᠨ ᠢᠶᠠᠷ ᠢᠶᠠᠨ ᠮᠠᠰᠢ ᠤᠯᠠᠨ ᠤᠯᠤᠯᠳᠠ ᠲᠠᠢ ᠪᠠᠶᠢᠭᠰᠠᠨ ᠴᠦ ᠪᠠᠰᠠ ᠰᠠᠨᠠᠭ᠎ᠠ | ᠵᠤᠪᠠᠭ᠋ᠤ᠂ ᠰᠡᠳᠬᠢᠯ ᠠᠯᠭᠠᠰᠠᠬᠤ ᠶᠠᠪᠤᠳᠠᠯ ᠴᠦᠭᠡᠨ ᠪᠤᠰᠤ ᠪᠠᠶᠢᠨ᠎ᠠ᠃ ᠪᠢᠳᠡᠨ ᠤ ᠠᠷᠠᠳ ᠤᠨ ᠠᠮᠢᠳᠤᠷᠠᠯ ᠤᠨ | ᠠᠵᠢᠯ ᠳᠤ ᠪᠠᠰᠠ ᠴᠦᠭᠡᠨ ᠪᠤᠰᠤ ᠰᠠᠨᠠᠭᠠᠨ ᠳᠤ ᠬᠦᠷᠬᠦ ᠦᠬᠡᠢ ᠭᠠᠵᠠᠷ ᠪᠠᠶᠢᠨ᠎ᠠ᠂ ᠡᠨᠡ ᠨᠢ ᠪᠢᠳᠡᠨ ᠢ | ᠡᠬᠦᠷᠬᠡᠳᠤ ᠪᠤᠳᠤᠯ ᠪᠤᠯᠤᠨ ᠬᠠᠷᠢᠭᠤᠴᠠᠯᠭᠠᠳᠤ ᠰᠡᠳᠬᠢᠯᠬᠡ ᠪᠠᠨ ᠲᠡᠭᠡᠭᠰᠢᠯᠡᠬᠦᠯᠵᠥ᠂ ᠠᠷᠠᠳ ᠲᠦᠮᠡᠨ ᠳᠤ ᠪᠤᠶᠠᠨ | ᠦᠢᠯᠡᠳᠬᠦ ᠶᠠᠪᠤᠳᠠᠯ ᠢ ᠵᠠᠪᠠᠯ ᠰᠠᠶᠢᠳᠤᠷ ᠬᠢᠵᠥ ᠪᠤᠳᠠᠳᠠᠢ ᠬᠢᠬᠦ ᠶᠢ ᠱᠠᠭᠠᠷᠳᠠᠵᠥ ᠪᠠᠶᠢᠨ᠎ᠠ᠃ ᠡᠯ᠎ᠡ ᠱᠠᠳᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠷᠠᠳ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ | ᠵᠤᠪᠠᠭᠤᠷᠢ ᠶᠢ ᠬᠡᠵᠢᠶᠡᠳᠡ ᠰᠡᠳᠬᠢᠯ ᠳᠡᠭᠡᠨ ᠪᠤᠳᠤᠵᠥ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ | ᠶᠡᠭᠡ ᠠᠵᠢᠯ ᠤᠨ ᠠᠮᠵᠢᠯᠳᠡ ᠪᠠᠨ ᠪᠤᠯᠭᠠᠵᠥ᠂ ᠤᠯᠠᠨ ᠲᠦᠮᠡᠨ ᠤ ᠪᠤᠳᠤᠳᠠᠭ ᠢ ᠪᠤᠳᠤᠵᠥ ᠤᠯᠠᠨ ᠲᠦᠮᠡᠨ ᠤ | ᠶᠠᠭᠠᠷᠠᠳᠠᠬ ᠲᠤ ᠶᠠᠭᠠᠷᠠᠵᠤ᠂ ᠠᠷᠠᠳ ᠲᠦᠮᠡᠨ ᠤ ᠠᠮᠢᠳᠤᠷᠠᠯ ᠢ ᠤᠯᠠᠮ ᠵᠤᠯ ᠵᠢᠷᠭᠠᠯ ᠲᠠᠢ ᠰᠠᠶᠢᠨ ᠰᠠᠶᠢᠬᠠᠨ | ᠪᠤᠯᠭᠠᠬᠤ ᠬᠡᠷᠡᠭᠳᠡᠢ᠃ ᠤᠯᠠᠨ ᠳᠤ ᠲᠠᠯᠠᠷᠬᠠᠯ᠎ᠠ᠃ |