ᠰᠢ ᠶᠢᠨ ᠫᠢᠩ ᠲᠤᠮᠳᠠᠳᠤ ᠤᠯᠤᠰ ᠤᠨ ᠬᠦᠳᠡᠯᠮᠤᠷᠢ ᠶᠢᠨ ᠬᠠᠷᠢᠴᠠᠭ᠎ᠠ ᠶᠢᠨ ᠲᠡᠬᠡᠳᠤ ᠰᠤᠷᠭᠠᠭᠤᠯᠢ ᠶᠢᠨ  ᠬᠦᠳᠡᠯᠮᠤᠷᠢ ᠶᠢᠨ ᠵᠢᠱᠢᠶᠡᠴᠢᠳ‌‍ᠤᠨ ᠵᠢᠩᠬᠢᠨᠢ ᠠᠩᠬᠢ ᠶᠢᠨ ᠰᠤᠷᠤᠯᠭᠠᠳᠠᠳ                        ᠲᠤ ᠬᠠᠷᠢᠭᠤ ᠵᠠᠬᠢᠳᠠᠯ  ᠢᠯᠡᠬᠡᠵᠥ ᠢᠷᠠᠭᠤ ᠠᠯᠳᠠᠷ ᠢᠶᠠᠨ ᠨᠠᠨᠳᠢᠩᠨᠠᠵᠥ ᠴᠢᠷᠮᠠᠶᠢᠨ ᠰᠤᠷᠤᠯᠴᠠᠵᠥ ᠦᠷᠬᠦᠯᠵᠢᠯᠡᠨ ᠲᠡᠮᠡᠴᠡᠵᠥ ᠲᠠᠬᠢᠨ  ᠰᠢᠨ᠎ᠡ ᠠᠮᠵᠢᠯᠳᠠ ᠭᠠᠷᠭᠠᠭᠠᠷᠠᠢ ᠦᠷᠬᠡᠨ                      ᠤᠯᠠᠨ ᠬᠦᠳᠡᠯᠮᠤᠷᠢᠴᠢᠤᠨ ᠰᠢᠨ᠎ᠡ ᠴᠠᠭ ᠦᠶ᠎ᠡ ᠶᠢᠨ  ᠡᠷᠡᠯᠬᠡᠭᠯᠡᠨ ᠲᠡᠮᠡᠴᠡᠭᠴᠢ ᠪᠤᠯᠬᠤ ᠪᠠᠷ ᠴᠢᠷᠮᠡᠶᠢᠭᠠᠷᠠᠢ ᠭᠡᠵᠦ ᠵᠤᠷᠢ᠊
ᠨᠡᠶᠢᠲᠡᠯᠡᠭᠰᠡᠨ ᠴᠠᠭ᠄
2018-05-09
       ︽5 · 1︾ ᠤ ᠲᠡᠯᠡᠬᠡᠢ ᠶᠢᠨ ᠬᠦᠳᠡᠯᠮᠤᠷᠢᠴᠢᠳ ᠤᠨ ᠪᠠᠶᠠᠷ ᠪᠤᠯᠬᠤ ᠲᠠᠰᠢᠷᠠᠮ ᠢᠶᠠᠷ᠂ ᠨᠠᠮ ᠤᠨ ᠲᠦᠪ  ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ  ᠲᠡᠷᠢᠬᠦᠯᠡᠭᠴᠢ ᠰᠢ ᠶᠢᠨ ᠫᠢᠩ ᠲᠤᠮᠳᠠᠳᠤ ᠤᠯᠤᠰ ᠤᠨ ᠬᠦᠳᠡᠯᠮᠤᠷᠢ ᠶᠢᠨ ᠬᠠᠷᠢᠴᠠᠭ᠎ᠠ ᠶᠢᠨ ᠲᠡᠬᠡᠳᠤ ᠰᠤᠷᠭᠠᠭᠤᠯᠢ ᠶᠢᠨ  ᠬᠦᠳᠡᠯᠮᠤᠷᠢ ᠶᠢᠨ ᠵᠢᠱᠢᠶᠡᠴᠢᠳ ᠤᠨ ᠵᠢᠩᠬᠢᠨᠢ ᠠᠩᠬᠢ ᠶᠢᠨ ᠰᠤᠷᠤᠯᠭᠠᠳᠠᠳ ᠲᠤ ᠬᠠᠷᠢᠭᠤ ᠵᠠᠬᠢᠳᠠᠯ ᠢᠯᠡᠬᠡᠵᠥ᠂  ᠲᠡᠳᠡᠨ ᠳᠤ ᠲᠠᠷᠡᠴᠢᠯᠡᠨ ᠪᠦᠬᠦ ᠤᠯᠤᠰ ᠤᠨ ᠪᠦᠬᠦ ᠬᠦᠳᠡᠯᠮᠤᠷᠢ ᠶᠢᠨ ᠵᠢᠱᠢᠶᠡᠴᠢ ᠳᠤ᠂ ᠪᠦᠬᠦ ᠤᠯᠤᠰ ᠤᠨ ᠦᠷᠬᠡᠨ  ᠤᠯᠠᠨ ᠬᠦᠳᠡᠯᠮᠤᠷᠢᠴᠢᠨ ᠳᠤ ᠪᠠᠶᠠᠷ ᠤᠨ ᠡᠳᠤᠷ ᠤᠨ ᠮᠡᠨᠳᠦᠴᠢᠯᠡᠯ ᠬᠦᠷᠬᠡᠪᠡ᠃            ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠᠨᠠᠷ ᠨᠠᠮ ᠪᠤᠯᠤᠨ ᠤᠯᠤᠰ ᠤᠨ ᠠᠵᠢᠯ ᠦᠢᠯᠡᠰ ᠤᠨ  ᠬᠦᠭᠵᠢᠯᠳᠡ ᠳᠤ ᠲᠤᠪᠤᠶᠢᠮ᠎ᠠ ᠬᠤᠪᠢ ᠨᠡᠮᠡᠷᠢ ᠦᠵᠡᠬᠦᠯᠵᠥ᠂ ᠬᠦᠳᠡᠯᠮᠤᠷᠢ ᠶᠢᠨ ᠵᠢᠱᠢᠶᠡᠴᠢ ᠪᠠᠷ ᠦᠨᠡᠯᠡᠭᠳᠡᠭᠰᠡᠡ  ᠪᠦᠭᠡᠳ ᠤᠳᠤ ᠪᠠᠰᠠ ᠦᠷᠭᠦᠯᠵᠢᠯᠡᠨ ᠰᠤᠷᠤᠯᠴᠠᠵᠥ ᠪᠠᠶᠢᠨ᠎ᠠ᠂ ᠡᠨᠡ ᠪᠤᠯ ᠤᠯᠠᠨ ᠤ ᠰᠢᠷᠭᠠᠭᠤ ᠬᠦᠳᠡᠯᠮᠤᠷᠢ᠂  ᠬᠠᠷᠠᠮ ᠦᠭᠡᠢ ᠬᠤᠪᠢ ᠨᠡᠮᠡᠷᠢ ᠶᠢ ᠱᠠᠩᠨᠠᠵᠥ ᠪᠠᠶᠢᠭ᠎ᠠ ᠶᠠᠪᠤᠳᠠᠯ ᠪᠤᠯᠬᠤ ᠪᠠᠷ ᠪᠠᠷᠠᠬᠤ ᠦᠭᠡᠢ᠂ ᠮᠦᠨᠴᠦ ᠨᠠᠮ ᠪᠤᠯᠤᠨ  ᠤᠯᠤᠰ ᠠᠴᠠ ᠬᠦᠳᠡᠯᠮᠤᠷᠢᠴᠢᠳ ᠢ ᠬᠠᠯᠠᠮᠵᠢᠯᠠᠵᠥ ᠪᠠᠶᠢᠭ᠎ᠠ ᠶᠠᠪᠤᠳᠠᠯ ᠪᠤᠯᠤᠨ᠎ᠠ ᠬᠡᠵᠥ ᠵᠢᠭᠠᠵᠥ ᠭᠠᠷᠭᠠᠪᠠ᠃             ᠰᠢ ᠶᠢᠨ ᠫᠢᠩ᠂ ᠨᠡᠶᠢᠬᠡᠮ ᠵᠢᠷᠤᠮ ᠢ ᠪᠤᠯ ᠲᠡᠮᠡᠴᠡᠵᠥ ᠪᠠᠶᠢᠭᠠᠳ ᠪᠡᠶᠡᠯᠡᠭᠦᠯᠦᠭᠰᠡᠨ ᠶᠤᠮ᠂ ᠰᠢᠨ᠎ᠡ ᠴᠠᠭ  ᠦᠶ᠎ᠡ ᠶᠢ ᠴᠦ ᠲᠡᠮᠡᠴᠡᠵᠥ ᠪᠠᠶᠢᠭᠠᠳ ᠪᠡᠶᠡᠯᠡᠭᠦᠯᠦᠭᠰᠡᠨ ᠶᠤᠮ᠃ ᠲᠡᠨᠡᠷ ᠤᠨ ᠢᠷᠠᠭᠤ ᠠᠯᠳᠠᠷ ᠢᠶᠠᠨ ᠨᠠᠨᠳᠢᠩᠨᠠᠵᠥ᠂  ᠴᠢᠷᠮᠡᠶᠢᠨ ᠰᠤᠷᠤᠯᠴᠠᠵᠥ᠂ ᠦᠪᠡᠷ ᠦᠪᠡᠷ ᠤᠨ ᠠᠵᠢᠯ ᠤᠨ ᠪᠠᠶᠢᠷᠢ ᠲᠡᠭᠡᠷ᠎ᠡ ᠪᠠᠨ ᠦᠷᠬᠦᠯᠵᠢᠯᠡᠨ ᠴᠢᠷᠮᠡᠶᠢᠨ  ᠠᠵᠢᠯᠯᠠᠵᠥ᠂ ᠰᠢᠯᠢᠳᠡᠭ ᠠᠮᠵᠢᠯᠳᠠ ᠶᠢ ᠲᠠᠬᠢᠨ ᠡᠬᠦᠳᠴᠦ᠂ ᠦᠪᠡᠷ ᠤᠨ ᠡᠷᠴᠢ ᠵᠤᠷᠢᠬ᠂ ᠭᠠᠪᠰᠢᠭᠠᠢ ᠵᠤᠷᠢᠬ᠂  ᠰᠤᠳᠤᠯᠬᠤ ᠵᠤᠷᠢᠬ ᠢᠶᠠᠷ ᠢᠶᠠᠨ ᠨᠡᠩ ᠤᠯᠠᠨ ᠬᠦᠮᠥᠰ ᠢ ᠵᠤᠷᠢᠬᠵᠢᠭᠤᠯᠬᠤ ᠶᠢ ᠬᠦᠰᠡᠵᠥ ᠪᠠᠶᠢᠨ᠎ᠠ᠃ ᠦᠷᠬᠡᠨ ᠤᠯᠠᠨ  ᠬᠦᠳᠡᠯᠮᠤᠷᠢᠴᠢᠨ ᠲᠦᠮᠡᠨ ᠤ ᠰᠢᠨ᠎ᠡ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢ ᠪᠤᠯᠬᠤ ᠶᠢ ᠵᠤᠷᠢᠬᠵᠢᠭᠤᠯᠬᠤ ᠶᠢ  ᠬᠦᠰᠡᠵᠤ ᠪᠠᠶᠢᠨ᠎ᠠ ᠬᠡᠵᠥ ᠴᠢᠬᠤᠯᠠᠴᠢᠯᠠᠪᠠ᠃            ᠰᠢ ᠶᠢᠨ ᠫᠢᠩ᠂ ᠬᠦᠳᠡᠯᠮᠤᠷᠢ ᠬᠠᠮᠤᠭ ᠤᠨ ᠦᠩᠬᠡ ᠬᠡᠷᠡᠯᠳᠡᠢ᠂ ᠬᠦᠳᠡᠯᠮᠤᠷᠢ ᠬᠠᠮᠤᠭ ᠤᠨ ᠡᠷᠬᠢᠮ ᠲᠡᠬᠡᠳᠤ ᠂  ᠬᠦᠳᠡᠯᠮᠤᠷᠢ ᠬᠠᠮᠤᠭ ᠤᠨ ᠠᠭᠤᠤ ᠶᠡᠭᠡ᠂ ᠬᠦᠳᠡᠯᠮᠤᠷᠢ ᠬᠠᠮᠤᠭ ᠤᠨ ᠭᠤᠶᠤ ᠰᠠᠶᠢᠬᠠᠨ ᠶᠤᠮ᠃ ᠪᠦᠬᠦ  ᠨᠡᠶᠢᠬᠡᠮ ᠢᠶᠠᠷ ᠢᠶᠠᠨ ᠬᠦᠳᠡᠯᠮᠤᠷᠢ ᠶᠢᠨ ᠵᠢᠱᠢᠶᠡᠴᠢ ᠶᠢ ᠬᠦᠨᠳᠦᠳᠬᠡᠵᠥ᠂ ᠬᠦᠳᠡᠯᠮᠤᠷᠢ ᠶᠢᠨ ᠵᠢᠱᠢᠶᠡᠴᠢ ᠶᠢᠨ ᠵᠤᠷᠢᠭ  ᠰᠠᠨᠠᠭ᠎ᠠ ᠶᠢ ᠪᠠᠳᠠᠷᠠᠭᠤᠯᠵᠥ᠂ ᠰᠢᠷᠭᠠᠭᠤ ᠬᠦᠳᠡᠯᠮᠤᠷᠢᠯᠡᠬᠦ᠂ ᠬᠠᠳᠠᠭᠤᠵᠢᠯᠳᠠᠢ ᠠᠵᠢᠯᠯᠠᠬᠤ ᠶᠢ ᠠᠶᠠᠨᠳᠠᠭᠠᠨ ᠤ ᠵᠠᠩᠰᠢᠯ  ᠪᠤᠯᠭᠠᠬᠤ ᠬᠡᠷᠡᠭᠳᠠᠢ ᠬᠡᠵᠥ ᠴᠢᠬᠤᠯᠠᠴᠢᠯᠠᠪᠠ᠃             ᠬᠦᠳᠡᠯᠮᠤᠷᠢ ᠶᠢᠨ ᠵᠢᠱᠢᠶᠡᠴᠢ ᠳᠤ ᠲᠡᠬᠡᠳᠤ ᠵᠡᠷᠬᠡ ᠶᠢᠨ ᠰᠤᠷᠭᠠᠨ ᠬᠦᠮᠥᠵᠢᠯ ᠬᠦᠷᠳᠡᠬᠡᠬᠦ ᠨᠡᠩ ᠤᠯᠠᠨ ᠲᠤᠬᠢᠶᠠᠯ  ᠤᠯᠭᠤᠬᠤ ᠪᠤᠯ ᠨᠠᠮ ᠪᠤᠯᠤᠨ ᠤᠯᠤᠰ ᠠᠴᠠ ᠬᠦᠳᠡᠯᠮᠤᠷᠢ ᠶᠢᠨ ᠵᠢᠱᠢᠶᠡᠴᠢᠳ ᠢ ᠬᠠᠯᠠᠮᠵᠢᠯᠠᠨ ᠬᠠᠶᠢᠷᠠᠯᠠᠵᠥ ᠪᠠᠶᠢᠭ᠎ᠠ  ᠶᠠᠪᠤᠳᠠᠯ ᠪᠤᠯᠤᠨ᠎ᠠ᠃ 1992 ᠤᠨ ᠳᠤ᠂ ᠲᠤᠮᠳᠠᠳᠤ ᠤᠯᠤᠰ ᠤᠨ ᠬᠦᠳᠡᠯᠮᠤᠷᠢ ᠶᠢᠨ ᠬᠠᠷᠢᠴᠠᠭ᠎ᠠ ᠶᠢᠨ ᠲᠡᠬᠡᠳᠤ  ᠰᠤᠷᠭᠠᠭᠤᠯᠢ ᠬᠦᠳᠡᠯᠮᠤᠷᠢ ᠶᠢᠨ ᠵᠢᠱᠢᠶᠡᠴᠢᠳ ᠤᠨ ᠵᠢᠩᠬᠢᠨᠢ ᠠᠩᠬᠢ ᠡᠷᠬᠢᠯᠡᠪᠠ᠂ ᠰᠤᠷᠤᠯᠭᠠᠳᠠᠳ ᠤᠨ ᠤᠯᠠᠩᠬᠢ ᠨᠢ  ᠪᠦᠬᠦ ᠤᠯᠤᠰ ᠤᠨ ᠬᠦᠳᠡᠯᠮᠤᠷᠢ ᠶᠢᠨ ᠵᠢᠱᠢᠶᠡᠴᠢ᠂ ᠪᠦᠬᠦ ᠤᠯᠤᠰ ᠤᠨ ︽︿5 · 1﹀ ᠤ ᠬᠦᠳᠡᠯᠮᠤᠷᠢ ᠶᠢᠨ  ᠱᠠᠩᠨᠠᠯ ᠤᠨ ᠮᠧᠳᠠᠯ︾ ᠬᠦᠷᠳᠡᠭᠴᠢ ᠪᠤᠯᠤᠨ ᠪᠦᠬᠦ ᠤᠯᠤᠰ ᠤᠨ ᠲᠡᠷᠢᠬᠦᠨ ᠤ ᠠᠵᠢᠯᠳᠠᠳ ᠪᠤᠯᠤᠨ᠎ᠡ᠂ ᠤᠢᠢᠷ᠎ᠡ ᠶᠢᠨ  ᠡᠳᠤᠷ᠂ ᠲᠤᠰ ᠰᠤᠷᠭᠠᠭᠤᠯᠢ ᠶᠢᠨ ᠬᠦᠳᠡᠯᠮᠤᠷᠢ ᠶᠢᠨ ᠵᠢᠱᠢᠶᠡᠴᠢᠳ ᠤᠨ ᠵᠢᠩᠬᠢᠨᠢ ᠠᠩᠬᠢ ᠶᠢᠨ ᠪᠦᠬᠦ ᠰᠤᠷᠤᠯᠭᠠᠳᠠᠨ  ᠶᠡᠷᠤᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ  ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠭᠰᠠᠠ ᠲᠦᠷᠦᠭᠳᠡᠯ ᠢᠶᠠᠨ ᠬᠠᠷᠢᠭᠤ  ᠮᠡᠳᠡᠬᠦᠯᠵᠥ᠂ ᠰᠠᠶᠢᠨ ᠡᠵᠡᠨ ᠬᠦᠮᠥᠨ ᠪᠤᠯᠵᠥ᠂ ᠰᠢᠨ᠎ᠡ ᠴᠠᠭ ᠦᠶ᠎ᠡ ᠳᠤ ᠭᠠᠪᠢᠶ᠎ᠡ ᠵᠢᠳᠬᠦᠯ ᠦᠵᠡᠬᠦᠯᠬᠦ ᠵᠤᠷᠢᠭ ᠢᠶᠠᠨ  ᠢᠯᠡᠳᠬᠡᠵᠡᠢ᠃                  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号