ᠪᠦᠬᠦ ᠤᠯᠤᠰ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠂ ᠶᠠᠳᠠᠭᠤ ᠶᠢ ᠲᠠᠭᠠᠭᠤᠯᠬᠤ ᠂ ᠶᠠᠳᠠᠭᠤᠷᠠᠯ ᠢ ᠪᠠᠭᠠᠰᠬᠠᠬᠤ  ᠲᠣᠭᠲᠠᠴᠠ  ᠶᠢᠨ ᠪᠣᠯᠪᠠᠰᠤᠷᠠᠯ ᠤᠨ ᠠᠩᠭᠢ ᠯᠢᠨᠰᠢ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2018-05-19
     5 ᠰᠠᠷ᠎ᠠ ᠶᠢᠨ 17 ᠤ ᠡᠳᠦᠷ᠂ ᠪᠦᠬᠦ ᠤᠯᠤᠰ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ  ᠂ ᠶᠠᠳᠠᠭᠤ ᠶᠢ ᠲᠠᠭᠠᠭᠤᠯᠬᠤ  ᠂ ᠶᠠᠳᠠᠭᠤᠷᠠᠯ ᠢ ᠪᠠᠭᠠᠰᠬᠠᠬᠤ  ᠲᠣᠭᠲᠠᠴᠠ  ᠶᠢᠨ ᠪᠣᠯᠪᠠᠰᠤᠷᠠᠯ ᠤᠨ ᠠᠩᠭᠢ ᠯᠢᠨᠰᠢ ᠰᠢᠶᠠᠨ ᠳᠤ ᠶᠠᠪᠤᠭᠳᠠᠪᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠨᠠᠮ ᠤᠨ ᠳᠤᠭᠤᠶᠢᠯᠠᠩ ᠤᠨ ᠬᠡᠰᠢᠬᠦᠨ᠂ ᠳᠡᠳ᠋ ᠡᠷᠬᠢᠯᠡᠭᠴᠢ ᠬᠤᠩ ᠲᠢᠶᠠᠨ ᠶᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠤᠸᠠᠨ ᡁᠢ ᠴᠢᠶᠠᠩ ᠂ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠶᠣᠣ ᠶᠦᠩ ᠪᠥᠸᠧ  ᠂ ᠬᠤᠯᠪᠣᠭᠳᠠᠯ ᠪᠦᠬᠦᠢ ᠶᠠᠮᠤᠨ ᠵᠥᠪᠯᠡᠯ ᠤᠨ ᠤᠳᠤᠷᠢᠳᠤᠯᠭ᠎ᠠ᠂ ᠮᠤᠵᠢ ᠬᠤᠲᠠ ᠰᠢᠶᠠᠨ ᠤ ᠬᠠᠮᠢᠶ᠎ᠠ ᠪᠦᠬᠦᠢ ᠨᠥᠬᠦᠳ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠨᠡᠭᠡᠭᠡᠨ ᠬᠥᠭᠵᠢᠭᠦᠯᠬᠦ ᠶᠢ ᠵᠢᠯᠣᠭᠤᠳᠬᠤ ᠵᠤᠷᠭᠠᠨ ᠤ ᠳᠠᠷᠤᠭ᠎ᠠ ᠬᠠᠢ  ᠪᠥᠸᠧ  ᠠᠩᠭᠢ ᠡᠬᠢᠯᠡᠬᠦ  ᠶᠣᠰᠣᠯᠠᠯ   ᠢ ᠡᠷᠭᠢᠯᠡᠪᠡ᠃      ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠶᠠᠷᠢᠶ᠎ᠠ ᠲᠠᠯᠪᠢᠵᠤ᠂  ᠲᠡᠷᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠦᠬᠦ ᠬᠤᠲᠠ ᠶᠢᠨ 460 ᠲᠦᠮᠠᠨ ᠡᠯ᠎ᠡ ᠦᠨᠳᠦᠰᠦᠲᠡᠨ ᠤ ᠠᠷᠠᠳ ᠲᠦᠮᠡᠨ ᠢ ᠲᠦᠯᠦᠭᠡᠯᠡᠨ ᠪᠣᠯᠪᠠᠰᠤᠷᠠᠯ ᠤᠨ ᠠᠩᠭᠢ  ᠠᠩᠭᠢ ᠡᠬᠢᠯᠡᠭᠰᠡᠨ ᠳᠤ ᠬᠠᠯᠠᠭᠤᠨ ᠪᠠᠶᠠᠷ ᠬᠦᠷᠬᠡᠪᠠ᠃  ᠲᠡᠷᠡ ᠬᠡᠯᠡᠭᠰᠡᠨ ᠨᠢ᠄ ᠤᠯᠠᠭᠠᠨᠬᠠᠳᠠ ᠬᠤᠲᠠ ᠶᠡᠷᠦ ᠠᠴᠠ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ  ᠢ  ᠴᠢᠬᠤᠯᠠ ᠶᠡᠭᠡ ᠤᠯᠤᠰ ᠲᠦᠷᠦ ᠶᠢᠨ ᠡᠭᠦᠷᠭᠡ  ᠂ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠢᠶᠠᠷ ᠦᠵᠡᠵᠦ᠂ ᠪᠦᠬᠦ ᠲᠠᠯ᠎ᠠ ᠪᠠᠷ ᠬᠠᠮᠤᠷᠠᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠦᠪᠰᠢᠨ ᠠᠴᠠ  ᠨᠠᠶᠢᠳᠠᠪᠤᠷᠢᠵᠢᠭᠤᠯᠤᠨ ᠠᠬᠢᠭᠤᠯᠪᠠ᠃ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠤᠲᠠ ᠰᠢᠶᠠᠨ ᠰᠢᠶᠠᠩ ᠲᠣᠰᠬᠤᠨ ᠲᠦᠷᠪᠡᠨ ᠳᠡᠰ ᠤᠨ ᠱᠦᠵᠢ  ᠶᠠᠳᠠᠭᠤ ᠶᠢ ᠲᠡᠳᠬᠦᠬᠦ ᠠᠵᠢᠯ ᠢ ᠠᠳᠬᠤᠬᠤ   ᠢ ᠭᠦᠨᠵᠡᠭᠡᠶ ᠲᠦᠯᠬᠢᠨ ᠠᠬᠢᠭᠤᠯᠵᠤ  ᠂ ᠶᠠᠳᠠᠭᠤ ᠶᠢ ᠲᠡᠳᠬᠦᠬᠦ ᠠᠵᠢᠯ ᠢ ᠵᠣᠬᠢᠶᠠᠨ  ᠪᠠᠶᠢᠭᠤᠯᠬᠤ ᠪᠠ ᠤᠳᠤᠷᠢᠳᠬᠤ ᠰᠢᠰᠲ᠋ᠧᠮ ᠢ ᠬᠥᠨᠳᠡᠯᠡᠨ  ᠢᠶᠠᠷ ᠬᠦᠪᠡᠭᠡ ᠳᠤᠨᠢ ᠬᠦᠷᠬᠡᠵᠦ᠂ ᠭᠤᠯᠳᠤ ᠪᠠᠷ ᠰᠠᠭᠤᠷᠢ ᠳᠤᠨᠢ ᠲᠤᠯᠭᠠᠵᠦ  ᠂ ᠶᠠᠳᠠᠭᠤ ᠶᠢ ᠲᠡᠳᠬᠦᠬᠦ ᠠᠵᠢᠯ   ᠤᠨ ᠨᠢᠬᠡᠳᠤᠮᠡᠯ ᠬᠦᠴᠦᠨ ᠢ ᠪᠦᠷᠬᠦᠬᠡᠪᠡ  ᠃ ᠬᠠᠷᠠᠯᠲᠠ ᠶᠢᠨ ᠪᠠᠷᠢᠮᠵᠢᠶ᠎ᠠ ᠪᠠᠨ ᠴᠢᠩᠭᠠᠳᠬᠠᠵᠦ᠂  ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠳᠣᠣᠷ᠎ᠠ ᠠᠷᠠᠳ ᠶᠠᠳᠠᠭᠤ ᠠᠴᠠ ᠠᠩᠭᠢᠵᠢᠷᠠᠵᠦ᠂ ᠰᠢᠶᠠᠨ ᠶᠠᠳᠠᠭᠤ ᠠᠴᠠ ᠮᠤᠯᠳᠤᠷᠬᠤ ᠬᠠᠷᠠᠯᠲᠠ ᠪᠠ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠱᠠᠭᠠᠷᠳᠠᠯᠭ᠎ᠠ ᠶᠢ ᠬᠠᠷᠢᠴᠠᠭᠤᠯᠤᠨ  ᠤᠨᠢᠨ ᠲᠡᠭᠡᠷ᠎ᠡ ᠨᠢ  ᠬᠦᠴᠦᠯᠡᠵᠦ᠂ ᠨᠡᠩ ᠬᠤᠷᠴᠠ ᠲᠣᠳᠣᠷᠬᠠᠶ ᠪᠠᠷᠢᠮᠵᠢᠶ᠎ᠠ ᠶᠢᠨ ᠰᠢᠰᠲ᠋ᠧᠮᠵᠢ ᠶᠢ  ᠪᠠᠶᠢᠭᠤᠯᠵᠠᠢ  ᠃ ᠠᠵᠤ ᠦᠢᠯᠡᠰ ᠢᠶᠠᠷ ᠲᠠᠭᠠᠭᠤᠯᠬᠤ ᠶᠢ ᠲᠤᠪᠥᠶᠢᠯᠭᠠᠨ᠂ ᠶᠠᠳᠠᠭᠤ  ᠶᠢ ᠲᠡᠳᠬᠦᠬᠦ ᠠᠵᠤ ᠦᠢᠯᠡᠰ ᠢ ᠪᠤᠶᠢᠵᠢᠭᠤᠯᠵᠤ ᠠᠵᠢᠯ   ᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠴᠢᠬᠤᠯᠠ ᠠᠴᠠ ᠴᠢᠬᠤᠯᠠ ᠡᠬᠦᠷᠭᠡ ᠪᠤᠯᠭᠠᠵᠦ᠂ ᠴᠥᠬᠦᠷᠡᠰᠢ ᠦᠭᠡᠢ ᠪᠠᠷ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠢᠷᠮᠡᠬᠦᠨ ᠲᠠᠶᠢᠴᠢᠯᠠᠯᠳᠠ ᠪᠠ  ᠪᠦᠷᠬᠦᠯᠳᠡ ᠶᠢ  ᠪᠡᠶᠡᠯᠡᠬᠦᠯᠵᠦ  ᠂ ᠪᠣᠳᠠᠲᠠᠶ ᠪᠠᠶᠢᠳᠠᠯ ᠲᠠᠢ ᠨᠡᠩ ᠲᠤᠬᠢᠷᠠᠯᠴᠠᠬᠤ ᠠᠵᠤ ᠦᠢᠯᠡᠰ ᠤᠨ ᠰᠢᠰᠲ᠋ᠧᠮ ᠢ  ᠪᠠᠶᠢᠭᠤᠯᠵᠠᠢ᠃  ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠢᠲᠠᠶ ᠪᠠᠷ ᠬᠡᠷᠡᠭᠯᠡᠬᠦ ᠶᠢ ᠪᠠᠷᠢᠮᠳᠠᠯᠠᠵᠦ᠂᠂ ᠶᠠᠳᠠᠭᠤ ᠶᠢ ᠲᠡᠳᠬᠦᠬᠦ  ᠲᠦᠰᠦᠯ᠂ ᠪᠡᠯᠡ ᠮᠦᠩᠬᠦ  ᠂ ᠠᠷᠭ᠎ᠠ ᠪᠠᠷᠢᠯ᠂ ᠬᠦᠴᠦᠨ ᠴᠥᠮ ᠶᠠᠳᠠᠭᠤ ᠬᠦᠴᠢᠷᠳᠡᠯᠲᠡᠶ ᠬᠦᠮᠤᠨ ᠪᠦᠷᠢ ᠳᠤ ᠲᠤᠰᠬᠤ ᠶᠢ ᠪᠠᠳᠤᠯᠠᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠡᠶᠢᠳᠡᠮ ᠪᠦᠷᠬᠦᠬᠡᠵᠦ᠂  ᠨᠡᠩ ᠤᠨᠤᠪᠴᠢᠳᠠᠢ ᠬᠠᠪᠰᠤᠷᠤᠨ ᠲᠡᠳᠬᠦᠬᠦ ᠰᠢᠰᠲ᠋ᠧᠮ ᠢ ᠪᠤᠢ ᠪᠤᠯᠭᠠᠵᠠᠢ᠃ ᠶᠠᠳᠠᠭᠤ ᠶᠢ ᠲᠡᠳᠬᠦᠬᠦ  ᠪᠠ ᠵᠤᠷᠢᠭ ᠢ ᠨᠢ ᠲᠡᠳᠬᠦᠬᠦ᠂ ᠤᠶᠤᠨ ᠢ ᠨᠢ ᠲᠡᠳᠭᠦᠭᠦ  ᠲᠠᠢ ᠤᠶᠠᠯᠳᠤᠭᠤᠯᠵᠦ᠂ ᠶᠠᠳᠠᠭᠤ ᠬᠦᠴᠢᠷᠳᠡᠯᠲᠡᠶ ᠠᠷᠠᠳ ᠤᠨ ᠡᠷᠴᠢ ᠵᠤᠷᠢᠭ  ᠢ ᠬᠥᠭᠵᠢᠭᠡᠵᠦ᠂  ᠶᠠᠳᠠᠭᠤ ᠠᠴᠠ ᠠᠩᠭᠢᠵᠢᠷᠠᠬᠤ ᠤᠷ᠎ᠠ ᠮᠡᠷᠭᠡᠵᠢᠯ   ᠢ   ᠨᠢ  ᠲᠠᠭᠡᠭᠰᠢᠯᠡᠬᠦᠯᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠬᠡᠷ ᠤᠨ ᠳᠡᠳ᠋ ᠡᠷᠬᠢᠯᠡᠭᠴᠢ ᠬᠤᠩ ᠲᠢᠶᠠᠨ ᠶᠦᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ   ᠢ ᠬᠡᠷᠬᠢᠨ ᠤᠯᠠᠮ ᠨᠢᠭᠡ ᠠᠯᠬᠤᠮ ᠲᠦᠯᠬᠢᠨ ᠠᠬᠢᠭᠤᠯᠵᠤ  ᠲᠤᠬᠠᠶ ᠭᠤᠷᠪᠠᠨ ᠰᠠᠨᠠᠯ  ᠶᠠᠷᠢᠵᠠᠶ᠄      ᠨᠢᠭᠡ   ᠳᠤ᠂  ᠶᠠᠳᠠᠭᠤ ᠠᠴᠠ  ᠠᠩᠭᠢᠵᠢᠷᠠᠭᠤᠯᠤᠨ ᠪᠤᠭᠤᠮᠳᠠ ᠰᠢᠪᠳᠤᠯᠬᠤ ᠢ ᠰᠠᠶᠢᠲᠤᠷ ᠬᠢᠬᠦ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ  ᠂ ᠠᠵᠢᠯ ᠤᠨ ᠠᠷᠭ᠎ᠠ ᠬᠡᠮᠵᠢᠶ᠎ᠡ ᠪᠠᠨ ᠰᠠᠶᠢᠲᠤᠷ ᠨᠠᠶᠢᠳᠠᠪᠤᠷᠢᠵᠢᠭᠤᠯᠵᠤ᠂ ᠵᠢᠯ ᠨᠢ ᠲᠦᠯᠦᠪᠯᠡᠭᠡ ᠲᠠᠢ᠂ ᠬᠦᠮᠤᠨ ᠨᠢ ᠤᠨᠤᠪᠴᠢᠳᠠᠢ  ᠂ ᠴᠢᠳᠠᠯ ᠢᠶᠠᠷ ᠢᠶᠠᠨ ᠬᠦᠴᠦᠯᠡᠵᠦ᠂ ᠲᠣᠭᠲᠠᠭᠰᠠᠨ ᠬᠤᠭᠤᠴᠠᠭᠠᠨ ᠳᠠᠭᠠᠨ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠴᠤᠰ ᠤᠨ ᠠᠮᠵᠢᠯᠳᠠ ᠶᠢ ᠤᠯᠬᠤ ᠶᠢ ᠪᠠᠳᠤᠯᠠᠨ᠎ᠠ᠃      ᠬᠤᠶᠠᠷ ᠲᠤ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠠᠪᠤᠴᠠ ᠳᠤ ᠲᠤᠯᠤᠭᠠᠶᠢᠯᠠᠭᠴᠢ ᠠᠵᠦ ᠠᠬᠤᠶᠢᠯᠠᠯ ᠪᠠ ᠲᠤᠰᠬᠠᠢ ᠬᠤᠷᠰᠢᠶ᠎ᠠ  ᠂ ᠲᠤᠯᠤᠭᠠᠶᠢᠯᠠᠭᠴᠢ ᠠᠵᠦ ᠠᠬᠤᠶᠢᠯᠠᠯ ᠪᠠ  ᠶᠠᠳᠠᠭᠤ ᠬᠦᠴᠢᠷᠳᠠᠯᠳᠠᠢ ᠡᠷᠤᠬᠡ ᠦᠮᠴᠢ ᠵᠤᠯᠭᠠᠭᠤᠯᠬᠤ ᠠᠵᠢᠯ ᠢ ᠵᠢᠯᠣᠭᠤᠳᠤᠨ ᠲᠡᠳᠬᠦᠭᠰᠡᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠵᠦ ᠤᠬᠠᠭᠤᠯᠤᠨ ᠲᠡᠯᠭᠡᠷᠡᠭᠦᠯᠦᠨ᠎ᠡ᠃  ᠵᠠᠬᠢᠶᠠᠨ ᠬᠤᠳᠠᠯᠳᠤᠨ ᠠᠪᠬᠤ᠂ ᠪᠡᠯᠡ ᠲᠠᠢ ᠬᠤᠪᠢ ᠣᠷᠣᠭᠤᠯᠬᠤ᠂ ᠨᠠᠶᠢᠳᠠᠨ ᠬᠠᠮᠢᠶᠠᠷᠠᠭᠤᠯᠵᠦ ᠠᠰᠢᠭ ᠬᠤᠪᠢᠶᠠᠬᠤ᠂ ᠡᠷᠭᠢᠯᠲᠡ ᠪᠠᠷ ᠤᠷᠢᠵᠤ ᠬᠡᠷᠡᠭᠯᠡᠬᠦ᠂ ᠬᠤᠯᠪᠣᠭᠠᠯᠠᠨ ᠡᠵᠡᠩᠨᠡᠬᠦ ᠵᠡᠷᠭᠡ ᠬᠡᠯᠪᠡᠷᠢ ᠪᠠᠷ  2017 ᠣᠨ ᠳᠤ18.1 ᠲᠦᠮᠡᠨ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ᠂ 40.6 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠵᠤ ᠦᠢᠯᠡᠰ ᠢᠶᠠᠷ  ᠲᠡᠳᠬᠦᠵᠦ᠂ ᠥᠪᠡᠷᠮᠢᠴᠡ ᠣᠨᠴᠠᠯᠢᠭ ᠪᠦᠬᠦᠢ ᠠᠮᠵᠢᠯᠲᠠ ᠤᠯᠤᠭᠰᠠᠨ ᠵᠢᠱᠢᠶ᠎ᠡ ᠶᠢ  ᠪᠤᠢ  ᠪᠤᠯᠭᠠᠪᠠ᠃      ︽379︾ ᠬᠡᠪ ᠵᠠᠭᠪᠤᠷ ᠢ ᠤᠬᠠᠭᠤᠯᠤᠨ ᠲᠦᠬᠡᠮᠡᠯᠵᠢᠬᠦᠯᠵᠦ᠂  ᠳ᠋ᠧ ᠴᠢᠩ ᠶᠤᠸᠠᠨ  ︿ᠠᠯᠲᠠᠨ ᠲᠠᠬᠢᠶ᠎ᠠ﹀  ᠢᠶᠠᠷ ᠶᠠᠳᠠᠭᠤ ᠶᠢ ᠲᠡᠳᠬᠦᠬᠦ ᠲᠦᠰᠦᠯ ᠢᠶᠠᠷ  ᠵᠢᠱᠢᠶᠡᠯᠡᠪᠡᠯ᠂    ᠲᠦᠰᠦᠯ ᠤᠨ ᠪᠥᠳᠥᠭᠡᠨ ᠪᠠᠶᠢᠭᠤᠯᠤᠯᠲᠠ ᠪᠠ ᠡᠵᠡᠩᠨᠡᠯᠲᠡ ᠤᠨ ᠲᠤᠮᠳᠠ ᠶᠠᠳᠠᠭᠤ ᠭᠦᠴᠢᠷᠳᠡᠯᠳᠠᠢ ᠬᠥᠮᠦᠨ ᠠᠮᠠ ᠶᠢᠨ ᠣᠷᠣᠯᠴᠠᠬᠤ ᠬᠠᠷᠢᠴᠠᠯ  ᠨᠢ 30 % ᠠᠴᠠ ᠳᠡᠭᠡᠭᠰᠢ   ᠪᠠᠶᠢᠵᠦ᠂ ᠠᠵᠤ ᠠᠬᠤᠶᠢᠯᠠᠯ ᠠᠴᠠ ᠬᠠᠩᠭᠠᠭᠰᠠᠨ ᠲᠤᠰᠬᠠᠶ ᠬᠤᠷᠰᠢᠶ᠎ᠠ ᠠᠴᠠ ᠲᠠᠭᠠᠭᠠᠴᠢᠯᠠᠵᠦ ᠠᠪᠤᠭᠰᠠᠨ ᠬᠤᠳᠠᠯᠳᠤᠭᠠᠨ ᠤ ᠵᠠᠬᠢᠶᠠᠯᠠᠭ᠎ᠠ ᠳᠤ ᠣᠷᠣᠯᠴᠠᠬᠤ ᠬᠠᠷᠢᠴᠠᠯ  ᠨᠢ 70 % ᠠᠴᠠ ᠳᠡᠭᠡᠭᠰᠢ ᠪᠠᠶᠢᠵᠦ᠂ ᠲᠦᠰᠦᠯ ᠤᠨ ᠲᠦᠷᠢᠶᠡᠰᠦᠨ ᠮᠥᠩᠭᠦ ᠬᠤᠪᠢᠶᠠᠷᠢᠯᠠᠬᠤ ᠬᠠᠷᠢᠴᠠᠯ  ᠨᠢ 90 % ᠠᠴᠠ ᠳᠡᠭᠡᠭᠰᠢ  ᠪᠠᠶᠢᠬᠤ ᠶᠢ ᠪᠠᠳᠤᠯᠠᠵᠠᠢ᠃  ᠠᠵᠦ ᠤᠶᠢᠯᠡᠰ ᠢᠶᠠᠷ ᠶᠠᠳᠠᠭᠤ ᠶᠢ ᠲᠡᠳᠬᠦᠬᠦ ᠨᠢ ᠵᠥᠪᠬᠡᠨ ᠠᠵᠤ ᠦᠢᠯᠡᠰ ᠢ  ᠬᠦᠭᠵᠢᠬᠦᠯᠬᠦ ᠶᠠᠪᠤᠳᠠᠯ ᠪᠤᠰᠤ᠂ ᠵᠠᠪᠠᠯ ᠶᠠᠳᠠᠭᠤ ᠶᠢ ᠲᠠᠭᠠᠭᠤᠯᠬᠤ᠂  ᠶᠠᠳᠠᠭᠤᠷᠠᠯ ᠢ ᠪᠠᠭᠠᠰᠬᠠᠬᠤ ᠲᠣᠭᠲᠠᠴᠠ ᠶᠢ ᠪᠡᠶᠡᠯᠡᠭᠦᠯᠬᠦ ᠬᠡᠷᠡᠭᠲᠡᠶ᠃  ᠠᠵᠦ  ᠠᠬᠤᠶᠢᠯᠠᠯ ᠢᠶᠠᠷ ᠶᠠᠳᠠᠭᠤ ᠶᠢ ᠲᠡᠳᠬᠦᠬᠦ ᠲᠤᠭᠳᠠᠴᠠ ᠶᠢ ᠰᠢᠨᠡᠴᠢᠯᠠᠵᠦ᠂ ︽ᠲᠤᠯᠤᠭᠠᠶᠢᠯᠠᠭᠴᠢ ᠠᠵᠤ ᠠᠬᠤᠶᠢᠯᠠᠯ +  ᠬᠠᠮᠳᠤ  ᠶᠢᠨ ᠠᠵᠤ ᠠᠬᠤᠶ  + ᠬᠤᠷᠰᠢᠶ᠎ᠠ + ᠶᠠᠳᠠᠭᠤ ᠬᠦᠴᠢᠷᠳᠡᠯᠲᠡᠶ ᠡᠷᠦᠬᠡ︾ ᠬᠡᠪ ᠵᠠᠭᠪᠤᠷ ᠢ ᠲᠡᠭᠦᠯᠳᠡᠷᠵᠢᠭᠦᠯᠵᠦ᠂  ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ   ᠳᠤ ᠠᠵᠦ ᠠᠬᠤᠶᠢᠯᠠᠯ   ᠤᠨ ᠬᠤᠷ᠎ᠠ ᠪᠤᠷᠤᠭᠠᠨ ᠤ ᠤᠶᠢᠯᠡᠳᠤᠯ ᠢ ᠬᠦᠢᠴᠡᠳ ᠪᠠᠳᠠᠷᠠᠭᠤᠯᠤᠨ᠎ᠠ᠃      ᠭᠤᠷᠪᠠ ᠳᠤ᠂ ᠭᠤᠣᠯᠳᠠᠯᠭ᠎ᠠ ᠶᠢ ᠲᠤᠪᠤᠶᠢᠢᠯᠭᠠᠨ᠂ ᠵᠠᠩᠭᠢᠯᠠᠭ᠎ᠠ ᠶᠢ ᠠᠳᠬᠤᠵᠤ᠂  ᠴᠢᠨᠠᠷ ᠰᠠᠶᠢᠲᠠᠶ ᠠᠵᠤ ᠠᠬᠤᠶᠢᠯᠠᠯ  ᠶᠢᠨ  ︽ ᠨᠧᠲ ᠰᠦᠯᠵᠢᠶ᠎ᠡ +︾  ᠪᠠ ᠰᠦᠯᠵᠢᠶ᠎ᠡ ᠤᠶᠢᠯᠡᠳᠤᠯᠬᠡ ᠬᠤᠯᠪᠣᠯᠳᠤᠨ ᠬᠥᠳᠡᠯᠦᠯᠴᠡᠬᠦ ᠶᠢ ᠦᠷᠨᠢᠬᠦᠯᠬᠦ ᠠᠵᠢᠯ ᠢ ᠬᠥᠲᠥᠯᠥᠨ ᠵᠢᠯᠣᠭᠤᠳᠴᠤ᠂ ᠠᠰᠢᠭ ᠲᠤᠰᠠ ᠪᠠᠨ ᠬᠤᠯᠪᠣᠬᠤ ᠪᠠ ᠶᠠᠳᠠᠭᠤ ᠶᠢ ᠲᠠᠭᠠᠭᠤᠯᠬᠤ  ᠂ ᠶᠠᠳᠠᠭᠤᠷᠠᠯ ᠢ ᠪᠠᠭᠠᠰᠬᠠᠬᠤ  ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠷᠡᠰᠳᠡᠯ   ᠢ  ᠰᠡᠷᠭᠡᠶᠢᠯᠡᠨ ᠠᠷᠢᠯᠭᠠᠬᠤ ᠬᠡᠷᠡᠭᠲᠡᠶ᠃      ᠥᠪᠥᠷ ᠮᠣᠩᠭᠤᠯ ᠤᠨ ᠯᠢᠨᠰᠢ ᠰᠢᠶᠠᠨ᠂ ᠾᠤᠪᠸᠢ ᠮᠤᠵᠢ ᠶᠢᠨ ᠭᠤᠸᠠᠩ ᠫᠢᠩ ᠰᠢᠶᠠᠨ᠂ ᠠᠨᠾᠦ᠋ᠢ ᠮᠤᠵᠢ ᠶᠢᠨ ᠶᠤᠸᠠᠢ ᠰᠢ ᠰᠢᠶᠠᠨ᠂  ᠳ᠋ᠧ ᠴᠢᠩ ᠶᠤᠸᠠᠨ ᠺᠣᠮᠫᠠᠨᠢ᠂  ᠶᠦᠨ ᠵᠢᠢ ᠺᠤᠮᠫᠠᠨᠢ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠫᠦ᠋ ᠾᠦᠢ ᠮᠥᠩᠭᠦᠨ ᠭᠦᠢᠯᠭᠡᠭᠡᠨ ᠤ ᠦᠢᠯᠡᠰ ᠤᠨ ᠶᠠᠮᠤᠨ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠶᠠᠳᠠᠭᠤ ᠶᠢ ᠲᠡᠳᠬᠦᠬᠦ ᠶᠡᠷᠦᠩᠬᠡᠶᠢᠯᠡᠭᠰᠡᠨ ᠠᠵᠢᠯ ᠤᠨ ᠬᠡᠯᠲᠡᠰ ᠠᠴᠠ ᠲᠤᠰ ᠲᠤᠰ ︿ᠠᠯᠲᠠᠨ ᠲᠠᠬᠢᠶ᠎ᠠ﹀ ᠢᠶᠠᠷ ᠶᠠᠳᠠᠭᠤ ᠶᠢ ᠲᠡᠳᠬᠦᠬᠦ ᠠᠵᠢᠯ  ᠤᠨ ᠲᠤᠮᠳᠠ ᠬᠡᠷᠬᠢᠨ ᠶᠠᠳᠠᠭᠤ ᠶᠢ ᠲᠠᠭᠠᠭᠤᠯᠬᠤ  ᠂ ᠶᠠᠳᠠᠭᠤᠷᠠᠯ ᠢ ᠪᠠᠭᠠᠰᠬᠠᠬᠤ ᠪᠠ ᠠᠰᠢᠭ ᠣᠷᠣᠯᠭ᠎ᠠ ᠶᠢ ᠬᠤᠪᠢᠶᠠᠷᠢᠯᠠᠬᠤ ᠲᠤᠬᠠᠢ ᠢᠯᠡᠳᠬᠡᠯ ᠬᠢᠵᠦ ᠰᠠᠨᠠᠯ ᠢᠶᠠᠨ ᠰᠤᠯᠢᠯᠴᠠᠪᠠ᠃      ᠪᠣᠯᠪᠠᠰᠤᠷᠠᠯ ᠳᠤ ᠤᠷᠤᠯᠴᠠᠭᠰᠠᠳ ᠪᠠᠰᠠ ᠯᠢᠨᠰᠢ ᠪᠠᠢ ᠾᠦᠢ ᠱᠧᠩ ᠺᠤᠮᠫᠠᠨᠢ  ᠂ ᠱᠡᠭᠡᠷᠳᠤ ᠰᠢᠶᠠᠩ   ᠤᠨ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠬᠦᠷᠢᠶᠡᠯᠡᠩ᠂  ᠰᠢ ᠱᠠᠨ ᠭᠧᠨ ᠲᠤᠰᠬᠤᠨ ᠤ ᠵᠣᠯ ᠵᠢᠷᠭᠠᠯᠳᠤ ᠬᠠᠷᠢᠯᠴᠠᠨ ᠬᠠᠪᠰᠤᠷᠤᠯᠴᠠᠬᠤ ᠬᠦᠷᠢᠶ᠎ᠠ  ᠂ ᠳ᠋ᠧ ᠴᠢᠩ ᠶᠤᠸᠠᠨ ᠺᠤᠮᠫᠠᠨᠢ   ᠶᠢᠨ ᠲᠤᠬᠠᠢ ᠶᠢᠨ ᠭᠠᠵᠠᠷ ᠬᠦᠷᠴᠦ  ᠲᠤᠭᠤᠷᠢᠨ  ᠪᠠᠶᠢᠴᠠᠭᠠᠯᠳᠠ ᠬᠢᠪᠡ᠃      ᠪᠣᠯᠪᠠᠰᠤᠷᠠᠯ ᠤᠨ ᠠᠩᠭᠢ ᠡᠷᠭᠢᠯᠡᠵᠦ ᠪᠠᠶᠢᠬᠤ ᠬᠤᠭᠤᠴᠠᠭᠠᠨ ᠳᠤ᠂ ᠪᠠᠰᠠ ︿ᠠᠯᠲᠠᠨ ᠲᠠᠬᠢᠶ᠎ᠠ﹀ ᠢᠶᠠᠷ ᠶᠠᠳᠠᠭᠤ ᠶᠢ ᠲᠡᠳᠬᠦᠬᠦ ᠲᠤᠬᠠᠶ ᠶᠢᠨ ᠭᠠᠵᠠᠷ ᠲᠤᠨᠢ ᠲᠣᠬᠢᠷᠠᠭᠤᠯᠬᠤ ᠬᠤᠷᠠᠯ  ᠬᠤᠷᠠᠯᠳᠤᠭᠤᠯᠪᠠ᠃ ︵ᠵᠠᠩ ᠯᠢ ᠸᠧᠨ᠂ ᠯᠢ ᠴᠢᠩ ᠶᠤᠸᠠᠨ᠂ ᠰᠦᠨ ᠳ᠋ᠠ ᠸᠧᠢ︶
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号