ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠠᠬᠢᠭᠤᠯᠬᠤ  ᠬᠤᠷᠠᠯ ᠬᠦᠬᠡᠬᠤᠳᠠ ᠳᠤ ᠬᠤᠷᠠᠯᠳᠤᠪᠠ  ᠯᠢ ᠵᠢᠶᠠ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018-02-12
     2 ᠳ᠋ᠤᠭᠠᠷ ᠰᠠᠷ᠎ᠠ ᠶᠢᠨ 9 ᠤ ᠡᠳᠤᠷ᠂ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ  ᠳᠤᠰᠬᠠᠢ ᠳᠡᠮᠡᠴᠡᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ  ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ᠂ ᠨᠠᠮ ᠤᠨ  ᠬᠤᠷᠢᠶ᠎ᠠ ᠶᠢᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠶᠠᠷᠢᠶ᠎ᠠ ᠳᠠᠯᠪᠢᠵᠥ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠤᠯᠤᠰ ᠳᠦᠷᠦ ᠶᠢᠨ ᠵᠤᠭᠰᠤᠴᠠ ᠪᠠᠨ ᠳᠡᠬᠡᠭᠰᠢᠯᠡᠬᠦᠯᠤᠨ  ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠬᠠᠳᠠᠭᠤ ᠳᠠᠶᠢᠯᠠᠯᠳᠤᠭᠠᠨ ᠳᠤ ᠡᠷᠡᠰ  ᠢᠯᠠᠯᠳᠠ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃                 ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ᠂ ᠳᠤᠳᠤᠭᠠᠳᠤ ᠶᠢ ᠬᠠᠮᠠᠭᠠᠯᠠᠬᠤ ᠳᠢᠩᠬᠢᠮ ᠤᠨ  ᠳᠠᠷᠤᠭ᠎ᠠ ᠶᠠᠩ ᠸᠧᠢ ᠳ᠋ᠦᠩ ᠬᠤᠷᠠᠯ ᠢ ᠡᠷᠬᠢᠯᠡᠵᠥ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ  ᠵᠡᠷᠬᠡ ᠶᠢᠨ ᠰᠢᠬᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠦᠪᠡᠷᠳᠡᠬᠡᠨ ᠵᠠᠰᠠᠬᠤ ᠤᠷᠤᠨ ᠤ ᠠᠷᠠᠳ ᠤᠨ  ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠤᠷᠤᠯᠴᠠᠵᠠᠢ᠃              ᠯᠢ ᠵᠢᠶᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠪᠤᠯ ᠬᠠᠷ᠎ᠠ ᠪᠦᠯᠦᠭᠳᠡᠨ  ᠬᠠᠷᠬᠢᠰ ᠬᠦᠴᠦᠨ ᠳᠤ ᠴᠤᠬᠢᠯᠳᠠ ᠦᠭᠬᠦ᠂ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠬᠦ᠂ ᠨᠠᠮ ᠤᠨ  ᠰᠡᠳᠬᠢᠯ ᠠᠷᠠᠳ ᠤᠨ ᠰᠡᠳᠬᠢᠯ ᠢ ᠤᠯᠬᠤ᠂ ᠲᠦᠷᠦ ᠪᠠᠷᠢᠬᠤ ᠦᠨᠳᠦᠰᠤ ᠰᠠᠭᠤᠷᠢ ᠶᠢ ᠪᠠᠬᠢᠵᠢᠬᠦᠯᠬᠦ ᠶᠠᠪᠤᠳᠠᠯ  ᠪᠤᠯᠤᠨ᠎ᠡ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ︽ᠳᠦᠷᠪᠡᠨ ᠤᠬᠠᠮᠰᠠᠷ︾ ᠢ ᠪᠠᠳᠤ ᠪᠤᠢ ᠪᠤᠯᠭᠠᠵᠤ᠂  ᠦᠵᠠᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ  ᠳᠦᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠲᠠ ᠳᠡᠬᠡᠷ᠎ᠡ ᠦᠨᠡᠨᠬᠦ ᠨᠢᠬᠡᠳᠬᠡᠵᠥ᠂  ᠳᠤᠰᠬᠠᠢ ᠳᠡᠮᠡᠴᠡᠯ ᠤᠨ ᠪᠦᠷᠢᠨ ᠢᠯᠡᠯᠳᠡ ᠶᠢ ᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃               ᠯᠢ ᠵᠢᠶᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠬᠠᠤᠯᠢ ᠶᠤᠰᠤᠭᠠᠷ ᠴᠢᠩᠭ᠎ᠠ ᠰᠢᠳᠬᠡᠬᠦ ᠶᠢ ᠶᠠᠮᠠᠷᠪᠠ  ᠴᠠᠭ ᠲᠤ ᠴᠤ ᠬᠡᠰᠡᠨ ᠰᠤᠯᠠᠷᠠᠭᠤᠯᠵᠥ ᠪᠤᠯᠬᠤ ᠦᠬᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂  ᠭᠤᠤᠯᠳᠠᠯᠭ᠎ᠠ ᠶᠢ ᠡᠷᠢᠵᠤ ᠤᠯᠬᠤ᠂ ᠤᠨᠤᠪᠴᠢᠳᠠᠢ ᠪᠠᠷ ᠴᠤᠬᠢᠯᠳᠠ ᠦᠭᠭᠦ ᠶᠢ ᠪᠠᠷᠢᠮᠳᠠᠯᠠᠵᠥ᠂ ᠬᠠᠷ᠎ᠡ ᠪᠦᠯᠦᠭᠳᠡᠨ  ᠬᠠᠷᠬᠢᠰ ᠬᠦᠴᠦᠨ ᠤ ᠠᠰᠠᠭᠤᠳᠠᠯ ᠳᠤᠪᠤᠶᠢᠮ᠎ᠠ ᠪᠠᠶᠢᠭ᠎ᠠ ᠭᠤᠤᠯᠳᠠᠯᠭᠠᠳᠤ ᠭᠠᠵᠠᠷ ᠤᠷᠤᠨ᠂ ᠠᠵᠢᠯ ᠳᠦᠷᠦᠯ ᠪᠠ  ᠬᠦᠷᠢᠶ᠎ᠠ ᠴᠠᠷᠠᠭ᠎ᠠ ᠳᠤ ᠠᠩᠬᠠᠷᠤᠯ ᠢᠶᠠᠨ ᠳᠦᠪᠯᠡᠷᠡᠬᠦᠯᠵᠥ᠂ ᠦᠷᠬᠡᠨ ᠤᠯᠠᠨ ᠠᠷᠠᠳ ᠳᠦᠮᠡᠨ ᠤ ᠳᠤᠰᠬᠠᠯ ᠢᠶᠠᠷ  ᠴᠢᠩᠭ᠎ᠠ ᠬᠠᠷ᠎ᠡ ᠪᠦᠯᠦᠭᠳᠡᠨ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠶᠢ ᠦᠴᠦᠬᠡᠨ ᠴᠦ ᠠᠭᠤᠴᠢᠯᠠᠬᠤ ᠦᠬᠡᠢ ᠪᠠᠷ  ᠬᠦᠴᠦᠳᠡᠢ ᠴᠤᠬᠢᠯᠳᠠ ᠦᠭᠬᠦᠨ ᠴᠢᠩᠭ᠎ᠠ ᠰᠢᠳᠬᠡᠵᠤ᠂ ᠤᠨᠤᠪᠴᠢᠳᠠᠢ ᠴᠤᠬᠢᠬᠤ᠂ ᠴᠢᠩᠭ᠎ᠠ ᠴᠤᠬᠢᠬᠤ᠂ ᠰᠦᠷ  ᠬᠦᠴᠦᠨ ᠪᠠ ᠦᠷ᠎ᠡ ᠪᠦᠳᠦᠮᠵᠢ ᠭᠠᠷᠭᠠᠬᠤ ᠶᠢ ᠪᠠᠳᠤᠯᠠᠬᠤ ᠬᠡᠷᠡᠭᠳᠡᠢ︔ ᠬᠠᠷ᠎ᠡ ᠪᠦᠯᠦᠭᠳᠡᠨ ᠬᠠᠷᠬᠢᠰ ᠬᠦᠴᠦᠨ ᠤ  ᠠᠵᠥ ᠠᠬᠤᠢ ᠶᠢᠨ ᠰᠠᠭᠤᠷᠢ ᠶᠢ ᠲᠤᠶᠢᠯᠪᠤᠷᠢᠲᠠᠢ ᠠᠷᠢᠯᠭᠠᠵᠥ᠂ ᠬᠠᠷ᠎ᠠ ᠪᠦᠯᠦᠭᠳᠡᠨ ᠬᠠᠷᠬᠢᠰ ᠬᠦᠴᠦᠨ ᠤ ᠡᠬᠦᠰᠴᠤ  ᠳᠡᠯᠬᠡᠷᠡᠬᠦ ᠶᠢ ᠡᠬᠢ ᠡᠬᠦᠰᠦᠯ ᠠᠴᠠ ᠨᠢ ᠳᠠᠰᠤᠳᠠᠬᠤ ᠬᠡᠷᠡᠭᠳᠡᠢ︔ ᠬᠠᠷ᠎ᠠ ᠪᠦᠯᠦᠭᠳᠡᠨ ᠬᠠᠷᠬᠢᠰ ᠬᠦᠴᠦᠨ ᠢ  ᠠᠷᠢᠯᠭᠠᠬᠤ ᠶᠢ ᠢᠯᠵᠢᠷᠡᠯ ᠢ ᠡᠰᠡᠷᠬᠦᠴᠡᠬᠦ ᠳᠡᠮᠡᠴᠡᠯ ᠪᠠ ᠦᠨᠳᠦᠰᠦᠨ ᠱᠠᠳᠤᠨ ᠤ ︽ᠢᠯᠠᠭ᠎ᠠ ᠬᠦᠪᠢᠬᠦ︾  ᠠᠵᠢᠯᠯᠠᠭ᠎ᠠ ᠲᠠᠢ ᠤᠶᠠᠯᠳᠤᠭᠤᠯᠵᠥ᠂ ᠬᠠᠷ᠎ᠠ ᠪᠦᠯᠦᠭᠳᠡᠨ ᠬᠠᠷᠬᠢᠰ ᠬᠦᠴᠦᠨ ᠤ ︽ᠬᠠᠷᠢᠴᠠᠭᠠᠨ ᠤ ᠳᠤᠤᠷ︾᠂ ︽ ᠬᠠᠮᠠᠭᠠᠯᠠᠬᠴᠢ︾ ᠳᠤ ᠡᠷᠡᠰ ᠴᠤᠬᠢᠯᠳᠠ ᠦᠭᠭᠦ ᠬᠡᠷᠡᠭᠳᠡᠢ︔ ᠦᠷᠬᠡᠨ ᠤᠯᠠᠨ ᠠᠷᠠᠳ ᠳᠦᠮᠡᠨ ᠢ ᠳᠠᠶᠢᠴᠢᠯᠠᠨ ᠬᠠᠷ᠎ᠠ  ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠳᠤ ᠤᠷᠤᠯᠴᠠᠭᠤᠯᠵᠥ᠂ ᠬᠠᠷ᠎ᠡ ᠪᠦᠯᠦᠭᠳᠡᠨ ᠬᠠᠷᠬᠢᠰ  ᠬᠦᠴᠦᠨ ᠢ ᠠᠷᠢᠯᠭᠠᠬᠤ ᠠᠷᠠᠳ ᠳᠦᠮᠡᠨ ᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃              ᠯᠢ ᠵᠢᠶᠠ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠢᠨ ᠬᠠᠷ᠎ᠠ ᠪᠦᠯᠦᠭᠳᠡᠨ ᠬᠠᠷᠬᠢᠰ  ᠬᠦᠴᠦᠨ ᠢ ᠠᠷᠢᠯᠭᠠᠬᠤ ᠲᠤᠰᠬᠠᠢ ᠲᠠᠮᠡᠴᠡᠯ ᠢ ᠨᠢᠬᠡᠨ ᠴᠢᠬᠤᠯᠠ ᠶᠡᠭᠡ ᠤᠯᠤᠰ ᠳᠦᠷᠦ ᠶᠢᠨ ᠡᠬᠦᠷᠬᠡ ᠪᠤᠯᠭᠠᠵᠥ᠂  ᠭᠤᠤᠯ ᠬᠠᠷᠢᠭᠤᠴᠠᠯᠭᠠᠳᠠᠨ ᠨᠦᠬᠦᠳ ᠵᠤᠷᠢᠬᠳᠠᠢ ᠪᠠᠷ ᠬᠠᠷᠢᠭᠤᠴᠠᠨ ᠳᠤᠭ ᠳᠡᠮᠳᠡᠭ ᠳᠤᠳᠤᠷᠬᠠᠢ ᠪᠠᠷ ᠬᠠᠷ᠎ᠠ  ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠳᠡᠮᠵᠢᠵᠥ᠂ ᠤᠯᠤᠰ ᠳᠦᠷᠦ ᠬᠠᠤᠯᠢ  ᠴᠠᠭᠠᠵᠠ ᠶᠢᠨ ᠪᠠᠶᠢᠭᠤᠯᠤᠮᠵᠢ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠤᠯᠢ ᠶᠤᠰᠤᠭᠠᠷ  ᠳᠤᠰᠢᠶᠠᠯ ᠢᠶᠠᠨ ᠬᠦᠢᠴᠡᠳᠬᠡᠬᠦ ᠳᠤ ᠳᠦᠰᠢᠭ ᠵᠤᠷᠢᠬᠵᠢᠭᠤᠯᠤᠯ ᠪᠤᠯᠬᠤ ᠬᠡᠷᠡᠭᠳᠡᠢ᠃ ᠡᠯ᠎ᠡ ᠱᠠᠳᠤᠨ ᠤ ᠤᠯᠤᠰ ᠳᠦᠷᠦ  ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠨᠦᠬᠦᠳ ᠵᠢᠯᠤᠭᠤᠳᠤᠯᠭ᠎ᠠ ᠪᠠᠨ ᠴᠢᠩᠭᠠᠳᠬᠠᠨ  ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠥ᠂ ᠡᠯ᠎ᠡ ᠵᠦᠢᠯ ᠤᠨ ᠡᠬᠦᠷᠬᠡ ᠶᠢᠨ ᠪᠤᠳᠠᠳᠠᠢ ᠳᠤ  ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ ᠬᠡᠵᠥ ᠱᠠᠭᠠᠷᠳᠠᠵᠠᠢ᠃             ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ  ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠨ ᠨᠦᠬᠦᠳ  ᠬᠤᠷᠠᠯ ᠳᠡᠬᠡᠷ᠎ᠡ ᠦᠬᠡ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号