1 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠬᠥᠳᠡᠯᠭᠡᠭᠴᠢ ᠬᠦᠴᠦᠨ ᠤ ᠨᠡᠭᠦᠷᠡᠰᠦᠨ ᠤ ᠦᠨ᠎ᠡ ᠠᠳᠠᠯᠢ  ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠥᠰᠪᠡ
ᠨᠡᠶᠢᠲᠡᠯᠡᠭᠰᠡᠨ ᠴᠠᠭ᠄
2018-02-06
    ᠡᠨᠡ ᠵᠢᠯ ᠤᠨ 1 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠭᠤᠣᠯ ᠭᠠᠷᠤᠯᠲᠠ ᠶᠢᠨ ᠣᠷᠣᠨ ᠤ  ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ  ᠬᠠᠩᠰᠢ ᠤᠷᠢᠳᠠᠪᠠᠷ ᠥᠰᠴᠦ ᠳᠠᠷᠠᠭ᠎ᠠ ᠨᠢ ᠪᠠᠭᠤᠷᠠᠪᠠ᠂ ᠰᠠᠷ᠎ᠠ ᠶᠢᠨ ᠳᠤᠮᠳᠠᠴᠢ ᠦᠨ᠎ᠡ ᠨᠢ ᠲᠣᠨ ᠪᠦᠷᠢ ᠳᠡᠭᠡᠨ  218.86 ᠲᠥᠭᠦᠷᠢᠭ ᠪᠣᠯᠵᠤ᠂ ᠪᠠᠭ᠎ᠠ ᠬᠡᠮᠵᠢᠶ᠎ᠡ ᠪᠠᠷ ᠥᠰᠴᠦ᠂ ᠭᠠᠷᠬᠠᠨ ᠬᠠᠷᠢᠴᠠᠯ ᠢᠶᠠᠷ 2.35% ᠥᠰᠴᠦ᠂  ᠠᠳᠠᠯᠢ ᠬᠤᠭᠤᠴᠠᠭᠠᠨ ᠤ ᠬᠢ ᠠᠴᠠ 9.90% ᠥᠰᠪᠡ᠃ ᠡᠭᠦᠨ ᠳᠤ᠄ ᠵᠡᠭᠦᠨ ᠬᠡᠰᠡᠭ ᠤᠨ ᠭᠠᠵᠠᠷ ᠣᠷᠣᠨ ᠤ  ᠬᠦᠷᠡᠩ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ  ᠪᠦᠷᠢ ᠳᠡᠭᠡᠨ 177.13 ᠲᠥᠭᠦᠷᠢᠭ ᠪᠣᠯᠵᠤ᠂ ᠭᠠᠷᠬᠠᠨ ᠬᠠᠷᠢᠴᠠᠯ ᠢᠶᠠᠷ 8.29% ᠥᠰᠴᠦ᠂ ᠠᠳᠠᠯᠢ  ᠬᠤᠭᠤᠴᠠᠭᠠᠨ ᠤ ᠬᠢ ᠠᠴᠠ 20.43% ᠥᠰᠴᠡᠢ︔ ᠣᠷᠳᠣᠰ ᠬᠤᠲᠠ ᠶᠢᠨ ᠬᠥᠳᠡᠯᠭᠡᠭᠴᠢ ᠬᠦᠴᠦᠨ ᠤ  ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠳ᠋ᠦᠩᠨᠡᠨ ᠪᠤᠳᠤᠭᠰᠠᠨ ᠦᠨ᠎ᠡ ᠬᠠᠩᠰᠢ ᠨᠢ ᠲᠣᠨ  ᠪᠦᠷᠢ ᠳᠡᠭᠡᠨ 291.67 ᠲᠥᠭᠦᠷᠢᠭ ᠪᠣᠯᠵᠤ᠂ ᠭᠠᠷᠬᠠᠨ ᠬᠠᠷᠢᠴᠠᠯ ᠢᠶᠠᠷ 1.69% ᠪᠠᠭᠤᠷᠠᠵᠤ᠂ ᠳᠡᠭᠡᠷ᠎ᠡ ᠵᠢᠯ ᠤᠨ  ᠠᠳᠠᠯᠢ ᠬᠤᠭᠤᠴᠠᠭᠠᠨ ᠤ ᠬᠢ ᠠᠴᠠ 10.06% ᠥᠰᠴᠡᠢ᠃             ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠨᠡᠭᠦᠷᠡᠰᠦ ᠶᠢᠨ ᠬᠤᠳᠠᠯᠳᠤᠨ  ᠠᠪᠬᠤ ᠳᠤᠮᠳᠠᠴᠢ ᠦᠨ᠎ᠡ ᠬᠠᠩᠰᠢ ᠨᠢ ᠲᠣᠨ ᠪᠦᠷᠢ ᠳᠡᠭᠡᠨ 206.20 ᠲᠥᠭᠦᠷᠢᠭ ᠪᠠᠶᠢᠵᠤ᠂ ᠭᠠᠷᠬᠠᠨ  ᠬᠠᠷᠢᠴᠠᠯ ᠢᠶᠠᠷ 0.04% ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 7.79 %ᠥᠰᠴᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号