2018 ᠣᠨ ᠤ ᠬᠥᠬᠡᠬᠤᠲᠠ ᠶᠢᠨ ᠬᠠᠪᠤᠷ ᠤᠨ ᠤᠯᠠᠷᠢᠯ ᠤᠨ ᠴᠢᠳᠠᠪᠤᠷᠢᠲᠠᠨ ᠤᠷᠢᠵᠤ ᠡᠯᠰᠡᠬᠦ ᠦᠪᠡᠳᠡᠭᠰᠢ ᠴᠤᠭᠯᠠᠭᠠᠨ 3 ᠳ᠋ᠤᠭᠠᠷ ᠰᠠᠷ᠎ᠠ ᠶᠢᠨ 3 ᠤ ᠡᠳᠦᠷ ᠲᠤ ᠡᠷᠬᠢᠯᠡᠬᠦ ᠪᠣᠯᠣᠨ᠎ᠠ
ᠨᠡᠶᠢᠲᠡᠯᠡᠭᠰᠡᠨ ᠴᠠᠭ᠄
2018-03-06
        ᠬᠥᠬᠡᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠤᠨ ᠭᠤᠣᠯᠯᠠᠨ ᠡᠷᠬᠢᠯᠡᠬᠦ 2018 ᠣᠨ ᠤ ᠬᠥᠬᠡᠬᠤᠲᠠ ᠶᠢᠨ ᠬᠠᠪᠤᠷ ᠤᠨ ᠤᠯᠠᠷᠢᠯ ᠤᠨ ᠴᠢᠳᠠᠪᠤᠷᠢᠲᠠᠨ ᠤᠷᠢᠵᠤ ᠡᠯᠰᠡᠬᠦ ᠦᠪᠡᠳᠡᠭᠰᠢ ᠴᠤᠭᠯᠠᠭᠠᠨ 3 ᠳ᠋ᠤᠭᠠᠷ ᠰᠠᠷ᠎ᠠ ᠶᠢᠨ 3 ᠤ ᠡᠳᠦᠷ᠂ 4 ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠨ᠎ᠠ᠃ ᠲᠤᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠶᠡᠷᠦᠩᠬᠡᠶᠢᠯᠡᠭᠰᠡᠨ ᠴᠢᠨᠠᠷᠲᠠᠶ ᠤᠷᠢᠨ ᠡᠯᠰᠡᠬᠦ ᠦᠪᠡᠳᠡᠭᠰᠢ ᠴᠤᠭᠯᠠᠭᠠᠨ ᠪᠣᠯᠣᠨ᠎ᠠ᠂ 620 ᠦᠵᠡᠭᠦᠯᠦᠯᠭᠡ ᠶᠢᠨ ᠪᠠᠶᠢᠷᠢ ᠲᠣᠬᠢᠷᠠᠭᠤᠯᠵᠤ ᠂ ᠳᠡᠭᠡᠳᠦ ᠰᠢᠨ᠎ᠡ ᠮᠡᠷᠭᠡᠵᠢᠯ᠂ ᠡᠯᠧᠺᠳ᠋ᠷᠣᠨ ᠬᠤᠳᠠᠯᠳᠤᠭ᠎ᠠ᠂ ᠠᠳᠠᠯ ᠠᠬᠤᠶ᠂ ᠭᠡᠷ ᠤᠨ ᠶᠠᠪᠤᠳᠠᠯ᠂ ᠬᠥᠳᠡᠯᠮᠦᠷᠢ ᠦᠢᠯᠡᠴᠢᠯᠡᠭᠡ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦ᠂ ᠲᠠᠷᠢᠶᠠᠯᠠᠩ ᠮᠠᠯ ᠠᠵᠤ ᠠᠬᠤᠶ᠂ ᠭᠡᠷ ᠭᠠᠵᠠᠷ ᠬᠦᠷᠦᠩᠭᠡ᠂ ᠰᠣᠶᠣᠯ ᠤᠨ ᠵᠠᠭᠤᠴᠢ᠂ ᠰᠤᠷᠭᠠᠨ ᠬᠥᠮᠥᠵᠢᠯ᠂ ᠪᠣᠯᠪᠠᠰᠤᠷᠠᠭᠤᠯᠤᠯ᠂ ᠡᠯᠧᠺᠳ᠋ᠷᠣᠨ ᠴᠢᠮᠡᠭᠡ ᠬᠤᠯᠪᠣᠭ᠎ᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠯᠠᠨ ᠠᠵᠢᠯ ᠲᠦᠷᠦᠯ ᠳᠤ ᠬᠤᠯᠪᠣᠭᠳᠠᠭᠰᠠᠨ 4000 ᠭᠠᠷᠤᠶ ᠠᠵᠢᠯ ᠤᠨ ᠪᠠᠶᠢᠷᠢ ᠬᠠᠩᠭᠠᠵᠤ᠂ ᠲᠣᠬᠠᠢ ᠶᠢᠨ ᠦᠶ᠎ᠡ ᠳᠤ ᠪᠠᠷᠤᠭ ᠬᠤᠶᠠᠷ ᠲᠦᠮᠡ ᠠᠵᠢᠯ ᠡᠷᠢᠭᠴᠢᠳ ᠲᠤᠬᠠᠶ ᠶᠢᠨ ᠭᠠᠵᠠᠷ ᠲᠤ ᠵᠥᠪᠯᠡᠯᠭᠡ ᠠᠪᠬᠤ᠂ ᠠᠵᠢᠯ ᠡᠷᠢᠬᠦ ᠪᠠᠷ ᠵᠢᠱᠢᠵᠦ ᠪᠤᠢ᠃ ᠲᠤᠰ ᠤᠳᠠᠭᠠᠨ ᠤ ᠡᠯᠰᠡᠯᠲᠡ ᠶᠢᠨ ᠴᠤᠭᠯᠠᠭᠠᠨ ᠤ ᠪᠤᠢ ᠪᠦᠬᠦᠢ ᠠᠵᠤ ᠠᠬᠤᠶᠢᠯᠠᠯ ᠤᠨ ᠮᠡᠳᠡᠭᠡ ᠵᠠᠩᠭᠢ ᠵᠢᠴᠢ ᠤᠷᠢᠨ ᠡᠯᠰᠡᠬᠦ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠴᠦᠮ ᠸᠢᠴᠡᠲ ᠤᠨ ᠣᠯᠠᠨ ᠨᠡᠶᠢᠲᠡ ᠶᠢᠨ ᠲᠠᠪᠴᠠᠩ ︵nmgtyrL2009︶ ᠳᠡᠭᠡᠷ᠎ᠡ ᠠᠳᠠᠯᠢ ᠠᠯᠬᠤᠮ ᠢᠶᠠᠷ ᠨᠡᠶᠢᠲᠡᠯᠡᠵᠦ᠂ ᠤᠷᠢᠵᠤ ᠡᠯᠰᠡᠬᠦ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠳᠠᠯᠢ ᠪᠠᠶᠢᠯᠭᠠᠵᠤ᠂ ᠲᠤᠰ ᠭᠠᠵᠠᠷ ᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠶᠢ ᠢᠨᠲ᠋ᠧᠷ ᠰᠦᠯᠵᠢᠶ᠎ᠡ + ᠴᠠᠭ ᠦᠶ᠎ᠡ ᠳᠤ ᠠᠯᠬᠤᠮ ᠠᠯᠬᠤᠮ ᠢᠶᠠᠷ ᠳᠠᠭᠠᠭᠤᠯᠵᠤ ᠣᠷᠣᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号