ᠯᠢᠨᠰᠢ ᠰᠢᠶᠠᠨ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠦᠴᠢᠷ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠳᠤᠯᠤᠨ ᠶᠠᠷᠢᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-01-05
      12 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠯᠢᠨᠰᠢ ᠰᠢᠶᠠᠨ ᠤ ᠰᠣᠶᠣᠯ ᠲᠠᠮᠢᠷ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠳᠤᠯᠤᠨ ᠶᠠᠷᠢᠯᠴᠠᠬᠤ ᠬᠤᠷᠠᠯ‌ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠯᠢ ᠨᠠ ᠶᠠᠷᠢᠯᠴᠠᠬᠤ ᠬᠤᠷᠠᠯ ᠳᠤ ᠣᠷᠣᠯᠴᠠᠪᠠ       ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ‌ᠬᠠᠮᠳᠦ ᠪᠠᠷ ᠶᠡᠷᠦᠩᠬᠡᠶ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠳᠤ ᠦᠭᠭᠦᠭᠰᠡᠨ‌ᠬᠠᠷᠢᠭᠤ ᠵᠠᠬᠢᠳᠠᠯ‌ᠢ ᠳᠠᠬᠢᠨ ᠡᠷᠭᠢᠴᠡᠭᠦᠯᠵᠦ᠂ ᠰᠣᠶᠣᠯ ᠲᠠᠮᠢᠷ ᠤᠨ ᠲᠣᠪᠴᠢᠶᠠᠨ ᠤ ᠬᠠᠷᠢᠭᠤᠴᠠᠯᠭᠠᠲᠠᠨ ᠡᠴᠠ‌ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢ ᠵᠢᠶ ᠾᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯᠳᠤᠭᠠᠨ ᠳᠡᠭᠡᠷ ᠎ᠡ‌‍ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠤᠨ ᠲᠤᠬᠠᠶ ᠵᠤᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂  ᠤᠯᠠᠭᠠᠨᠮᠥ᠋ᠴᠢᠷ ᠤᠨ ᠲᠤᠭᠯᠠᠭᠴᠢᠥᠨ ᠠᠴᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠦᠪᠡᠷ ᠤᠨ ᠣᠪᠣᠷ ᠢᠶᠠᠨ ᠢᠯᠡᠥᠨᠬᠡᠵᠦ ᠶᠠᠷᠢᠶ᠎ᠠ ᠲᠠᠯᠪᠢᠵᠠᠶ       ᠸᠠᠩ ᠯᠢ ᠨᠠ ᠮᠠᠨ ᠤ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠪᠠ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠳᠤ ᠲᠠᠪᠤᠨ ᠱᠠᠭᠠᠷᠳᠠᠯᠭ᠎ᠠ ᠳᠤᠷᠠᠳᠴᠠᠶ᠄ᠨᠢᠭᠡ   ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢ‌ᠨᠠᠷᠢᠨ ᠬᠢᠨᠠᠮᠠᠭᠠᠶ ᠰᠤᠷᠤᠯᠴᠠᠬᠤ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠬᠤᠶᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ‌‍ᠭᠦ᠋ᠨᠵᠡᠭᠡᠶ ᠣᠶᠢᠯᠠᠭᠠᠵᠤ  ᠨᠠᠶᠢᠳᠠᠪᠦᠷᠢᠵᠢᠭᠤᠯᠬᠤ ᠬᠡᠷᠡᠭᠲᠠᠢ᠃ ᠭᠤᠷᠪᠠ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ᠤᠯᠠᠨ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠬᠠᠯᠠᠭᠤᠨ ᠳᠤᠯᠠᠭᠠᠨ ᠪᠠᠶᠠᠷ ᠬᠦᠷᠭᠡᠬᠦ ᠬᠡᠷᠡᠭᠲᠠᠢ᠃  ᠳᠦᠷᠪᠡ ᠠᠮᠢᠳᠤᠷᠠᠯ ᠳᠤ ᠭᠦᠨᠵᠡᠭᠡᠶᠢᠷᠡᠵᠦ᠂ ᠰᠢᠨ᠎ᠡ ᠶᠢ ᠡᠭᠦᠳᠬᠦ ᠶᠢ ᠠᠬᠢᠭᠤᠯᠵᠤ᠂  ᠨᠡᠩ ᠤᠯᠠᠨ‌ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠶ᠃ ᠲᠠᠪᠤ ᠳᠤ ᠰᠣᠶᠣᠯ ᠤᠨ ᠢᠲᠡᠭᠡᠯ ᠢᠶᠠᠨ ᠪᠠᠲᠤᠥᠤᠬᠠᠵᠤ᠂  ᠦᠪᠡᠷ ᠤᠨ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂  ᠮᠠᠨ ᠤ ᠰᠢᠶᠠᠨ ᠤ ᠰᠣᠶᠣᠯ ᠤᠨ ᠴᠡᠴᠡᠭᠯᠡᠨ ᠬᠥᠭᠵᠢᠬᠦ   ᠢ ᠶᠡᠭᠡ ᠪᠠᠷ ᠲᠦᠯᠬᠢᠨ ᠠᠬᠢᠭᠤᠯᠬᠤ ᠬᠡᠷᠡᠭᠲᠠᠢ᠃      ︽ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠶᠡᠷᠦᠩᠬᠡᠶ ᠱᠦᠵᠢ ᠰᠢ ᠶᠢᠨ ᠫᠢᠩ ᠤᠨ ᠲᠠᠯᠪᠢᠭᠰᠠᠨ ᠬᠦᠰᠡᠯ ᠨᠠᠶᠢᠳᠠᠯᠭ᠎ᠠ ᠢ ᠪᠠᠲᠤ ᠴᠡᠭᠡᠵᠢᠯᠡᠵᠦ᠂᠂  ᠤᠯᠠᠭᠠᠨᠮᠥ᠋ᠴᠢᠷ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ‌‍ᠶᠡᠬᠡᠪᠡᠷ ᠪᠠᠳᠠᠷᠠᠭᠤᠯᠵᠤ᠂ ᠨᠠᠮ ᠳᠤ ᠦᠨᠡᠨᠴᠢ᠂ ᠠᠷᠠᠳ ᠲᠦᠮᠡᠨ ᠢᠶᠠᠨ ᠬᠠᠶᠢᠷᠠᠯᠠᠨ᠂ ᠬᠦᠴᠢᠷ ᠵᠣᠪᠠᠭᠤᠷᠢ ᠶᠢ ᠲᠡᠰᠪᠦᠷᠢᠯᠡᠵᠦ᠂ ᠬᠥᠳᠡᠯᠮᠦᠷᠢ ᠶᠢᠨ ᠬᠠᠯᠠ ᠶᠢ ᠳᠠᠭᠠᠭᠠᠬᠤ᠂ ᠵᠣᠷᠢᠭᠲᠠᠶ ᠪᠠᠷ ᠡᠭᠦᠳᠦᠨ ᠪᠦᠲᠦᠭᠡᠬᠦ  ᠂ ᠬᠦᠴᠦᠨ ᠢᠶᠠᠨ ᠵᠣᠷᠢᠭᠤᠯᠬᠤ ᠬᠡᠷᠡᠭᠲᠡᠶ︾ ᠭᠡᠵᠠᠢ᠃      ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠤᠯᠠᠭᠠᠨᠮᠥ᠋ᠴᠢᠷ ᠤᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠭᠡᠨ ᠣᠯᠠᠨ ᠲᠦᠮᠡᠨ ᠤ ᠨᠡᠷ᠎ᠡ ᠨᠢᠳᠡᠷ ᠲᠤ ᠳᠣᠭᠢᠷᠬᠠᠰᠠᠨ ᠨᠡᠩ ᠤᠯᠠᠨ ᠨᠡᠩ ᠰᠠᠶᠢᠨ ᠤᠳᠬ᠎ᠠ ᠤᠷᠠᠯᠢᠭ ᠤᠨ ᠵᠣᠬᠢᠶᠠᠯ ᠪᠦᠲᠦᠭᠡᠯ ᠢ ᠵᠤᠬᠢᠶᠠᠨ ᠪᠦᠲᠦᠭᠡᠨ᠎ᠡ ᠭᠡᠵᠦ ᠠᠮᠠᠯᠳᠠᠵᠠᠢ᠃ ︵ᠺᠦᠩ ᠹᠸᠢ ᠹᠸᠢ︶
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号