ᠴᠠᠭᠠᠨ ᠰᠠᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠵᠠᠰᠠᠮᠠᠯ ᠵᠠᠮ ᠤᠨ ᠨᠡᠪᠲᠡᠷᠡᠭᠦᠯᠭᠡ ᠶᠢᠨ  ᠰᠦᠢᠳᠬᠡᠯ ᠢ 8886 ᠲᠦᠮᠡᠨ ᠲᠥᠭᠦᠷᠢᠭ ᠬᠡᠯᠲᠦᠷᠢᠭᠦᠯᠪᠡ
ᠨᠡᠶᠢᠲᠡᠯᠡᠭᠰᠡᠨ ᠴᠠᠭ᠄
2018-02-23
      ᠴᠠᠭᠠᠨ ᠰᠠᠷ᠎ᠠ ᠶᠢᠨ ᠤᠷᠲᠤ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠣᠷᠣᠨ ᠤ ᠰᠦᠢᠳᠬᠡᠯ ᠬᠤᠷᠢᠶᠠᠬᠤ  ᠵᠠᠰᠠᠮᠠᠯ ᠵᠠᠮ 372 ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ ᠂ 8886 ᠲᠦᠮᠡᠨ ᠲᠥᠭᠦᠷᠢᠭ ᠤᠨ ᠨᠡᠪᠲᠡᠷᠡᠭᠦᠯᠭᠡ ᠶᠢᠨ ᠰᠦᠢᠳᠬᠡᠯ ᠢ ᠬᠡᠯᠲᠦᠷᠢᠭᠦᠯᠪᠡ᠃ ᠡᠭᠦᠨ ᠳᠤ᠂ ᠲᠦᠷᠭᠡᠨ ᠤ  ᠵᠠᠰᠠᠮᠠᠯ ᠵᠠᠮ 227 ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ ᠂  6944 ᠲᠦᠮᠡᠨ ᠲᠥᠭᠦᠷᠢᠭ ᠤᠨ ᠨᠡᠪᠲᠡᠷᠡᠭᠦᠯᠭᠡ ᠶᠢᠨ ᠰᠦᠢᠳᠬᠡᠯ ᠢ ᠬᠡᠯᠲᠦᠷᠢᠭᠦᠯᠪᠡ︔ ᠡᠩ ᠤᠨ ᠵᠠᠰᠠᠮᠠᠯ ᠵᠠᠮ  145 ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ᠂ 1942  ᠲᠦᠮᠡᠨ ᠲᠥᠭᠦᠷᠢᠭ ᠤᠨ ᠨᠡᠪᠲᠡᠷᠡᠭᠦᠯᠭᠡ ᠶᠢᠨ ᠰᠦᠢᠳᠬᠡᠯ ᠢ ᠬᠡᠯᠲᠦᠷᠢᠭᠦᠯᠪᠡ᠃             ᠥᠪᠥᠷ ᠮᠣᠩᠭᠤᠯ ᠤᠨ ᠲᠦᠷᠭᠡᠨ ᠤ ᠵᠠᠮ ᠤᠨ ᠺᠤᠮᠫᠠᠨᠢ ᠶᠢᠨ ᠪᠦᠷᠢᠳᠬᠡᠭᠰᠡᠨ ᠲᠤᠭ᠎ᠠ ᠪᠠᠷᠢᠮᠲᠠ ᠠᠴᠠ  ᠦᠵᠡᠪᠡᠯ᠄ ᠴᠠᠭᠠᠨ ᠰᠠᠷ᠎ᠠ ᠶᠢᠨ ᠤᠷᠲᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠲᠦᠷᠭᠡᠨ ᠤ  ᠵᠠᠮ ᠤᠨ ᠺᠤᠮᠫᠠᠨᠢ ᠶᠢᠨ ᠬᠠᠷᠢᠶᠠᠯᠠᠯ ᠳᠠᠬᠢ ᠪᠡᠭᠡᠵᠢᠩ — ᠲᠥᠪᠡᠳ᠂ ᠪᠡᠭᠡᠵᠢᠩ — ᠰᠢᠨᠵᠢᠶᠠᠩ᠂ ᠡᠷᠢᠶᠡᠨ ᠬᠤᠲᠠ—  ᠭᠤᠸ᠋ᠩᠵᠸᠦ᠂ ᠪᠤᠭᠤᠲᠤ — ᠮᠤᠤ ᠮᠢᠩ ᠵᠡᠷᠭᠡ ᠲᠦᠷᠭᠡᠨ ᠤ ᠵᠠᠮ ᠤᠨ ᠥᠪᠥᠷ ᠮᠣᠩᠭᠤᠯ ᠤᠨ ᠬᠡᠰᠡᠭ ᠲᠤ 142  ᠲᠦᠮᠡᠨ ᠵᠢᠵᠢᠭ ᠰᠠᠭᠤᠳᠠᠯ ᠤᠨ ᠮᠠᠰᠢᠨ ᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠵᠦ᠂ ᠳᠡᠭᠡᠷ᠎ᠡ ᠵᠢᠯ ᠤᠨ  ᠠᠳᠠᠯᠢ ᠬᠤᠭᠤᠴᠠᠭᠠᠨ ᠤ ᠬᠢ ︵19 ᠲᠦᠮᠨ︶ ᠠᠴᠠ ᠪᠠᠷᠤᠭ 15% ᠨᠡᠮᠡᠭᠳᠡᠪᠡ᠃ ᠠᠳᠠᠯᠢ ᠬᠤᠭᠤᠴᠠᠭᠠᠨ ᠳᠤ᠂  ᠥᠪᠥᠷ ᠮᠣᠩᠭᠤᠯ ᠤᠨ ᠲᠦᠷᠭᠡᠨ ᠤ ᠵᠠᠮ ᠤᠨ ᠺᠤᠮᠫᠠᠨᠢ ᠶᠢᠨ ᠬᠠᠮᠢᠶᠠᠷᠤᠯᠲᠠ ᠶᠢᠨ ᠬᠠᠷᠢᠶᠠᠯᠠᠯ ᠳᠠᠬᠢ ᠲᠦᠷᠭᠡᠨ ᠤ  ᠵᠠᠮ ᠢᠶᠠᠷ ᠵᠢᠵᠢᠭ ᠰᠠᠭᠤᠳᠠᠯ ᠤᠨ ᠮᠠᠰᠢᠨ ᠤ ᠨᠡᠪᠲᠡᠷᠡᠭᠰᠡᠨ ᠬᠡᠮᠵᠢᠶ᠎ᠡ ᠡᠳᠦᠷ ᠪᠦᠷᠢ ᠳᠤᠮᠳᠠᠴᠢ ᠪᠠᠷ 20.3 ᠲᠦᠮᠨ  ᠭᠠᠷᠤᠢ ᠳᠤ ᠬᠦᠷᠴᠦ᠂ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠬᠦ ᠬᠤᠭᠤᠴᠠᠭᠠᠨ ᠳᠤ ᠬᠠᠮᠢᠶᠠᠷᠤᠯᠲᠠ ᠶᠢᠨ  ᠬᠠᠷᠢᠶᠠᠯᠠᠯ ᠳᠠᠬᠢ ᠲᠦᠷᠭᠡᠨ ᠤ ᠵᠠᠮ ᠤᠨ ᠨᠡᠪᠲᠡᠷᠡᠭᠦᠯᠭᠡ ᠶᠢᠨ ᠪᠠᠶᠢᠳᠠᠯ ᠦᠨᠳᠦᠰᠦᠨ ᠳᠡᠭᠡᠨ ᠡᠮᠬᠢ ᠵᠢᠷᠤᠮ ᠲᠠᠢ  ᠪᠠᠶᠢᠪᠠ᠃ ᠡᠭᠦᠨ ᠳᠤ᠂ 18 ᠤ ᠡᠳᠦᠷ ︵ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ︶᠂ 19 ᠤ ᠡᠳᠦᠷ ︵  ᠴᠠᠭᠠᠨ ᠰᠠᠷ᠎ᠠ ᠶᠢᠨ ᠰᠢᠨ᠎ᠡ ᠶᠢᠨ ᠳᠦᠷᠪᠡᠨ︶᠂ 21 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶   ᠳᠤ ᠵᠢᠵᠢᠭ ᠰᠠᠭᠤᠳᠠᠯ ᠤᠨ ᠮᠠᠰᠢᠨ ᠤ ᠨᠡᠪᠲᠡᠷᠡᠬᠦ ᠤᠷᠭᠢᠯ ᠦᠶ᠎ᠡ ᠪᠣᠯᠵᠤ᠂ ᠲᠤᠰ ᠲᠤᠰ 25.9 ᠲᠦᠮᠨ᠂ 23  ᠲᠦᠮᠨ᠂ 30 ᠲᠦᠮᠨ ᠨᠡᠪᠲᠡᠷᠡᠪᠡ᠃ 7 ᠡᠳᠦᠷ ᠤᠨ ᠤᠷᠲᠤ ᠠᠮᠠᠷᠠᠯᠲᠠ ᠶᠢᠨ ᠬᠤᠭᠤᠴᠠᠭᠠᠨ ᠳᠤ ᠲᠡᠷᠭᠡ  ᠬᠥᠰᠢᠭᠡ ᠶᠢᠨ ᠠᠶᠠᠯᠠᠯ ᠤᠨ ᠪᠠᠶᠢᠳᠠᠯ ᠡᠬᠢᠨ ᠳᠡᠭᠡᠨ ᠴᠥᠬᠡᠨ᠂ ᠰᠡᠭᠦᠯ ᠳᠡᠭᠡᠨ ᠤᠯᠠᠰᠢᠷᠠᠵᠤ᠂ ᠠᠮᠠᠷᠠᠯᠲᠠ ᠶᠢᠨ  ᠡᠳᠦᠷ ᠤᠨ ᠬᠠᠮᠤᠭ ᠰᠡᠭᠦᠯᠴᠢ ᠶᠢᠨ ᠡᠳᠦᠷ ᠵᠢᠵᠢᠭ ᠰᠠᠭᠤᠳᠠᠯ ᠤᠨ ᠮᠠᠰᠢᠨ ᠬᠠᠮᠤᠭ ᠤᠯᠠᠨ ᠪᠣᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号