ᠯᠢᠨᠰᠢ ᠪᠠᠯᠭᠠᠰᠤ ᠠᠵᠤ ᠦᠢᠯᠡᠰ ᠪᠠ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ ᠶᠢ ᠶᠠᠳᠠᠭᠤ ᠠᠴᠠ  ᠠᠩᠬᠢᠵᠢᠷᠠᠭᠤᠯᠬᠤ ᠰᠢᠨ᠎ᠡ ᠬᠦᠳᠡᠯᠭᠡᠬᠦᠷ ᠪᠤᠯᠭᠠᠵᠤ ᠪᠤᠢ
ᠨᠡᠶᠢᠲᠡᠯᠡᠭᠰᠡᠨ ᠴᠠᠭ᠄
2018-05-06
       ᠶᠠᠳᠠᠭᠤ ᠬᠦᠴᠢᠷᠳᠡᠢ ᠬᠦᠮᠦᠨ ᠠᠮᠠ ᠶᠢᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠬᠦ ᠰᠠᠭᠤᠷᠢ ᠶᠢ  ᠪᠠᠳᠤᠳᠬᠠᠵᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠰᠠᠶᠢᠳᠤᠷ ᠪᠡᠶᠡᠯᠡᠬᠦᠯᠬᠦ ᠶᠢᠨ  ᠲᠦᠯᠦᠬᠡ ᠯᠢᠨᠰᠢ ᠰᠢᠶᠠᠨ ᠤ ᠯᠢᠨᠰᠢ ᠪᠠᠯᠭᠠᠰᠤ ᠨᠢ ᠤᠷᠤᠨ ᠪᠠᠶᠢᠷᠢ ᠶᠢᠨ ᠲᠠᠪᠠᠭᠤᠯᠢᠭ ᠲᠠᠭᠠᠨ ᠲᠦᠰᠢᠭᠯᠡᠨ᠂ ᠶᠠᠳᠠᠭᠤ  ᠬᠦᠴᠢᠷᠳᠡᠢ ᠬᠦᠮᠦᠨ ᠠᠮᠠ ᠶᠢᠨ ᠤᠳᠤᠬᠢ ᠪᠠᠶᠢᠳᠠᠯ ᠲᠠᠢ ᠤᠶᠠᠯᠳᠤᠭᠤᠯᠤᠨ ︽ᠪᠠᠯᠭᠠᠰᠤᠨ ᠤ ᠬᠡᠴᠡ ᠶᠢᠨ  ᠵᠢᠭᠤᠯᠴᠢᠯᠠᠯ + ᠲᠠᠪᠤᠨ ᠵᠢᠵᠢᠭ ᠢᠨᠵᠧᠨᠧᠷᠢᠩ︾ ᠢ ᠴᠤᠭᠴᠠᠯᠠᠨ ᠪᠠᠶᠢᠭᠤᠯᠬᠤ ᠶᠠᠳᠠᠭᠤ ᠠᠴᠠ ᠠᠩᠬᠢᠵᠢᠷᠠᠭᠤᠯᠬᠤ  ᠰᠢᠨ᠎ᠡ ᠠᠷᠭ᠎ᠠ ᠠᠪᠴᠠᠯ ᠢ ᠲᠤᠷᠠᠳᠤᠨ ᠭᠠᠷᠭᠠᠭᠰᠠᠨ ᠪᠠᠶᠢᠨ᠎ᠠ᠃ ᠲᠠᠪᠤᠨ ᠵᠢᠵᠢᠭ ᠢᠨᠵᠧᠨᠧᠷᠢᠩ ᠨᠢ ᠵᠢᠵᠢᠭ ᠲᠡᠵᠢᠬᠡᠨ  ᠦᠷᠡᠵᠢᠬᠦᠯᠬᠦ ᠦᠢᠯᠡᠰ᠂ ᠵᠢᠵᠢᠭ ᠢᠳᠡᠰᠢᠨ ᠨᠤᠭᠤᠭ᠎ᠠ ᠶᠢᠨ ᠲᠠᠷᠢᠶᠠᠯᠠᠩ᠂ ᠵᠢᠵᠢᠭ ᠵᠢᠮᠢᠰ ᠤᠨ ᠬᠦᠷᠢᠶᠡᠯᠡᠩ᠂ ᠵᠢᠵᠢᠭ  ᠦᠢᠯᠡᠳᠭᠡᠯ ᠤᠨ ᠭᠠᠵᠠᠷ᠂ ᠵᠢᠵᠢᠭ ᠠᠷᠠᠯᠵᠢᠶ᠎ᠠ ᠮᠠᠶᠢᠮᠠᠢ ᠵᠡᠷᠭᠡ ᠬᠤᠭᠤᠯᠠ ᠤᠮᠳᠠᠭᠠᠨ᠂ ᠵᠤᠭ᠎ᠠ ᠴᠡᠩᠬᠡᠯ᠂ ᠨᠤᠭᠤᠭ᠎ᠠ  ᠵᠢᠮᠢᠰ ᠲᠡᠬᠦᠬᠦ ᠪᠠ ᠰᠡᠯᠡᠬᠦᠴᠡᠨ ᠵᠤᠭᠠᠴᠠᠬᠤ ᠶᠢ ᠬᠠᠷᠢᠯᠴᠠᠨ ᠠᠭᠤᠰᠤᠯᠴᠠᠭᠤᠯᠤᠭᠰᠠᠨ ᠭᠡᠷ ᠪᠦᠯᠢ ᠶᠢᠨ ︽ᠵᠢᠵᠢᠭ  ᠠᠵᠤ ᠦᠢᠯᠡᠰ︾ ᠢ ᠵᠢᠭᠤᠯᠴᠢᠯᠠᠯ ᠤᠨ ᠶᠡᠭᠡ ᠠᠵᠤ ᠦᠢᠯᠡᠰ ᠤᠨ ᠬᠡᠯᠬᠢᠶᠡᠨ ᠲᠡᠭᠡᠷ᠎ᠡ ᠪᠠᠶᠢᠭᠤᠯᠵᠤ᠂ ᠶᠠᠳᠠᠭᠤ  ᠬᠦᠴᠢᠷᠳᠡᠢ ᠡᠷᠦᠬᠡ ᠶᠢᠨ ᠲᠤᠳᠤᠭᠠᠳᠤ ᠬᠦᠳᠡᠯᠭᠡᠭᠴᠢ ᠬᠦᠴᠦᠨ ᠢ ᠲᠠᠶᠢᠴᠢᠯᠠᠨ᠂ ︽ᠴᠢᠰᠤ ᠶᠡᠬᠦᠯᠡᠬᠦ︾ ᠠᠴᠠ ︽ ᠴᠢᠰᠤ ᠪᠦᠲᠦᠭᠡᠬᠦ︾ ᠪᠤᠯᠭᠠᠨ ᠬᠤᠪᠢᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠵᠤ ᠪᠦᠬᠦᠨ ᠢ  ᠪᠦᠷᠬᠦᠬᠦ ᠶᠢ ᠪᠡᠶᠡᠯᠡᠬᠦᠯᠦᠭᠰᠡᠨ ᠪᠠᠶᠢᠨ᠎ᠠ᠃              ᠯᠢᠨᠰᠢ ᠪᠠᠯᠭᠠᠰᠤᠨ ᠤ ︽ᠪᠠᠯᠭᠠᠰᠤᠨ ᠤ ᠭᠡᠴᠡ ᠶᠢᠨ ᠵᠢᠭᠤᠯᠴᠢᠯᠠᠯ + ᠲᠠᠪᠤᠨ ᠵᠢᠵᠢᠭ ᠢᠨᠵᠧᠨᠧᠷᠢᠩ︾ ᠤᠨ  ᠪᠠᠭ᠎ᠠ ᠬᠡᠪᠴᠢᠶᠡᠨ ᠤ ᠲᠡᠵᠢᠬᠡᠨ ᠦᠷᠡᠵᠢᠬᠦᠯᠬᠦ ᠲᠦᠷᠦᠯ ᠵᠦᠢᠯ ᠪᠤᠯ ᠶᠠᠳᠠᠭᠤ ᠬᠦᠴᠢᠷᠳᠡᠢ ᠡᠷᠦᠬᠡ ᠶᠢᠨ ᠰᠠᠨᠠᠯ ᠢ  ᠬᠦᠨᠳᠦᠳᠭᠡᠭᠰᠡᠨ ᠤᠷᠢᠳᠠᠯ ᠲᠤᠤᠷ᠎ᠠ ᠲᠡᠵᠢᠬᠡᠬᠦ ᠳᠤ ᠬᠢᠯᠪᠡᠷ᠂ ᠬᠡᠮ ᠬᠢᠵᠢᠭ ᠢ ᠡᠰᠡᠷᠬᠦᠴᠡᠬᠦ ᠴᠢᠳᠠᠪᠤᠷᠢ ᠪᠠᠷ ᠴᠢᠩᠭ᠎ᠠ  ᠵᠢᠬᠦᠷᠳᠡᠨ ᠤ ᠲᠦᠷᠦᠯ ᠵᠦᠢᠯ ᠢ ᠰᠤᠩᠭᠤᠨ᠂ ᠡᠷᠦᠬᠡ ᠪᠠᠷ ᠨᠢᠬᠡᠴᠢ ᠪᠤᠯᠭᠠᠨ ᠬᠤᠶᠠᠷ ᠪᠦᠯᠦᠭ ᠬᠤᠪᠢᠶᠠᠨ ᠶᠠᠳᠠᠭᠤ  ᠬᠦᠴᠢᠷᠳᠡᠢ ᠡᠷᠦᠬᠡ ᠳᠤ ᠬᠤᠪᠢᠶᠠᠨ ᠦᠭᠴᠤ᠂ ᠡᠷᠦᠬᠡ ᠪᠦᠷᠢ ᠳᠤ 50 ᠴᠤᠷᠪᠠᠭ᠎ᠠ᠂ 1 ᠲᠠᠬᠢᠶᠠᠨ ᠤ ᠬᠠᠰᠢᠶ᠎ᠠ᠂ 6  ᠤᠳᠠᠭᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡ ᠶᠢ ᠦᠨ᠎ᠡ ᠲᠦᠯᠦᠪᠦᠷᠢ ᠦᠬᠡᠢ ᠪᠠᠷ ᠬᠠᠩᠭᠠᠵᠤ᠂ ︽ᠬᠤᠷᠰᠢᠶ᠎ᠠ  + ᠬᠠᠪᠰᠤᠷᠤᠨ ᠲᠡᠳᠬᠦᠬᠦ ᠪᠠᠶᠢᠭᠤᠯᠤᠯᠭ᠎ᠠ + ᠶᠠᠳᠠᠭᠤ ᠬᠦᠴᠢᠷᠳᠡᠢ ᠡᠷᠦᠬᠡ + ᠬᠠᠪᠰᠤᠷᠤᠨ ᠲᠡᠳᠬᠦᠬᠦ  ᠬᠠᠷᠢᠭᠤᠴᠠᠯᠭᠠᠳᠠᠨ︾ ᠶᠠᠳᠠᠭᠤ ᠶᠢ ᠲᠡᠳᠬᠦᠬᠦ ᠲᠡᠵᠢᠬᠡᠨ ᠦᠷᠡᠵᠢᠬᠦᠯᠬᠦ ᠠᠵᠤ ᠦᠢᠯᠡᠰ ᠤᠨ ᠬᠦᠭᠵᠢᠯᠳᠡ ᠶᠢᠨ  ᠵᠠᠭᠪᠤᠷ ᠢ ᠬᠡᠷᠡᠭᠵᠢᠬᠦᠯᠦᠭᠰᠡᠨ ᠪᠠᠶᠢᠨ᠎ᠠ᠃ ᠡᠬᠦᠨ ᠳᠤ ᠬᠤᠷᠰᠢᠶ᠎ᠠ ᠠᠴᠠ ᠲᠠᠬᠢᠶᠠᠨ ᠴᠤᠷᠪᠠᠭ᠎ᠠ ᠬᠠᠩᠭᠠᠬᠤ ᠪᠠ ᠲᠡᠵᠢᠬᠡᠨ  ᠦᠷᠡᠵᠢᠬᠦᠯᠬᠦ ᠮᠡᠷᠭᠡᠵᠢᠯ ᠤᠨ ᠪᠤᠯᠪᠠᠰᠤᠷᠠᠯ ᠬᠢᠬᠦ᠂ ᠬᠠᠪᠰᠤᠷᠤᠨ ᠲᠡᠳᠬᠦᠬᠦ ᠪᠠᠶᠢᠭᠤᠯᠤᠯᠭ᠎ᠠ ᠨᠢᠬᠡᠴᠡ ᠪᠡᠯᠡ ᠮᠦᠩᠬᠦ  ᠬᠤᠷᠠᠮᠳᠤᠭᠤᠯᠬᠤ᠂ ᠶᠠᠳᠠᠭᠤ ᠬᠦᠴᠢᠷᠳᠡᠢ ᠡᠷᠦᠬᠡ ᠲᠡᠵᠢᠬᠡᠨ ᠠᠷᠠᠴᠢᠯᠠᠬᠤ᠂ ᠬᠠᠪᠰᠤᠷᠤᠨ ᠲᠡᠳᠬᠦᠬᠦ  ᠬᠠᠷᠢᠭᠤᠴᠠᠯᠭᠠᠳᠠᠨ ᠪᠤᠷᠤᠯᠠᠭᠤᠯᠭ᠎ᠠ ᠬᠢᠬᠦ ᠶᠢ ᠬᠠᠷᠢᠭᠤᠴᠠᠵᠤ᠂ ᠡᠷᠦᠬᠡ ᠪᠦᠷᠢ ᠶᠢᠨ ᠤᠷᠤᠯᠭ᠎ᠠ ᠨᠢ 3000  ᠲᠦᠬᠦᠷᠢᠭ ᠨᠡᠮᠡᠭᠳᠡᠭᠰᠡᠨ ᠪᠠᠶᠢᠨ᠎ᠠ᠃ ᠤᠳᠤᠬᠠᠨ ᠳᠤ ᠨᠢᠬᠡᠳᠦᠭᠡᠷ ᠪᠦᠯᠦᠭ 10000 ᠴᠤᠷᠪᠠᠭ᠎ᠠ ᠶᠢ ᠨᠢᠬᠡᠨᠳᠡ  ᠲᠠᠷᠬᠠᠭᠠᠨ ᠲᠠᠭᠤᠰᠴᠤ᠂ ᠬᠤᠶᠠᠳᠤᠭᠠᠷ ᠪᠦᠯᠦᠭ 8000 ᠴᠤᠷᠪᠠᠭ᠎ᠠ ᠶᠢ 5 ᠰᠠᠷ᠎ᠠ ᠶᠢᠨ 5 ᠤ ᠡᠳᠦᠷ ᠪᠤᠯᠳᠠᠯ᠎ᠠ ᠡᠯ᠎ᠡ  ᠡᠷᠦᠬᠡ ᠳᠤ ᠬᠤᠪᠢᠶᠠᠨ ᠲᠠᠭᠤᠰᠬᠠᠬᠤ ᠪᠠᠷ ᠲᠦᠯᠦᠪᠯᠡᠵᠤ᠂ ᠲᠡᠵᠢᠬᠡᠨ ᠦᠷᠡᠵᠢᠬᠦᠯᠬᠦ ᠲᠦᠭᠰᠢᠬᠦᠷᠢ ᠶᠢ  ᠪᠠᠭᠠᠰᠬᠠᠬᠤ ᠶᠢᠨ ᠲᠦᠯᠦᠬᠡ ᠪᠠᠯᠭᠠᠰᠤᠨ ᠤ ᠵᠠᠰᠠᠭ ᠤᠨ ᠤᠷᠳᠤᠨ ᠠᠴᠠ ᠲᠠᠬᠢᠶ᠎ᠠ ᠳᠠᠭᠠᠨ ᠲᠠᠭᠠᠳᠬᠠᠯ ᠬᠤᠳᠠᠯᠳᠤᠨ  ᠠᠪᠴᠤ᠂ ᠶᠠᠳᠠᠭᠤ ᠬᠦᠴᠢᠷᠳᠡᠢ ᠡᠷᠦᠬᠡ ᠶᠢᠨ ᠰᠠᠨᠠᠭᠠᠰᠢᠷᠠᠵᠤ ᠪᠠᠶᠢᠭᠰᠠᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃              ᠬᠤᠳᠠ ᠲᠤᠭᠤᠷᠢᠭ ᠲᠤ ᠪᠠᠶᠢᠩᠭᠤ ᠰᠠᠭᠤᠷᠢᠰᠢᠵᠤ ᠪᠠᠶᠢᠭ᠎ᠠ 8 ᠲᠦᠮᠡᠨ ᠬᠦᠮᠦᠨ ᠠᠮᠠ ᠶᠢᠨ ᠭᠠᠷᠠᠭ ᠤᠨ  ᠰᠡᠬᠦᠯᠴᠢ ᠶᠢᠨ ᠰᠡᠯᠡᠬᠦᠴᠡᠨ ᠲᠤᠭᠤᠷᠢᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠬᠡ ᠲᠤᠰ ᠪᠠᠯᠭᠠᠰᠤ  ᠳ᠋ᠦᠩᠱᠠᠨ ᠠᠮᠢ ᠠᠬᠤᠢ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠲᠤᠭᠤᠷᠢᠨ ᠳᠤ  ᠵᠡᠬᠦᠨ ᠪᠤᠯᠤᠩ ᠲᠤᠰᠬᠤᠨ ᠤ ᠵᠢᠮᠢᠰ ᠨᠤᠭᠤᠭ᠎ᠠ ᠲᠡᠬᠦᠬᠦ ᠲᠤᠭᠤᠷᠢᠭ᠂ ᠾᠧ ᠶᠠᠨ ᠲᠤᠰᠬᠤᠨ ᠤ ᠲᠠᠷᠢᠶᠠᠴᠢᠨ  ᠠᠶᠢᠯ ᠤᠨ ᠨᠤᠭᠤᠭ᠎ᠠ ᠶᠢ ᠠᠮᠳᠠᠯᠠᠬᠤ ᠲᠤᠭᠤᠷᠢᠭ᠂ ᠬᠤᠸᠠᠩ ᠾᠧᠽᠢ ᠲᠤᠰᠬᠤᠨ ᠤ ᠰᠡᠯᠡᠬᠦᠴᠡᠨ ᠵᠤᠭᠠᠴᠠᠬᠤ  ᠲᠤᠭᠤᠷᠢᠭ᠂ ᠰᠢ ᠮᠧᠨ ᠸᠠᠢ ᠲᠤᠰᠬᠤᠨ ᠤ ᠸᠠᠭᠠᠷ ᠰᠠᠪᠠ ᠬᠢᠬᠦ ᠶᠢ ᠪᠡᠶᠡᠳᠡᠨ ᠤᠢᠢᠯᠠᠭᠠᠬᠤ ᠲᠤᠭᠤᠷᠢᠭ ᠢ ᠨᠢᠬᠡᠳᠦᠯᠳᠡᠢ  ᠪᠦᠲᠦᠭᠡᠨ ᠪᠠᠶᠢᠭᠤᠯᠵᠤ᠂ ︽ᠬᠦᠳᠡᠭᠡ ᠠᠶᠢᠯ ᠤᠨ ᠬᠤᠭᠤᠯᠠ ᠶᠢ ᠠᠮᠳᠠᠯᠠᠨ᠂ ᠲᠠᠷᠢᠶᠠᠨ ᠠᠵᠢᠯ ᠬᠢᠵᠤ᠂ ᠵᠢᠮᠢᠰ  ᠨᠤᠭᠤᠭ᠎ᠠ ᠲᠡᠬᠦᠨ᠂ ᠲᠠᠷᠢᠶᠠᠴᠢᠨ ᠠᠶᠢᠯ ᠤᠨ ᠵᠤᠭ᠎ᠠ ᠶᠢ ᠡᠳ᠋ᠯᠡᠬᠦ︾ ᠵᠡᠷᠭᠡ ᠵᠢᠭᠤᠯᠴᠢᠯᠠᠯ ᠤᠨ ᠲᠦᠷᠦᠯ ᠵᠦᠢᠯ ᠢ  ᠬᠦᠭᠵᠢᠬᠦᠯᠵᠡᠢ᠃ ᠪᠤᠳᠠᠳᠤ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠪᠠᠨ ᠵᠦᠪ ᠤᠨᠤᠪᠴᠢᠳᠠᠢ  ᠬᠡᠷᠡᠭᠵᠢᠬᠦᠯᠵᠤ᠂ ᠡᠷᠦᠬᠡ ᠬᠤᠪᠢᠶᠠᠨ ᠲᠦᠯᠦᠪᠵᠢᠬᠦᠯᠬᠡ ᠪᠠᠨ ᠨᠠᠶᠢᠳᠠᠪᠤᠷᠢᠵᠢᠭᠤᠯᠬᠤ ᠵᠠᠷᠴᠢᠮ ᠶᠤᠰᠤᠭᠠᠷ᠂  ᠨᠤᠳᠤᠭ ᠤᠨ ᠲᠠᠬᠢᠶ᠎ᠠ ᠲᠡᠵᠢᠬᠡᠬᠦ ᠦᠢᠯᠡᠰ᠂ ᠤᠷᠭᠠᠨᠢᠭ ᠢᠳᠡᠰᠢᠨ ᠨᠤᠭᠤᠭ᠎ᠠ ᠲᠠᠷᠢᠬᠤ ᠦᠢᠯᠡᠰ ᠢ ᠶᠡᠭᠡ  ᠬᠦᠴᠦᠨ ᠢᠶᠠᠷ ᠬᠦᠭᠵᠢᠬᠦᠯᠵᠤ᠂ ᠬᠦᠵᠡᠯᠵᠡᠭᠡᠨ᠎ᠡ ᠵᠡᠷᠭᠡ ᠪᠠᠷ ᠭᠤᠤᠯ ᠪᠤᠯᠭᠠᠭᠰᠠᠨ ᠵᠢᠮᠢᠰ ᠲᠡᠬᠦᠬᠦ ᠬᠦᠷᠢᠶᠡᠯᠡᠩ ᠢ  ᠬᠦᠭᠵᠢᠬᠦᠯᠬᠦ ᠶᠢᠨ ᠬᠠᠮᠳᠤ ᠪᠠᠰᠠ ᠪᠤᠰᠤᠳ ᠲᠦᠷᠦᠯ ᠤᠨ ᠵᠢᠮᠢᠰ ᠪᠠ ᠢᠳᠡᠰᠢᠨ ᠨᠤᠭᠤᠭ᠎ᠠ ᠶᠢᠨ ᠬᠦᠷᠢᠶᠡᠯᠡᠩ᠂  ᠳ᠋ᠸᠦᠹᠦ᠋᠂ ᠨᠠᠷᠢᠮᠤ ᠶᠢᠨ ᠴᠠᠭᠠᠨ ᠤ ᠪᠤᠤᠪᠤ᠂ ᠪᠤᠷᠴᠠᠭᠳᠤ ᠪᠤᠤᠪᠤ ᠵᠡᠷᠭᠡ ᠤᠨᠴᠠᠯᠢᠭᠳᠤ ᠭᠠᠷ ᠦᠢᠯᠡᠳᠭᠡᠯ ᠤᠨ ᠭᠠᠵᠠᠷ ᠢ  ᠬᠦᠭᠵᠢᠬᠦᠯᠬᠦ ᠶᠢ ᠵᠤᠷᠢᠭᠵᠢᠭᠤᠯᠤᠨ᠂ ︽ᠪᠠᠯᠭᠠᠰᠤᠨ ᠤ ᠬᠡᠴᠡ ᠶᠢᠨ ᠵᠢᠭᠤᠯᠴᠢᠯᠠᠯ + ᠲᠠᠪᠤᠨ ᠵᠢᠵᠢᠭ ᠢᠨᠵᠧᠨᠧᠷᠢᠩ︾  ᠢ ᠯᠢᠨᠰᠢ ᠪᠠᠯᠭᠠᠰᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ︽ᠬᠦᠳᠡᠯᠭᠡᠬᠦᠷ︾ ᠪᠤᠯᠭᠠᠭᠰᠠᠨ  ᠪᠠᠶᠢᠨ᠎ᠠ᠃               ᠯᠢ ᠴᠢᠩ ᠵᠢᠶᠦ᠋ᠨ ᠪᠤᠯ ᠯᠢᠨᠰᠢ ᠪᠠᠯᠭᠠᠰᠤ ᠶᠢᠨ ᠨᠠᠨ ᠮᠧᠨ ᠸᠠᠢ ᠲᠤᠰᠬᠤᠨ ᠤ ᠶᠠᠳᠠᠭᠤ ᠬᠦᠴᠢᠷᠳᠡᠢ ᠡᠷᠦᠬᠡ  ᠪᠠᠶᠢᠵᠤ᠂ ᠰᠢᠬᠢᠷ ᠰᠢᠵᠢᠩ ᠡᠪᠡᠳᠴᠢᠨ ᠲᠠᠢ᠂ ᠬᠡᠷᠭᠡᠢ ᠨᠢ ᠤᠶᠤᠨ ᠤ ᠰᠠᠭᠠᠳ ᠲᠠᠢ᠂ ᠡᠵᠢ ᠨᠢ ᠨᠠᠰᠤᠳᠠᠢ ᠬᠦᠮᠦᠨ ᠤ  ᠡᠪᠡᠳᠴᠢᠨ ᠲᠠᠢ᠂ ᠬᠡᠦᠬᠡᠳ ᠨᠢ ᠪᠠᠭ᠎ᠠ ᠰᠤᠷᠭᠠᠭᠤᠯᠢ ᠳᠤ ᠪᠢᠴᠢᠭ ᠦᠵᠡᠵᠤ᠂ ᠨᠢᠬᠡ ᠭᠡᠷ ᠤᠨ ᠲᠦᠷᠪᠡᠨ ᠬᠦᠮᠦᠨ  ᠠᠮᠠ ᠵᠦᠪᠬᠡᠨ 4 ᠮᠦ ᠢᠳᠡᠰᠢᠨ ᠨᠤᠭᠤᠭ᠎ᠠ ᠶᠢᠨ ᠲᠠᠷᠢᠶ᠎ᠠ ᠳᠠᠭᠠᠨ ᠲᠦᠰᠢᠭᠯᠡᠨ ᠠᠮᠢᠳᠤᠷᠠᠯ ᠢᠶᠠᠨ ᠠᠷᠭᠠᠴᠠᠵᠤ ᠪᠠᠶᠢᠬᠤ  ᠶᠤᠮ᠃ ᠬᠠᠪᠰᠤᠷᠤᠨ ᠲᠡᠳᠬᠦᠬᠦ ᠺᠠᠳ᠋ᠷ ᠤᠨ ᠠᠵᠤ ᠦᠢᠯᠡᠰ ᠢ ᠬᠦᠭᠵᠢᠬᠦᠯᠬᠦ ᠲᠦᠷᠦ ᠶᠢᠨ ᠪᠤᠳᠤᠯᠭ᠎ᠠ ᠶᠢᠨ  ᠤᠬᠠᠭᠤᠯᠭ᠎ᠠ ᠶᠢ ᠰᠤᠨᠤᠰᠤᠭᠰᠠᠨ ᠤ ᠲᠠᠷᠠᠭ᠎ᠠ᠂ ᠯᠢ ᠴᠢᠩ ᠵᠢᠶᠦ᠋ᠨ ᠬᠠᠮᠤᠭ ᠲᠡᠷᠢᠬᠦᠨ ᠳᠤ ᠬᠦᠢᠳᠡᠨ ᠰᠠᠷᠠᠪᠴᠢ  ᠪᠦᠲᠦᠭᠡᠨ ᠪᠠᠶᠢᠭᠤᠯᠬᠤ ᠬᠡᠯᠡᠯᠴᠡᠭᠡᠷ ᠤᠨ ᠪᠢᠴᠢᠭ ᠲᠤᠭᠳᠠᠭᠰᠠᠨ ᠪᠠᠶᠢᠨ᠎ᠠ᠃ ᠲᠡᠷᠡ᠄ ︽ᠠᠯᠢ ᠡᠷᠳᠡ ᠬᠦᠢᠳᠡᠨ  ᠰᠠᠷᠠᠪᠴᠢ ᠪᠠᠶᠢᠭᠤᠯᠬᠤ ᠪᠤᠳᠤᠯᠭ᠎ᠠ ᠲᠠᠢ ᠪᠠᠶᠢᠭᠰᠠᠨ᠂ ᠪᠡᠯᠡ ᠮᠦᠩᠬᠦ ᠦᠬᠡᠢ ᠠᠴᠠ ᠪᠤᠯᠵᠤ ᠪᠡᠶᠡᠯᠡᠬᠦᠯᠵᠤ ᠴᠢᠳᠠᠭ᠎ᠠ  ᠦᠬᠡᠢ ᠪᠠᠶᠢᠵᠠᠢ᠃ ᠤᠳᠤ ᠰᠠᠶᠢᠨ ᠪᠤᠯᠤᠭᠰᠠᠨ ᠰᠢᠦ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠬᠡᠯᠡᠯᠬᠡ  ᠪᠤᠯᠤᠨ ᠪᠠᠯᠭᠠᠰᠤᠨ ᠤ ᠠᠵᠤ ᠦᠢᠯᠡᠰ ᠢ ᠬᠦᠭᠵᠢᠬᠦᠯᠬᠦ ᠨᠦᠬᠦᠪᠦᠷᠢ ᠶᠢ ᠤᠯᠵᠤ ᠮᠢᠨᠤ ᠬᠦᠰᠡᠯ ᠪᠡᠶᠡᠯᠡᠭᠳᠡᠬᠦ ᠪᠤᠯᠤᠯ᠎ᠠ︾  ᠭᠡᠵᠤ ᠰᠤᠷᠪᠤᠯᠵᠢᠯᠠᠭᠴᠢ ᠳᠤ ᠪᠠᠶᠠᠷᠳᠠᠶᠢᠬᠠᠨ ᠶᠠᠷᠢᠯ᠎ᠠ᠃           ᠯᠢᠨᠰᠢ ᠪᠠᠯᠭᠠᠰᠤ ︽ᠪᠠᠯᠭᠠᠰᠤᠨ ᠤ ᠬᠡᠴᠡ ᠶᠢᠨ ᠵᠢᠭᠤᠯᠴᠢᠯᠠᠯ + ᠲᠠᠪᠤᠨ ᠵᠢᠵᠢᠭ ᠢᠨᠵᠧᠨᠧᠷᠢᠩ︾ ᠢ  ᠬᠡᠷᠡᠭᠵᠢᠬᠦᠯᠦᠭᠰᠡᠨ ᠠᠴᠠ ᠨᠠᠰᠢ᠂ 363 ᠡᠷᠦᠬᠡ ᠵᠢᠵᠢᠭ ᠲᠡᠵᠢᠬᠡᠨ ᠦᠷᠡᠵᠢᠬᠦᠯᠬᠦ ᠲᠦᠷᠦᠯ ᠵᠦᠢᠯ ᠢ ᠬᠢᠵᠤ᠂ 162  ᠡᠷᠦᠬᠡ ᠵᠢᠵᠢᠭ ᠢᠳᠡᠰᠢᠨ ᠨᠤᠭᠤᠭ᠎ᠠ ᠶᠢᠨ ᠲᠠᠷᠢᠶᠠᠯᠠᠩ᠂ 38 ᠡᠷᠦᠬᠡ ᠵᠢᠵᠢᠭ ᠵᠢᠮᠢᠰ ᠤᠨ ᠬᠦᠷᠢᠶᠡᠯᠡᠩ᠂ 8 ᠡᠷᠦᠬᠡ  ᠵᠢᠵᠢᠭ ᠦᠢᠯᠡᠳᠭᠡᠯ ᠤᠨ ᠭᠠᠵᠠᠷ ᠢ ᠡᠷᠬᠢᠯᠡᠵᠤ᠂ 32 ᠡᠷᠦᠬᠡ ᠨᠢ ᠵᠢᠵᠢᠭ ᠠᠷᠠᠯᠵᠢᠶ᠎ᠠ ᠮᠠᠶᠢᠮᠠᠢ ᠬᠢᠬᠦ ᠪᠠᠷ ᠬᠡᠯᠡᠯᠴᠡᠭᠡᠷ  ᠲᠤᠭᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号