ᠯᠢᠨᠰᠢ  ᠰᠢᠶᠠᠨ ᠤ ᠵᠠᠰᠠᠭ ᠤᠨ ᠣᠷᠳᠣᠨ ᠤ 2018 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-05-15
       ᠯᠢᠨᠰᠢ  ᠰᠢᠶᠠᠨ ᠤ ᠵᠠᠰᠠᠭ ᠤᠨ ᠣᠷᠳᠣᠨ ᠤ 2018 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ       5ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠹᠦ᠋ ᠱᠸᠤ ᠯᠢ ᠰᠢᠶᠠᠨ ᠤ ᠵᠠᠰᠠᠭ ᠤᠨ ᠣᠷᠳᠣᠨ ᠤ 2018 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠱᠦ ᠵᠢᠶᠦ᠋ᠨ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂  ᠰᠢᠶᠠᠨ ᠤ ᠳᠡᠳ᠋ ᠳᠠᠷᠤᠭ᠎ᠠ ᠲᠢᠶᠠᠨ ᠬᠤᠤ︔  ᠰᠢᠶᠠᠨ ᠤ ᠳᠡᠳ᠋ ᠳᠠᠷᠤᠭ᠎ᠠ  ᠼᠣᠣ ᠬᠠᠢ ᠶᠠᠨ᠂ ᠶᠠᠩ ᠵᠢᠩ ᠯᠢᠨ᠂ ᠷᠧᠨ ᠬᠠᠢ᠂ ᠯᠢᠦ ᠵᠢᠩ ᠫᠧᠩ᠂ ᠸᠠᠩ ᠾᠦᠢ ᠵᠡᠷᠭᠡ ᠬᠤᠷᠠᠯ ᠳᠤ ᠣᠷᠣᠯᠴᠠᠵᠠᠶ᠃ ᠰᠢᠶᠠᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ ᠵᠢᠴᠢ ᠵᠥᠪᠯᠡᠬᠦ ᠰᠡᠳᠦᠪ  ᠲᠠᠢ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃     ᠬᠤᠷᠠᠯ ᠠᠴᠠ ᠤᠷᠴᠢᠮ ᠤᠨ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠳᠠᠯ   ᠢ ᠰᠤᠨᠤᠰᠴᠦ  ᠂ ᠲᠠᠷᠠᠭ᠎ᠠ ᠠᠯᠬᠤᠮ ᠤᠨ ᠠᠵᠢᠯ ᠢ  ᠰᠤᠳᠤᠯᠤᠨ  ᠪᠠᠶᠢᠷᠢᠯᠠᠭᠤᠯᠪᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ‌‍ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ  ᠱᠠᠭᠠᠷᠳᠠᠯᠭ᠎ᠠ   ᠶᠢ ᠴᠢᠩᠭ᠎ᠠ ᠵᠢᠷᠤᠮᠯᠡᠨ᠂  ᠬᠠᠷᠢᠭᠤᠴᠠᠯᠭ᠎ᠠ ᠪᠠᠨ‌‍ᠲ᠋ᠠᠭᠰᠢᠷᠠᠭᠤᠯᠬᠤ  ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠂  ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠠᠬᠢᠴᠠ ᠶᠢ ᠬᠦᠴᠦᠯᠡᠨ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠠᠵᠢᠯ ᠢ ᠪᠣᠳᠠᠲᠠᠶ ᠬᠢᠵᠦ  ᠂ ᠨᠠᠷᠢᠯᠢᠭ ᠬᠢᠵᠦ᠂ ᠶᠠᠳᠠᠭᠤ ᠠᠴᠠ ᠠᠩᠭᠢᠵᠢᠷᠠᠭᠤᠯᠬᠤ  ᠲᠠᠶᠢᠯᠠᠯᠳᠤᠭᠠᠨ ᠤ ᠡᠴᠤᠰ ᠤᠨ ᠠᠮᠵᠢᠯᠳᠠ ᠶᠢ ᠤᠯᠵᠦ᠂ ᠤᠯᠤᠰ ᠤᠨ ᠪᠠᠶᠢᠴᠠᠭᠠᠯᠳᠠ ᠰᠢᠯᠭᠠᠯᠳᠠ ᠢ ᠤᠷᠤᠭᠰᠢᠳᠠᠢ ᠬᠦᠯᠢᠶᠡᠨ ᠠᠪᠬᠤ ᠶᠢ ᠪᠠᠳᠤᠯᠠᠨ᠎ᠠ᠃     ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ  ᠲᠤᠬᠠᠢ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠬᠤ ᠲᠤᠭ᠎ᠠ ᠪᠠᠷᠢᠮᠲᠠ ᠶᠢ ᠰᠠᠶᠢᠳᠤᠷ ᠬᠡᠷᠡᠭᠯᠡᠨ᠂  ᠲᠤᠭ᠎ᠠ ᠪᠠᠷᠢᠮᠲᠠ ᠶᠢᠨ ᠬᠤᠭᠤᠷᠣᠨᠳᠣᠬᠢ ᠯᠣᠭᠢᠭ ᠬᠠᠷᠢᠴᠠᠭ᠎ᠠ   ᠶᠢ ᠰᠢᠯᠤᠭᠤᠳᠬᠠᠨ᠎ᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠲᠦᠪᠯᠡᠷᠡᠭᠦᠯᠤᠨ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂  ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ ᠪᠣᠳᠠᠲᠠᠶ ᠶᠢ ᠡᠷᠬᠢᠮᠯᠡᠬᠦ   ᠪᠠᠷ ᠦᠨᠳᠦᠰᠦ ᠪᠣᠯᠭᠠᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠢᠳᠡᠯᠡᠵᠦ᠂ ᠳᠠᠭᠠᠭᠠᠮᠠᠭᠠᠶ ᠪᠠᠷ ᠬᠦᠴᠦᠯᠡᠵᠦ᠂ ᠤᠷᠳᠤ ᠬᠤᠭᠤᠴᠠᠭ᠎ᠠ ᠪᠠᠷ ᠪᠢᠬᠢᠵᠢᠬᠦᠯᠤᠨ ᠲᠠᠭᠡᠭᠰᠢᠯᠡᠬᠦᠯᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ   ᠪᠠᠷ ᠰᠤᠳᠤᠯᠤᠨ ᠪᠡᠶᠡᠯᠡᠬᠦᠯᠵᠦ᠂ ᠴᠠᠭ ᠢᠮᠠᠭᠲᠠ ᠡᠷᠴᠢᠮ  ᠢᠶᠠᠨ ᠰᠤᠯᠠᠷᠠᠭᠤᠯᠬᠤ ᠥᠬᠡᠶ᠃ ᠲᠦᠷᠪᠡ ᠳᠤ᠂ ᠨᠢᠭᠲᠠ ᠬᠠᠮᠵᠢᠯᠴᠠᠨ᠂ ᠳᠡᠭᠡᠳᠦ ᠱᠠᠲᠤᠨ ᠤ ᠰᠠᠯᠠᠭ᠎ᠠ ᠮᠦᠴᠢᠷ ᠲᠠᠢ ᠬᠠᠷᠢᠯᠴᠠᠭ᠎ᠠ ᠵᠣᠯᠭᠠᠭᠤᠯᠬᠤ ᠠᠵᠢᠯ ᠢ ᠴᠢᠩᠭᠠᠳᠬᠠᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠨᠡᠶᠢᠯᠡᠮᠡᠯ ᠬᠦᠴᠦᠨ ᠢ  ᠪᠤᠢ ᠪᠤᠯᠭᠠᠨ᠎ᠠ᠃      ᠬᠤᠷᠠᠯ ᠠᠴᠠ1 —4 ᠰᠠᠷ᠎ᠠ ᠶᠢᠨ ᠪᠦᠬᠦ ᠰᠢᠶᠠᠨ ᠤ ᠠᠶᠤᠯᠭᠦᠶ ᠦᠢᠯᠡᠳᠪᠦᠷᠢᠯᠡᠯ   ᠤᠨ ᠠᠵᠢᠯ ᠤᠨ ᠪᠠᠶᠢᠳᠠᠯ  ᠤᠨ ᠮᠡᠳᠡᠭᠦᠯᠦᠯᠳᠡ ᠬᠢᠪᠠ᠃ ᠮᠦᠨ ᠲᠠᠷᠠᠭᠠᠴᠢ ᠶᠢᠨ ᠠᠯᠬᠤᠮ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ︔ ᠠᠶᠤᠯᠭᠦᠶ ᠦᠢᠯᠡᠳᠪᠦᠷᠢᠯᠡᠯ ᠤᠨ ᠡᠷᠬᠡ ᠶᠢᠨ ᠲᠣᠳᠣᠷᠬᠠᠶ ᠬᠠᠭᠤᠳᠠᠰᠤ ᠪᠠ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠤᠳᠤᠷᠠᠭᠤᠯᠵᠦ᠂ ᠬᠠᠷᠢᠭᠤᠴᠠᠯᠭ᠎ᠠ ᠵᠢᠨ‌ᠠᠭᠤᠯᠭ᠎ᠠ ᠨᠢ ᠪᠣᠳᠠᠲᠠᠶ᠂  ᠬᠠᠷᠢᠭᠤᠴᠠᠯᠭ᠎ᠠ ᠬᠡᠷᠡᠭᠵᠢᠭᠦᠯᠬᠦ   ᠨᠢ ᠴᠢᠩᠭ᠎ᠠ᠂ ᠬᠠᠷᠢᠭᠤᠴᠠᠯᠭ᠎ᠠ ᠨᠡᠬᠡᠮᠵᠢᠯᠡᠬᠦ ᠳᠡᠭᠡᠨ ᠬᠠᠳᠠᠭᠤ᠂  ᠳᠠᠷᠤᠯᠲᠠ ᠱᠠᠲᠤ ᠱᠠᠲᠤ ᠪᠠᠷ ᠳᠠᠮᠵᠢᠭᠤᠯᠵᠤ ᠢ ᠪᠠᠲᠤᠯᠠᠵᠦ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠦᠨᠡᠨ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ  ᠠᠵᠢᠯ ᠢ ᠴᠢᠩᠭᠠᠳᠬᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠬᠤ ᠠᠵᠢᠯ ᠢ ᠬᠦᠨᠵᠡᠭᠡᠢ ᠦᠷᠨᠢᠬᠦᠯᠵᠦ᠂ ᠪᠦᠬᠦ ᠲᠠᠯ᠎ᠠ ᠪᠠᠷ ᠡᠯ᠎ᠡ ᠠᠵᠢᠯ ᠲᠦᠷᠦᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ ᠲᠣᠳᠣᠷᠬᠠᠶ ᠪᠣᠯᠭᠠᠬᠤ᠂ ᠠᠶᠤᠯ ᠲᠦᠭᠰᠢᠭᠦᠷᠢ ᠤᠨ ᠪᠦᠲᠦᠴᠡ ᠪᠠ ᠠᠶᠤᠯ ᠲᠦᠭᠰᠢᠭᠦᠷᠢ ᠶᠢᠨ ᠣᠨᠴᠠᠯᠢᠭ ᠢ ᠨᠢᠮᠪᠠᠢ ᠡᠵᠡᠮᠳᠡᠵᠦ᠂  ᠠᠶᠤᠯ ᠲᠦᠭᠰᠢᠭᠦᠷᠢ  ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠦᠨᠡᠨ ᠪᠣᠳᠠᠲᠠᠶ  ᠪᠠᠶᠢᠵᠦ ᠪᠠᠯᠠᠶ ᠣᠷᠣᠨ ᠦᠯᠡᠳᠡᠭᠡᠬᠦ ᠦᠭᠡᠶ᠃ ᠭᠤᠷᠪᠠ ᠳᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠭᠤᠣᠯᠳᠠᠯᠭ᠎ᠠ ᠲᠠᠢ ᠠᠵᠢᠯ ᠲᠦᠷᠦᠯ   ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ  ᠭᠤᠭᠴᠤᠭᠠᠨ ᠳᠤ ᠠᠩᠬᠠᠷᠤᠯ ᠢᠶᠠᠨ ᠲᠦᠪᠯᠡᠷᠡᠭᠦᠯᠵᠦ ᠲᠠᠯᠳᠠ ᠭᠡᠮ ᠢ  ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠠᠵᠤ ᠠᠬᠤᠶᠢᠯᠠᠯ ᠢ ᠰᠢᠪᠠᠳᠠᠵᠤ  ᠲᠠᠯᠳᠠ ᠭᠡᠮ ᠢ ᠵᠠᠰᠠᠬᠤ ᠬᠠᠷᠢᠭᠤᠴᠠᠯᠭ᠎ᠠ  ᠶᠢᠨ ᠠᠷᠭ᠎ᠠ ᠬᠡᠯᠪᠡᠷᠢ᠂  ᠴᠠᠭ ᠬᠤᠭᠤᠴᠠᠭ᠎ᠠ ᠪᠠ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠵᠦ᠂ ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠵᠦ ᠲᠤᠭᠠᠷᠯᠠᠨ ᠬᠠᠰᠤᠬᠤ ᠬᠡᠷᠡᠭᠲᠡᠶ᠃ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠨ ᠬᠠᠮᠢᠶᠠᠷᠤᠯᠳᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 24 ᠴᠠᠭ ᠢᠶᠠᠷ ᠵᠢᠵᠢᠭᠦᠷᠯᠡᠬᠦ ᠪᠠ ᠠᠳᠡᠯ ‍ᠣᠨ‌ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号