ᠯᠢᠨᠰᠢ ᠰᠢᠶᠠᠨ 2018 ᠤᠨ ᠤ ᠨᠢᠬᠡᠳᠦᠬᠡᠷ ᠤᠯᠠᠷᠢᠯ ᠤᠨ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ  ᠠᠮᠢᠳᠤᠷᠠᠯ ᠤᠨ ᠪᠠᠳᠤᠯᠠᠭ᠎ᠠ ᠪᠠ ᠲᠠᠪᠤᠨ ᠲᠠᠭᠠᠳᠬᠠᠯ ᠨᠢᠬᠡ ᠮᠦᠩᠭᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2018-03-12
     ᠶᠠᠳᠠᠭᠤ ᠭᠦᠴᠢᠷᠳᠠᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠰᠠᠭᠤᠳᠠᠯ ᠢ ᠪᠦᠳᠦᠮᠵᠢᠳᠠᠢ  ᠰᠢᠢᠳᠪᠦᠷᠢᠯᠡᠭᠦ ᠶᠢᠨ ᠲᠦᠯᠦᠬᠡ ᠯᠢᠨᠰᠢ ᠰᠢᠶᠠᠨ ᠤ ᠠᠷᠠᠳ ᠤᠨ ᠶᠠᠪᠤᠳᠠᠯ ᠤᠨ ᠲᠤᠪᠴᠢᠶ᠎ᠠ ᠤᠢᠢᠷ᠎ᠠ ᠶᠢᠨ ᠡᠳᠦᠷ ᠲᠤ  ᠬᠤᠳᠠ ᠶᠢᠨ 1 — 2 ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠭᠦᠳᠡᠭᠡ ᠲᠤᠰᠬᠤᠨ ᠤ  ᠨᠢᠬᠡᠳᠦᠬᠡᠷ ᠤᠯᠠᠷᠢᠯ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠭᠦ ᠪᠠ ᠲᠠᠪᠤᠨ ᠲᠠᠭᠠᠳᠬᠠᠯ  ᠨᠢᠬᠡ ᠮᠦᠩᠭᠦ ᠶᠢ ᠪᠦᠭᠦᠨ ᠢ ᠲᠠᠷᠬᠠᠭᠠᠪᠠ᠃           ᠡᠭᠦᠨ ᠳᠤ᠂ ᠭᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠭᠦᠷᠳᠡᠵᠤ ᠪᠠᠶᠢᠭ᠎ᠠ  ᠭᠦᠮᠦᠰ ᠤᠨ ᠲᠤᠳᠤᠷ᠎ᠠ ᠲᠠᠩᠰᠠᠯᠠᠨ ᠺᠠᠷᠳ᠋ᠯᠠᠭᠰᠠᠨ 7577 ᠭᠦᠮᠦᠨ᠂ ᠭᠦᠳᠡᠭᠡ ᠲᠤᠰᠬᠤᠨ ᠤ ᠲᠠᠪᠤᠨ ᠲᠠᠭᠠᠳᠬᠠᠯ  ᠨᠢᠬᠡ ᠮᠦᠩᠭᠦ ᠶᠢ ᠭᠦᠷᠳᠡᠵᠤ ᠪᠠᠶᠢᠭ᠎ᠠ ᠭᠦᠮᠦᠰ ᠤᠨ ᠲᠤᠳᠤᠷ᠎ᠠ ᠲᠠᠩᠰᠠᠯᠠᠨ ᠺᠠᠷᠳ᠋ᠯᠠᠭᠰᠠᠨ 315 ᠭᠦᠮᠦᠨ ᠪᠠᠶᠢᠵᠤ᠂  ᠨᠡᠶᠢᠳᠡ 25618 ᠭᠦᠮᠦᠨ ᠳᠤ 1777 ᠲᠦᠮᠡᠨ ᠲᠦᠭᠦᠷᠢᠭ ᠤᠨ ᠠᠪᠤᠷᠠᠨ ᠲᠤᠰᠠᠯᠠᠬᠤ ᠪᠡᠯᠡ ᠮᠦᠩᠭᠦ  ᠲᠠᠷᠬᠠᠭᠠᠪᠠ᠃ ᠡᠨᠡ ᠨᠢ ᠯᠢᠨᠰᠢ ᠰᠢᠶᠠᠨ ᠤ ᠨᠡᠶᠢᠬᠡᠮ ᠤᠨ ᠠᠪᠤᠷᠠᠨ ᠲᠤᠰᠠᠯᠠᠯᠳᠠ ᠪᠤᠯᠤᠨ ᠶᠠᠳᠠᠭᠤ ᠶᠢ ᠲᠡᠳᠭᠦᠵᠤ  ᠨᠡᠬᠡᠬᠡᠨ ᠭᠦᠭᠵᠢᠭᠦᠯᠭᠦ ᠲᠦᠷᠦ ᠶᠢᠨ ᠪᠤᠳᠤᠯᠭ᠎ᠠ ᠶᠢᠨ ᠪᠦᠳᠦᠮᠵᠢᠳᠠᠢ ᠵᠤᠯᠭᠠᠯᠳᠤᠬᠤ ᠶᠢ ᠠᠬᠢᠭᠤᠯᠵᠤ᠂ ᠶᠠᠳᠠᠭᠤ  ᠭᠦᠴᠢᠷᠳᠠᠢ ᠤᠯᠠᠨ ᠲᠦᠮᠡᠨ ᠳᠤ ᠨᠠᠮ ᠤᠨ ᠵᠠᠰᠠᠭ ᠤᠨ ᠬᠠᠶᠢᠷ᠎ᠠ ᠬᠠᠯᠠᠮᠵᠢ ᠶᠢ ᠭᠦᠷᠳᠡᠬᠡᠪᠡ᠃   ︵ᠡᠦ ᠺᠧ ᠰᠢᠨ︶
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ ​
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号