5ᠰᠠᠷ᠎ᠠ ᠶᠢᠨ 2 ᠤ ᠡᠳᠦᠷ᠂ ᠯᠢᠨᠰᠢ ᠰᠢᠶᠠᠨ ᠤ ᠱᠡᠭᠡᠷᠲᠦ ᠰᠢᠶᠠᠩ ᠤᠨ ᠰᠢ ᠱᠠᠨ ᠭᠧᠨ ᠲᠣᠰᠬᠤᠨ | ᠪᠣᠯᠪᠠᠰᠤᠨ ᠢ ᠡᠷᠬᠢᠮᠯᠡᠵᠦ ᠰᠢᠨ᠎ᠡ ᠬᠡᠪ ᠰᠤᠷᠲᠠᠯ ᠢ ᠪᠤᠶ ᠪᠣᠯᠭᠠᠬᠤ ︽ᠭᠤᠷᠪᠠ ᠶᠢ ᠡᠷᠬᠢᠮᠯᠡᠨ᠂ ᠨᠢᠭᠡ ᠶᠢ | ᠠᠳᠠᠯᠢᠳᠬᠠᠬᠤ︾ ᠵᠢᠱᠢᠶᠡᠴᠢ ᠶᠢ ᠰᠢᠯᠭᠠᠨ ᠰᠤᠩᠭᠤᠭᠰᠠᠨ ᠳ᠋ᠦᠩᠨᠡᠯᠳᠡ ᠪᠠᠨ ᠨᠡᠶᠢᠳᠡᠯᠡᠪᠡ᠃ ᠲᠡᠷᠢᠬᠦᠨ ᠢ | ᠵᠣᠷᠢᠭᠵᠢᠭᠤᠯᠵᠤ᠂ ᠲᠠᠭᠤᠷᠢᠶᠠᠯ ᠢ ᠪᠤᠢ ᠪᠤᠯᠭᠠᠬᠤ ᠵᠤᠷᠢᠯᠳᠠ ᠪᠠᠷ ᠲᠤᠰ ᠰᠢᠶᠠᠩ ᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ︽ᠪᠣᠯᠪᠠᠰᠤᠨ ᠣᠳᠣᠨ︾᠂ ︽ᠨᠡᠶᠢᠲᠡ ᠶᠢᠨ ᠶᠣᠰᠣ ᠰᠤᠷᠳᠠᠬᠤᠨ ᠤ ᠵᠢᠱᠢᠶᠡᠴᠢ︾᠂ ︽ | ᠠᠴᠢᠯᠠᠯ ᠤᠨ ᠵᠢᠱᠢᠶᠡᠴᠢ︾᠂ ︽ᠪᠠᠶᠠᠵᠢᠯ ᠤᠨ ᠭᠠᠪᠰᠢᠭᠠᠶᠢᠯᠠᠭᠴᠢ︾ ᠪᠠᠷ ᠰᠤᠩᠭᠤᠭᠳᠠᠭᠰᠠᠨ ᠵᠢᠱᠢᠶᠡᠴᠢ ᠬᠤᠪᠢ | ᠬᠥᠮᠦᠨ ᠢ ᠬᠦᠬᠢᠬᠦᠯᠦᠨ ᠱᠠᠩᠨᠠᠪᠠ᠃ | ᠲᠣᠰ ᠤᠳᠠᠭᠠᠨ ᠤ ᠰᠢᠯᠭᠠᠷᠠᠭᠤᠯᠤᠯᠲᠠ ᠨᠢ ᠡᠨᠡ ᠵᠢᠯ ᠤᠨ 4 ᠰᠠᠷ᠎ᠠ ᠠᠴᠠ ᠡᠬᠢᠯᠡᠵᠦ᠂ ᠥᠷᠭᠡᠨ ᠢᠶᠠᠷ | ᠤᠬᠠᠭᠤᠯᠵᠤ᠂ ᠱᠠᠲᠤ ᠱᠠᠲᠤ ᠪᠠᠷ ᠲᠠᠨᠢᠯᠴᠠᠭᠤᠯᠬᠤ᠂ ᠲᠣᠰᠬᠤᠨ ᠬᠦᠷᠴᠦ ᠰᠢᠨᠵᠢᠯᠡᠨ ᠪᠠᠶᠢᠴᠠᠭᠠᠬᠤ ᠵᠡᠷᠭᠡ | ᠬᠡᠯᠪᠡᠷᠢ ᠪᠠᠷ ᠬᠠᠮᠤᠭ ᠡᠴᠦᠰ ᠲᠤ ᠵᠸᠤ ᠭᠥᠸᠧ ᠴᠢᠩ ᠵᠡᠷᠭᠡ 9 ᠬᠥᠮᠦᠨ ᠢ ᠲᠤᠰ ᠲᠤᠰ ︽ᠪᠣᠯᠪᠠᠰᠤᠨ ᠣᠳᠣᠨ︾ | ︽ᠨᠡᠶᠢᠲᠡ ᠶᠢᠨ ᠶᠣᠰᠣ ᠰᠤᠷᠳᠠᠬᠤᠨ ᠤ ᠵᠢᠱᠢᠶᠡᠴᠢ︾᠂ ︽ᠠᠴᠢᠯᠠᠯ ᠤᠨ ᠵᠢᠱᠢᠶᠡᠴᠢ︾᠂ ︽ᠪᠠᠶᠠᠵᠢᠯ ᠤᠨ | ᠭᠠᠪᠰᠢᠭᠠᠶᠢᠯᠠᠭᠴᠢ︾ ᠶᠢᠨ ᠢᠷᠠᠭᠤ ᠠᠯᠳᠠᠷ ᠣᠯᠭᠤᠪᠠ᠃ ᠲᠡᠳᠡᠨᠤᠰ ᠤᠨ ᠳᠤᠮᠳᠠ ᠡᠳᠦᠷ ᠲᠤᠲᠤᠮ ᠤᠨ | ᠠᠮᠢᠳᠤᠷᠠᠯ ᠳᠠᠭᠠᠨ ᠠᠪᠤ ᠡᠵᠢ ᠪᠠᠨ ᠰᠠᠶᠢᠬᠠᠨ ᠠᠴᠢᠯᠠᠵᠦ᠂ ᠦᠳᠡᠭᠦᠰ ᠢᠶᠠᠨ ᠬᠠᠶᠢᠷᠠᠯᠠᠨ ᠬᠦᠨᠳᠦᠯᠡᠳᠡᠭ ᠦᠷ᠎ᠡ | ᠬᠡᠤᠭᠡᠳ ᠪᠠᠶᠢᠨ᠎ᠠ᠂ ᠪᠠᠰᠠ ᠠᠵᠢᠯ ᠳᠠᠭᠠᠨ ᠬᠤᠰᠢᠭᠤᠴᠢ ᠦᠢᠯᠡᠳᠦᠯ ᠢᠶᠠᠨ ᠪᠠᠳᠠᠷᠠᠭᠤᠯᠵᠤ ᠶᠠᠪᠤᠭ᠎ᠠ ᠠᠬᠠᠮᠡᠳ ᠨᠠᠮ | ᠤᠨ ᠬᠡᠰᠢᠭᠦᠤᠨ ᠪᠠᠶᠢᠨ᠎ᠠ᠃ ᠲᠡᠳᠡᠨᠤᠰ ᠤᠨ ᠠᠴᠢᠯᠠᠯ ᠤᠨ ᠬᠡᠯᠪᠡᠷᠢ ᠬᠡᠳᠤᠶᠢᠪᠡᠷ ᠠᠳᠠᠯᠢ ᠪᠤᠰᠤ ᠪᠠᠶᠢᠳᠠᠭ ᠪᠤᠯᠪᠠᠴᠦ᠂ | ᠤᠶᠢᠯᠡ ᠠᠵᠢᠯᠯᠠᠭ᠎ᠠ ᠨᠢ ᠤᠯᠠᠨ ᠤ ᠰᠡᠳᠬᠢᠯ ᠢ ᠲᠤᠭᠳᠤᠯᠤᠭᠤᠯᠪᠠ᠃ ︽ᠠᠴᠢᠯᠠᠯ ᠤᠨ ᠵᠢᠱᠢᠶᠡᠴᠢ︾ ᠵᠦ ᠬᠠᠢ | ᠬᠤᠩ ᠂ ᠭᠠᠷᠴᠦ ᠤᠷᠥᠬᠤ ᠳᠠᠭᠠᠨ ᠵᠦᠪ ᠦᠬᠡᠢ ᠰᠤᠯᠢᠶ᠎ᠠ ᠡᠪᠡᠳᠴᠢᠨ ᠲᠠᠢ ᠨᠠᠰᠤ ᠶᠠᠪᠤᠭᠰᠠᠨ ᠬᠠᠳᠠᠮ ᠡᠵᠢ ᠪᠠᠨ | 27 ᠵᠢᠯ ᠤᠨ ᠲᠤᠷᠰᠢ ᠭᠤᠮᠤᠳᠠᠯ ᠤᠨ ᠦᠭᠡ ᠦᠭᠡᠢ ᠨᠠᠷᠢᠨ ᠨᠢᠮᠪᠠᠢ ᠬᠠᠷᠠᠭᠠᠯᠵᠠᠨ ᠠᠰᠠᠷᠠᠵᠦ ᠢᠷᠡᠵᠠᠢ᠃ ︽ | ᠪᠣᠯᠪᠠᠰᠤᠨ ᠣᠳᠣᠨ︾ ᠵᠧᠦ ᠭᠥᠸᠧ ᠴᠢᠩ ᠪᠣᠯ ᠨᠠᠮ ᠤᠨ ᠪᠠᠭ᠎ᠠ ᠳᠤᠭᠤᠶᠢᠯᠠᠩ ᠤᠨ ᠲᠥᠯᠥᠭᠡᠯᠡᠭᠴᠢ᠂ ᠲᠡᠷᠡ | ᠲᠤᠰᠬᠤᠨ ᠢ ᠬᠠᠮᠵᠢᠨ ᠮᠠᠰᠢ ᠤᠯᠠᠨ ᠠᠵᠢᠯ ᠬᠢᠭᠰᠡᠨ ᠪᠠᠶᠢᠨ᠎ᠠ ᠃ ᠲᠡᠷᠡ ᠬᠥᠷᠰᠢ ᠵᠡᠷᠭᠡᠯᠡᠳᠡᠭᠡ ᠲᠠᠢ ᠪᠠᠨ ᠡᠶ᠎ᠡ | ᠨᠠᠶᠢᠷᠲᠠᠶ ᠂ ᠬᠦᠴᠢᠷᠳᠡᠯᠳᠠᠢ ᠡᠷᠤᠬᠡ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠦᠭᠤᠷ ᠵᠡᠷᠭᠡ ᠶᠢ | ᠬᠤᠳᠠᠯᠳᠤᠨ ᠠᠪᠴᠦ ᠳᠤ ᠶᠡᠷᠤᠨᠢ ᠬᠠᠷᠠᠮ ᠦᠭᠡᠢ ᠪᠠᠷ ᠬᠠᠪᠰᠤᠷᠤᠯᠭ᠎ᠠ ᠲᠤᠰᠠᠯᠠᠮᠵᠢ ᠦᠵᠡᠬᠦᠯᠳᠡᠭ ᠂ ᠲᠡᠷᠡ | ᠠᠮᠢᠳᠤᠷᠠᠯ ᠳᠠᠭᠠᠨ ᠴᠡᠪᠡᠷ ᠴᠡᠮᠴᠡᠭᠡᠷ᠂ ᠭᠡᠷ ᠬᠠᠰᠢᠶ᠎ᠠ ᠨᠢ ᠭᠢᠯ᠎ᠠ ᠴᠢᠯᠡ᠂ ᠠᠷᠪᠠᠨ ᠵᠢᠯ ᠤᠨ ᠲᠤᠷᠰᠢ ᠲᠣᠰᠬᠤᠨ ᠤ | ᠠᠷᠢᠭᠤᠨ ᠴᠡᠪᠡᠷ ᠤᠨ ᠠᠵᠢᠯ ᠢ ᠬᠠᠷᠠᠮ ᠦᠭᠡᠢ ᠪᠠᠷ ᠪᠠᠶ᠎ᠡ ᠳᠡᠭᠡᠨ ᠲᠠᠭᠠᠴᠢᠯᠠᠭᠰᠠᠭᠠᠷ ᠢᠷᠡᠵᠠᠢ᠃ | ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠨᠡᠶᠢᠭᠡᠮ ᠤᠨ ᠡᠯ᠎ᠡ ᠡᠲᠡᠭᠡᠳ ᠤᠨ | ᠨᠡᠶᠢᠳᠡᠮ ᠰᠠᠶᠢᠨ ᠦᠨᠡᠯᠡᠯᠳᠡ ᠶᠢ ᠤᠯᠵᠦ᠂ ᠪᠦᠬᠦ ᠰᠢᠶᠠᠩ ᠤᠨ ᠬᠡᠪᠴᠢᠶᠡᠨ ᠳᠤ ︽ᠵᠢᠱᠢᠶᠡᠴᠢ ᠠᠴᠠ ᠰᠤᠷᠤᠯᠴᠠᠵᠦ᠂ | ᠠᠴᠢᠯᠠᠯ ᠢᠶᠠᠨ ᠠᠳᠠᠯᠢᠳᠬᠠᠬᠤ᠂ ᠠᠴᠢᠯᠠᠯ ᠢ ᠡᠷᠬᠢᠮᠯᠡᠬᠦ᠂ ᠠᠴᠢᠯᠠᠬᠤ ᠰᠤᠷᠳᠠᠯ ᠢ ᠲᠡᠯᠬᠡᠷᠡᠬᠦᠯᠬᠦ︾ ᠰᠠᠶᠢᠨ ᠰᠠᠶᠢᠬᠠᠨ | ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠭᠰᠠᠨ ᠪᠠᠶᠢᠨ᠎ᠠ᠃ |