ᠥᠪᠥᠷ ᠮᠣᠩᠭᠤᠯ ᠤᠨ ᠠᠬ᠎ᠠ ᠳᠡᠭᠦᠦ ᠳᠤᠯᠤᠭ᠎ᠠ ᠳᠦᠬᠦᠷᠡᠮᠵᠢᠲᠦ ᠲᠠᠷᠢᠶᠠᠯᠠᠩ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠠᠵᠢᠯ ᠡᠬᠢᠯᠡᠵᠠᠢ
ᠨᠡᠶᠢᠲᠡᠯᠡᠭᠰᠡᠨ ᠴᠠᠭ᠄
2018-01-08
        ᠤᠷᠴᠢᠮᠬᠠᠨ᠂ ᠥᠪᠥᠷ ᠮᠣᠩᠭᠤᠯ ᠤᠨ ᠠᠬ᠎ᠠ ᠳᠡᠭᠦᠦ ᠳᠤᠯᠤᠭ᠎ᠠ ᠲᠦᠬᠦᠷᠡᠮᠵᠢᠲᠦ ᠲᠠᠷᠢᠶᠠᠯᠠᠩ ᠶᠢᠨ ᠶᠠᠳᠠᠭᠤ  ᠶᠢ ᠲᠡᠳᠬᠦᠬᠦ ᠠᠵᠤ ᠦᠢᠯᠡᠰ ᠤᠨ ᠬᠦᠢᠷᠢᠶᠠᠯᠠᠩ ᠯᠢᠨᠰᠢ ᠰᠢᠶᠠᠨ ᠤ ᠰᠢᠨ ᠴᠧᠩ ᠽᠢ ᠪᠠᠯᠭᠠᠰᠤ   ᠪᠠᠯᠭᠠᠰᠤᠨ ᠳᠤ ᠠᠵᠢᠯ ᠢᠶᠠᠨ ᠡᠬᠢᠯᠡᠭᠦᠯᠪᠡ᠃       ᠥᠪᠥᠷ ᠮᠣᠩᠭᠤᠯ ᠤᠨ ᠠᠬ᠎ᠠ ᠳᠡᠭᠦᠦ   ᠳᠤᠯᠤᠭ᠎ᠠ ᠺᠣᠮᠫᠠᠨᠢ ᠰᠢᠨ ᠴᠧᠩ ᠽᠢ ᠪᠠᠯᠭᠠᠰᠤ ᠶᠢᠨ ᠱᠤᠸᠡᠩ ᠰᠢᠩ ᠲᠤᠰᠬᠤᠨ ᠳᠤ ᠨᠢᠭᠡᠳᠦᠭᠡᠷ ᠬᠤᠭᠤᠴᠠᠭᠠᠨ ᠤ 3000 ᠮᠥ ᠶᠢᠨ ᠳᠦᠬᠦᠷᠡᠮᠵᠢᠲᠦ ᠲᠠᠷᠢᠶᠠᠯᠠᠩ ᠶᠢᠨ ᠭᠡᠷᠡᠯ ᠤᠨ   ᠡᠨᠧᠷᠭᠢ ᠶᠢᠨ ᠲᠤᠮᠤ ᠬᠦᠯᠡᠮᠵᠢ ᠢ ᠡᠬᠢᠯᠡᠨ ᠪᠠᠶᠢᠭᠤᠯᠵᠤ᠂ ᠡᠬᠢᠨ ᠤ ᠬᠤᠭᠤᠴᠠᠭᠠᠨ ᠳᠤ 500 ᠮᠤ᠋ ᠶᠢᠨ ᠳᠤᠯᠠᠭᠠᠨ ᠫᠸᠡᠭ ᠶᠢ ᠪᠠᠶᠢᠭᠤᠯᠤᠨ ᠠᠯᠠᠰᠢᠨ ᠦᠬᠡᠷ ᠳᠡᠵᠢᠭᠡᠬᠦ ᠦᠢᠯᠡᠰ ᠳᠤ ᠬᠡᠷᠡᠭᠯᠡᠬᠦ ᠪᠠᠷ ᠪᠠᠶᠢᠨ᠎ᠠ᠂ ᠺᠣᠮᠫᠠᠨᠢ ᠠᠴᠠ ᠶᠠᠳᠠᠭᠤ ᠬᠦᠴᠢᠷᠳᠡᠯᠲᠡᠶ ᠠᠶᠢᠯ ᠡᠷᠦᠬᠡ ᠳᠤ ᠦᠬᠡᠷ ᠤᠨ ᠬᠠᠰᠢᠶ᠎ᠠ ᠵᠢᠴᠢ ᠲᠡᠵᠢᠭᠡᠯ ᠪᠣᠷᠳᠤᠭ᠎ᠠ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠳᠠᠷᠠᠭ᠎ᠠ ᠨᠢ ᠺᠣᠮᠫᠠᠨᠢ ᠠᠴᠠ ᠨᠢᠭᠡᠳᠦᠯᠲᠠᠢ ᠡᠭᠡᠭᠦᠯᠦᠨ ᠬᠤᠳᠠᠯᠳᠤᠨ ᠠᠪᠴᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠡᠭᠦᠨ ᠤ ᠳᠤᠮᠳᠠ ᠠᠴᠠ ᠠᠰᠢᠭ ᠬᠦᠷᠲᠡᠭᠡᠬᠦ ᠪᠤᠯᠤᠨ᠎ᠠ᠃         ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠰᠢᠨ ᠴᠧᠩ ᠽᠢ ᠪᠠᠯᠭᠠᠰᠤ ᠨᠢ ᠥᠪᠡᠷ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠢᠳᠡᠪᠬᠢᠲᠡᠶ ᠪᠠᠷ ᠠᠵᠤ ᠦᠢᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠤᠪᠤᠶᠢᠢᠮ᠎ᠠ ᠠᠵᠤ ᠦᠢᠯᠡᠰ ᠤᠨ ᠲᠥᠷᠥᠯ ᠵᠦᠢᠯ᠂ ᠲᠦᠭᠦᠭᠡᠷᠤᠮᠵᠢᠲᠤ ᠲᠠᠷᠢᠶᠠᠯᠠᠩ ᠢ ᠶᠡᠬᠡᠪᠡᠷ ᠬᠦᠭᠵᠢᠭᠦᠯᠬᠦ ᠶᠢᠨ ᠬᠠᠮᠲᠤ ᠵᠣᠷᠢᠭᠵᠢᠭᠤᠯᠵᠤ᠂ ᠡᠯ᠎ᠡ ᠭᠠᠴᠠᠭᠠᠨ ᠤ ᠭᠠᠷᠳᠠᠨ ᠬᠢᠬᠦ ᠭᠠᠵᠠᠷ ᠢᠶᠠᠨ ᠣᠨᠣᠪᠴᠢᠲᠠᠶ ᠡᠷᠢᠵᠦ᠂ ᠠᠳᠠᠯᠢ ᠪᠤᠰᠤ ᠣᠨᠴᠠᠯᠢᠭ ᠪᠦᠬᠦᠢ ᠠᠵᠤ ᠦᠢᠯᠡᠰ ᠲᠤ ᠲᠦᠰᠢᠭᠯᠡᠵᠦ ᠶᠠᠳᠠᠭᠤ ᠠᠴᠠ ᠠᠩᠭᠢᠵᠢᠷᠠᠭᠤᠯᠬᠤ ᠶᠢ   ᠬᠡᠷᠡᠭᠵᠢᠭᠦᠯᠵᠠᠢ᠃         ᠡᠨᠡ ᠵᠢᠯ᠂ ᠰᠢᠨ ᠴᠧᠩ ᠽᠢ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠷᠴᠢᠮ ᠶᠢᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠠᠵᠢᠯ ᠢ ᠴᠢᠰᠤ ᠶᠡᠭᠦᠯᠡᠬᠦ ᠬᠡᠯᠪᠡᠷᠢ ᠠᠴᠠ ᠴᠢᠰᠤ ᠪᠦᠲᠦᠭᠡᠬᠦ ᠬᠡᠪ ᠵᠠᠭᠪᠤᠷ ᠵᠦᠭ ᠬᠥᠭᠵᠢᠭᠦᠯᠵᠦ᠂ ᠠᠵᠤ ᠦᠢᠯᠡᠰ ᠤᠨ ᠬᠦᠴᠦ ᠨᠡᠮᠡᠬᠦ ᠪᠠᠷ ᠳᠠᠮᠵᠢᠵᠤ᠂ ᠪᠦᠬᠦ ᠪᠠᠯᠭᠠᠰᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ ᠪᠠᠶᠠᠵᠢᠭᠤᠯᠪᠠ᠃  ᠥᠪᠡᠷ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠳᠦᠬᠦᠷᠡᠮᠵᠢᠲᠦ ᠲᠠᠷᠢᠶᠠᠯᠠᠩ ᠤᠨ ᠠᠵᠤ ᠦᠢᠯᠡᠰ   ᠢ ᠲᠠᠶᠢᠢᠴᠢᠯᠠᠨ ᠶᠠᠳᠠᠭᠤ ᠶᠢ ᠲᠡᠳᠬᠦᠬᠦ᠂ ᠠᠵᠤ ᠦᠢᠯᠡᠰ ᠤᠨ ᠶᠠᠳᠠᠭᠤ ᠳᠡᠥᠨᠬᠦᠬᠦ ᠶᠢ ᠨᠡᠩ ᠠᠮᠢᠳᠤᠯᠢᠭ ᠪᠠᠶᠢᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠩ ᠬᠦᠳᠡᠯᠡᠭᠭᠦᠢ ᠪᠠᠶᠢᠬᠤ ᠢ ᠪᠠᠲᠤᠯᠠᠵᠠᠢ᠃ ︵ᠯᠢ ᠹᠦ᠋︶
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号