ᠯᠢᠨᠰᠢ ᠰᠢᠶᠠᠨ ᠤ ᠨᠠᠮ ᠤᠨ ᠬᠤᠷᠢᠶᠠᠨ ᠤ ᠱᠦᠵᠢ ᠲᠢᠶᠠᠨ ᠰᠢᠶᠠᠩ ᠼᠦᠨ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠴᠢ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ  ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-05-16
ᠯᠢᠨᠰᠢ ᠰᠢᠶᠠᠨ ᠤ ᠨᠠᠮ ᠤᠨ ᠬᠤᠷᠢᠶᠠᠨ ᠤ ᠱᠦᠵᠢ ᠲᠢᠶᠠᠨ ᠰᠢᠶᠠᠩ ᠼᠦᠨ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠴᠢ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ  ᠡᠷᠬᠢᠯᠡᠨ ᠬᠤᠷᠠᠯᠳᠤᠭᠤᠯᠪᠠ      5 ᠰᠠᠷ᠎ᠠ ᠶᠢᠨ 13 ᠤ ᠡᠳᠦᠷ᠂ ᠯᠢᠨᠰᠢ ᠰᠢᠶᠠᠨ ᠤ ᠨᠠᠮ ᠤᠨ ᠬᠤᠷᠢᠶᠠᠨ ᠤ ᠱᠦᠵᠢ ᠲᠢᠶᠠᠨ ᠰᠢᠶᠠᠩ ᠼᠦᠨ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠴᠢ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ  ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠹᠦ᠋ ᠱᠸᠤ ᠯᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠄ ᠯᠢᠦ ᠳ᠋ᠧ ᠵᠢᠶᠦ᠋ᠨ᠂ ᠲᠢᠶᠠᠨ ᠱᠦ ᠵᠢᠶᠦ᠋ᠨ᠂ ᠯᠢ ᠵᠠᠨ ᠶᠦᠩ᠂ ᠴᠧᠩ  ᠶᠠᠨ ᠹᠧᠩ᠂ ᠸᠠᠩ ᠯᠢ ᠨᠠ᠂ ᠵᠠᠩ ᡁᠢ ᠸᠧᠢ᠂ ᠮᠧᠩ ᠰᠢᠶᠠᠩ ᠵᠢᠶᠦ᠋ᠨ᠂ ᠬᠤ᠋  ᠼᠠᠢ ᡁᠢ ᠬᠤᠷᠠᠯ ᠳᠤ ᠣᠷᠣᠯᠴᠠᠪᠠ᠃ ᠰᠢᠶᠠᠨ ᠤ ᠠᠷᠠᠳ ‍ᠣᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ  ᠵᠣᠣ ᠷᠦᠢ ᠵᠢᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠴᠦᠨ ᠶᠠᠨ᠂ ᠰᠢᠶᠠᠨ ᠤ ᠠᠷᠠᠳ ‍ᠣᠨ‌‍ᠲ᠋ᠥ᠋ᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠵᠠᠰᠠᠭ ᠤᠨ ᠣᠷᠳᠣᠨ  ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠵᠡᠷᠭᠡ ᠬᠤᠯᠪᠣᠭᠳᠠᠯ ᠪᠦᠬᠦᠢ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠳᠣᠯᠣᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠪᠣᠯᠤᠨ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃  ᠰᠢ ᠶᠢᠨ ᠫᠢᠩ ᠶᠡᠷᠤᠩᠭᠡᠢ ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠠᠵᠢᠯ ᠤᠨ ᠲᠤᠬᠠᠶ ᠰᠢᠷᠢᠰ ᠴᠢᠬᠤᠯᠠ  ᠶᠠᠷᠢᠶ᠎ᠠ ᠶᠢᠨ ᠵᠣᠷᠢᠭ ᠰᠠᠨᠠᠭ᠎ᠠ ᠶᠢ ᠰᠤᠷᠤᠯᠴᠠᠪᠠ᠃  ︽ᠯᠢᠨᠰᠢ ᠰᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠶᠠᠷᠢᠯᠴᠠᠬᠤ ᠡᠬᠡ ᠨᠤᠤᠷᠠᠭ︶︾ ᠪᠠ ︽ ᠯᠢᠨᠰᠢ ᠰᠢᠶᠠᠨ ᠤ 2018 ᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠢᠨᠠᠨ ᠪᠠᠶᠢᠴᠠᠭᠠᠬᠤ ᠲᠥᠰᠦᠯ ︵ᠶᠠᠷᠢᠯᠴᠠᠬᠤ ᠡᠬᠡ ᠨᠤᠤᠷᠠᠭ︶︾ ᠶᠢ ᠰᠤᠳᠤᠯᠤᠨ ᠪᠠᠳᠤᠯᠠᠵᠠᠢ᠃ ᠪᠦᠬᠦ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ  ᠶᠢᠨ ᠭᠤᠣᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠪᠠᠰᠠ ᠪᠤᠰᠤᠳ ᠠᠵᠢᠯ ᠢ  ᠰᠤᠳᠤᠯᠤᠨ ᠪᠠᠶᠢᠷᠢᠯᠠᠭᠤᠯᠵᠠᠢ᠃ ︵ᠵᠧᠨ ᠶᠠᠨ ᠸᠧᠨ︶    ᠯᠢᠨᠰᠢ ᠶᠢᠨ ᠰᠤᠨᠢᠨ ᠮᠡᠳᠡᠭᠡ
 
ᠢᠷᠡᠯᠲᠡ᠄ ᠯᠢᠨᠰᠢ ᠶᠢᠨ ᠰᠤᠨᠢᠨ ᠮᠡᠳᠡᠭᠡ​
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号