ᠠᠷᠪᠠᠨ ᠭᠤᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯ 5 ᠤ ᠡᠲᠦᠷ ᠤᠨ 9᠄ 00 ᠴᠠᠭ ᠲᠤ ᠨᠡᠬᠡᠬᠡᠯᠲᠡ ᠪᠠᠨ ᠬᠢᠨ᠎ᠡ
ᠨᠡᠶᠢᠲᠡᠯᠡᠭᠰᠡᠨ ᠴᠠᠭ᠄
2018-03-03
             ᠰᠢᠨᠬᠤᠧᠠ ᠬᠤᠷᠢᠶ᠎ᠠ ᠪᠡᠭᠡᠵᠢᠩ ᠤᠨ 3 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ᠠᠷᠪᠠᠨ ᠭᠤᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯ 5 ᠤ ᠡᠲᠦᠷ ᠤᠨ 9᠄ 00 ᠴᠠᠭ ᠲᠤ ᠨᠡᠬᠡᠬᠡᠯᠲᠡ ᠪᠠᠨ ᠬᠢᠨ᠎ᠠ᠃ ᠬᠤᠷᠠᠯ ᠢᠶᠠᠷ ᠯᠢ ᠺᠧ ᠴᠢᠶᠠᠩ ᠶᠡᠷᠦᠩᠬᠡᠶ ᠰᠠᠶᠢᠳ ᠤᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠢ ᠰᠤᠨᠤᠰᠴᠤ᠂ ᠲᠦᠷᠦ ᠶᠢᠨ ᠶᠠᠪᠤᠲᠠᠯ ᠤᠨ ᠬᠤᠷᠢᠶᠠᠨ ᠤ 2017 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠲᠠᠯ ᠵᠢᠴᠢ 2018 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠠ ᠶᠢᠨ ᠲᠦᠯᠦᠪᠯᠡᠭᠡ ᠶᠢᠨ ᠲᠦᠰᠦᠯ ᠤᠨ ᠮᠡᠲᠡᠬᠦᠯᠦᠯᠲᠡ ᠶᠢ ᠬᠢᠨᠠᠨ ᠪᠠᠶᠢᠴᠠᠭᠠᠨ᠎ᠠ︔ ᠲᠦᠷᠦ ᠶᠢᠨ ᠶᠠᠪᠤᠲᠠᠯ ᠤᠨ ᠬᠤᠷᠢᠶᠠᠨ ᠤ 2017 ᠤᠨ ᠤ ᠲᠦᠪ ᠤᠨ ᠪᠠ ᠤᠷᠤᠨ ᠨᠤᠲᠤᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠲᠠᠯ ᠵᠢᠴᠢ 2018 ᠤᠨ ᠤ ᠲᠦᠪ ᠤᠨ ᠪᠠ ᠤᠷᠤᠨ ᠨᠤᠲᠤᠭ ᠤᠨ ᠲᠦᠰᠦᠪ ᠤᠨ ᠲᠦᠰᠦᠯ ᠤᠨ ᠮᠡᠲᠡᠬᠦᠯᠦᠯᠲᠡ ᠶᠢ ᠬᠢᠨᠠᠨ ᠪᠠᠶᠢᠴᠠᠭᠠᠨ᠎ᠠ︔             ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠦᠨᠳᠦᠰᠦᠨ ᠬᠠᠦᠯᠢ ᠳᠤ ᠵᠠᠰᠠᠪᠤᠷᠢ ᠤᠷᠤᠭᠤᠯᠬᠤ ᠲᠤᠬᠠᠢ ᠲᠦᠰᠦᠯ ᠤᠨ ᠲᠤᠲᠤᠷᠬᠠᠶᠢᠯᠠᠯᠲᠠ ᠶᠢ ᠰᠤᠨᠤᠰᠤᠨ᠎ᠠ︔ ᠦᠲᠡ ᠠᠴᠠ ᠬᠤᠶᠢᠰᠢ ᠡᠯ᠎ᠡ ᠲᠦᠯᠦᠭᠡᠯᠡᠭᠴᠢᠳ ᠤᠨ ᠪᠦᠯᠬᠦᠮ ᠤᠨ ᠬᠢᠨ ᠪᠦᠬᠦ ᠭᠡᠰᠢᠭᠦᠳ ᠤᠨ ᠬᠤᠷᠠᠯ ᠬᠤᠷᠠᠯᠲᠤᠭᠤᠯᠵᠤ᠂ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠨ᠎ᠡ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠲᠤᠭᠠᠷ ᠬᠤᠭᠤᠴᠠᠭᠠᠨ ᠤ ᠠᠩᠬᠠᠲᠤᠭᠠᠷ ᠬᠤᠷᠠᠯ ᠳᠤ ᠤᠷᠤᠯᠴᠠᠵᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ 5 ᠤ ᠡᠲᠦᠷ ᠤᠨ ᠦᠲᠡ ᠠᠴᠠ ᠡᠮᠦᠨᠡᠬᠢ ᠠᠷᠪᠠᠨ ᠭᠤᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯ ᠤᠨ ᠨᠡᠬᠡᠬᠡᠯᠲᠡ ᠶᠢᠨ ᠶᠤᠰᠤᠯᠠᠯ ᠳᠤ ᠰᠤᠯᠠ ᠤᠷᠤᠯᠴᠠᠨ᠎ᠠ᠃ ᠦᠲᠡ ᠠᠴᠠ ᠬᠤᠶᠢᠰᠢ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠲᠤᠭᠠᠷ ᠬᠤᠭᠤᠴᠠᠭᠠᠨ ᠤ ᠠᠩᠬᠠᠲᠤᠭᠠᠷ ᠬᠤᠷᠠᠯ ᠲᠤᠭᠤᠶᠢᠯᠠᠩ ᠬᠤᠪᠢᠶᠠᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠢ ᠶᠠᠷᠢᠯᠴᠠᠨ᠎ᠠ᠃             ᠲᠦᠪ ᠤᠨ ᠠᠷᠠᠳ ᠤᠨ ᠷᠠᠳᠢᠤ᠋ ᠨᠡᠪᠲᠡᠷᠡᠬᠦᠯᠭᠡ ᠶᠢᠨ ᠬᠤᠷᠢᠶ᠎ᠠ᠂ ᠲᠦᠪ ᠤᠨ ᠲᠤᠯᠦ᠋ᠰ ᠬᠤᠷᠢᠶ᠎ᠠ᠂ ᠲᠤᠮᠲᠠᠲᠤ ᠤᠯᠤᠰ ᠤᠨ ᠤᠯᠠᠨ ᠤᠯᠤᠰ ᠤᠨ ᠷᠠᠳᠢᠤ᠋ ᠨᠡᠪᠲᠡᠷᠡᠬᠦᠯᠭᠡ ᠶᠢᠨ ᠬᠤᠷᠢᠶ᠎ᠠ᠂ ᠲᠤᠮᠲᠠᠲᠤ ᠤᠯᠤᠰ ᠤᠨ ᠤᠯᠠᠨ ᠤᠯᠤᠰ ᠤᠨ ᠲᠤᠯᠦ᠋ᠰ ᠬᠤᠷᠢᠶ᠎ᠠ ᠠᠷᠪᠠᠨ ᠭᠤᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯ ᠤᠨ ᠨᠡᠬᠡᠬᠡᠯᠲᠡ ᠶᠢᠨ ᠶᠤᠰᠤᠯᠠᠯ ᠢ ᠰᠢᠭᠤᠳ ᠨᠡᠪᠲᠡᠷᠡᠬᠦᠯᠦᠨ᠎ᠡ᠂ ᠲᠦᠪ ᠤᠨ ᠭᠤᠤᠯᠲᠠᠯᠭ᠎ᠠ ᠲᠠᠢ ᠰᠤᠨᠢᠨ ᠮᠡᠲᠡᠭᠡᠨ ᠤ ᠰᠦᠯᠵᠢᠶ᠎ᠠ ᠨᠦᠭᠦᠳ ᠴᠠᠭ ᠲᠤᠬᠠᠢ ᠳᠤᠨᠢ ᠮᠡᠲᠡᠭᠡᠯᠡᠨ᠎ᠡ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号