| 1986 ᠣᠨ ᠳᠤ᠂ ᠯᠢᠨᠰᠢ ᠰᠢᠶᠠᠨ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠰᠢᠶᠠᠨ ᠢᠶᠠᠷ | ᠲᠤᠭᠲᠠᠭᠠᠭᠳᠠᠪᠠ᠃ 2017 ᠣᠨ ᠳᠤ᠂ ᠲᠤᠰ ᠰᠢᠶᠠᠨ ︽ᠵᠢᠯ ᠤᠨ ᠰᠡᠭᠦᠯᠴᠢ ᠪᠤᠯᠲᠠᠯ᠎ᠠ ᠵᠠᠪᠠᠯ ︿ᠠᠷᠠᠳ ᠢ | ᠶᠠᠳᠠᠭᠤ ᠠᠴᠠ ᠠᠩᠭᠢᠵᠢᠷᠠᠭᠤᠯᠤᠨ᠂ ᠰᠢᠶᠠᠨ ᠤ ᠶᠠᠳᠠᠭᠤ ᠬᠦᠴᠢᠷᠳᠡᠯᠲᠡᠢ ᠮᠠᠯᠠᠭᠠᠢ ᠪᠠᠨ ᠠᠪᠴᠤ ᠬᠠᠶᠠᠬᠤ﹀ ᠶᠢ | ᠪᠡᠶᠡᠯᠡᠭᠦᠯᠦᠨ᠎ᠡ︾ ᠭᠡᠵᠦ ᠠᠮᠠᠯᠳᠠᠨ᠂ ᠰᠢᠶᠠᠨ ᠳᠠᠶᠠᠭᠠᠷ ᠢᠶᠠᠨ ᠬᠦᠴᠦᠯᠡᠨ ᠴᠢᠷᠮᠠᠶᠢᠵᠤ᠂ ᠬᠦᠴᠢᠷ ᠪᠡᠷᠬᠡ ᠶᠢ | ᠲᠤᠭᠤᠯᠤᠨ᠂ ᠳᠠᠩᠰᠠᠯᠠᠵᠦ ᠺᠠᠷᠳ᠋ᠯᠠᠭᠰᠠᠨ 9510 ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠵᠤ᠂ 29 ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠤᠰᠬᠤᠨ ᠤ ᠶᠠᠳᠠᠭᠤ ᠬᠦᠴᠢᠷᠳᠡᠯᠲᠡᠢ | ᠮᠠᠯᠠᠭᠠᠢ ᠶᠢ ᠠᠪᠴᠤ ᠬᠠᠶᠠᠨ᠂ ᠶᠠᠳᠠᠭᠤ ᠬᠦᠴᠢᠷᠳᠡᠯᠲᠡᠢ ᠪᠤᠯᠬᠤ ᠨᠤᠷᠮ᠎ᠠ ᠶᠢ 1.64% ᠪᠤᠯᠭᠠᠨ ᠪᠠᠭᠠᠰᠬᠠᠵᠠᠢ᠃ | 2017 ᠣᠨ ᠤ 12 ᠰᠠᠷ᠎ᠠ ᠶᠢᠨ 5 ᠤ ᠡᠳᠦᠷ᠂ ᠲᠤᠰ ᠰᠢᠶᠠᠨ ᠤᠯᠠᠭᠠᠨᠬᠠᠳᠠ ᠬᠤᠲᠠ ᠶᠢᠨ ᠶᠠᠳᠠᠭᠤ ᠶᠢ | ᠲᠡᠳᠭᠦᠵᠤ ᠨᠡᠬᠡᠭᠡᠨ ᠬᠦᠭᠵᠢᠭᠦᠯᠬᠦ ᠠᠯᠪᠠᠨ ᠭᠡᠷ ᠲᠤ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠰᠢᠶᠠᠨ ᠠᠴᠠ | ᠭᠠᠷᠬᠤ ᠶᠢ ᠭᠤᠶᠤᠴᠢᠯᠠᠵᠤ᠂ 2017 ᠣᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 31 | ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠰᠢᠶᠠᠨ ᠤ ᠲᠤᠳᠤᠷᠠᠬᠢ ᠴᠤᠷ ᠤᠨ ᠭᠠᠭᠴᠠ ᠶᠠᠳᠠᠭᠤ ᠠᠴᠠ | ᠠᠩᠭᠢᠵᠢᠷᠠᠭᠰᠠᠨ ᠰᠢᠶᠠᠨ ᠪᠤᠯᠵᠠᠢ᠃ | ︽ᠵᠠᠰᠠᠭ ᠤᠨ ᠤᠷᠳᠤᠨ ᠤ ᠬᠠᠪᠰᠤᠷᠤᠯᠭ᠎ᠠ ᠪᠠᠷ᠂ ᠤᠳᠤ ᠮᠠᠨᠠᠶᠢᠬᠢᠨ ᠵᠢᠮᠢᠰ ᠤᠨ ᠬᠦᠷᠢᠶᠡᠯᠡᠩ᠂ ᠢᠳᠡᠰᠢᠨ | ᠨᠤᠭᠤᠭ᠎ᠠ ᠶᠢᠨ ᠬᠦᠯᠡᠮᠵᠢ ᠪᠠ ᠲᠡᠵᠢᠭᠡᠪᠦᠷᠢ ᠶᠢᠨ ᠲᠠᠯᠠᠪᠠᠢ ᠲᠠᠢ ᠪᠤᠯᠵᠤ᠂ ᠵᠢᠯ ᠤᠨ ᠤᠷᠤᠯᠭ᠎ᠠ 3 ᠲᠦᠮᠡ ᠭᠠᠷᠤᠢ | ᠲᠦᠭᠦᠷᠢᠭ ᠲᠤ ᠬᠦᠷᠴᠦ᠂ ᠶᠠᠳᠠᠭᠤ ᠬᠦᠴᠢᠷᠳᠡᠯᠲᠡᠢ ᠡᠷᠦᠭᠡ ᠶᠢᠨ ᠮᠠᠯᠠᠭᠠᠢ ᠪᠠᠨ ᠠᠪᠴᠤ ᠬᠠᠶᠠᠯ᠎ᠠ︾ ᠭᠡᠵᠦ ᠰᠢᠨ | ᠴᠧᠩ ᠽᠢ ᠪᠠᠯᠭᠠᠰᠤᠨ ᠤ ᠴᠢ ᠾᠧ ᠲᠠᠩ ᠲᠤᠰᠬᠤᠨ ᠤ ᠯᠢᠦᠢ ᠵᠦᠩ ᠱᠧᠨ ᠪᠠᠶᠠᠷᠲᠠᠢ ᠶᠠᠷᠢᠨ᠎ᠠ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠳᠤᠮᠳᠠ᠂ ᠯᠢᠨᠰᠢ ᠰᠢᠶᠠᠨ ᠠᠵᠤ ᠦᠢᠯᠡᠰ ᠢᠶᠠᠷ | ᠶᠠᠳᠠᠭᠤ ᠶᠢ ᠲᠡᠳᠭᠦᠬᠦ ᠶᠢ ᠴᠢᠬᠤᠯᠠᠴᠢᠯᠠᠨ᠂ ᠲᠤᠰᠬᠤᠨ ᠪᠤᠯᠭᠠᠨ ᠠᠵᠤ ᠦᠢᠯᠡᠰ ᠲᠠᠢ᠂ ᠡᠷᠦᠭᠡ ᠪᠤᠯᠭᠠᠨ | ᠶᠠᠳᠠᠭᠤ ᠠᠴᠠ ᠠᠩᠭᠢᠵᠢᠷᠠᠬᠤ ᠲᠦᠷᠦᠯ ᠵᠦᠢᠯ ᠲᠠᠢ ᠪᠤᠯᠬᠤ ᠶᠢ ᠪᠠᠲᠤᠯᠠᠵᠠᠢ᠃ 2017 ᠣᠨ ᠳᠤ᠂ ᠯᠢᠨᠰᠢ ᠰᠢᠶᠠᠨ | ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠪᠠᠷ ᠳᠠᠮᠵᠢᠨ ᠨᠡᠶᠢᠲᠡ 1751 ᠡᠷᠦᠭᠡ ᠶᠢᠨ 3468 ᠶᠠᠳᠠᠭᠤ | ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠬᠦᠮᠦᠨ ᠳᠤᠮᠳᠠᠴᠢ ᠶᠢᠨ ᠤᠷᠤᠯᠭ᠎ᠠ ᠶᠢ | 4000 ᠲᠦᠭᠦᠷᠢᠭ ᠲᠤ ᠬᠦᠷᠭᠡᠵᠡᠢ᠃ | ︽ᠨᠢᠭᠡ ᠵᠢᠯ ᠡᠮᠨᠡᠨ ᠵᠠᠰᠠᠭᠰᠠᠨ ᠡᠮᠨᠡᠯᠭᠡ ᠶᠢᠨ ᠵᠠᠷᠤᠳᠠᠯ ᠢ ᠦᠪᠡᠰᠦᠪᠡᠨ ᠵᠦᠪᠬᠡᠨ 3000 ᠲᠦᠭᠦᠷᠢᠭ | ᠭᠠᠷᠭᠠᠪᠠᠯ ᠪᠤᠯᠴᠢᠬᠠᠨ᠎ᠠ᠂ ᠤᠳᠤ ᠰᠡᠳᠭᠢᠯ ᠤᠨ ᠬᠦᠨᠳᠦ ᠳᠠᠷᠤᠭᠠᠰᠤ ᠪᠠᠨ ᠦᠨᠡᠨᠬᠦ ᠠᠷᠢᠯᠭᠠᠵᠦ᠂ ᠡᠪᠡᠳᠴᠢᠨ ᠢᠶᠠᠨ | ᠰᠠᠶᠢᠲᠤᠷ ᠵᠠᠰᠠᠭᠤᠯᠵᠤ ᠳᠡᠶᠢᠯᠬᠦ ᠪᠤᠯᠤᠯ᠎ᠠ︾ ᠭᠡᠵᠦ ᠱᠡᠭᠡᠷᠲᠦ ᠰᠢᠶᠠᠩ ᠤᠨ ᠱᠡᠭᠡᠷᠲᠦ ᠲᠤᠰᠬᠤᠨ ᠤ ᠭᠤᠷᠪᠠᠳᠤᠭᠠᠷ | ᠳᠤᠭᠤᠶᠢᠢᠯᠠᠩ ᠤᠨ ᠶᠠᠳᠠᠭᠤ ᠬᠦᠴᠢᠷᠳᠡᠯᠲᠡᠢ ᠡᠷᠦᠭᠡ ᠸᠠᠩ ᠬᠤᠸᠠ ︽1351︾ ᠡᠷᠡᠭᠦᠯ ᠮᠡᠨᠳᠦ ᠪᠠᠷ ᠶᠠᠳᠠᠭᠤ ᠶᠢ | ᠲᠡᠳᠭᠦᠬᠦ ᠢᠨᠵᠧᠨᠧᠷᠢᠩ ᠢ ᠳᠤᠷᠠᠳᠬᠤ ᠳᠠᠭᠠᠨ ᠨᠢᠳᠤᠨ ᠳᠡᠭᠡᠨ ᠵᠠᠶᠢᠷ ᠲᠠᠢ ᠶᠠᠷᠢᠵᠤ ᠪᠠᠶᠢᠯ᠎ᠠ᠃ ᠤᠳᠤᠬᠠᠨ ᠳᠤ᠂ | ᠯᠢᠨᠰᠢ ᠰᠢᠶᠠᠨ ᠤ ᠬᠦᠨᠳᠦ ᠡᠪᠡᠳᠴᠢᠨ ᠳᠤ ᠨᠡᠷᠪᠡᠭᠳᠡᠨ ᠡᠮᠨᠡᠯᠭᠡ ᠳᠤ ᠰᠠᠭᠤᠭᠰᠠᠨ ᠶᠠᠳᠠᠭᠤ ᠬᠦᠴᠢᠷᠳᠡᠯᠲᠡᠢ ᠠᠷᠠᠳ | ᠬᠦᠮᠦᠨ ᠳᠤᠮᠳᠠᠴᠢ ᠪᠠᠷ ᠦᠪᠡᠰᠦᠪᠡᠨ ᠲᠤᠰᠢᠶᠠᠬᠤ ᠴᠢᠬᠤᠯᠠᠲᠠᠢ ᠵᠠᠷᠤᠳᠠᠯ ᠨᠢ ᠤᠤᠯ ᠤᠨ 20555 ᠲᠦᠭᠦᠷᠢᠭ | ᠪᠠᠶᠢᠭᠰᠠᠨ ᠠᠴᠠ ᠪᠠᠨ 3000 ᠲᠦᠭᠦᠷᠢᠭ ᠪᠤᠯᠤᠨ ᠪᠠᠭᠠᠰᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 83.5% ᠢᠶᠠᠷ ᠳᠤᠷᠤᠭᠰᠢᠯᠠᠭᠰᠠᠨ ᠪᠠᠶᠢᠨ᠎ᠠ᠃ 2017 ᠣᠨ ᠳᠤ ᠯᠢᠨᠰᠢ ᠰᠢᠶᠠᠨ ︽1351︾ ᠡᠷᠡᠭᠦᠯ | ᠮᠡᠨᠳᠦ ᠪᠠᠷ ᠶᠠᠳᠠᠭᠤ ᠶᠢ ᠲᠡᠳᠭᠦᠬᠦ ᠢᠨᠵᠧᠨᠧᠷᠢᠩ ᠢ ᠬᠡᠷᠡᠭᠵᠢᠭᠦᠯᠵᠦ᠂ ᠲᠤᠬᠠᠢ ᠶᠢᠨ ᠵᠢᠯ ᠳᠤ ᠨᠡᠶᠢᠲᠡ 15107 | ᠶᠠᠳᠠᠭᠤ ᠬᠦᠴᠢᠷᠳᠡᠯᠲᠡᠢ ᠠᠷᠠᠳ ᠲᠤᠰ ᠢᠨᠵᠧᠨᠧᠷᠢᠩ ᠠᠴᠠ ᠠᠰᠢᠭ ᠬᠦᠷᠳᠡᠪᠡ᠃ | ᠲᠠᠪᠢᠨᠭᠡᠷ ᠪᠠᠯᠭᠠᠰᠤᠨ ᠤ ᠳ᠋ᠦᠩ ᠪᠢᠶᠠᠨ ᠴᠢᠶᠠᠩ ᠨᠡᠭᠦᠳᠡᠯ ᠰᠢᠨ᠎ᠡ ᠲᠤᠰᠬᠤᠨ ᠤ ᠲᠥᠩ ᠸᠧᠨ ᠬᠤᠢ ᠶᠢᠨ | ᠭᠡᠷ ᠲᠤ ᠬᠦᠷᠬᠦ ᠳᠤ᠂ ᠲᠤᠰᠬᠤᠨ ᠤ ᠨᠢᠭᠲᠠᠯᠠᠨ ᠪᠤᠳᠤᠭᠴᠢ᠂ ᠭᠡᠷᠡᠯ ᠴᠡᠨᠡᠭ ᠢᠶᠠᠷ ᠴᠠᠬᠢᠯᠭᠠᠨ ᠡᠭᠦᠰᠭᠡᠬᠦ ᠮᠡᠷᠭᠡᠵᠢᠯᠲᠡᠨ | ᠰᠦᠨ ᠵᠢᠶᠠᠨ ᠸᠧᠢ ᠴᠠᠬᠢᠯᠭᠠᠨ ᠲᠦᠭᠡᠭᠡᠬᠦ ᠬᠠᠶᠢᠷᠴᠠᠭ ᠢ ᠨᠢ ᠵᠠᠰᠠᠵᠤ ᠦᠭᠴᠦ ᠪᠠᠶᠢᠯ᠎ᠠ᠃ ᠰᠦᠨ ᠵᠢᠶᠠᠨ ᠸᠧᠢ ᠶᠢᠨ | ᠶᠠᠷᠢᠬᠤ ᠪᠠᠷ᠂ ᠲᠤᠰᠬᠤᠨ ᠤ 4 ᠡᠷᠦᠭᠡ ᠪᠦᠷᠢ ᠶᠢᠨ ᠳᠤᠮᠳᠠ ᠨᠢᠭᠡ ᠴᠠᠬᠢᠯᠭᠠᠨ ᠲᠦᠭᠡᠭᠡᠬᠦ ᠬᠠᠶᠢᠷᠴᠠᠭ ᠲᠠᠢ ᠪᠠᠶᠢᠵᠤ᠂ | ᠡᠷᠦᠭᠡ ᠪᠤᠯᠭᠠᠨ ᠡᠳᠦᠷ ᠲᠤ ᠬᠡᠳᠦᠢ ᠴᠠᠬᠢᠯᠭᠠᠨ ᠡᠭᠦᠰᠭᠡᠭᠰᠡᠨ᠂ ᠬᠡᠴᠢᠨᠡᠨ ᠤᠷᠤᠯᠭ᠎ᠠ ᠤᠯᠤᠭᠰᠠᠨ ᠢ ᠴᠠᠬᠢᠯᠭᠠᠨ | ᠬᠡᠮᠵᠢᠭᠦᠷ ᠤᠨ ᠳᠡᠭᠡᠷᠡᠬᠢ ᠲᠤᠭ᠎ᠠ ᠪᠠᠷᠢᠮᠳᠠ ᠪᠠᠷ ᠪᠤᠳᠤᠵᠤ ᠭᠠᠷᠭᠠᠵᠤ ᠪᠤᠯᠤᠨ᠎ᠠ᠃ ᠴᠠᠬᠢᠯᠭᠠᠨ ᠡᠭᠦᠰᠭᠡᠬᠦ ᠪᠠᠷ ᠳᠠᠮᠵᠢᠨ | ᠤᠷᠤᠯᠭ᠎ᠠ ᠲᠠᠢ ᠪᠤᠯᠤᠨ᠎ᠠ ᠭᠡᠳᠡᠭ ᠨᠢ ᠲᠦᠩ ᠸᠧᠨ ᠬᠤᠢ ᠶᠢᠨ ᠵᠡᠭᠦᠳᠦᠨ ᠳᠤ ᠴᠤ ᠤᠷᠤᠭ᠎ᠠ ᠦᠭᠡᠢ ᠶᠠᠪᠤᠳᠠᠯ ᠪᠠᠶᠢᠯ᠎ᠠ | ᠃ ︽ᠲᠦᠷᠦ ᠶᠢᠨ ᠪᠤᠳᠤᠯᠭ᠎ᠠ ᠶᠢᠨ ᠰᠠᠶᠢᠨ ᠢᠶᠠᠷ ᠪᠢᠳᠡ ᠤᠳᠤ ᠲᠠᠭᠠᠯᠠᠮᠵᠢᠲᠠᠢ ᠤᠷᠤᠨ ᠰᠠᠭᠤᠴᠠ ᠲᠠᠢ ᠪᠤᠯᠵᠤ᠂ | ᠨᠠᠷᠠᠨ ᠤ ᠡᠨᠧᠷᠭᠢ ᠪᠠᠷ ᠴᠠᠬᠢᠯᠭᠠᠨ ᠭᠠᠷᠭᠠᠵᠤ᠂ ᠭᠡᠷ ᠲᠡᠭᠡᠨ ᠠᠮᠠᠷᠠᠵᠤ ᠰᠠᠭᠤᠵᠤ ᠪᠠᠶᠢᠭᠠᠳ ᠵᠢᠯ ᠳᠤ 3000 ᠭᠠᠷᠤᠢ | ᠲᠦᠭᠦᠷᠢᠭ ᠤᠨ ᠤᠷᠤᠯᠭ᠎ᠠ ᠤᠯᠵᠤ ᠪᠠᠶᠢᠨ᠎ᠠ︾ ᠭᠡᠵᠦ ᠲᠦᠩ ᠸᠧᠨ ᠬᠤᠢ ᠳᠤᠭᠳᠤᠯᠤᠨ ᠶᠠᠷᠢᠨ᠎ᠠ᠃ ᠲᠦᠩ ᠸᠧᠨ | ᠬᠤᠢ ᠪᠤᠯ ᠲᠠᠪᠢᠨᠭᠡᠷ ᠪᠠᠯᠭᠠᠰᠤᠨ ᠤ ᠤᠨᠳᠤᠤ ᠭᠠᠵᠠᠷ ᠨᠡᠭᠦᠯᠭᠡᠨ ᠰᠢᠯᠵᠢᠬᠦᠯᠬᠦ ᠢᠨᠵᠧᠨᠧᠷᠢᠩ ᠠᠴᠠ ᠠᠰᠢᠭ | ᠬᠦᠷᠲᠡᠭᠰᠡᠨ ᠠᠯᠢ ᠤᠯᠠᠨ ᠠᠷᠠᠳ ᠤᠨ ᠨᠢᠭᠡ ᠪᠤᠯᠤᠨ᠎ᠠ᠃ ᠲᠤᠰ ᠪᠠᠯᠭᠠᠰᠤ ᠨᠡᠭᠦᠯᠭᠡᠨ ᠲᠤᠬᠢᠷᠠᠭᠤᠯᠬᠤ ᠶᠢ ᠠᠵᠤ | ᠦᠢᠯᠡᠰ ᠢ ᠬᠦᠭᠵᠢᠭᠦᠯᠬᠦ ᠲᠠᠢ ᠬᠠᠷᠢᠯᠴᠠᠨ ᠤᠶᠠᠯᠳᠤᠭᠤᠯᠵᠤ᠂ 26 ᠶᠠᠳᠠᠭᠤ ᠬᠦᠴᠢᠷᠳᠡᠯᠲᠡᠢ ᠡᠷᠦᠭᠡ ᠶᠢᠨ 86 | ᠬᠦᠮᠦᠨ ᠠᠮᠠ ᠶᠢ ᠨᠡᠭᠦᠯᠭᠡᠵᠦ᠂ ᠳ᠋ᠦᠩ ᠪᠢᠶᠠᠨ ᠴᠢᠶᠠᠩ ᠨᠡᠭᠦᠳᠡᠯ ᠰᠢᠨ᠎ᠡ ᠲᠤᠰᠬᠤᠨ ᠢ ᠪᠠᠶᠢᠭᠤᠯᠤᠨ᠂ ᠨᠠᠷᠠᠨ ᠤ | ᠡᠨᠧᠷᠭᠢ ᠪᠠᠷ ᠴᠠᠬᠢᠯᠭᠠᠨ ᠡᠭᠦᠰᠭᠡᠬᠦ ᠢᠨᠵᠧᠨᠧᠷᠢᠩ ᠢ ᠬᠡᠷᠡᠭᠵᠢᠭᠦᠯᠦᠨ᠂ ᠲᠦᠪᠯᠡᠷᠡᠭᠦᠯᠦᠨ ᠲᠤᠬᠢᠷᠠᠭᠤᠯᠵᠤ᠂ | ᠲᠦᠪᠯᠡᠷᠡᠭᠦᠯᠦᠨ ᠬᠠᠮᠢᠶᠠᠷᠴᠤ᠂ ᠲᠦᠪᠯᠡᠷᠡᠭᠦᠯᠦᠨ ᠶᠠᠳᠠᠭᠤ ᠶᠢ ᠲᠡᠳᠭᠦᠨ᠂ ᠲᠦᠪᠯᠡᠷᠡᠭᠦᠯᠦᠨ ᠶᠠᠳᠠᠭᠤ ᠠᠴᠠ | ᠠᠩᠭᠢᠵᠢᠷᠠᠭᠤᠯᠵᠠᠢ᠃ ᠲᠤᠰ ᠰᠢᠶᠠᠨ ᠤᠨᠳᠤᠤ ᠭᠠᠵᠠᠷ ᠨᠡᠭᠦᠯᠭᠡᠨ ᠰᠢᠯᠵᠢᠭᠦᠯᠬᠦ ᠠᠵᠢᠯ ᠢ ᠢᠳᠡᠪᠬᠢᠲᠡᠢ ᠦᠷᠨᠢᠭᠦᠯᠵᠦ᠂ | ︽ᠤᠨᠳᠤᠤ ᠭᠠᠵᠠᠷ ᠨᠡᠭᠦᠯᠭᠡᠬᠦ + ᠭᠡᠷᠡᠯ ᠴᠡᠨᠡᠭ︾᠂ ︽ᠤᠨᠳᠤᠤ ᠭᠠᠵᠠᠷ ᠨᠡᠭᠦᠯᠭᠡᠬᠦ + ᠲᠦᠬᠦᠭᠡᠷᠦᠮᠵᠢᠲᠦ | ᠲᠠᠷᠢᠶᠠᠯᠠᠩ︾᠂ ︽ᠤᠨᠳᠤᠤ ᠭᠠᠵᠠᠷ ᠨᠡᠭᠦᠯᠭᠡᠬᠦ + ᠠᠵᠤ ᠦᠢᠯᠡᠰ ᠤᠨ ᠬᠦᠷᠢᠶᠡᠯᠡᠩ ᠲᠤᠭᠤᠷᠢᠭ︾ ᠵᠡᠷᠭᠡ ᠤᠯᠠᠨ | ᠵᠦᠢᠯ ᠤᠨ ᠬᠡᠯᠪᠡᠷᠢ ᠪᠠᠷ ᠠᠷᠠᠳ ᠤᠯᠠᠨ ᠢ ᠶᠠᠳᠠᠭᠤ ᠠᠴᠠ ᠠᠩᠭᠢᠵᠢᠷᠠᠭᠤᠯᠤᠨ ᠤᠷᠤᠯᠭ᠎ᠠ ᠶᠢ ᠨᠢ ᠨᠡᠮᠡᠭᠳᠡᠭᠦᠯᠬᠦ ᠪᠠᠷ | ᠴᠢᠷᠮᠠᠶᠢᠪᠠ᠃ 2016 — 2017 ᠣᠨ ᠪᠤᠯᠲᠠᠯ᠎ᠠ᠂ ᠯᠢᠨᠰᠢ ᠰᠢᠶᠠᠨ ᠨᠡᠶᠢᠲᠡ 1275 ᠡᠷᠦᠭᠡ ᠶᠢᠨ 3281 | ᠬᠦᠮᠦᠨ ᠠᠮᠠ ᠶᠢ ᠤᠨᠳᠤᠤ ᠭᠠᠵᠠᠷ ᠨᠡᠭᠦᠯᠭᠡᠨ ᠰᠢᠯᠵᠢᠭᠦᠯᠵᠦ᠂ ᠡᠭᠦᠨ ᠳᠤ 1117 ᠶᠠᠳᠠᠭᠤ ᠬᠦᠴᠢᠷᠳᠡᠯᠲᠡᠢ | ᠡᠷᠦᠭᠡ ᠶᠢᠨ 2695 ᠬᠦᠮᠦᠨ ᠠᠮᠠ ᠶᠢ ᠪᠠᠭᠲᠠᠭᠠᠵᠠᠢ᠃ | |