ᠯᠢᠨᠰᠢ ᠰᠢᠶᠠᠨ ᠤ ᠤᠯᠠᠭᠠᠨᠮᠥ᠋ᠴᠢᠷ ᠤᠬ ᠰᠠᠨᠠᠭ᠎ᠠ ᠪᠠᠨ ᠦᠯᠦ ᠮᠠᠷᠲᠠᠵᠤ ᠦᠨᠳᠦᠰᠦᠨ ᠱᠠᠲᠤᠨ ᠳᠤ ᠭᠦᠨᠵᠡᠭᠡᠶᠢᠷᠡᠨ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠬᠦᠡᠭᠬᠡᠨ ᠮᠣᠷᠢᠲᠤ ᠴᠡᠷᠢᠭ ᠶᠢᠨ ᠦᠢᠯᠡᠳᠦᠯ ᠶᠢᠨ ᠪᠠᠳᠠᠷᠠᠭᠤᠯᠤᠨᠠᠮ
ᠨᠡᠶᠢᠲᠡᠯᠡᠭᠰᠡᠨ ᠴᠠᠭ᠄
2018-01-04
      ᠶᠡᠷᠦᠩᠬᠡᠶ ᠱᠦᠵᠢ ᠰᠢ ᠶᠢᠨ ᠫᠢᠩ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠭᠡᠰᠢᠭᠦᠳ ᠳᠤ ᠬᠠᠷᠢᠭᠤ ᠵᠠᠬᠢᠳᠠᠯ ᠦᠭᠭᠦᠭᠰᠡᠨ ᠶᠠᠪᠤᠳᠠᠯ ᠨᠢ ᠯᠢᠨᠰᠢ ᠰᠢᠶᠠᠨ ᠤ ᠤᠯᠠᠭᠠᠨᠮᠥ᠋ᠴᠢᠷ ᠴᠢᠩᠭ᠎ᠠ ᠲᠤᠰᠬᠠᠯ ᠭᠠᠷᠭᠠᠪᠠ᠃      ︽ᠲᠧᠯᠸᠢᠰ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠳᠤ ᠬᠠᠷᠢᠭᠤ ᠵᠠᠬᠢᠳᠠᠯ ᠥᠭᠬᠦ ᠢ ᠦᠵᠡᠭᠡᠥᠨ‌ᠮᠢᠨᠦ ᠰᠡᠳᠬᠢᠯ ᠮᠠᠰᠢ ᠳᠣᠭᠳᠣᠯᠵᠤ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠵᠠᠪᠠᠯ ᠪᠣᠳᠠᠲᠤ ᠠᠵᠢᠯᠯᠠᠭ᠎ᠠ ᠶᠢ ᠡᠷᠬᠢᠮᠯᠡᠬᠦ ᠣᠪᠣᠷ ᠰᠤᠷᠳᠠᠯ ᠢᠶᠠᠷ  ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠤᠬᠢᠶᠠᠨ ᠪᠦᠳᠦᠭᠡᠵᠦ᠂ ᠠᠮᠢᠳᠤᠷᠠᠯ ‍ᠤᠨ‌‍ᠰᠢᠮᠡᠳᠦ  ᠬᠦᠷᠦᠰᠦᠨ ᠳᠤ ᠦᠨᠳᠦᠰᠦ ᠬᠠᠥᠤᠬᠤᠨ᠂ ᠮᠠᠯᠴᠢᠨ ᠲᠦᠮᠡᠨ ᠳ᠋ᠡᠭᠡᠨ‌ᠦᠢᠯᠡᠴᠢᠯᠡᠬᠦ ᠬᠡᠷᠡᠭᠲᠡᠶ︾ ᠭᠡᠵᠦ ᠯᠢᠨᠰᠢ ᠰᠢᠶᠠᠨ ᠤ ᠤᠯᠠᠭᠠᠨᠮᠥ᠋ᠴᠢᠷ ᠨᠠᠮ ᠤᠨ ᠡᠭᠦᠷ ᠤᠨ ᠱᠦᠵᠢ ᠬᠠᠨ ᠵᠦᠩ ᠰᠡᠳᠬᠢᠯ ᠬᠥᠳᠡᠯᠦᠨ ᠬᠡᠯᠡᠵᠡᠶ᠃        ᠡᠪᠦᠯ ᠤᠨ ᠡᠬᠢᠨ ᠰᠠᠷ᠎ᠠ᠂ ᠯᠢᠨᠰᠢ ᠰᠢᠶᠠᠨ ᠤ ᠤᠯᠠᠭᠠᠨᠮᠥ᠋ᠴᠢᠷ ᠶᠢᠨ ᠲᠣᠭᠯᠠᠯᠲᠠ ᠶᠢ ᠲᠠᠩᠬᠢᠮ ᠳᠤ 10 ᠭᠠᠷᠤᠶ ᠲᠤᠭᠯᠠᠭᠴᠢᠥᠨ ᠶᠠᠭ ᠳᠡᠳ᠋ ᠪᠦᠯᠬᠦᠮ ‍ᠤᠨ‌‍ᠲ᠋ᠠᠷᠤᠭ᠎ᠠ ᠶᠤᠸᠠᠨ‌‍ᠴᠢᠶᠠᠨ ᠴᠢᠶᠠᠨ ᠤ ᠵᠢᠯᠤᠭᠤᠳᠤᠯᠭ᠎ᠠ‌‍ᠲ᠋ᠣᠣᠷ᠎ᠠ  ᠲᠤᠭᠯᠠᠯᠲᠠ ᠪᠠᠨ ᠪᠡᠯᠡᠥᠨᠬᠡᠵᠦ ᠪᠠᠶᠢᠯ᠎ᠠ᠃ ︽ᠶᠡᠷᠦᠩᠬᠡᠶ ᠱᠦᠵᠢ ᠰᠢ ᠶᠢᠨ ᠫᠢᠩ ᠬᠠᠷᠢᠭᠤ ᠵᠠᠬᠢᠳᠠᠯ ᠨᠢ ᠬᠠᠪᠤᠷ ᠡᠳᠦᠷ  ᠤᠨ ᠨᠢᠭᠡᠨ ᠲᠤᠰᠤᠯ ᠤᠰᠤ ᠮᠡᠲᠦ ᠮᠠᠨ ᠤ ᠰᠡᠥᠨᠬᠢᠯ ᠵᠢᠷᠦᠬᠡ ᠶᠢ ᠤᠮᠳᠠᠯᠠᠵᠤ᠂ ᠠᠬᠠᠮᠠᠳ  ᠨᠢᠭᠡ ᠦᠶ᠎ᠡ ᠶᠢᠨ ᠤᠷᠯᠢᠭᠴᠢᠥᠨ ᠤᠨ ᠰᠢᠯᠢᠳᠡᠭ ᠤᠯᠠᠮᠵᠢᠯᠠᠯ ᠨᠢ ᠪᠢᠳᠡᠨ ᠢ ᠦᠷᠭᠦᠯᠵᠢ ᠵᠣᠷᠢᠭᠵᠢᠭᠤᠯᠤᠭᠰᠠᠭᠠᠷ ᠪᠠᠶᠢᠨ᠎ᠠ᠃ ᠪᠢᠳᠡ ᠤ ᠣᠳᠣ ᠶᠠᠭ ᠪᠤᠯᠪᠠᠰᠤᠷᠠᠵᠤ ᠪᠠᠶᠢᠭ᠎ᠠ ᠲᠤᠭᠯᠠᠯᠲᠠ ᠪᠤᠯ ᠰᠢᠨ᠎ᠡ ᠴᠠᠭ ᠦᠶ᠎ᠡ᠂ ᠰᠢᠨ᠎ᠡ ᠴᠤᠭ ᠵᠢᠪᠬᠤᠭ᠎ᠠ᠂ ᠰᠢᠨ᠎ᠡ ᠦᠢᠯᠡ ᠠᠵᠢᠯᠯᠠᠭ᠎ᠠ ᠪᠠᠷ ᠭᠤᠣᠯ ᠰᠡᠳᠦᠪ ᠪᠣᠯᠭᠠᠨ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ   ᠭᠤᠤᠯ ᠰᠡᠳᠤᠪᠲᠦ ᠲᠤᠭᠯᠠᠯᠲᠠ ᠪᠤᠯᠤᠨ᠎ᠠ᠂ ᠡᠳᠡᠭᠡᠷ ᠡᠭᠡᠯ ᠪᠤᠷᠤᠭᠵᠢᠭᠤᠨ᠂ ᠳᠠᠷᠬᠠᠨ ᠳᠡᠯᠭᠡᠷᠡᠬᠦ ᠳᠤ ᠠᠮᠠᠷᠬᠠᠨ᠂ ᠠᠷᠠᠥᠨ ᠲᠦᠮᠡᠨ ᠤ ᠳᠤᠮᠳᠠ ᠦᠷᠭᠦᠯᠵᠢᠳᠡ ᠬᠦᠴᠦᠨ ᠴᠢᠳᠠᠯ ᠢᠶᠠᠨ ᠪᠠᠳᠠᠷᠠᠭᠤᠯᠵᠤ ᠳᠡᠶᠢᠯᠡᠳᠡᠭ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠥᠷᠭᠡᠨ ᠣᠯᠠᠨ ᠮᠠᠯᠴᠢᠨ ᠲᠦᠮᠡᠨ ᠳᠡᠭᠡᠨ ᠲᠤᠭᠯᠠᠨ ᠦᠵᠡᠭᠦᠯᠬᠦ ᠶᠢ ᠵᠤᠷᠢᠭᠰᠠᠨ ᠪᠠᠶᠢᠨ᠎ᠠ︾ ᠭᠡᠵᠦ ᠶᠤᠸᠠᠨ ᠴᠢᠶᠠᠨ ᠴᠢᠶᠠᠨ ᠬᠡᠯᠡᠨ᠎ᠡ  ᠃       ︽ᠯᠢᠨᠰᠢ ᠰᠢᠶᠠᠨ ᠤ ᠤᠯᠠᠭᠠᠨᠮᠥ᠋ᠴᠢᠷ ᠨᠢ ᠯᠢᠨᠰᠢ ᠰᠢᠶᠠᠨ‌‍ᠴᠤᠷ ᠤᠨ ᠭᠠᠭᠴᠠ‌‍ᠲ᠋ᠤᠰᠬᠠᠶ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠪᠤᠯᠤᠭᠰᠠᠨ ᠤ ᠬᠤᠪᠢ ᠳᠤ ᠨᠢᠭᠡᠨᠲᠡ 52 ᠵᠢᠯ ᠤᠨ ᠨᠢᠭᠤᠷ ᠦᠵᠡᠵᠦ ᠪᠠᠶᠢᠨ᠎ᠠ᠂ ᠵᠢᠯ ᠪᠦᠷᠢ 60 ᠭᠠᠷᠤᠶ ᠤᠳᠠᠭ᠎ᠠ‌ᠠᠷᠠᠳ ᠢᠷᠭᠡᠳ ᠲᠤ ᠲᠣᠭᠯᠠᠯᠲᠠ ᠭᠠᠷᠭᠠᠵᠠᠢ᠃ ᠬᠤᠶᠢᠰᠢᠳᠠ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠳᠤ ᠥᠭᠭᠦᠭᠰᠡᠨ ᠬᠠᠷᠢᠭᠤ ᠵᠠᠬᠢᠳᠠᠯ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠢᠯᠠᠭᠤᠯᠵᠤ᠂ ᠨᠠᠮ ᠤᠨ ᠲᠡᠭᠤᠨ ᠢ ᠲᠤᠰᠬᠠᠵᠤ᠂ ᠲᠡᠷᠢᠭᠦᠨ ᠤ ᠰᠣᠶᠣᠯ ᠢ ᠳᠡᠯᠭᠡᠷᠡᠭᠦᠯᠵᠦ᠂ᠶᠡᠷᠦᠩᠬᠡᠶ ᠱᠦᠵᠢ ᠰᠢ ᠶᠢᠨ ᠫᠢᠩ ᠨᠦᠶ᠋ᠬᠦᠷ ᠤᠨ ᠵᠤᠷᠢᠭᠵᠢᠭᠤᠯᠤᠯ ᠤᠨ ᠵᠤᠷᠢᠭ ᠰᠠᠨᠠᠭ᠎ᠠ ᠶᠢ ᠯᠢᠨᠰᠢ ᠳᠤ ᠦᠨᠳᠦᠰᠦᠯᠡᠭᠦᠯᠦᠨ᠂ᠴᠡᠴᠡᠭᠯᠡᠨ ᠵᠢᠮᠢᠰᠯᠡᠭᠦᠯᠬᠦ ᠪᠠᠷ ᠴᠢᠷᠮᠠᠶᠢᠨ᠎ᠠ︾ ᠭᠡᠵᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠲᠠᠨ ᠹᠦ᠋ ᠴᠧᠨ ᠬᠡᠯᠡᠪᠡ᠃ ᠯᠢᠨᠰᠢ ᠰᠢᠶᠠᠨ ᠤ ᠤᠯᠠᠭᠠᠨᠮᠥ᠋ᠴᠢᠷ ᠤᠬ ᠰᠠᠨᠠᠭ᠎ᠠ ᠪᠠᠨ ᠦᠯᠦ ᠮᠠᠷᠲᠠᠵᠤ ᠦᠨᠳᠦᠰᠦᠨ ᠱᠠᠲᠤᠨ ᠳᠤ ᠰᠠᠶᠢᠲᠤᠷ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠬᠦᠡᠭᠬᠡᠨ ᠮᠣᠷᠢᠲᠤ ᠴᠡᠷᠢᠭ ᠶᠢᠨ ᠦᠢᠯᠡᠳᠦᠯ ᠢᠶᠠᠨ ᠭᠦᠢᠴᠡᠥᠨ ᠪᠠᠳᠠᠷᠠᠭᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号